ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠵᠠᠬ᠎ᠠ ᠳᠡᠯᠭᠡᠭᠦᠷ ᠢ ᠨᠡᠭᠡᠭᠡᠵᠦ BDO ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠶ᠎ᠡ
ᠨᠡᠶᠢᠲᠡᠯᠡᠭᠰᠡᠨ ᠴᠠᠭ᠄
2024/10/23
ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠵᠠᠬ᠎ᠠ ᠳᠡᠯᠭᠡᠭᠦᠷ ᠢ ᠨᠡᠭᠡᠭᠡᠵᠦ BDO ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠶ᠎ᠡ—ᠾᠧᠨᠠᠨ ᠤ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠮᠢ ᠶᠢᠨ ᠠᠵᠤ ᠦᠢᠯᠡᠳᠪᠦᠷᠢ ᠶᠢᠨ ᠪᠣᠷᠣᠯᠠᠭᠤᠯᠭ᠎ᠠ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠮᠤᠤ ᠽᠢ ᠰᠢᠤᠸᠠᠢ ᠶᠢ ᠲᠤᠰᠬᠠᠢ ᠰᠣᠷᠪᠤᠯᠵᠢᠯᠠᠪᠠ      10 ᠰᠠᠷ᠎ᠠ ᠶᠢᠨ 22 ᠡᠳᠦᠷ᠂ ᠾᠧᠨᠠᠨ ᠤ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠮᠢ ᠶᠢᠨ ᠠᠵᠤ ᠦᠢᠯᠡᠳᠪᠦᠷᠢ ᠶᠢᠨ ᠪᠣᠷᠣᠯᠠᠭᠤᠯᠭ᠎ᠠ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠮᠤᠤ ᠽᠢ ᠰᠢᠤᠸᠠᠢ ᠰᠤᠷᠪᠤᠯᠵᠢᠯᠠᠭᠴᠢᠳ ᠤᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠭᠰᠡᠨ  ᠨᠢ᠂ 2024 ᠳᠤᠮᠳᠠᠳᠤ ᠤᠯᠤᠰ ︵ᠦᠬᠠᠶ︶ ᠤᠨ ᠭᠤᠷᠪᠠᠳᠤᠭᠠᠷ ᠬᠤᠭᠤᠴᠠᠭᠠᠨ ᠤ BDO ᠵᠢᠴᠢ ᠵᠠᠳᠠᠷᠠᠵᠤ ᠪᠣᠯᠬᠤ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠢ ᠮᠠᠰᠢ ᠠᠮᠵᠢᠯᠲᠠ ᠲᠠᠢ ᠡᠷᠭᠢᠯᠡᠵᠦ᠂ ᠬᠤᠷᠠᠯ ᠳᠡᠭᠡᠷ᠎ᠡ ︽ᠳᠤᠮᠳᠠᠳᠤ ᠤᠯᠤᠰ ᠤᠨ 1᠂ 4 - ᠪᠦᠲ᠋ᠢᠯ ᠬᠤᠶᠠᠷᠴᠢ ᠠᠯᠺᠣᠣᠯ ︵BDO︶ ᠤᠨ ᠠᠵᠢᠯ ᠲᠥᠷᠥᠯ ᠤᠨ ᠠᠵᠤ ᠠᠬᠤᠶᠢᠯᠠᠯ ᠤᠨ ᠥᠪᠡᠷ ᠢ ᠪᠠᠨ ᠱᠠᠭᠠᠷᠳᠠᠬᠤ ᠨᠡᠶᠢᠲᠡ ᠶᠢᠨ ᠭᠡᠷ᠎ᠡ︾ ᠳᠤ ᠭᠠᠷ ᠤᠨ ᠥᠰᠥᠭ ᠵᠢᠷᠤᠭᠰᠠᠨ ᠨᠢ ᠠᠵᠤ ᠠᠬᠤᠶᠢᠯᠠᠯ ᠤᠨ ᠦᠢᠯᠡᠳᠪᠦᠷᠢᠯᠡᠯ ᠢ ᠲᠣᠭᠲᠠᠪᠤᠷᠢᠵᠢᠭᠤᠯᠬᠤ᠂ ᠪᠣᠷᠣᠯᠠᠭᠤᠯᠤᠯᠲᠠ ᠶᠢ ᠲᠣᠭᠲᠠᠪᠤᠷᠢᠵᠢᠭᠤᠯᠬᠤ᠂ ᠦᠨ᠎ᠡ ᠬᠠᠩᠰᠢ ᠶᠢ ᠲᠣᠭᠲᠠᠪᠤᠷᠢᠵᠢᠭᠤᠯᠬᠤ᠂ ᠦᠷ᠎ᠡ ᠠᠰᠢᠭ ᠢ ᠲᠣᠭᠲᠠᠪᠤᠷᠢᠵᠢᠭᠤᠯᠬᠤ ᠳᠤ ᠠᠰᠢᠭᠲᠠᠶ ᠪᠠᠶᠢᠵᠤ᠂ ᠪᠦᠬᠦ᠋ᠢᠯᠡ ᠠᠵᠢᠯ ᠲᠥᠷᠥᠯ ᠢ ᠡᠷᠡᠭᠦᠯ ᠢᠶᠠᠷ ᠬᠥᠭᠵᠢᠭᠦᠯᠬᠦ ᠳᠤ ᠠᠰᠢᠭᠲᠠᠶ ᠶᠤᠮ ᠭᠡᠵᠠᠢ᠃
d80af6f9-e7fe-40ef-be99-0bee1c5a875f.jpg.jpg     
      ᠮᠤᠤ ᠽᠢ ᠰᠢᠤᠸᠠᠢ ᠬᠡᠯᠡᠭᠰᠡᠨ ᠨᠢ᠂ BDO ᠪᠣᠯ ᠦᠨᠳᠦᠰᠦᠨ ᠣᠷᠭᠠᠨᠢᠭ ᠬᠢᠮᠢ ᠶᠢᠨ ᠠᠵᠤ ᠦᠢᠯᠡᠳᠪᠦᠷᠢ ᠪᠣᠯᠤᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠴᠢᠬᠤᠯᠠ ᠲᠦᠭᠦᠬᠡᠢ ᠮᠠᠲ᠋ᠧᠷᠢᠶᠠᠯ ᠪᠣᠯᠤᠨ᠎ᠠ᠂ ᠬᠡᠷᠡᠭᠴᠡᠭᠡ ᠨᠢ ᠥᠷᠭᠡᠨ ᠳᠡᠯᠭᠡᠷ᠂ ᠤᠯᠠᠨ ᠵᠦᠢᠯ ᠤᠨ ᠥᠨᠳᠥᠷ ᠨᠡᠮᠡᠯᠲᠡ ᠦᠷᠳᠡᠭ ᠲᠠᠢ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠢ ᠪᠤᠢ ᠪᠣᠯᠭᠠᠵᠤ᠂ ᠪᠦᠬᠦ ᠪᠥᠮᠪᠥᠷᠴᠡᠭ ᠤᠨ ᠬᠠᠮᠤᠭ ᠤᠨ ᠶᠡᠭᠡ ᠲᠠᠩ ᠴᠣᠭᠴᠠ BDO ᠦᠢᠯᠡᠳᠪᠦᠷᠢᠯᠡᠯ ᠤᠨ ᠰᠠᠭᠤᠷᠢᠨ ᠢ ᠦᠬᠠᠢ ᠳᠤ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠳᠡᠯᠡᠬᠡᠢ ᠶᠢᠨ ᠲᠠᠩ ᠱᠤᠭᠤᠮ ᠤᠨ ᠦᠢᠯᠡᠳᠪᠦᠷᠢᠯᠡᠯ ᠤᠨ ᠴᠢᠳᠠᠪᠤᠷᠢ ᠶᠢᠨ ᠬᠠᠮᠤᠭ ᠤᠨ ᠶᠡᠭᠡ BDO ᠲᠤᠨᠤᠭ ᠲᠥᠬᠦᠭᠡᠷᠦᠮᠵᠢ ᠶᠢ ᠦᠬᠠᠢ ᠳᠤ ᠲᠤᠷᠰᠢᠨ  ᠦᠢᠯᠡᠳᠪᠦᠷᠢᠯᠡᠭᠡᠳ ᠠᠮᠵᠢᠯᠲᠠ ᠣᠯᠵᠤ᠂ ᠤᠯᠤᠰ ᠤᠨ ᠳᠣᠲᠣᠭᠠᠳᠤ ᠶᠢᠨ ᠠᠩᠬᠠᠳᠠᠭᠴᠢ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠦᠬᠠᠢ ᠳᠤ ᠫᠠᠶᠢᠰᠠ ᠡᠯᠭᠦᠨ ᠪᠠᠶᠢᠭᠤᠯᠵᠠᠢ᠃ ᠦᠬᠠᠢ ᠶᠢᠨ BDO ᠠᠵᠤ ᠦᠢᠯᠡᠰ ᠤᠨ ᠬᠡᠯᠬᠢᠶ᠎ᠡ ᠶᠢᠨ ᠰᠦᠷᠦᠭ ᠲᠠᠰᠤᠷᠠᠯᠲᠠ ᠦᠭᠡᠢ ᠲᠡᠭᠦᠯᠳᠡᠷᠵᠢᠵᠦ ᠪᠠᠶᠢᠨ᠎ᠠ᠃ ᠵᠠᠯᠭᠠᠭᠠᠳ᠂ ᠺᠣᠮᠫᠠᠨᠢ ᠦᠬᠠᠶ ᠶᠢᠨ BDO ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠣᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠡᠷᠭᠢᠯᠳᠡᠳᠦ ᠵᠠᠬ᠎ᠠ ᠳᠡᠯᠭᠡᠭᠦᠷ ᠤᠨ ᠪᠠᠶᠢᠷᠢᠰᠢᠯ ᠢ ᠲᠦᠷᠭᠡᠬᠡᠨ ᠪᠦᠷᠢᠯᠳᠦᠭᠦᠯᠵᠦ᠂ BDO ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠠᠢ᠃   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号