ᠦᠰᠦᠭ ᠪᠢᠴᠢᠭ ᠤᠨ ᠲᠠᠶᠢᠯᠤᠮᠵᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩ ᠤᠨ ᠴᠤᠭᠯᠠᠭᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠵᠢᠯᠣᠭᠤᠳᠤᠮᠵᠢ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/10/22
【ᠦᠰᠦᠭ ᠪᠢᠴᠢᠭ ᠤᠨ ᠲᠠᠶᠢᠯᠤᠮᠵᠢ】 ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩ ᠤᠨ ᠴᠤᠭᠯᠠᠭᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠵᠢᠯᠣᠭᠤᠳᠤᠮᠵᠢ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢᠨᠢᠭᠡ᠂ ᠲᠣᠭᠲᠠᠭᠠᠭᠰᠠᠨ ᠠᠬᠤᠶ ᠪᠠᠶᠢᠳᠠᠯ      ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠬᠤ ᠲᠤᠬᠠᠶ ᠰᠠᠨᠠᠯ︾ ᠪᠣᠯᠤᠨ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶᠠᠨ ᠤ ︽ᠦᠵᠡᠰᠬᠦᠯᠡᠩ ᠤᠨ ᠴᠤᠭᠯᠠᠭᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠵᠢᠯᠣᠭᠤᠳᠤᠮᠵᠢ︾ ᠳᠠᠬᠢ ᠦᠵᠡᠰᠬᠦᠯᠡᠩ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠠᠵᠢᠯ ᠤᠨ ᠲᠤᠬᠠᠶ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠣᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠣᠳᠠᠲᠠᠶ ᠵᠢᠯᠣᠭᠤᠳᠤᠮᠵᠢ ᠲᠣᠭᠲᠠᠭᠠᠵᠤ᠂ ᠦᠵᠡᠰᠬᠦᠯᠡᠩ ᠤᠨ ᠴᠤᠭᠯᠠᠭᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠦᠵᠡᠰᠬᠦᠯᠡᠩ ᠤᠨ ᠴᠤᠭᠯᠠᠭᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠨ ᠬᠠᠮᠢᠶᠠᠷᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶᠠᠨ ᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠮᠠᠨ ᠤ ᠲᠤᠭᠤᠷᠢᠭ ᠲᠤ ᠨᠠᠶᠢᠳᠠᠪᠤᠷᠢᠵᠢᠭᠤᠯᠬᠤ ᠶᠢ ᠢᠳᠡᠪᠬᠢᠲᠡᠶ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶ ᠶᠢᠨ ᠡᠭᠦᠷᠭᠡ ᠴᠢᠳᠠᠪᠤᠷᠢ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠵᠢᠯᠣᠭᠤᠳᠤᠮᠵᠢ︾ ︵ᠳᠣᠷᠣᠭᠰᠢ ︽ᠵᠢᠯᠣᠭᠤᠳᠤᠮᠵᠢ︾ ᠭᠡᠵᠦ ᠲᠣᠪᠴᠢᠯᠠᠨ᠎ᠠ︶ ᠶᠢ ᠲᠣᠭᠲᠠᠭᠠᠨ ᠨᠡᠶᠢᠲᠡᠯᠡᠪᠡ᠃ᠬᠤᠶᠠᠷ᠂ ᠲᠣᠭᠲᠠᠭᠠᠭᠰᠠᠨ ᠦᠨᠳᠦᠰᠦᠯᠡᠯ      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠰᠬᠠᠶ ᠠᠰᠢᠭ ᠤᠨ ᠬᠠᠤᠯᠢ︾︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠸᠠᠷ ᠤᠨ ᠲᠡᠮᠳᠡᠭ ᠤᠨ ᠬᠠᠤᠯᠢ︾︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠣᠬᠢᠶᠠᠯ ᠪᠦᠲᠦᠭᠡᠯ ᠤᠨ ᠡᠷᠬᠡ ᠶᠢᠨ ᠬᠠᠤᠯᠢ︾︽ᠦᠵᠡᠰᠬᠦᠯᠡᠩ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠠᠷᠭ᠎ᠠ︾︽ᠦᠵᠡᠰᠬᠦᠯᠡᠩ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠵᠢᠯᠣᠭᠤᠳᠤᠮᠵᠢ︾︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠠᠰᠢᠭ ᠢ ᠠᠬᠢᠭᠤᠯᠬᠤ ᠪᠠ ᠬᠠᠮᠠᠭᠠᠯᠠᠬᠤ ᠲᠦᠷᠢᠮ︾ ᠵᠡᠷᠭᠡ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠵᠢᠴᠢ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠪᠣᠯᠤᠨ᠎ᠠ᠃ᠭᠤᠷᠪᠠ᠂ ᠭᠤᠣᠯ ᠠᠭᠤᠯᠭ᠎ᠠ      ︽ᠵᠢᠯᠣᠭᠤᠳᠤᠮᠵᠢ︾ ᠨᠢ ᠨᠡᠶᠢᠲᠡ ᠲᠠᠪᠤᠨ ᠪᠦᠯᠦᠭ 31 ᠵᠦᠢᠯ ᠪᠠᠶᠢᠵᠤ᠂ ᠭᠤᠤᠯᠳᠠᠭᠤ ᠦᠵᠡᠰᠬᠦᠯᠡᠩ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠠᠵᠢᠯ ᠤᠨ ᠠᠭᠤᠯᠭ᠎ᠠ᠂ ᠦᠵᠡᠰᠬᠦᠯᠡᠩ ᠤᠨ ᠴᠤᠭᠯᠠᠭᠠᠨ ᠢ ᠡᠷᠭᠢᠯᠡᠬᠦ ᠭᠠᠵᠠᠷ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠦᠵᠡᠰᠬᠦᠯᠡᠩ ᠤᠨ ᠴᠤᠭᠯᠠᠭᠠᠨ ᠢ ᠭᠤᠤᠯᠯᠠᠨ ᠡᠷᠭᠢᠯᠡᠬᠦ ᠲᠠᠯ᠎ᠠ᠂ ᠦᠵᠡᠰᠬᠦᠯᠡᠩ ᠳᠤ ᠣᠷᠣᠯᠴᠠᠬᠤ ᠲᠠᠯ᠎ᠠ ᠶᠢᠨ ᠡᠭᠦᠷᠭᠡ ᠬᠠᠷᠢᠭᠤᠴᠠᠯᠭ᠎ᠠ ᠶᠢ ᠲᠣᠭᠲᠠᠭᠠᠵᠠᠶ᠃      ᠨᠢᠭᠡᠳᠦᠭᠡᠷ ᠪᠦᠯᠦᠭ ᠨᠡᠶᠢᠲᠡ 4 ᠵᠦᠢᠯ ︽ᠵᠢᠯᠣᠭᠤᠳᠤᠮᠵᠢ︾ ᠶᠢ ᠲᠣᠭᠲᠠᠭᠠᠭᠰᠠᠨ ᠦᠨᠳᠦᠰᠦᠯᠡᠯ᠂ ᠵᠣᠷᠢᠯᠭ᠎ᠠ᠂ ᠠᠴᠢ ᠬᠤᠯᠪᠣᠭᠳᠠᠯ ᠵᠡᠷᠭᠡ ᠵᠢᠴᠢ ᠬᠡᠷᠡᠭᠯᠡᠬᠦ ᠬᠡᠪᠴᠢᠶ᠎ᠡ᠂ ᠦᠵᠡᠰᠬᠦᠯᠡᠩ ᠤᠨ ᠴᠤᠭᠯᠠᠭᠠᠨ ᠤ ᠲᠦᠷᠦᠯ ᠬᠡᠯᠪᠡᠷᠢ᠂ ᠠᠵᠢᠯ ᠤᠨ ᠵᠠᠷᠴᠢᠮ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠵᠡᠷᠭᠡ ᠶᠢ ᠲᠣᠳᠣᠷᠬᠠᠶᠢᠯᠠᠪᠠ᠃      ᠬᠤᠶᠠᠳᠤᠭᠠᠷ ᠪᠦᠯᠦᠭ ᠨᠡᠶᠢᠲᠡ 10 ᠵᠦᠢᠯ  ᠦᠵᠡᠭᠦᠯᠭᠡ ᠡᠷᠭᠢᠯᠡᠬᠦ ᠠᠴᠠ ᠡᠮᠦᠨ᠎ᠡ᠂ ᠡᠷᠭᠢᠯᠡᠨ ᠭᠦᠢᠴᠡᠳᠬᠡᠬᠦ ᠭᠠᠵᠠᠷ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ᠂ ᠦᠵᠡᠰᠬᠦᠯᠡᠩ ᠤᠨ ᠴᠤᠭᠯᠠᠭᠠᠨ ᠢ ᠭᠤᠤᠯᠯᠠᠨ ᠡᠷᠭᠢᠯᠡᠬᠦ ᠲᠠᠯ᠎ᠠ ᠶᠢᠨ ᠡᠭᠦᠷᠭᠡ ᠬᠠᠷᠢᠭᠤᠴᠠᠯᠭ᠎ᠠ᠂ ᠦᠵᠡᠰᠬᠦᠯᠡᠩ ᠳᠤ ᠣᠷᠣᠯᠴᠠᠬᠤ ᠲᠠᠯ᠎ᠠ ᠶᠢᠨ ᠡᠭᠦᠷᠭᠡ ᠬᠠᠷᠢᠭᠤᠴᠠᠯᠭ᠎ᠠ᠂ ᠦᠵᠡᠰᠬᠦᠯᠡᠩ ᠳᠤ ᠣᠷᠣᠯᠴᠠᠬᠤ ᠲᠥᠷᠥᠯ  ᠵᠦᠢᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠵᠢᠯᠣᠭᠤᠳᠣᠯᠭ᠎ᠠ᠂ ᠵᠠᠭᠠᠯᠳᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠶᠢᠭᠤᠯᠤᠭᠰᠠᠨ ᠱᠠᠭᠠᠷᠳᠠᠯᠭ᠎ᠠ᠂ ᠠᠵᠢᠯᠲᠠᠨ ᠤ ᠪᠦᠷᠢᠯᠳᠦᠯ᠂ ᠡᠭᠦᠷᠭᠡ ᠬᠠᠷᠢᠭᠤᠴᠠᠯᠭ᠎ᠠ ᠵᠡᠷᠭᠡ ᠶᠢ ᠵᠢᠭᠠᠨ ᠵᠢᠯᠣᠭᠤᠳᠪᠠ᠃      ᠭᠤᠷᠪᠠᠳᠤᠭᠠᠷ ᠪᠦᠯᠦᠭ ᠨᠡᠶᠢᠲᠡ 10 ᠵᠦᠢᠯ ᠦᠵᠡᠰᠬᠦᠯᠡᠩ ᠤᠨ ᠬᠤᠭᠤᠴᠠᠭᠠᠨ ᠳᠤ᠂ ᠵᠠᠭᠠᠯᠳᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠭᠤᠤᠯ ᠡᠭᠦᠷᠭᠡ ᠬᠠᠷᠢᠭᠤᠴᠠᠯᠭ᠎ᠠ᠂ ᠵᠠᠭᠠᠯᠳᠤᠯᠭ᠎ᠠ ᠶᠢᠨ ᠦᠢᠯᠡᠴᠢᠯᠡᠭᠡᠨ  ᠤ ᠪᠠᠶᠢᠭᠤᠯᠤᠮᠵᠢ ᠳᠤ ᠵᠠᠭᠠᠯᠳᠤᠯᠭ᠎ᠠ ᠳᠤ ᠬᠡᠷᠡᠭᠰᠡᠬᠦ ᠮᠠᠲ᠋ᠧᠷᠢᠶᠠᠯ᠂ ᠵᠠᠭᠠᠯᠳᠤᠯᠭ᠎ᠠ ᠶᠢᠨ ᠬᠡᠷᠡᠭ ᠢ ᠰᠢᠢᠳᠪᠦᠷᠢᠯᠡᠬᠦ᠂ ᠭᠥᠯᠢᠶᠡᠨ ᠠᠪᠴᠤ ᠰᠢᠢᠳᠪᠦᠷᠢᠯᠡᠬᠦ ᠦᠭᠡᠢ ᠪᠠᠶᠢᠳᠠᠯ᠂ ᠮᠠᠭᠤ ᠰᠠᠨᠠᠭ᠎ᠠ ᠲᠠᠢ ᠪᠠᠷ ᠵᠠᠭᠠᠯᠳᠤᠭᠰᠠᠨ ᠪᠠᠶᠢᠳᠠᠯ ᠵᠡᠷᠭᠡ ᠶᠢ ᠵᠢᠭᠠᠪᠠ᠃      ᠳᠥᠷᠪᠡᠳᠦᠭᠡᠷ ᠪᠦᠯᠦᠭ ᠨᠡᠶᠢᠲᠡ 4 ᠵᠦᠢᠯ ᠪᠠᠶᠢᠵᠤ᠂ ᠦᠵᠡᠰᠬᠦᠯᠡᠩ ᠤᠨ ᠳᠠᠷᠠᠭᠠᠬᠢ ᠦᠵᠡᠰᠬᠦᠯᠡᠩ ᠤᠨ ᠴᠤᠭᠯᠠᠭᠠᠨ ᠤ ᠡᠷᠭᠢᠯᠡᠨ ᠭᠦᠢᠴᠡᠳᠬᠡᠭᠰᠡᠨ ᠭᠠᠵᠠᠷ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠠᠭᠠᠯᠳᠤᠯᠭ᠎ᠠ ᠶᠢᠨ ᠬᠡᠷᠡᠭ ᠢ ᠰᠢᠢᠳᠪᠦᠷᠢᠯᠡᠬᠦ᠂ ᠵᠠᠭᠠᠯᠳᠤᠯᠭ᠎ᠠ ᠶᠢᠨ ᠦᠢᠯᠡ ᠠᠵᠢᠯᠯᠠᠭ᠎ᠠ ᠶᠢ ᠲᠡᠮᠳᠡᠭᠯᠡᠬᠦ᠂ ᠲᠤᠭ᠎ᠠ ᠪᠦᠷᠢᠳᠬᠡᠯ ᠤᠨ ᠵᠠᠭᠠᠯᠳᠤᠯᠭ᠎ᠠ ᠶᠢᠨ ᠬᠡᠷᠡᠭ ᠤᠨ ᠮᠡᠳᠡᠭᠡ ᠵᠠᠩᠭᠢ᠂ ᠤᠬᠠᠭᠤᠯᠭ᠎ᠠ ᠶᠢᠨ ᠲᠤᠷᠰᠢᠯᠭ᠎ᠠ ᠠᠷᠭ᠎ᠠ ᠬᠢᠳᠡᠯ ᠢ ᠤᠬᠠᠭᠤᠯᠪᠠ᠃      ᠲᠠᠪᠤᠳᠤᠭᠠᠷ ᠪᠦᠯᠦᠭ ᠨᠡᠶᠢᠳᠡ 3 ᠵᠦᠢᠯ ᠪᠠᠶᠢᠵᠤ᠂ ᠵᠠᠭᠠᠯᠳᠤᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠠᠵᠢᠯᠳᠠᠨ ᠤ ᠬᠠᠷᠢᠭᠤᠴᠠᠯᠭ᠎ᠠ ᠡᠭᠦᠷᠭᠡᠯᠡᠬᠦ ᠦᠭᠡᠢ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠪᠤᠶᠤ ᠵᠥᠪ ᠣᠨᠣᠪᠴᠢᠲᠠᠢ ᠪᠠᠷ ᠭᠦᠢᠴᠡᠳᠬᠡᠬᠦ ᠦᠭᠡᠢ ᠪᠠᠶᠢᠬᠤ ᠶᠢ ᠵᠢᠭᠠᠨ ᠵᠢᠯᠣᠭᠤᠳᠴᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠢᠭᠠᠵᠤ ᠪᠠᠶᠢᠭ᠎ᠠ ᠪᠣᠳᠠᠲᠠᠢ ᠰᠠᠯᠠᠭ᠎ᠠ ᠮᠥᠴᠢᠷ ᠢ ᠲᠣᠳᠣᠷᠬᠠᠶᠢᠯᠠᠪᠠ᠃ᠲᠦᠷᠪᠡ᠂ ᠤᠩᠰᠢᠨ ᠲᠠᠶᠢᠯᠪᠤᠷᠢᠯᠠᠬᠤ ᠠᠰᠠᠭᠤᠯᠲᠠ ᠬᠠᠷᠢᠭᠤᠯᠲᠠ      ︵ᠨᠢᠭᠡ︶ ᠶᠠᠭᠤᠨ ᠳᠤ ︽ᠵᠢᠯᠣᠭᠤᠳᠤᠮᠵᠢ︾ ᠶᠢ ᠲᠣᠭᠲᠠᠭᠠᠵᠤ ᠨᠡᠶᠢᠲᠡᠯᠡᠭᠰᠡᠨ ᠪᠤᠢ︖      ︽ᠵᠢᠯᠣᠭᠤᠳᠤᠮᠵᠢ︾ ᠶᠢ ᠲᠣᠭᠲᠠᠭᠠᠨ ᠨᠡᠶᠢᠲᠡᠯᠡᠬᠦ ᠨᠢ ᠨᠢᠭᠡ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠬᠤ ᠲᠤᠬᠠᠶ ᠰᠠᠨᠠᠯ︾ ᠪᠠ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶᠠᠨ ᠤ ︽ᠦᠵᠡᠰᠬᠦᠯᠡᠩ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠵᠢᠯᠣᠭᠤᠳᠤᠮᠵᠢ︾ ᠶᠢ ᠨᠠᠩ ᠰᠠᠶᠢᠨ ᠨᠠᠶᠢᠳᠠᠪᠤᠷᠢᠵᠢᠭᠤᠯᠬᠤ ᠶᠢᠨ ᠲᠥᠯᠥᠭᠡ ᠶᠤᠮ᠂ ᠬᠤᠶᠠᠷ ᠲᠤ ᠦᠵᠡᠰᠬᠦᠯᠡᠩ ᠤᠨ ᠴᠤᠭᠯᠠᠭᠠᠨ ᠤ ᠬᠤᠭᠤᠴᠠᠭᠠᠨ ᠳᠠᠬᠢ ᠦᠵᠡᠰᠬᠦᠯᠡᠩ ᠤᠨ ᠴᠤᠭᠯᠠᠭᠠᠨ ᠢ ᠡᠷᠭᠢᠯᠡᠬᠦ ᠭᠠᠵᠠᠷ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠭᠤᠤᠯᠯᠠᠨ ᠡᠷᠭᠢᠯᠡᠬᠦ ᠡᠲᠡᠭᠡᠳ᠂ ᠦᠵᠡᠰᠬᠦᠯᠡᠩ ᠳᠤ ᠣᠷᠣᠯᠴᠠᠬᠤ ᠡᠲᠡᠭᠡᠳ᠂ ᠵᠠᠭᠠᠯᠳᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠨᠠᠷᠢᠯᠢᠭᠵᠢᠭᠤᠯᠵᠤ᠂ ᠦᠵᠡᠰᠬᠦᠯᠡᠩ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠠᠵᠢᠯ ᠢ ᠪᠥᠬᠦ ᠲᠠᠯ᠎ᠠ ᠪᠠᠷ ᠴᠢᠩᠭᠠᠳᠬᠠᠪᠠ᠃ ᠭᠤᠷᠪᠠ ᠳᠤ᠂ ᠲᠦᠷᠢᠮ ᠢᠶᠠᠷ ᠳᠠᠮᠵᠢᠭᠤᠯᠤᠨ ᠣᠷᠣᠨ ᠨᠤᠲᠤᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠠᠯᠠᠭ᠎ᠠ ᠮᠥᠴᠢᠷ︶ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠠᠵᠢᠯ ᠢ ᠨᠠᠩ ᠰᠠᠶᠢᠲᠤᠷ ᠵᠢᠷᠤᠮᠵᠢᠭᠤᠯᠵᠤ᠂ ᠨᠢᠭᠡᠳᠦᠯᠲᠡᠶ ᠬᠠᠮᠢᠶᠠᠷᠤᠯᠲᠠ ᠶᠢᠨ ᠲᠦᠷᠢᠮ ᠢ ᠪᠣᠶ ᠪᠣᠯᠭᠠᠨ᠎ᠠ᠃      ︵ᠬᠤᠶᠠᠷ︶ ︽ᠵᠢᠯᠣᠭᠤᠳᠤᠮᠵᠢ︾ ᠶᠢ ᠲᠣᠭᠲᠠᠭᠠᠵᠤ ᠨᠡᠶᠢᠲᠡᠯᠡᠭᠰᠡᠨ ᠨᠢ ᠶᠠᠮᠠᠷ ᠶᠠᠮᠠᠷ ᠪᠣᠳᠠᠲᠤ ᠬᠡᠷᠡᠭᠴᠡᠭᠡ ᠪᠠᠶᠢᠬᠤ ᠪᠤᠢ︖      ᠣᠳᠣᠬᠠᠨ ᠳᠤ᠂ ᠡᠯ᠎ᠡ ᠲᠥᠷᠥᠯ ᠤᠨ ᠦᠵᠡᠰᠬᠦᠯᠡᠩ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠲᠡᠭᠦᠯᠳᠡᠷ ᠪᠤᠰᠤ᠂ ᠦᠵᠡᠰᠬᠦᠯᠡᠩ ᠤᠨ ᠡᠯ᠎ᠡ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠨᠢ ᠲᠣᠳᠣᠷᠬᠠᠶ ᠥᠬᠡᠶ ᠪᠥᠭᠡᠳ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠬᠤ ᠴᠢᠬᠤᠯᠠᠲᠠᠶ ᠪᠠᠶᠢᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠠᠵᠢᠯ ᠤᠨ ᠲᠣᠭᠲᠠᠴᠠ ᠳᠤ ᠬᠦᠷᠦᠯᠴᠡᠬᠦ ᠥᠬᠡᠶ ᠲᠠᠯ᠎ᠠ ᠣᠷᠣᠰᠢᠵᠤ ᠪᠠᠶᠢᠨ᠎ᠠ᠃ ᠡᠭᠦᠨ ᠠᠴᠠ ᠭᠠᠳᠠᠨ᠎ᠠ᠂ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠤᠪᠴᠢᠶᠠᠨ ᠤ ︽ᠦᠵᠡᠰᠬᠦᠯᠡᠩ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠵᠢᠯᠣᠭᠤᠳᠤᠮᠵᠢ︾ ᠨᠢ ᠭᠤᠤᠯᠳᠠᠭᠤ ᠤᠯᠤᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠠᠵᠢᠯ ᠳᠤ ᠴᠢᠭᠯᠡᠭᠦᠯᠦᠨ ᠵᠢᠯᠣᠭᠤᠳᠣᠯᠭ᠎ᠠ ᠬᠢᠨ᠎ᠡ᠂ ᠪᠠᠰᠠ ᠮᠠᠨ ᠤ ᠲᠤᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ ᠰᠠᠶ᠋ᠢ ᠨᠠᠩ ᠰᠠᠶᠢᠨ ᠨᠠᠶᠢᠳᠠᠪᠤᠷᠢᠵᠢᠭᠤᠯᠵᠤ ᠴᠢᠳᠠᠨ᠎ᠠ᠃      ︵ᠭᠤᠷᠪᠠ︶ ︽ᠵᠢᠯᠣᠭᠤᠳᠤᠮᠵᠢ︾ ᠳᠤ ᠬᠡᠷᠡᠭᠯᠡᠭᠳᠡᠬᠦ ᠬᠡᠪᠴᠢᠶ᠎ᠡ ᠨᠢ ᠶᠠᠭᠤ ᠪᠣᠶ︖      ᠲᠣᠰ ᠵᠢᠯᠣᠭᠤᠳᠤᠮᠵᠢ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠡᠷᠭᠢᠯᠡᠭᠰᠡᠨ ᠡᠯ᠎ᠡ ᠲᠥᠷᠥᠯ ᠤᠨ ᠠᠵᠤ ᠠᠬᠤᠶ ᠮᠡᠷᠭᠡᠵᠢᠯ ᠤᠨ ᠠᠷᠠᠯᠵᠢᠶᠠᠨ ᠤ ᠦᠵᠡᠰᠬᠦᠯᠡᠩ᠂ ᠳᠡᠯᠭᠡᠨ ᠪᠣᠷᠣᠯᠠᠭᠤᠯᠬᠤ ᠴᠤᠭᠯᠠᠭᠠᠨ᠂ ᠦᠵᠡᠰᠬᠦᠯᠡᠩ᠂ ᠠᠷᠠᠯᠵᠢᠶᠠᠨ ᠤ ᠴᠤᠭᠯᠠᠭᠠᠨ᠂ ᠦᠵᠡᠭᠦᠯᠦᠯᠭᠡ ᠶᠢᠨ ᠴᠤᠭᠯᠠᠭᠠᠨ ᠵᠡᠷᠭᠡ ᠠᠵᠢᠯᠯᠠᠭ᠎ᠠ ᠳᠤ ᠲᠤᠰᠬᠠᠶ ᠠᠰᠢᠭ᠂ ᠲᠠᠸᠠᠷ ᠤᠨ ᠲᠡᠮᠳᠡᠭ᠂ ᠭᠠᠵᠠᠷ ᠵᠦᠶ ᠶᠢᠨ ᠲᠡᠮᠳᠡᠭ᠂ ᠬᠡᠪᠯᠡᠯ ᠤᠨ ᠡᠷᠬᠡ ᠵᠡᠷᠭᠡ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠲᠠᠢ ᠬᠤᠯᠪᠣᠭ᠎ᠠ ᠲᠠᠢ ᠬᠡᠷᠡᠭ ᠶᠠᠪᠤᠳᠠᠯ ᠳᠤ ᠬᠡᠷᠡᠭᠯᠡᠨ᠎ᠡ᠃      ︵ᠲᠦᠷᠪᠡ︶ ︽ᠵᠢᠯᠣᠭᠤᠳᠤᠮᠵᠢ︾ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠠᠵᠢᠯ ᠤᠨ ᠵᠢᠷᠤᠮᠯᠠᠬᠤ ᠵᠠᠷᠴᠢᠮ ᠨᠢ ᠶᠠᠭᠤ ᠪᠣᠢ︖      ᠦᠵᠡᠰᠬᠦᠯᠡᠩ ᠤᠨ ᠴᠤᠭᠯᠠᠭᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠠᠵᠢᠯ ᠳᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠵᠢᠭᠠᠨ ᠵᠢᠯᠣᠭᠤᠳᠴᠤ ᠬᠢᠨᠠᠨ ᠬᠠᠮᠢᠶᠠᠷᠬᠤ᠂ ᠦᠵᠡᠰᠬᠦᠯᠡᠩ ᠤᠨ ᠴᠤᠭᠯᠠᠭᠠᠨ ᠢ ᠭᠤᠤᠯᠯᠠᠨ ᠡᠷᠬᠢᠯᠡᠬᠦ ᠲᠠᠯ᠎ᠠ ᠪᠣᠳᠠᠲᠠᠶ ᠬᠠᠷᠢᠭᠤᠴᠠᠬᠤ᠂ ᠦᠵᠡᠰᠬᠦᠯᠡᠩ ᠳᠤ ᠣᠷᠣᠯᠴᠠᠬᠤ ᠲᠠᠯ᠎ᠠ ᠶᠢᠨ ᠬᠢᠨ ᠦᠨᠡᠨᠴᠢ ᠢᠲᠡᠭᠡᠮᠵᠢᠲᠡᠶ ᠪᠠᠷ ᠥᠪᠡᠷ ᠢ ᠪᠠᠨ ᠱᠠᠭᠠᠷᠳᠠᠬᠤ᠂ ᠨᠡᠶᠢᠭᠡᠮ ᠨᠡᠶᠢᠲᠡ ᠪᠠᠷ ᠢᠶᠠᠨ ᠥᠷᠭᠡᠨ ᠳᠡᠯᠭᠡᠷ ᠬᠢᠨᠠᠯᠲᠠ ᠲᠠᠯᠪᠢᠬᠤ ᠵᠠᠷᠴᠢᠮ ᠢ ᠵᠢᠷᠤᠮᠯᠠᠨ᠎ᠠ᠃      ︵ᠲᠠᠪᠤ︶ ︽ᠵᠢᠯᠣᠭᠤᠳᠤᠮᠵᠢ︾ ᠳᠤ ᠡᠷᠬᠢᠯᠡᠨ ᠪᠠᠶᠢᠭᠤᠯᠤᠭᠰᠠᠨ ᠭᠠᠵᠠᠷ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠶᠠᠮᠠᠷ ᠶᠠᠮᠠᠷ ᠡᠭᠦᠷᠭᠡ ᠴᠢᠳᠠᠪᠤᠷᠢ ᠪᠠᠶᠢᠬᠤ ᠪᠣᠢ︖      ᠦᠵᠡᠰᠬᠦᠯᠡᠩ ᠤᠨ ᠴᠤᠭᠯᠠᠭᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠢᠶᠠᠷᠬᠤ ᠰᠠᠯᠠᠭ᠎ᠠ ᠮᠥᠴᠢᠷ᠂ ︽ᠵᠢᠯᠣᠭᠤᠳᠤᠮᠵᠢ︾ ᠶᠢᠨ ᠭᠤᠷᠪᠠᠳᠤᠭᠠᠷ ᠵᠦᠢᠯ ᠳᠤ᠂ ᠦᠵᠡᠰᠬᠦᠯᠡᠩ ᠤᠨ ᠴᠤᠭᠯᠠᠭᠠᠨ ᠢ ᠡᠷᠬᠢᠯᠡᠨ ᠡᠷᠬᠢᠯᠡᠭᠰᠡᠨ ᠭᠠᠵᠠᠷ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠬᠠᠮᠵᠢᠯᠴᠠᠭ᠎ᠠ ᠪᠠᠨ ᠴᠢᠩᠭᠠᠳᠬᠠᠵᠤ᠂ ᠲᠤᠰ ᠣᠷᠣᠨ ᠪᠦᠰᠡ ᠶᠢᠨ ᠳᠣᠲᠣᠷ᠎ᠠ ᠦᠵᠡᠰᠬᠦᠯᠡᠩ ᠡᠷᠬᠢᠯᠡᠵᠦ ᠪᠠᠶᠢᠭ᠎ᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠲᠤᠰᠬᠠᠶ ᠮᠡᠷᠭᠡᠵᠢᠯ ᠤᠨ ᠵᠢᠯᠣᠭᠤᠳᠣᠯᠭ᠎ᠠ ᠪᠠ ᠬᠢᠨᠠᠯᠲᠠ ᠲᠠᠯᠪᠢᠵᠤ ᠪᠠᠶᠢᠴᠠᠭᠠᠬᠤ ᠪᠠᠨ ᠬᠠᠮᠲᠤ ᠪᠠᠷ ᠴᠢᠩᠭᠠᠳᠬᠠᠵᠤ᠂ ᠦᠵᠡᠰᠬᠦᠯᠡᠩ ᠤᠨ ᠦᠵᠡᠰᠬᠦᠯᠡᠩ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠮᠬᠢ ᠳᠢᠭᠯᠢᠮ ᠢ ᠬᠠᠮᠠᠭᠠᠯᠠᠬᠤ ᠡᠮᠬᠢ ᠳᠢᠭᠯᠢᠮ ᠢ ᠬᠠᠮᠠᠭᠠᠯᠠᠬᠤ ᠬᠡᠷᠡᠭᠲᠡᠶ ᠭᠡᠵᠦ ᠲᠣᠭᠲᠠᠭᠠᠵᠠᠶ᠃ ᠠᠷᠪᠠᠨ ᠲᠠᠪᠤᠳᠤᠭᠠᠷ ᠵᠦᠢᠯ ᠳᠤ ᠦᠵᠡᠰᠬᠦᠯᠡᠩ ᠤᠨ ᠬᠤᠭᠤᠴᠠᠭᠠᠨ ᠳᠤ᠂ ᠦᠵᠡᠰᠬᠦᠯᠡᠩ ᠤᠨ ᠴᠤᠭᠯᠠᠭᠠᠨ ᠢ ᠡᠷᠬᠢᠯᠡᠨ ᠡᠷᠬᠢᠯᠡᠭᠰᠡᠨ ᠭᠠᠵᠠᠷ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠢᠯᠡᠴᠢᠯᠡᠨ ᠵᠠᠭᠠᠯᠳᠤᠬᠤ ᠦᠢᠯᠡᠴᠢᠯᠡᠭᠡᠨ ᠤ ᠪᠠᠶᠢᠭᠤᠯᠤᠮᠵᠢ ᠪᠠᠶᠢᠭᠤᠯᠤᠭᠰᠠᠨ ᠦᠵᠡᠰᠬᠦᠯᠡᠩ ᠳᠤ ᠬᠢᠨᠠᠯᠲᠠ ᠲᠠᠯᠪᠢᠵᠤ ᠲᠣᠭᠤᠷᠢᠨ ᠪᠠᠶᠢᠴᠠᠭᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠳᠤ ᠬᠠᠯᠳᠠᠭᠰᠠᠨ ᠬᠤᠳᠠᠯ ᠬᠠᠭᠤᠷᠮᠠᠭ ᠦᠢᠯᠡ ᠠᠵᠢᠯᠯᠠᠭ᠎ᠠ ᠶᠢᠨ ᠰᠦᠪᠡᠭᠴᠢ ᠶᠢ ᠴᠠᠭ ᠲᠤᠬᠠᠢ ᠳᠤ ᠨᠢ ᠣᠯᠵᠤ ᠮᠡᠳᠡᠬᠦ ᠶᠢᠨ ᠬᠠᠮᠲᠤ ᠡᠷᠬᠡ ᠲᠤᠰᠢᠶᠠᠯ ᠢᠶᠠᠨ ᠦᠨᠳᠦᠰᠦᠯᠡᠨ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠬᠤᠷᠢᠨ ᠲᠠᠪᠤᠳᠤᠭᠠᠷ ᠵᠦᠢᠯ ᠦᠵᠡᠰᠬᠦᠯᠡᠩ ᠤᠨ ᠳᠠᠷᠠᠭᠠᠬᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠠᠭᠠᠯᠳᠤᠯᠭ᠎ᠠ ᠶᠢᠨ ᠬᠡᠷᠡᠭ ᠢ  ᠰᠢᠢᠳᠪᠦᠷᠢᠯᠡᠬᠦ᠂ ᠰᠢᠯᠵᠢᠭᠦᠯᠦᠨ ᠬᠦᠷᠭᠡᠬᠦ ᠮᠠᠲ᠋ᠧᠷᠢᠶᠠᠯ᠂ ᠮᠡᠳᠡᠭᠡ ᠵᠠᠩᠭᠢ ᠪᠦᠷᠢᠳᠬᠡᠬᠦ᠂ ᠤᠬᠠᠭᠤᠯᠤᠨ ᠳᠡᠯᠭᠡᠷᠡᠭᠦᠯᠬᠦ ᠵᠡᠷᠭᠡ ᠡᠭᠦᠷᠭᠡ ᠬᠠᠷᠢᠭᠤᠴᠠᠯᠭ᠎ᠠ ᠶᠢ ᠲᠣᠭᠲᠠᠭᠠᠪᠠ᠃      ︵ᠵᠢᠷᠭᠤᠭ᠎ᠠ︶ ︽ᠵᠢᠯᠣᠭᠤᠳᠤᠮᠵᠢ︾ ᠳᠤ ᠲᠣᠭᠲᠠᠭᠠᠭᠰᠠᠨ ᠢᠶᠠᠷ᠂ ᠦᠵᠡᠭᠦᠯᠦᠯᠭᠡ ᠶᠢᠨ ᠭᠤᠣᠯ ᠡᠷᠬᠢᠯᠡᠭᠰᠡᠨ ᠲᠠᠯ᠎ᠠ ᠨᠢ ᠶᠠᠮᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠪᠣᠢ︖      ︽ᠵᠢᠯᠣᠭᠤᠳᠤᠮᠵᠢ︾ ᠶᠢᠨ ᠵᠢᠷᠭᠤᠳᠤᠭᠠᠷ ᠵᠦᠢᠯ ᠳᠤ᠂ ᠦᠵᠡᠰᠬᠦᠯᠡᠩ ᠤᠨ ᠴᠤᠭᠯᠠᠭᠠᠨ ᠢ ᠭᠤᠤᠯᠯᠠᠨ ᠡᠷᠬᠢᠯᠡᠬᠦ ᠡᠲᠡᠭᠡᠳ ᠨᠢ ᠦᠵᠡᠰᠬᠦᠯᠡᠩ ᠳᠤ ᠣᠷᠣᠯᠴᠠᠬᠤ ᠲᠠᠯ᠎ᠠ ᠶᠢᠨ ᠮᠡᠳᠡᠭᠡ ᠵᠠᠩᠭᠢ ᠶᠢ ᠳᠡᠩᠰᠡᠯᠡᠵᠦ᠂ ᠦᠵᠡᠰᠬᠦᠯᠡᠩ ᠳᠤ ᠣᠷᠣᠯᠴᠠᠬᠤ ᠲᠠᠯ᠎ᠠ ᠶᠢᠨ ᠮᠡᠳᠡᠭᠡ ᠵᠠᠩᠭᠢ ᠶᠢᠨ ᠦᠨᠡᠨ ᠪᠣᠳᠠᠲᠠᠶ ᠪᠥᠭᠡᠳ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ︔ ᠳᠣᠯᠣᠳᠤᠭᠠᠷ ᠵᠦᠢᠯ ᠳᠤ ᠲᠣᠭᠲᠠᠭᠠᠭᠰᠠᠨ ᠨᠢ᠂ ᠦᠵᠡᠰᠬᠦᠯᠡᠩ ᠤᠨ ᠴᠤᠭᠯᠠᠭᠠᠨ ᠢ ᠭᠤᠣᠯᠯᠠᠨ ᠡᠷᠬᠢᠯᠡᠬᠦ ᠲᠠᠯ᠎ᠠ ᠶᠢᠨ ᠬᠢᠨ ᠳᠡᠯᠭᠡᠨ ᠦᠵᠡᠭᠦᠯᠬᠦ ᠠᠴᠠ ᠡᠮᠦᠨ᠎ᠡ ᠨᠠᠭᠠᠳᠤ ᠵᠠᠬ᠎ᠠ ᠳᠠᠭᠠᠨ 5 ᠠᠵᠢᠯᠯᠠᠬᠤ ᠡᠳᠦᠷ ᠤᠨ ᠡᠮᠦᠨ᠎ᠡ ᠦᠵᠡᠰᠬᠦᠯᠡᠩ ᠤᠨ ᠴᠤᠭᠯᠠᠭᠠᠨ ᠢ ᠡᠷᠬᠢᠯᠡᠬᠦ ᠴᠠᠭ᠂ ᠭᠠᠵᠠᠷ ᠣᠷᠣᠨ ᠵᠢᠴᠢ ᠦᠵᠡᠰᠬᠦᠯᠡᠩ ᠳᠤ ᠣᠷᠣᠯᠴᠠᠬᠤ ᠲᠠᠯ᠎ᠠ ᠶᠢᠨ ᠮᠡᠳᠡᠭᠡ ᠵᠠᠩᠭᠢ ᠶᠢ ᠠᠵᠢᠯᠯᠠᠭ᠎ᠠ ᠡᠷᠬᠢᠯᠡᠬᠦ ᠭᠠᠵᠠᠷ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠳᠡᠬᠦ ᠬᠡᠷᠡᠭᠲᠡᠶ ᠭᠡᠵᠦ ᠲᠣᠭᠲᠠᠭᠠᠵᠠᠶ᠃ ᠨᠠᠢᠮᠠᠳᠣᠭᠠᠷ ᠵᠦᠢᠯ ᠦᠵᠡᠰᠬᠦᠯᠡᠩ ᠤᠨ ᠴᠤᠭᠯᠠᠭᠠᠨ ᠢ ᠭᠤᠤᠯᠯᠠᠨ ᠡᠷᠬᠢᠯᠡᠭᠰᠡᠨ ᠲᠠᠯ᠎ᠠ ᠬᠢᠭᠡᠳ ᠦᠵᠡᠰᠬᠦᠯᠡᠩ ᠳᠤ ᠣᠷᠣᠯᠴᠠᠭᠰᠠᠨ ᠲᠠᠯ᠎ᠠ ᠶᠢᠨ ᠬᠢᠨ ᠦᠵᠡᠰᠬᠦᠯᠡᠩ ᠳᠤ ᠣᠷᠣᠯᠴᠠᠭᠰᠠᠨ ᠭᠡᠷ᠎ᠡ ᠶᠢᠨ ᠳᠣᠲᠣᠷ᠎ᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠬᠠᠮᠢᠶ᠎ᠠ ᠪᠦᠬᠦᠢ ᠠᠭᠤᠯᠭ᠎ᠠ ᠶᠢᠨ ᠲᠤᠬᠠᠶ ᠪᠣᠯᠵᠣᠨ ᠲᠣᠭᠲᠠᠭᠰᠠᠨ ᠪᠠᠶᠢᠬᠤ ᠬᠡᠷᠡᠭᠲᠡᠶ᠄ ᠦᠵᠡᠰᠬᠦᠯᠡᠩ ᠳᠤ ᠣᠷᠣᠯᠴᠠᠭᠰᠠᠨ ᠲᠠᠯ᠎ᠠ ᠥᠪᠡᠷ ᠢᠶᠠᠨ ᠦᠵᠡᠭᠦᠯᠦᠯᠭᠡ ᠶᠢᠨ ᠴᠤᠭᠯᠠᠭᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠳᠦᠷᠢᠮ ᠢ ᠵᠢᠷᠤᠮᠯᠠᠬᠤ ᠠᠮᠠᠯᠠᠯᠲᠠ ᠪᠠᠨ ᠵᠢᠷᠤᠮᠯᠠᠨ᠎ᠠ︔ ᠦᠵᠡᠰᠬᠦᠯᠡᠩ ᠳᠤ ᠣᠷᠣᠯᠴᠠᠭᠰᠠᠨ ᠲᠠᠯ᠎ᠠ ᠶᠢᠨ ᠬᠢᠨ ᠦᠵᠡᠰᠬᠦᠯᠡᠩ ᠤᠨ ᠴᠤᠭᠯᠠᠭᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠭᠠᠯᠳᠤᠯᠭ᠎ᠠ ᠶᠢ ᠰᠢᠢᠳᠪᠦᠷᠢᠯᠡᠬᠦ ᠳᠡᠰ ᠳᠠᠷᠠᠭᠠᠯᠠᠯ ᠪᠠ ᠠᠷᠭ᠎ᠠ ᠮᠠᠶ᠋ᠢᠭ︔ ᠦᠵᠡᠰᠬᠦᠯᠡᠩ ᠳᠤ ᠣᠷᠣᠯᠴᠠᠭᠰᠠᠨ ᠪᠦᠲᠦᠭᠡᠭᠳᠡᠬᠦᠨ᠂ ᠳᠡᠯᠭᠡᠨ ᠦᠵᠡᠭᠦᠯᠬᠦ ᠡᠳ᠋ ᠤᠨ ᠪᠣᠭᠤᠳᠠᠯ ᠪᠠᠭᠯᠠᠭ᠎ᠠ᠂ ᠳᠡᠯᠭᠡᠨ ᠦᠵᠡᠭᠦᠯᠬᠦ ᠪᠠᠶᠢᠷᠢ ᠶᠢᠨ ᠵᠢᠷᠤᠭ ᠲᠥᠯᠥᠪᠯᠡᠭᠡ ᠵᠢᠴᠢ ᠳᠡᠯᠭᠡᠨ ᠦᠵᠡᠭᠦᠯᠬᠦ ᠪᠠᠶᠢᠷᠢ ᠶᠢᠨ ᠪᠤᠰᠤᠳ ᠦᠵᠡᠭᠦᠯᠦᠯᠭᠡ ᠶᠢᠨ ᠬᠡᠰᠡᠭ ᠵᠡᠷᠭᠡ ᠦᠵᠡᠰᠬᠦᠯᠡᠩ ᠳᠤ ᠣᠷᠣᠯᠴᠠᠭᠰᠠᠨ ᠲᠥᠷᠥᠯ ᠵᠦᠢᠯ ᠨᠢ ᠪᠤᠰᠤᠳ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠦᠭᠡᠢ ᠭᠡᠰᠡᠨ ᠠᠮᠠᠯᠠᠯᠲᠠ᠃ ᠦᠵᠡᠰᠬᠦᠯᠡᠩ ᠳᠤ ᠣᠷᠣᠯᠴᠠᠬᠤ ᠲᠥᠷᠥᠯ ᠵᠦᠢᠯ ᠳᠤ ᠡᠷᠬᠡ ᠳᠤ ᠬᠠᠯᠳᠠᠭᠰᠠᠨ ᠢᠶᠠᠷ ᠰᠡᠵᠢᠭᠯᠡᠭᠳᠡᠭᠰᠡᠨ ᠪᠥᠭᠡᠳ ᠦᠵᠡᠰᠬᠦᠯᠡᠩ ᠳᠤ ᠣᠷᠣᠯᠴᠠᠬᠤ ᠡᠲᠡᠭᠡᠳ ᠨᠢ ᠲᠣᠭᠲᠠᠭᠰᠠᠨ ᠬᠤᠭᠤᠴᠠᠭᠠᠨ ᠳᠣᠲᠣᠷ᠎ᠠ ᠡᠷᠬᠡ ᠳᠤ ᠬᠠᠯᠳᠠᠬᠤ ᠦᠭᠡᠢ ᠬᠦᠴᠦᠨ ᠪᠦᠬᠦᠢ ᠭᠡᠷᠡᠴᠢ ᠭᠠᠷᠭᠠᠵᠤ ᠴᠢᠳᠠᠬᠤ ᠦᠭᠡᠢ ᠪᠠᠶᠢᠪᠠᠯ᠂ ᠦᠵᠡᠰᠬᠦᠯᠡᠩ ᠳᠤ ᠣᠷᠣᠯᠴᠠᠬᠤ ᠡᠲᠡᠭᠡᠳ ᠨᠢ ᠳᠠᠷᠦ᠋ᠢᠬᠠᠨ ᠬᠠᠯᠳᠠᠪᠣᠷᠢᠯᠠᠬᠤ᠂ ᠵᠢᠶᠠᠰᠠᠨ ᠠᠴᠠ ᠪᠠᠭᠤᠯᠭᠠᠬᠤ᠂ ᠳᠡᠯᠭᠡᠨ ᠦᠵᠡᠭᠦᠯᠬᠦ ᠵᠡᠷᠭᠡ ᠰᠢᠢᠳᠪᠦᠷᠢᠯᠡᠬᠦ ᠠᠷᠭ᠎ᠠ ᠬᠡᠮᠵᠢᠶ᠎ᠡ ᠠᠪᠬᠤ ᠡᠷᠬᠡ ᠲᠠᠢ᠂ ᠰᠢᠢᠳᠪᠦᠷᠢᠯᠡᠬᠦ ᠦᠭᠡᠢ ᠪᠣᠯ ᠦᠵᠡᠰᠬᠦᠯᠡᠩ ᠢ ᠭᠤᠤᠯᠯᠠᠨ ᠡᠷᠬᠢᠯᠡᠬᠦ ᠡᠲᠡᠭᠡᠳ ᠨᠢ ᠦᠵᠡᠰᠬᠦᠯᠡᠩ ᠳᠤ ᠣᠷᠣᠯᠴᠠᠬᠤ ᠬᠢᠷᠢ ᠬᠡᠮ ᠢ ᠨᠢ ᠲᠦᠷ ᠵᠣᠭᠰᠣᠭᠠᠬᠤ ᠪᠤᠶᠤ ᠬᠦᠴᠦᠨ ᠦᠭᠡᠢ ᠪᠣᠯᠭᠠᠬᠤ ᠪᠠᠷ ᠨᠡᠶᠢᠲᠡᠯᠡᠬᠦ ᠡᠷᠬᠡ ᠲᠠᠢ︔ ᠦᠵᠡᠰᠬᠦᠯᠡᠩ ᠳᠤ ᠣᠷᠣᠯᠴᠠᠬᠤ ᠲᠠᠯ᠎ᠠ ᠶᠢᠨ ᠬᠢᠨ ᠦᠵᠡᠰᠬᠦᠯᠡᠩ ᠳᠤ ᠣᠷᠣᠯᠴᠠᠬᠤ ᠲᠥᠷᠥᠯ ᠵᠦᠢᠯ ᠤᠨ ᠡᠷᠬᠡ ᠶᠢᠨ ᠭᠡᠷᠡᠴᠢ᠂ ᠪᠠᠶᠢᠴᠠᠭᠠᠨ ᠰᠢᠯᠭᠠᠬᠤ ᠳᠤ ᠬᠠᠮᠵᠢᠯᠴᠠᠬᠤ ᠵᠡᠷᠭᠡ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠨ᠎ᠠ︔ ᠦᠵᠡᠰᠬᠦᠯᠡᠩ ᠳᠤ ᠣᠷᠣᠯᠴᠠᠬᠤ ᠲᠠᠯ᠎ᠠ ᠶᠢᠨ ᠬᠢᠨ ᠦᠵᠡᠰᠬᠦᠯᠡᠩ ᠳᠤ ᠣᠷᠣᠯᠴᠠᠬᠤ ᠲᠥᠷᠥᠯ ᠵᠦᠢᠯ ᠤᠨ ᠡᠷᠬᠡ ᠶᠢᠨ ᠭᠡᠷᠡᠴᠢ᠂ ᠪᠠᠶᠢᠴᠠᠭᠠᠨ ᠰᠢᠯᠭᠠᠬᠤ ᠳᠤ ᠬᠠᠮᠵᠢᠯᠴᠠᠬᠤ ᠵᠡᠷᠭᠡ ᠡᠭᠦᠷᠭᠡ ᠶᠢ ᠬᠠᠤᠯᠢ ᠶᠣᠰᠣᠭᠠᠷ ᠭᠦᠢᠴᠡᠳᠬᠡᠬᠦ ᠳᠤ ᠢᠳᠡᠪᠬᠢᠲᠡᠶ ᠬᠠᠮᠵᠢᠯᠴᠠᠬᠤ ᠬᠡᠷᠡᠭᠲᠡᠶ︔ ᠦᠵᠡᠰᠬᠦᠯᠡᠩ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠤᠯᠢ ᠶᠣᠰᠣᠭᠠᠷ ᠬᠠᠮᠢᠶᠠᠷᠤᠨ᠎ᠠ︔ ᠦᠵᠡᠰᠬᠦᠯᠡᠩ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠠᠵᠢᠯ ᠤᠨ ᠪᠣᠳᠠᠲᠠᠶ ᠪᠣᠯᠵᠣᠨ ᠲᠣᠭᠲᠠᠭᠰᠠᠨ ᠪᠤᠰᠤᠳ ᠵᠦᠢᠯ ᠵᠤᠷᠪᠤᠰ ᠢ ᠦᠨᠳᠦᠰᠦᠯᠡᠨ᠎ᠡ᠃ ᠶᠢᠰᠦᠳᠦᠭᠡᠷ ᠵᠦᠢᠯ ᠳᠤ᠂ ᠦᠵᠡᠰᠬᠦᠯᠡᠩ ᠤᠨ ᠴᠤᠭᠯᠠᠭᠠᠨ ᠢ ᠭᠤᠤᠯᠯᠠᠨ ᠡᠷᠬᠢᠯᠡᠬᠦ ᠡᠲᠡᠭᠡᠳ ᠨᠢ ᠦᠵᠡᠰᠬᠦᠯᠡᠩ ᠳᠤ ᠣᠷᠣᠯᠴᠠᠬᠤ ᠲᠠᠯ᠎ᠠ ᠶᠢᠨ ᠦᠵᠡᠰᠬᠦᠯᠡᠩ ᠳᠤ ᠣᠷᠣᠯᠴᠠᠬᠤ ᠲᠥᠷᠥᠯ ᠵᠦᠢᠯ᠂ ᠮᠡᠷᠭᠡᠵᠢᠯ᠂ ᠦᠢᠯᠡᠳᠬᠦᠨ ᠵᠢᠴᠢ ᠤᠬᠠᠭᠤᠯᠭ᠎ᠠ ᠶᠢᠨ ᠮᠠᠲ᠋ᠧᠷᠢᠶᠠᠯ᠂ ᠳᠡᠯᠭᠡᠨ ᠦᠵᠡᠭᠦᠯᠬᠦ ᠰᠠᠮᠪᠠᠷ᠎ᠠ ᠵᠡᠷᠭᠡ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠤᠯᠪᠣᠭᠳᠠᠬᠤ ᠠᠭᠤᠯᠭ᠎ᠠ ᠶᠢ ᠳᠡᠯᠭᠡᠨ ᠦᠵᠡᠭᠦᠯᠬᠦ ᠠᠴᠠ ᠡᠮᠦᠨ᠎ᠡ ᠬᠢᠨᠠᠨ ᠪᠠᠶᠢᠴᠠᠭᠠᠬᠤ ᠬᠡᠷᠡᠭᠲᠡᠶ᠂ ᠡᠭᠦᠨ ᠳᠤ ᠪᠠᠭᠲᠠᠬᠤ ᠪᠣᠯᠪᠠᠴᠤ ᠲᠤᠰᠬᠠᠶ ᠠᠰᠢᠭ ᠤᠨ ᠳᠠᠩᠰᠠᠯᠠᠯ ᠤᠨ ᠳᠡᠪᠲᠡᠷ ᠤᠨ ᠬᠠᠭᠤᠯᠪᠤᠷᠢ ᠳᠡᠪᠲᠡᠷ᠂ ᠲᠤᠰᠬᠠᠶ ᠠᠰᠢᠭ ᠤᠨ ᠦᠨᠡᠮᠯᠡᠯ᠂ ᠲᠤᠰᠬᠠᠶ ᠠᠰᠢᠭ ᠤᠨ ᠵᠥᠪᠰᠢᠶᠡᠷᠡᠯ ᠤᠨ ᠭᠡᠷ᠎ᠡ ᠵᠡᠷᠭᠡ ᠲᠤᠰᠬᠠᠶ ᠠᠰᠢᠭ᠂ ᠲᠠᠸᠠᠷ ᠤᠨ ᠲᠡᠮᠳᠡᠭ᠂ ᠭᠠᠵᠠᠷ ᠵᠦᠶ ᠶᠢᠨ ᠲᠡᠮᠳᠡᠭ᠂ ᠬᠡᠪᠯᠡᠯ ᠤᠨ ᠡᠷᠬᠡ ᠵᠢᠴᠢ ᠵᠥᠪᠰᠢᠶᠡᠷᠡᠯ ᠤᠨ ᠭᠡᠷ᠎ᠡ ᠶᠢᠨ ᠮᠠᠲ᠋ᠧᠷᠢᠶᠠᠯ ᠳᠤ ᠬᠢᠵᠠᠭᠠᠷᠯᠠᠭᠳᠠᠬᠤ ᠦᠭᠡᠢ︔ ᠦᠵᠡᠭᠦᠯᠦᠯᠭᠡ ᠶᠢᠨ ᠴᠤᠭᠯᠠᠭᠠᠨ ᠤ ᠭᠤᠤᠯᠯᠠᠨ ᠡᠷᠭᠢᠯᠡᠭᠰᠡᠨ ᠲᠠᠯ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠦᠵᠡᠰᠬᠦᠯᠡᠩ ᠤᠨ ᠴᠤᠭᠯᠠᠭᠠᠨ ᠢ ᠭᠤᠤᠯᠯᠠᠨ ᠡᠷᠭᠢᠯᠡᠭᠰᠡᠨ ᠲᠠᠯ᠎ᠠ ᠶᠢᠨ ᠬᠢᠨᠠᠨ ᠪᠠᠶᠢᠴᠠᠭᠠᠭᠰᠠᠨ ᠪᠠᠶᠢᠳᠠᠯ ᠢ ᠬᠢᠨᠠᠨ ᠪᠠᠶᠢᠴᠠᠭᠠᠬᠤ ᠬᠡᠷᠡᠭᠲᠡᠶ᠃      ︵ᠳᠤᠯᠤᠭ᠎ᠠ︶ ︽ᠵᠢᠯᠣᠭᠤᠳᠤᠮᠵᠢ︾ ᠳᠤ ᠦᠵᠡᠰᠬᠦᠯᠡᠩ ᠳᠤ ᠣᠷᠣᠯᠴᠠᠬᠤ ᠡᠲᠡᠭᠡᠳ ᠨᠢ ᠶᠠᠮᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ ᠭᠡᠵᠦ ᠲᠣᠭᠲᠠᠭᠠᠵᠠᠶ᠃      ︽ᠵᠢᠯᠣᠭᠤᠳᠤᠮᠵᠢ︾ ᠶᠢᠨ ᠠᠷᠪᠠᠳᠤᠭᠠᠷ ᠵᠦᠢᠯ ᠳᠤ ᠲᠣᠭᠲᠠᠭᠠᠭᠰᠠᠨ ᠨᠢ᠂ ᠦᠵᠡᠰᠬᠦᠯᠡᠩ ᠳᠤ ᠣᠷᠣᠯᠴᠠᠬᠤ ᠠᠴᠠ ᠡᠮᠦᠨ᠎ᠡ᠂ ᠦᠵᠡᠰᠬᠦᠯᠡᠩ ᠳᠤ ᠣᠷᠣᠯᠴᠠᠬᠤ ᠡᠲᠡᠭᠡᠳ ᠨᠢ ᠬᠠᠤᠯᠢ ᠶᠣᠰᠣᠭᠠᠷ ᠦᠵᠡᠰᠬᠦᠯᠡᠩ ᠳᠤ ᠣᠷᠣᠯᠴᠠᠬᠤ ᠬᠡᠷᠡᠭᠲᠡᠶ᠂ ᠦᠵᠡᠰᠬᠦᠯᠡᠩ ᠤᠨ ᠴᠤᠭᠯᠠᠭᠠᠨ ᠢ ᠭᠤᠤᠯᠯᠠᠨ ᠡᠷᠬᠢᠯᠡᠬᠦ ᠲᠠᠯ᠎ᠠ ᠯᠤᠭ᠎ᠠ ᠢᠳᠡᠪᠬᠢᠲᠡᠶ ᠬᠠᠮᠵᠢᠯᠴᠠᠨ ᠳᠡᠯᠭᠡᠨ ᠦᠵᠡᠭᠦᠯᠬᠦ ᠠᠴᠠ ᠡᠮᠦᠨ᠎ᠡ ᠬᠠᠮᠢᠶ᠎ᠠ ᠪᠥᠬᠦᠶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠳᠠᠯ ᠳᠤ ᠬᠢᠨᠠᠨ ᠪᠠᠶᠢᠴᠠᠭᠠᠬᠤ ᠠᠵᠢᠯ ᠬᠢᠵᠦ᠂ ᠪᠤᠰᠤᠳ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠵᠤ ᠪᠣᠯᠬᠤ ᠥᠬᠡᠶ︔ ᠠᠷᠪᠠᠨ ᠨᠢᠭᠡᠳᠦᠭᠡᠷ ᠵᠦᠢᠯ ᠳᠤ᠂ ᠦᠵᠡᠰᠬᠦᠯᠡᠩ ᠳᠤ ᠣᠷᠣᠯᠴᠠᠬᠤ ᠲᠥᠷᠥᠯ ᠵᠦᠢᠯ ᠳᠤ ᠬᠠᠤᠯᠢ ᠶᠣᠰᠣᠭᠠᠷ ᠬᠠᠮᠢᠶ᠎ᠠ ᠪᠥᠬᠦᠶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠭᠡᠷᠡᠴᠢ ᠲᠠᠢ ᠪᠠᠶᠢᠬᠤ ᠬᠡᠷᠡᠭᠲᠡᠶ︔ ᠦᠵᠡᠰᠬᠦᠯᠡᠩ ᠳᠤ ᠣᠷᠣᠯᠴᠠᠭᠰᠠᠨ ᠲᠥᠷᠥᠯ ᠵᠦᠢᠯ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠭᠡᠷᠡᠴᠢ ᠲᠡᠮᠳᠡᠭ ᠬᠠᠳᠠᠭᠰᠠᠨ ᠪᠠᠶᠢᠪᠠᠯ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠲᠣᠳᠣᠷᠬᠠᠶᠢᠯᠠᠬᠤ ᠬᠡᠷᠡᠭᠲᠡᠶ᠃      ︵ᠨᠠᠢᠮᠠ︶ ︽ᠵᠢᠯᠣᠭᠤᠳᠤᠮᠵᠢ︾ ᠳᠤ ᠶᠠᠮᠠᠷ ᠪᠠᠶᠢᠳᠠᠯ ᠤᠨ ᠳᠣᠣᠷ᠎ᠠ ᠵᠠᠭᠠᠯᠳᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠭᠠᠷᠭᠠᠬᠤ ᠬᠡᠷᠡᠭᠲᠡᠶ ᠭᠡᠵᠦ ᠵᠢᠭᠠᠭᠰᠠᠨ ᠪᠣᠶ︖      ︽ᠵᠢᠯᠣᠭᠤᠳᠤᠮᠵᠢ︾ ᠶᠢᠨ ᠠᠷᠪᠠᠨ ᠬᠤᠶᠠᠳᠤᠭᠠᠷ ᠵᠦᠢᠯ ᠳᠤ ᠳᠣᠣᠷᠠᠬᠢ ᠪᠠᠶᠢᠳᠠᠯ ᠤᠨ ᠠᠯᠢ ᠨᠢᠭᠡ ᠨᠢ ᠪᠠᠶᠢᠪᠠᠯ᠂ ᠦᠵᠡᠰᠬᠦᠯᠡᠩ ᠴᠤᠭᠯᠠᠭᠠᠨ ᠳᠤ ᠵᠠᠭᠠᠯᠳᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠪᠠᠶᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠯᠠᠪᠯᠠᠭ᠎ᠠ᠂ ᠵᠠᠭᠠᠯᠳᠤᠯᠭ᠎ᠠ ᠶᠢ ᠰᠢᠢᠳᠪᠦᠷᠢᠯᠡᠬᠦ ᠵᠡᠷᠭᠡ ᠦᠢᠯᠡᠴᠢᠯᠡᠭᠡ ᠬᠠᠩᠭᠠᠬᠤ ᠬᠡᠷᠡᠭᠲᠡᠢ᠄ ᠦᠵᠡᠰᠬᠦᠯᠡᠩ ᠤᠨ ᠴᠠᠭ ᠨᠢ ᠭᠤᠷᠪᠠᠨ ᠡᠳᠦᠷ ︵ᠭᠤᠷᠪᠠᠨ ᠡᠳᠦᠷ ᠪᠠᠭᠲᠠᠨ᠎ᠠ︶ ᠠᠴᠠ ᠳᠡᠭᠡᠭᠰᠢ ᠪᠠᠶᠢᠳᠠᠭ︔ ᠳᠡᠯᠡᠬᠡᠢ ᠶᠢᠨ ᠪᠤᠶᠤ ᠤᠯᠤᠰ ᠤᠨ ᠳᠣᠲᠣᠭᠠᠳᠤ ᠳᠤ ᠴᠢᠬᠤᠯᠠ ᠶᠡᠭᠡ ᠨᠥᠯᠥᠭᠡ ᠲᠠᠢ ᠪᠠᠶᠢᠨ᠎ᠠ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠭᠤᠷᠠᠯᠳᠤᠭᠠᠨ ᠨᠡᠯᠢᠶᠡᠳ ᠠᠷᠪᠢᠨ ᠭᠠᠷᠴᠤ ᠮᠡᠳᠡᠬᠦ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠦᠵᠡᠰᠬᠦᠯᠡᠩ ᠤᠨ ᠴᠤᠭᠯᠠᠭᠠᠨ ᠢ ᠡᠷᠬᠢᠯᠡᠨ ᠡᠷᠬᠢᠯᠡᠬᠦ ᠡᠲᠡᠭᠡᠳ ᠨᠢ ᠴᠢᠬᠤᠯᠠᠲᠠᠢ ᠭᠡᠵᠦ ᠦᠵᠡᠵᠦ ᠪᠠᠶᠢᠨ᠎ᠠ᠃      ︵ᠶᠢᠰᠦ︶ ︽ᠵᠢᠯᠣᠭᠤᠳᠤᠮᠵᠢ︾ ᠳᠤ ᠵᠠᠭᠠᠯᠳᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠠᠮᠠᠷ ᠬᠥᠮᠦᠰ ᠢᠶᠠᠷ ᠪᠦᠷᠢᠯᠳᠦᠳᠡᠭ ᠪᠤᠢ︖      ︽ᠵᠢᠯᠣᠭᠤᠳᠤᠮᠵᠢ︾ ᠶᠢᠨ ᠠᠷᠪᠠᠨ ᠭᠤᠷᠪᠠᠳᠤᠭᠠᠷ ᠵᠦᠢᠯ ᠳᠤ ᠵᠠᠭᠠᠯᠳᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠨᠢ ᠦᠵᠡᠰᠬᠦᠯᠡᠩ ᠤᠨ ᠴᠤᠭᠯᠠᠭᠠᠨ ᠢ ᠡᠷᠬᠢᠯᠡᠨ ᠡᠷᠬᠢᠯᠡᠭᠰᠡᠨ ᠭᠠᠵᠠᠷ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠦᠷᠦᠭᠦᠯᠡᠨ ᠵᠣᠬᠢᠶᠠᠨ ᠪᠠᠶᠢᠭᠤᠯᠵᠤ᠂ ᠦᠵᠡᠰᠬᠦᠯᠡᠩ ᠤᠨ ᠴᠤᠭᠯᠠᠭᠠᠨ ᠢ ᠭᠤᠣᠯᠯᠠᠨ ᠡᠷᠬᠢᠯᠡᠭᠰᠡᠨ ᠡᠲᠡᠭᠡᠳ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠵᠢᠯᠲᠠᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠠᠵᠢᠯᠲᠠᠨ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯ ᠤᠨ ᠪᠠᠶᠢᠭᠤᠯᠤᠮᠵᠢ ᠶᠢᠨ ᠠᠵᠢᠯᠲᠠᠨ᠂ ᠲᠤᠰᠬᠠᠢ ᠮᠡᠷᠭᠡᠵᠢᠯ ᠤᠨ ᠠᠵᠢᠯᠲᠠᠨ᠂ ᠬᠠᠤᠯᠢ ᠴᠠᠭᠠᠵᠠ ᠶᠢᠨ ᠲᠤᠰᠬᠠᠢ ᠮᠡᠷᠭᠡᠵᠢᠯ ᠤᠨ ᠠᠵᠢᠯᠲᠠᠨ ᠵᠡᠷᠭᠡ ᠪᠠᠷ ᠪᠦᠷᠢᠯᠳᠦᠨ᠎ᠡ︔ ᠦᠵᠡᠰᠬᠦᠯᠡᠩ ᠤᠨ ᠴᠤᠭᠯᠠᠭᠠᠨ ᠢ ᠡᠷᠬᠢᠯᠡᠨ ᠡᠷᠬᠢᠯᠡᠭᠰᠡᠨ ᠲᠠᠯ᠎ᠠ ᠶᠢᠨ ᠬᠢᠨ ᠵᠠᠭᠠᠯᠳᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠵᠢᠯᠲᠠᠳ ᠤᠨ ᠦᠵᠡᠭᠦᠯᠦᠯᠭᠡ ᠶᠢᠨ ᠴᠤᠭᠯᠠᠭᠠᠨ ᠳᠤ ᠣᠷᠣᠵᠤ ᠠᠵᠢᠯ ᠥᠷᠨᠢᠭᠦᠯᠬᠦ ᠳᠤ ᠦᠨᠡᠮᠯᠡᠯ᠂ ᠲᠠᠯᠠᠪᠤᠷ ᠭᠠᠵᠠᠷ ᠵᠡᠷᠭᠡ ᠴᠢᠬᠤᠯᠠ ᠪᠦᠬᠦᠢ ᠨᠥᠬᠦᠴᠡᠯ ᠬᠠᠩᠭᠠᠬᠤ ᠬᠡᠷᠡᠭᠲᠡᠢ ᠭᠡᠵᠦ ᠲᠣᠭᠲᠠᠭᠠᠵᠠᠢ᠃ ᠵᠠᠭᠠᠯᠳᠤᠯᠭ᠎ᠠ ᠶᠢᠨ ᠪᠠᠶᠢᠭᠤᠯᠤᠮᠵᠢ ᠪᠠᠶᠢᠭᠤᠯᠤᠭᠰᠠᠨ ᠦᠭᠡᠢ ᠪᠠᠶᠢᠪᠠᠯ᠂ ᠦᠵᠡᠰᠬᠦᠯᠡᠩ ᠤᠨ ᠴᠤᠭᠯᠠᠭᠠᠨ ᠢ ᠡᠷᠬᠢᠯᠡᠬᠦ ᠭᠠᠵᠠᠷ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠦᠵᠡᠰᠬᠦᠯᠡᠩ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠵᠢᠯᠣᠭᠤᠳᠬᠤ᠂ ᠬᠢᠨᠠᠯᠲᠠ ᠲᠠᠯᠪᠢᠬᠤ ᠪᠠ ᠬᠤᠯᠪᠣᠭᠳᠠᠯ ᠪᠦᠬᠦᠢ ᠬᠡᠷᠡᠭ ᠢ ᠰᠢᠢᠳᠪᠦᠷᠢᠯᠡᠬᠦ ᠪᠠᠨ ᠴᠢᠩᠭᠠᠳᠬᠠᠵᠤ᠂ ᠦᠵᠡᠰᠬᠦᠯᠡᠩ ᠤᠨ ᠴᠤᠭᠯᠠᠭᠠᠨ ᠢ ᠭᠤᠣᠯᠯᠠᠨ ᠡᠷᠬᠢᠯᠡᠬᠦ ᠡᠲᠡᠭᠡᠳ ᠨᠢ ᠦᠵᠡᠰᠬᠦᠯᠡᠩ ᠤᠨ ᠴᠤᠭᠯᠠᠭᠠᠨ ᠤ ᠡᠷᠬᠢᠯᠡᠨ ᠭᠦᠢᠴᠡᠳᠬᠡᠬᠦ ᠭᠠᠵᠠᠷ ᠤᠨ ᠬᠠᠮᠢᠶ᠎ᠠ ᠪᠦᠬᠦᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠷᠢᠯᠴᠠᠬᠤ ᠬᠥᠮᠦᠨ᠂ ᠬᠠᠷᠢᠯᠴᠠᠬᠤ ᠠᠷᠭ᠎ᠠ ᠮᠠᠶ᠋ᠢᠭ ᠵᠡᠷᠭᠡ ᠶᠢ ᠦᠵᠡᠰᠬᠦᠯᠡᠩ ᠤᠨ ᠴᠤᠭᠯᠠᠭᠠᠨ ᠤ ᠲᠠᠯᠠᠪᠤᠷ ᠣᠷᠳᠣᠨ ᠤ ᠢᠯᠡᠷᠬᠡᠶ ᠪᠠᠶᠢᠷᠢᠨ ᠳᠤ ᠨᠡᠶᠢᠲᠡᠯᠡᠬᠦ ᠬᠡᠷᠡᠭᠲᠡᠶ᠃      ︵ᠠᠷᠪᠠ︶ ︽ᠵᠢᠯᠣᠭᠤᠳᠤᠮᠵᠢ︾ ᠳᠤ ᠵᠠᠭᠠᠯᠳᠤᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠨᠢ ᠶᠠᠭᠤ ᠪᠣᠶ︖      ︽ᠵᠢᠯᠣᠭᠤᠳᠤᠮᠵᠢ︾ ᠶᠢᠨ ᠠᠷᠪᠠᠨ ᠳᠥᠷᠪᠡᠳᠦᠭᠡᠷ ᠵᠦᠢᠯ ᠳᠤ᠂ ᠵᠠᠭᠠᠯᠳᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠳᠣᠤᠷᠠᠬᠢ ᠦᠵᠡᠰᠬᠦᠯᠡᠩ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠤᠯᠪᠣᠭᠳᠠᠬᠤ ᠬᠠᠮᠢᠶ᠎ᠠ ᠪᠦᠬᠦᠢ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠶ︔ ᠦᠵᠡᠰᠬᠦᠯᠡᠩ ᠤᠨ ᠬᠤᠭᠤᠴᠠᠭᠠᠨ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠦᠷᠦ ᠶᠢᠨ ᠪᠤᠳᠤᠯᠭ᠎ᠠ ᠶᠢᠨ ᠵᠥᠪᠯᠡᠯᠭᠡ ᠬᠠᠩᠭᠠᠨ᠎ᠠ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠦᠷᠦ ᠶᠢᠨ ᠪᠤᠳᠤᠯᠭ᠎ᠠ ᠶᠢᠨ ᠵᠥᠪᠯᠡᠯᠭᠡ ᠬᠠᠩᠭᠠᠨ᠎ᠠ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠠᠯᠳᠠᠭᠰᠠᠨ ᠬᠡᠷᠡᠭ ᠲᠤ ᠬᠤᠯᠪᠣᠭᠳᠠᠭᠰᠠᠨ ᠵᠠᠭᠠᠯᠳᠤᠯᠭ᠎ᠠ ᠳᠤ ᠮᠠᠭᠠᠳᠯᠠᠯᠲᠠ ᠶᠢᠨ ᠰᠠᠨᠠᠯ ᠬᠠᠩᠭᠠᠵᠤ᠂ ᠦᠵᠡᠰᠬᠦᠯᠡᠩ ᠤᠨ ᠴᠤᠭᠯᠠᠭᠠᠨ ᠢ ᠡᠷᠬᠢᠯᠡᠨ ᠡᠷᠬᠢᠯᠡᠭᠰᠡᠨ ᠭᠠᠵᠠᠷ ᠢ ᠵᠣᠬᠢᠴᠠᠭᠤᠯᠤᠨ᠎ᠠ ᠭᠡᠵᠦ ᠲᠣᠳᠣᠷᠬᠠᠶ ᠲᠣᠭᠲᠠᠭᠠᠵᠠᠢ︔ ᠬᠤᠯᠪᠣᠭᠳᠠᠯ ᠪᠦᠬᠦᠢ ᠵᠠᠭᠠᠯᠳᠤᠯᠭ᠎ᠠ ᠶᠢᠨ ᠪᠠᠶᠢᠳᠠᠯ ᠵᠢᠴᠢ ᠮᠠᠲ᠋ᠧᠷᠢᠶᠠᠯ ᠢ ᠦᠵᠡᠰᠬᠦᠯᠡᠩ ᠤᠨ ᠴᠤᠭᠯᠠᠭᠠᠨ ᠢ ᠡᠷᠬᠢᠯᠡᠨ ᠡᠷᠬᠢᠯᠡᠭᠰᠡᠨ ᠭᠠᠵᠠᠷ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ᠂ ᠬᠠᠤᠯᠢ ᠶᠢ ᠵᠥᠷᠢᠴᠡᠭᠰᠡᠨ ᠰᠦᠪᠡᠭᠴᠢ ᠶᠢ ᠬᠠᠮᠢᠶ᠎ᠠ ᠪᠦᠬᠦᠢ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠪᠡ︔ ᠦᠵᠡᠰᠬᠦᠯᠡᠩ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠮᠡᠳᠡᠭᠡ ᠵᠠᠩᠭᠢ ᠶᠢ ᠬᠤᠷᠢᠶᠠᠩᠭᠤᠶᠢᠯᠠᠬᠤ ᠪᠠ ᠵᠠᠳᠠᠯᠬᠤ︔ ᠪᠤᠰᠤᠳ ᠬᠠᠮᠢᠶ᠎ᠠ ᠪᠦᠬᠦᠢ ᠵᠦᠢᠯᠡᠰ ᠢ ᠰᠢᠢᠳᠪᠦᠷᠢᠯᠡᠨ᠎ᠡ᠃      ︵ᠠᠷᠪᠠᠨ ᠨᠢᠭᠡ︶ ︽ᠵᠢᠯᠣᠭᠤᠳᠤᠮᠵᠢ︾ ᠨᠢ ᠵᠠᠭᠠᠯᠳᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠶᠠᠮᠠᠷ ᠶᠠᠮᠠᠷ ᠮᠠᠲ᠋ᠧᠷᠢᠶᠠᠯ ᠲᠤᠰᠢᠶᠠᠬᠤ ᠬᠡᠷᠡᠭᠲᠡᠢ ᠭᠡᠵᠦ ᠲᠣᠭᠲᠠᠭᠠᠵᠠᠢ︔      ︽ᠵᠢᠯᠣᠭᠤᠳᠤᠮᠵᠢ︾ ᠶᠢᠨ ᠠᠷᠪᠠᠨ ᠳᠣᠯᠣᠳᠤᠭᠠᠷ ᠵᠦᠢᠯ ᠳᠤ᠂ ᠵᠠᠭᠠᠯᠳᠤᠬᠤ ᠦᠢᠯᠡᠴᠢᠯᠡᠭᠡᠨ ᠤ ᠪᠠᠶᠢᠭᠤᠯᠤᠮᠵᠢ ᠳᠤ ᠵᠠᠭᠠᠯᠳᠤᠯᠭ᠎ᠠ ᠭᠠᠷᠭᠠᠭᠰᠠᠨ ᠪᠠᠶᠢᠪᠠᠯ᠂ ᠵᠠᠭᠠᠯᠳᠤᠬᠤ ᠮᠠᠲ᠋ᠧᠷᠢᠶᠠᠯ ᠨᠢ ᠡᠩ ᠤᠨ ᠪᠠᠶᠢᠳᠠᠯ ᠳᠤ ᠪᠠᠭᠲᠠᠨ᠎ᠠ᠄ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠶᠢᠨ ᠬᠠᠷᠢᠶᠠᠯᠠᠯ ᠨᠢ ᠬᠠᠤᠯᠢ ᠶᠣᠰᠣᠨ ᠤ ᠬᠦᠴᠦᠨ ᠲᠠᠢ ᠪᠠᠶᠢᠬᠤ ᠶᠢ ᠭᠡᠷᠡᠴᠢᠯᠡᠵᠦ ᠳᠡᠶᠢᠯᠬᠦ ᠭᠡᠷᠡᠴᠢ ᠪᠠᠷᠢᠮᠲᠠ ᠶᠢᠨ ᠮᠠᠲ᠋ᠧᠷᠢᠶᠠᠯ︔ ᠵᠠᠭᠠᠯᠳᠤᠭᠴᠢ ᠶᠢᠨ ᠦᠨᠳᠦᠰᠦᠨ ᠪᠠᠶᠢᠳᠠᠯ ᠳᠤ ᠪᠡᠶ᠎ᠡ ᠶᠢᠨ ᠭᠡᠷᠡᠴᠢ ᠵᠡᠷᠭᠡ ᠶᠢ ᠪᠠᠭᠲᠠᠭᠠᠨ᠎ᠠ︔ ᠪᠤᠰᠤᠳ ᠬᠥᠮᠦᠨ ᠳᠤ ᠨᠠᠶᠢᠳᠠᠵᠤ ᠵᠠᠭᠠᠯᠳᠤᠭᠤᠯᠤᠭᠰᠠᠨ ᠪᠠᠶᠢᠪᠠᠯ᠂ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ ᠢ ᠲᠤᠰᠢᠶᠠᠬᠤ ᠬᠡᠷᠡᠭᠲᠡᠢ︔ ᠡᠷᠬᠡ ᠳᠤ ᠬᠠᠯᠳᠠᠭᠰᠠᠨ ᠰᠡᠵᠢᠭ ᠲᠠᠢ ᠦᠨᠳᠦᠰᠦᠨ ᠪᠣᠳᠠᠲᠤ ᠬᠡᠷᠡᠭ᠂ ᠤᠴᠢᠷ ᠰᠢᠯᠲᠠᠭᠠᠨ ᠪᠠ ᠭᠡᠷᠡᠴᠢ ᠪᠠᠷᠢᠮᠲᠠ︔ ᠭᠤᠶᠤᠴᠢᠯᠠᠯ ᠤᠨ ᠵᠦᠢᠯᠡᠰ︔ ᠦᠵᠡᠰᠬᠦᠯᠡᠩ ᠤᠨ ᠴᠤᠭᠯᠠᠭᠠᠨ ᠳᠤ ᠵᠠᠭᠠᠯᠳᠤᠬᠤ ᠦᠢᠯᠡᠴᠢᠯᠡᠭᠡᠨ ᠤ ᠪᠠᠶᠢᠭᠤᠯᠤᠮᠵᠢ ᠠᠴᠠ ᠬᠠᠩᠭᠠᠯᠭᠠᠬᠤ ᠪᠠᠷ ᠱᠠᠭᠠᠷᠳᠠᠭᠰᠠᠨ ᠪᠤᠰᠤᠳ ᠮᠠᠲ᠋ᠧᠷᠢᠶᠠᠯ︔ ᠵᠠᠭᠠᠯᠳᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠨᠢᠭᠡᠳᠦᠯᠲᠡᠶ ᠵᠣᠬᠢᠶᠠᠭᠰᠠᠨ ᠬᠦᠰᠦᠨᠦᠭᠲᠦ ᠪᠤᠶᠤ ᠰᠦᠯᠵᠢᠶᠡᠨ ᠤ ᠨᠢᠭᠤᠷ ᠤᠨ ᠴᠥᠷᠬᠡᠯᠡᠭᠡ ᠬᠠᠩᠭᠠᠵᠤ ᠪᠣᠯᠤᠨ᠎ᠠ ᠭᠡᠵᠦ ᠲᠣᠭᠲᠠᠭᠠᠵᠠᠶ᠃      ︵ᠠᠷᠪᠠᠨ ᠬᠤᠶᠠᠷ︶ ︽ᠵᠢᠯᠣᠭᠤᠳᠤᠮᠵᠢ︾ ᠳᠤ ᠵᠠᠭᠠᠯᠳᠤᠬᠤ ᠦᠢᠯᠡᠴᠢᠯᠡᠭᠡᠨ ᠤ ᠪᠠᠶᠢᠭᠤᠯᠤᠮᠵᠢ ᠵᠠᠭᠠᠯᠳᠤᠯᠭ᠎ᠠ ᠶᠢ ᠣᠯᠤᠭᠰᠠᠨ ᠤ ᠳᠠᠷᠠᠭ᠎ᠠ ᠬᠡᠷᠬᠢᠨ ᠰᠢᠢᠳᠪᠦᠷᠢᠯᠡᠬᠦ ᠪᠣᠶ︖      ︽ᠵᠢᠯᠣᠭᠤᠳᠤᠮᠵᠢ︾ ᠶᠢᠨ ᠠᠷᠪᠠ ᠶᠢᠰᠦᠳᠦᠭᠡᠷ ᠵᠦᠢᠯ ᠳᠤ᠂ ᠵᠠᠭᠠᠯᠳᠤᠬᠤ ᠦᠢᠯᠡᠴᠢᠯᠡᠭᠡᠨ ᠤ ᠪᠠᠶᠢᠭᠤᠯᠤᠮᠵᠢ ᠵᠠᠭᠠᠯᠳᠤᠯᠭ᠎ᠠ ᠶᠢ ᠬᠦᠯᠢᠶᠡᠨ ᠠᠪᠤᠭᠰᠠᠨ ᠤ ᠳᠠᠷᠠᠭ᠎ᠠ᠂ ᠬᠠᠤᠯᠢ ᠶᠣᠰᠣᠭᠠᠷ ᠬᠤᠯᠪᠣᠭᠳᠠᠯ ᠪᠦᠬᠦᠢ ᠳᠡᠰ ᠳᠠᠷᠠᠭᠠᠯᠠᠯ ᠶᠣᠰᠣᠭᠠᠷ ᠲᠡᠷᠡ ᠳᠠᠷᠤᠢ ᠳᠤᠨᠢ ᠬᠢᠨᠠᠨ ᠪᠠᠶᠢᠴᠠᠭᠠᠬᠤ ᠶᠢᠨ ᠬᠠᠮᠲᠤ ᠬᠢᠨᠠᠨ ᠪᠠᠶᠢᠴᠠᠭᠠᠭᠰᠠᠨ ᠪᠠᠶᠢᠳᠠᠯ ᠢᠶᠠᠨ ᠦᠨᠳᠦᠰᠦᠯᠡᠨ ᠬᠦᠯᠢᠶᠡᠨ ᠠᠪᠴᠤ ᠰᠢᠢᠳᠪᠦᠷᠢᠯᠡᠬᠦ ᠡᠰᠡᠬᠦ ᠶᠢ ᠲᠣᠭᠲᠠᠭᠠᠵᠤ᠂ ᠬᠦᠯᠢᠶᠡᠨ ᠠᠪᠴᠤ ᠰᠢᠢᠳᠪᠦᠷᠢᠯᠡᠬᠦ ᠦᠭᠡᠢ ᠶᠢ ᠨᠢ ᠵᠠᠭᠠᠯᠳᠤᠭᠴᠢ ᠳᠤ ᠮᠡᠳᠡᠭᠳᠡᠬᠦ ᠬᠡᠷᠡᠭᠲᠡᠢ ᠭᠡᠵᠦ ᠲᠣᠭᠲᠠᠵᠠᠢ︔ ᠬᠦᠯᠢᠶᠡᠨ ᠠᠪᠴᠤ ᠰᠢᠢᠳᠪᠦᠷᠢᠯᠡᠬᠦ ᠨᠥᠬᠦᠴᠡᠯ ᠳᠤ ᠨᠡᠶᠢᠴᠡᠬᠦ ᠶᠢ ᠨᠢ ᠬᠠᠤᠯᠢ ᠶᠣᠰᠣᠭᠠᠷ ᠬᠦᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠳᠡᠯᠭᠡᠨ ᠦᠵᠡᠭᠦᠯᠬᠦ ᠬᠤᠷᠠᠯ ᠢ ᠡᠷᠬᠢᠯᠡᠨ ᠰᠢᠢᠳᠪᠦᠷᠢᠯᠡᠬᠦ ᠲᠠᠯ᠎ᠠ ᠪᠠ ᠵᠠᠭᠠᠯᠳᠤᠭᠴᠢ ᠳᠤ ᠴᠠᠭ ᠲᠤᠬᠠᠢ ᠳᠤᠨᠢ ᠮᠡᠳᠡᠭᠳᠡᠬᠦ ᠬᠡᠷᠡᠭᠲᠡᠢ ᠭᠡᠵᠦ ᠲᠣᠭᠲᠠᠭᠠᠵᠠᠢ᠃ ᠬᠤᠷᠢᠳᠤᠭᠠᠷ ᠵᠦᠢᠯ ᠳᠤ᠂ ᠵᠠᠭᠠᠯᠳᠤᠬᠤ ᠦᠢᠯᠡᠴᠢᠯᠡᠭᠡᠨ ᠤ ᠪᠠᠶᠢᠭᠤᠯᠤᠮᠵᠢ ᠵᠠᠭᠠᠯᠳᠤᠯᠭ᠎ᠠ ᠶᠢᠨ ᠬᠡᠷᠡᠭ ᠢ ᠰᠢᠢᠳᠪᠦᠷᠢᠯᠡᠬᠦ ᠦᠶ᠎ᠡ ᠳᠤ᠂ ᠲᠤᠰ ᠵᠢᠯᠣᠭᠤᠳᠤᠮᠵᠢ ᠶᠢᠨ ᠠᠷᠪᠠᠨ ᠳᠣᠯᠣᠳᠤᠭᠠᠷ ᠵᠦᠢᠯ ᠤᠨ ᠲᠣᠭᠲᠠᠭᠠᠯ ᠳᠤ ᠨᠡᠶᠢᠴᠡᠬᠦ ᠵᠠᠭᠠᠯᠳᠤᠯᠭ᠎ᠠ ᠶᠢᠨ ᠮᠠᠲ᠋ᠧᠷᠢᠶᠠᠯ ᠢ 24 ᠴᠠᠭ ᠤᠨ ᠳᠣᠲᠣᠷ᠎ᠠ ᠲᠡᠭᠦᠨ ᠢ ᠬᠤᠯᠪᠣᠭᠳᠠᠯ ᠪᠦᠬᠦᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠬᠤ ᠬᠡᠷᠡᠭᠲᠡᠢ ᠭᠡᠵᠦ ᠲᠣᠭᠲᠠᠭᠠᠵᠠᠢ᠃ ᠬᠤᠷᠢᠨ ᠨᠢᠭᠡᠳᠦᠭᠡᠷ ᠵᠦᠢᠯ ᠳᠤ ᠵᠠᠭᠠᠯᠳᠤᠭᠴᠢ ᠡᠷᠬᠡ ᠳᠤ ᠬᠠᠯᠳᠠᠬᠰᠠᠨ ᠦᠭᠡᠢ ᠭᠡᠵᠦ ᠦᠵᠡᠪᠡᠯ᠂ 24 ᠴᠠᠭ ᠤᠨ ᠳᠣᠲᠣᠷ᠎ᠠ ᠪᠢᠴᠢᠭ ᠤᠨ ᠢᠯᠡᠷᠬᠡᠶᠢᠯᠡᠯᠲᠡ ᠬᠢᠵᠦ᠂ ᠬᠤᠯᠪᠣᠭᠳᠠᠯ ᠪᠦᠬᠦᠢ ᠭᠡᠷᠡᠴᠢ ᠮᠠᠲ᠋ᠧᠷᠢᠶᠠᠯ ᠲᠤᠰᠢᠶᠠᠵᠤ᠂ ᠡᠷᠬᠡ ᠳᠤ ᠬᠠᠯᠳᠠᠬᠤ ᠦᠭᠡᠢ ᠭᠡᠷᠡᠴᠢ ᠭᠠᠷᠭᠠᠬᠤ ᠦᠭᠡᠢ ᠪᠥᠭᠡᠳ ᠬᠤᠯᠪᠣᠭᠳᠠᠯ ᠪᠦᠬᠦᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠡᠷᠬᠡ ᠳᠤ ᠬᠠᠯᠳᠠᠭᠰᠠᠨ ᠡᠳ᠋ ᠪᠣᠳᠠᠰ ᠢ ᠪᠠᠶᠢᠴᠠᠭᠠᠨ ᠰᠢᠯᠭᠠᠬᠤ ᠬᠡᠷᠡᠭᠲᠡᠢ︔ ᠲᠣᠭᠲᠠᠭᠰᠠᠨ ᠴᠠᠭ ᠤᠨ ᠳᠣᠲᠣᠷ᠎ᠠ ᠪᠢᠴᠢᠭ ᠤᠨ ᠢᠯᠡᠷᠬᠡᠶᠢᠯᠡᠯᠲᠡ ᠪᠠᠨ ᠲᠤᠰᠢᠶᠠᠭᠰᠠᠨ ᠦᠭᠡᠢ᠂ ᠡᠰᠡᠬᠦᠯ᠎ᠡ ᠬᠦᠴᠦᠨ ᠪᠦᠬᠦᠢ ᠭᠡᠷᠡᠴᠢ ᠭᠠᠷᠭᠠᠵᠤ ᠴᠢᠳᠠᠬᠤ ᠦᠭᠡᠢ᠂ ᠡᠰᠡᠬᠦᠯ᠎ᠡ ᠵᠠᠭᠠᠯᠳᠤᠯᠭ᠎ᠠ ᠳᠤ ᠣᠷᠣᠯᠴᠠᠭᠳᠠᠭᠰᠠᠨ ᠵᠦᠢᠯᠡᠰ ᠤᠨ ᠡᠷᠬᠡ ᠳᠤ ᠬᠠᠯᠳᠠᠭᠰᠠᠨ ᠪᠣᠳᠠᠲᠤ ᠬᠡᠷᠡᠭ ᠨᠢ ᠬᠦᠴᠦᠨ ᠲᠠᠢ ᠪᠣᠯᠤᠭᠰᠠᠨ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠨᠢᠭᠡᠨᠲᠡ ᠨᠤᠲᠠᠯᠠᠭᠰᠠᠨ ᠪᠤᠶᠤ ᠵᠠᠭᠠᠯᠳᠤᠭᠳᠠᠭᠰᠠᠨ ᠬᠥᠮᠥᠨ ᠤ ᠡᠷᠬᠡ ᠳᠤ ᠬᠠᠯᠳᠠᠭᠰᠠᠨ ᠢ ᠵᠥᠪᠰᠢᠶᠡᠷᠡᠭᠰᠡᠨ ᠪᠠᠶᠢᠪᠠᠯ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠢᠨᠠᠯᠲᠠ ᠲᠠᠯᠪᠢᠵᠤ ᠪᠠᠶᠢᠭᠠᠳ ᠦᠵᠡᠰᠬᠦᠯᠡᠩ ᠤᠨ ᠴᠤᠭᠯᠠᠭᠠᠨ ᠤ ᠭᠤᠣᠯᠯᠠᠨ ᠡᠷᠬᠢᠯᠡᠬᠦ ᠡᠲᠡᠭᠡᠳ ᠲᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠦᠯᠬᠦ ᠪᠠᠷ ᠱᠠᠭᠠᠷᠳᠠᠬᠤ ᠬᠡᠷᠡᠭᠲᠡᠢ᠃      ︵ᠠᠷᠪᠠᠨ ᠭᠤᠷᠪᠠ︶ ︽ᠵᠢᠯᠣᠭᠤᠳᠤᠮᠵᠢ︾ ᠳᠤ ᠵᠠᠭᠠᠯᠳᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠦᠯᠢᠶᠡᠨ ᠠᠪᠴᠤ ᠰᠢᠢᠳᠪᠦᠷᠢᠯᠡᠬᠦ ᠦᠭᠡᠢ ᠭᠡᠵᠦ ᠲᠣᠭᠲᠠᠭᠠᠭᠰᠠᠨ ᠪᠠᠶᠢᠳᠠᠯ ᠭᠡᠵᠢ ᠦᠦ︖      ︽ᠵᠢᠯᠣᠭᠤᠳᠤᠮᠵᠢ︾ ᠶᠢᠨ ᠠᠷᠪᠠᠨ ᠨᠠᠢᠮᠠᠳᠤᠭᠠᠷ ᠵᠦᠢᠯ ᠳᠤ᠂ ᠳᠣᠤᠷᠠᠬᠢ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠥᠬᠡᠶ᠄ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡᠲᠦ ᠬᠥᠮᠦᠨ ᠪᠤᠶᠤ ᠠᠰᠢᠭ ᠬᠤᠤᠷ ᠤᠨ ᠬᠠᠷᠢᠴᠠᠭᠠᠲᠠᠶ ᠬᠥᠮᠦᠨ ᠨᠢᠭᠡᠨᠲᠡ ᠵᠠᠭᠠᠯᠳᠤᠭᠳᠠᠭᠰᠠᠨ ᠦᠢᠯᠡ ᠠᠵᠢᠯᠯᠠᠭ᠎ᠠ ᠶᠢᠨ ᠲᠤᠬᠠᠶ ᠠᠷᠠᠳ ᠤᠨ ᠰᠢᠭᠦᠬᠦ ᠬᠤᠷᠢᠶ᠎ᠠ ᠳᠤ ᠡᠷᠬᠡ ᠳᠤ ᠬᠠᠯᠳᠠᠭᠰᠠᠨ ᠵᠠᠭᠠᠯᠳᠤᠯᠭ᠎ᠠ ᠭᠠᠷᠭᠠᠭᠰᠠᠨ ᠪᠤᠶᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠭᠰᠠᠨ ᠪᠠᠶᠢᠨ᠎ᠠ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠶᠢᠨ ᠬᠦᠴᠦᠨ ᠲᠣᠭᠲᠠᠭᠤᠨ ᠪᠤᠰᠤ ᠪᠤᠶᠤ ᠡᠷᠬᠡ ᠶᠢᠨ ᠬᠠᠷᠢᠶᠠᠯᠠᠯ ᠨᠢ ᠲᠣᠭᠲᠠᠪᠤᠷᠢ ᠦᠭᠡᠢ ᠪᠠᠶᠢᠬᠤ︔ ᠲᠣᠰ ᠵᠢᠯᠣᠭᠤᠳᠤᠮᠵᠢ ᠶᠢᠨ ᠠᠷᠪᠠᠨ ᠳᠣᠯᠣᠳᠤᠭᠠᠷ ᠵᠦᠢᠯ ᠤᠨ ᠵᠠᠭᠠᠯᠳᠤᠬᠤ ᠮᠠᠲ᠋ᠧᠷᠢᠶᠠᠯ ᠤᠨ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠬᠦ ᠦᠭᠡᠢ᠃      ︵ᠠᠷᠪᠠᠨ ᠳᠥᠷᠪᠡᠳᠦᠭᠡᠷ︶ ︽ᠵᠢᠯᠣᠭᠤᠳᠤᠮᠵᠢ︾ ᠳᠤ ᠶᠠᠭᠤ ᠶᠢ ᠮᠠᠭᠤ ᠰᠠᠨᠠᠭ᠎ᠠ ᠲᠠᠢ ᠪᠠᠷ ᠵᠠᠭᠠᠯᠳᠤᠭᠰᠠᠨ ᠪᠣᠶ︖      ︽ᠵᠢᠯᠣᠭᠤᠳᠤᠮᠵᠢ︾ ᠶᠢᠨ ᠬᠤᠷᠢᠨ ᠭᠤᠷᠪᠠᠳᠤᠭᠠᠷ ᠵᠦᠢᠯ ᠳᠤ᠂ ᠮᠠᠭᠤ ᠰᠠᠨᠠᠭᠠᠲᠤ ᠵᠠᠭᠠᠯᠳᠤᠯᠭ᠎ᠠ ᠶᠢᠨ ᠪᠠᠶᠢᠳᠠᠯ ᠳᠤ ᠲᠣᠭᠠᠴᠠᠭᠳᠠᠨ᠎ᠠ᠄ ᠵᠠᠭᠠᠯᠳᠤᠯᠭ᠎ᠠ ᠭᠠᠷᠭᠠᠬᠤ ᠳᠤ ᠦᠨᠳᠦᠰᠦ ᠪᠠᠷᠢᠮᠲᠠ ᠪᠣᠯᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠣᠷᠣᠰᠢᠬᠤ ᠦᠭᠡᠢ ᠪᠤᠶᠤ ᠬᠠᠤᠯᠢ ᠳᠤ ᠨᠡᠶᠢᠴᠡᠬᠦ ᠦᠭᠡᠢ ᠭᠡᠳᠡᠭ ᠢ ᠲᠣᠳᠣᠷᠬᠠᠢ ᠣᠶᠢᠯᠠᠭᠠᠪᠠ︔ ᠦᠵᠡᠰᠬᠦᠯᠡᠩ ᠤᠨ ᠦᠢᠯᠡᠴᠢᠯᠡᠭᠡᠨ ᠤ ᠪᠠᠶᠢᠭᠤᠯᠤᠮᠵᠢ ᠠᠴᠠ ᠦᠨᠡᠮᠰᠢᠨ ᠲᠣᠭᠲᠠᠭᠠᠭᠰᠠᠨ ᠤ ᠳᠠᠷᠠᠭ᠎ᠠ᠂ ᠳᠠᠪᠬᠤᠷᠳᠠᠭᠤᠯᠤᠨ ᠵᠠᠭᠠᠯᠳᠤᠪᠠ︔ ᠲᠤᠰ ᠵᠢᠯᠣᠭᠤᠳᠤᠮᠵᠢ ᠶᠢᠨ ᠠᠷᠪᠠᠨ ᠨᠠᠢᠮᠠᠳᠤᠭᠠᠷ ᠵᠦᠢᠯ ᠤᠨ ᠲᠣᠭᠲᠠᠭᠠᠯ ᠳᠤ ᠨᠡᠶᠢᠴᠡᠬᠦ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠦᠭᠡᠢ ᠪᠠᠶᠢᠳᠠᠯ᠃   
 
ᠢᠷᠡᠯᠲᠡ᠄ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号