ᠦ᠋ ᠶᠢᠨ ᠲᠤᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠪᠣᠯᠤᠨ ᠤᠳᠠ ᠲᠤᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠰᠠᠨᠠᠯ ᠢᠶᠠᠨ ᠰᠣᠯᠢᠯᠴᠠᠵᠤ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2024/10/22
      ᠤᠯᠤᠰ ᠤᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠵᠡᠪᠰᠡᠭᠲᠦ ᠬᠦᠴᠦᠨ ᠤ ᠲᠣᠭᠤᠷᠢᠭ ᠬᠢᠭᠡᠳ ᠤᠳᠠ ᠲᠣᠭᠤᠷᠢᠭ ᠤᠨ ᠰᠤᠷᠭᠠᠨ ᠬᠥᠮᠦᠵᠢᠯ ᠤᠨ ᠬᠠᠮᠲᠤᠷᠠᠯᠴᠠᠭᠠᠨ ᠤ ᠬᠡᠯᠡᠯᠴᠡᠭᠡᠷ ᠤᠨ ᠵᠣᠷᠢᠭ ᠰᠠᠨᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤᠪᠠᠷ ᠡᠳ᠋ᠯᠡᠬᠦ ᠪᠠ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠠᠬᠢᠭᠤᠯᠬᠤ ᠶᠢᠨ ᠲᠥᠯᠥᠭᠡ᠂ ᠵᠡᠪᠰᠡᠭᠲᠦ ᠬᠦᠴᠦᠨ ᠤ ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ ᠲᠣᠪᠴᠢᠶ᠎ᠠ ᠶᠢᠨ ᠤᠳᠤᠷᠢᠳᠤᠯᠭ᠎ᠠ ᠳᠠᠭᠠᠭᠤᠯᠤᠨ᠂ ᠡᠯ᠎ᠡ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠵᠢᠴᠢ ᠰᠤᠷᠭᠠᠭᠤᠯᠢ ᠶᠢᠨ ᠵᠠᠬᠢᠷᠤᠯ ᠢᠶᠠᠷ ᠪᠦᠷᠢᠯᠳᠦᠭᠰᠡᠨ ᠨᠢᠭᠡᠨ ᠰᠠᠯᠠᠭ᠎ᠠ ᠰᠢᠨᠵᠢᠯᠡᠨ ᠪᠠᠶᠢᠴᠠᠭᠠᠬᠤ ᠪᠦᠯᠬᠦᠮ ᠢ ᠵᠣᠬᠢᠶᠠᠨ ᠪᠠᠶᠢᠭᠤᠯᠵᠤ᠂ 2024 ᠣᠨ ᠤ 10 ᠰᠠᠷ᠎ᠠ ᠶᠢᠨ 21 ᠤ ᠡᠳᠦᠷ ᠠᠴᠠ 25 ᠤ ᠡᠳᠦᠷ ᠪᠣᠯᠲᠠᠯ᠎ᠠ ᠤᠳᠠ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤ ᠬᠦᠷᠴᠦ 5 ᠡᠳᠦᠷ ᠤᠨ ᠬᠤᠭᠤᠴᠠᠭ᠎ᠠ ᠲᠠᠢ ᠰᠤᠷᠤᠯᠴᠠᠵᠤ ᠰᠢᠨᠵᠢᠯᠡᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ᠂ ᠰᠣᠯᠢᠯᠴᠠᠨ ᠶᠠᠷᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠬᠤᠶᠠᠷ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠣᠶᠢᠯᠠᠭᠠᠯᠴᠠᠭ᠎ᠠ ᠶᠢ ᠨᠡᠮᠡᠭᠳᠡᠭᠦᠯᠵᠦ᠂ ᠰᠤᠷᠭᠠᠨ ᠬᠥᠮᠦᠵᠢᠯ ᠢ ᠴᠢᠨᠠᠷ ᠰᠠᠶᠢᠲᠠᠶ ᠬᠥᠭᠵᠢᠭᠦᠯᠬᠦ ᠰᠢᠨ᠎ᠡ ᠠᠷᠭ᠎ᠠ ᠵᠠᠮ ᠢ ᠬᠠᠮᠲᠤ ᠪᠠᠷ ᠰᠦᠪᠡᠭᠴᠢᠯᠡᠬᠦ ᠶᠢᠨ ᠲᠥᠯᠥᠭᠡ ᠶᠤᠮ᠃      10 ᠰᠠᠷ᠎ᠠ ᠶᠢᠨ 22 ᠤᠨ ᠡᠳᠦᠷ᠂ ᠬᠤᠶᠠᠷ ᠭᠠᠵᠠᠷ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠠᠵᠢᠯᠲᠠᠳ ᠰᠤᠷᠭᠠᠨ ᠬᠥᠮᠦᠵᠢᠯ ᠤᠨ ᠣᠶᠢᠯᠠᠭᠠᠭᠳᠠᠬᠤᠨ᠂ ᠵᠢᠭᠠᠨ ᠰᠤᠷᠭᠠᠯᠲᠠ ᠶᠢᠨ ᠠᠷᠭ᠎ᠠ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤᠪᠠᠷ ᠡᠳ᠋ᠯᠡᠬᠦ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠶ ᠰᠣᠯᠢᠯᠴᠠᠵᠤ᠂ ᠬᠤᠶᠠᠷ ᠭᠠᠵᠠᠷ ᠤᠨ ᠰᠤᠷᠭᠠᠨ ᠬᠥᠮᠦᠵᠢᠯ ᠤᠨ ᠪᠦᠬᠦᠯᠢ ᠴᠣᠭᠴᠠ ᠶᠢᠨ ᠬᠢᠷᠢ ᠲᠦᠪᠰᠢᠨ ᠢ ᠬᠠᠮᠲᠤᠪᠠᠷ ᠳᠡᠭᠡᠭᠰᠢᠯᠡᠭᠦᠯᠵᠦ᠂ ᠦᠷᠭᠦᠯᠵᠢᠯᠡᠨ ᠰᠢᠨᠵᠢᠯᠡᠨ ᠪᠠᠶᠢᠴᠠᠭᠠᠬᠤ ᠠᠵᠢᠯᠯᠠᠭ᠎ᠠ ᠳᠤ ᠪᠠᠰᠠ ᠤᠳᠠ ᠲᠣᠭᠤᠷᠢᠭ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠵᠢᠭᠠᠨ ᠰᠤᠷᠭᠠᠯᠲᠠ ᠶᠢᠨ ᠬᠠᠮᠢᠶᠠᠷᠤᠯᠲᠠ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠵᠡᠷᠭᠡ ᠲᠠᠯ᠎ᠠ ᠶᠢᠨ ᠪᠠᠶᠢᠳᠠᠯ ᠢ ᠣᠶᠢᠯᠠᠭᠠᠵᠤ᠂ ᠤᠳᠠ ᠲᠣᠭᠤᠷᠢᠭ ᠤᠨ ᠰᠤᠷᠭᠠᠨ ᠬᠥᠮᠦᠵᠢᠯ ᠤᠨ ᠲᠤᠷᠰᠢᠯᠭ᠎ᠠ ᠶᠢ ᠨᠠᠩ ᠪᠦᠬᠦ ᠲᠠᠯ᠎ᠠ ᠪᠠᠷ᠂ ᠭᠦᠨᠵᠡᠭᠡᠢ ᠰᠤᠷᠤᠯᠴᠠᠨ ᠣᠶᠢᠯᠠᠭᠠᠵᠤ᠂ ᠬᠤᠶᠠᠷ ᠭᠠᠵᠠᠷ ᠤᠨ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠤᠯᠠᠮ ᠴᠢᠨᠠᠭᠰᠢᠳᠠ ᠠᠬᠢᠭᠤᠯᠬᠤ ᠪᠣᠯᠤᠨ᠎ᠠ᠃       ᠲᠠᠷᠠᠭᠠᠴᠢ ᠶᠢᠨ ᠠᠯᠬᠤᠮ ᠳᠤ᠂ ᠬᠤᠶᠠᠷ ᠭᠠᠵᠠᠷ ᠤᠨ ᠪᠠᠭᠰᠢ ᠶᠢᠨ ᠰᠣᠯᠢᠯᠴᠠᠭ᠎ᠠ ᠠᠶᠢᠯᠴᠢᠯᠠᠯᠲᠠ ᠶᠢ ᠦᠷᠭᠦᠯᠵᠢᠯᠡᠨ ᠴᠢᠩᠭᠠᠳᠬᠠᠵᠤ᠂ ᠰᠢᠯᠢᠳᠡᠭ ᠪᠠᠭᠰᠢ ᠶᠢ ᠲᠣᠭᠲᠠᠮᠠᠯ ᠬᠤᠭᠤᠴᠠᠭ᠎ᠠ ᠲᠠᠢ ᠪᠠᠷ ᠰᠣᠩᠭᠤᠨ ᠲᠣᠮᠢᠯᠠᠵᠤ ᠨᠥᠭᠦᠭᠡ ᠲᠠᠯ᠎ᠠ ᠶᠢᠨ ᠰᠤᠷᠭᠠᠭᠤᠯᠢ ᠳᠤ ᠵᠢᠭᠠᠨ ᠰᠤᠷᠭᠠᠯᠲᠠ ᠶᠢᠨ ᠰᠣᠯᠢᠯᠴᠠᠭ᠎ᠠ ᠬᠢᠵᠦ᠂ ᠵᠢᠭᠠᠨ ᠰᠤᠷᠭᠠᠯᠲᠠ ᠶᠢᠨ ᠲᠤᠷᠰᠢᠯᠭ᠎ᠠ ᠶᠢ ᠬᠠᠮᠲᠤ ᠪᠠᠷ ᠡᠳ᠋ᠯᠡᠬᠦ ᠪᠠ ᠵᠢᠭᠠᠨ ᠰᠤᠷᠭᠠᠯᠲᠠ ᠶᠢᠨ ᠬᠢᠷᠢ ᠲᠦᠪᠰᠢᠨ ᠤ ᠳᠡᠭᠡᠭᠰᠢᠯᠡᠯᠲᠡ ᠶᠢ ᠠᠬᠢᠭᠤᠯᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号