ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠬᠠᠮᠵᠢᠯᠴᠠᠨ ᠰᠢᠨ᠎ᠡ ᠶᠢ ᠡᠭᠦᠳᠬᠦ ᠳᠤ ᠠᠵᠤ ᠦᠢᠯᠡᠰ ᠤᠨ ᠠᠯᠲᠠᠨ ᠤ ᠠᠭᠤᠯᠤᠭᠳᠠᠴᠠ᠂ ᠰᠢᠨ᠎ᠡ ᠠᠭᠤᠯᠤᠭᠳᠠᠴᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/10/24
ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠬᠠᠮᠵᠢᠯᠴᠠᠨ ᠰᠢᠨ᠎ᠡ ᠶᠢ ᠡᠭᠦᠳᠬᠦ ᠳᠤ ᠠᠵᠤ ᠦᠢᠯᠡᠰ ᠤᠨ ᠠᠯᠲᠠᠨ ᠤ ᠠᠭᠤᠯᠤᠭᠳᠠᠴᠠ᠂ ᠰᠢᠨ᠎ᠡ ᠠᠭᠤᠯᠤᠭᠳᠠᠴᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ— ᠥᠪᠥᠷ ᠮᠣᠩᠭᠤᠯ ᠤᠨ ᠳ᠋ᠦᠩ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠵᠦ ᠴᠢᠩ ᠾᠧ ᠶᠢ ᠲᠤᠰᠬᠠᠢ ᠰᠣᠷᠪᠤᠯᠵᠢᠯᠠᠪᠠ
3674c5f7-e5cd-44a4-8c1e-19b41cec0bca.jpg.jpg     
      10 ᠰᠠᠷ᠎ᠠ ᠶᠢᠨ 22 ᠡᠳᠦᠷ᠂ ᠥᠪᠥᠷ ᠮᠣᠩᠭᠤᠯ ᠤᠨ ᠳᠦᠩ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠶᠡᠷᠦᠩᠬᠡᠢ ᠳᠠᠭᠠᠭᠠᠮᠠᠯ ᠵᠦ ᠴᠢᠩ ᠾᠧ ᠰᠤᠷᠪᠤᠯᠵᠢᠯᠠᠭᠴᠢᠳ ᠤᠨ ᠲᠤᠰᠬᠠᠢ ᠰᠤᠷᠪᠤᠯᠵᠢᠯᠠᠭ᠎ᠠ ᠶᠢ ᠬᠦᠯᠢᠶᠡᠨ ᠠᠪᠬᠤ ᠳᠠᠭᠠᠨ ᠬᠡᠯᠡᠭᠰᠡᠨ ᠨᠢ᠂ 2024 ᠳᠤᠮᠳᠠᠳᠤ ᠤᠯᠤᠰ ︵ᠦᠬᠠᠢ︶ ᠤᠨ ᠭᠤᠷᠪᠠᠳᠤᠭᠠᠷ ᠬᠤᠭᠤᠴᠠᠭᠠᠨ ᠤ BDO ᠵᠢᠴᠢ ᠵᠠᠳᠠᠷᠠᠵᠤ ᠪᠣᠯᠬᠤ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠦᠬᠠᠶ ᠳᠤ ᠬᠤᠷᠠᠯᠳᠤᠵᠤ᠂ ᠦᠬᠠᠶ ᠶᠢᠨ BDO ᠵᠢᠴᠢ ᠵᠠᠳᠠᠷᠠᠵᠤ ᠪᠣᠯᠬᠤ ᠮᠠᠲ᠋ᠧᠷᠢᠶᠠᠯ ᠤᠨ ᠠᠵᠢᠯ ᠲᠥᠷᠥᠯ ᠳᠤ ᠵᠣᠬᠢᠬᠤ ᠬᠡᠪᠴᠢᠶ᠎ᠡ ᠪᠠ ᠦᠭᠡ ᠬᠡᠯᠡᠬᠦ ᠡᠷᠬᠡ ᠲᠠᠢ᠂ ᠦᠬᠠᠶ ᠶᠢᠨ ᠲᠣᠰ ᠭᠠᠵᠠᠷ ᠤᠨ BDO ᠠᠵᠤ ᠠᠬᠤᠶᠢᠯᠠᠯ ᠪᠣᠯᠤᠭᠰᠠᠨ ᠤ ᠬᠤᠪᠢ ᠳᠤ ᠪᠢ ᠮᠠᠰᠢ ᠪᠠᠶᠠᠷᠯᠠᠵᠤ ᠪᠠᠶᠢᠨ᠎ᠠ ᠭᠡᠵᠡᠶ᠃       ᠵᠦ ᠴᠢᠩ ᠾᠧ ᠬᠡᠯᠡᠭᠰᠡᠨ ᠨᠢ᠂ ᠣᠳᠣᠬᠠᠨ ᠳᠤ ᠵᠠᠬ᠎ᠠ ᠳᠡᠯᠭᠡᠭᠦᠷ ᠤᠨ ᠪᠠᠶᠢᠳᠠᠯ ᠬᠦᠨᠳᠦ ᠬᠡᠴᠡᠭᠦᠤ ᠪᠠᠶᠢᠨ᠎ᠠ᠂ ᠠᠵᠢᠯ ᠲᠥᠷᠥᠯ ᠤᠨ ᠳᠣᠲᠣᠷᠠᠬᠢ ᠲᠤᠰᠬᠠᠶ ᠮᠡᠷᠭᠡᠵᠢᠯᠲᠡᠨ ᠡᠷᠳᠡᠮᠲᠡᠨ ᠪᠣᠯᠤᠨ ᠠᠵᠤ ᠠᠬᠤᠶᠢᠯᠠᠯ ᠶᠡᠭᠡ ᠬᠤᠷᠠᠯ ᠤᠨ ᠡᠨᠡ ᠬᠦ ᠲᠠᠪᠴᠠᠩ ᠢ ᠠᠰᠢᠭᠯᠠᠨ᠂ ᠦᠨᠡᠨᠴᠢ ᠪᠠᠷ ᠰᠣᠯᠢᠯᠴᠠᠵᠤ᠂ ᠥᠨᠳᠥᠷ ᠪᠦᠲᠦᠮᠵᠢᠲᠡᠶ ᠪᠠᠷ ᠨᠡᠪᠲᠡᠷᠡᠯᠴᠡᠵᠦ᠂ ᠡᠯ᠎ᠡ ᠲᠠᠯ᠎ᠠ ᠶᠢᠨ ᠬᠢᠨ ᠤ ᠵᠠᠬ᠎ᠠ ᠳᠡᠯᠭᠡᠭᠦᠷ ᠢ ᠨᠡᠭᠡᠭᠡᠬᠦ᠂ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠲᠠᠯ᠎ᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠵᠤ ᠦᠢᠯᠡᠰ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠳᠤ ᠢᠳᠡᠪᠬᠢᠲᠡᠶ ᠬᠤᠪᠢ ᠨᠡᠮᠡᠷᠢ ᠦᠵᠡᠭᠦᠯᠵᠡᠶ᠃ ᠣᠳᠣᠬᠠᠨ ᠳᠤ᠂ ᠳ᠋ᠦᠩ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠨᠢ ᠨᠢᠭᠡᠨᠲᠡ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠬᠡᠪᠴᠢᠶ᠎ᠡ ᠪᠠᠷ ᠬᠠᠮᠤᠭ ᠤᠨ ᠶᠡᠭᠡ BDO ᠵᠢᠴᠢ ᠳᠤᠤᠷᠠᠳᠤ ᠤᠷᠤᠰᠬᠠᠯ ᠤᠨ ᠨᠠᠷᠢᠯᠢᠭ ᠡᠳ᠋ᠰᠢᠭᠦᠯᠬᠦ ᠦᠢᠯᠡᠳᠬᠦᠨ ᠤ ᠪᠥᠬᠦ ᠠᠵᠤ ᠦᠢᠯᠡᠰ ᠤᠨ ᠬᠡᠯᠬᠢᠶ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠵᠤ᠂ ︽ᠨᠡᠭᠦᠷᠡᠰᠦ ᠴᠠᠬᠢᠯᠭᠠᠨ—ᠴᠠᠬᠢᠯᠠᠭᠤᠷ ᠴᠢᠯᠠᠭᠤ—ᠴᠠᠬᠢᠯᠠᠭᠤᠷ ᠴᠢᠯᠠᠭᠤ—BDO—ᠠᠮᠢᠳᠤ ᠪᠣᠳᠠᠰ ᠤᠨ ᠵᠠᠳᠠᠷᠠᠯᠲᠠ ᠶᠢᠨ ᠰᠦᠯᠢᠶᠥᠦ—ᠠᠮᠢᠳᠤ ᠪᠣᠳᠠᠰ ᠤᠨ ᠵᠠᠳᠠᠷᠠᠯᠲᠠ ᠶᠢᠨ ᠪᠥᠭᠡᠭᠡᠨᠡᠷᠡᠯ ᠡᠰᠲ᠋ᠧᠷ  ᠤᠨ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠪᠥᠷᠢᠯᠳᠦᠭᠦᠯᠪᠡ᠃ ᠬᠡᠷᠡᠭᠯᠡᠭᠡᠨ ᠤ ᠦᠵᠦᠭᠦᠷ ᠲᠤ ᠰᠢᠭᠤᠳ ᠬᠠᠨᠳᠤᠵᠤ᠂ ︽ᠮᠠᠲ᠋ᠧᠷᠢᠶᠠᠯ ᠬᠤᠪᠢᠷᠠᠭᠤᠯᠤᠭᠴᠢ︾ ᠶᠢᠨ ᠣᠷᠴᠢᠯ ᠦᠢᠯᠡᠳᠪᠦᠷᠢᠯᠡᠯ ᠤᠨ ᠵᠠᠭᠪᠤᠷ ᠢ ᠪᠡᠶᠡᠯᠡᠭᠦᠯᠵᠦ᠂ ᠦᠬᠠᠢ ᠶᠢᠨ ᠪᠦᠬᠦ ᠪᠥᠮᠪᠥᠷᠴᠡᠭ ᠤᠨ ᠬᠠᠮᠤᠭ ᠤᠨ ᠶᠡᠭᠡ BDO ᠨᠢᠭᠡ ᠴᠤᠬᠴᠠᠵᠢᠭᠤᠯᠤᠬᠰᠠᠨ ᠦᠢᠯᠡᠳᠪᠦᠷᠢᠯᠡᠯ ᠤᠨ ᠰᠠᠭᠤᠷᠢᠨ ᠢ ᠪᠠᠶᠢᠭᠤᠯᠬᠤ ᠳᠤ ᠬᠦᠳᠦᠯᠦᠨ ᠳᠠᠭᠠᠭᠤᠯᠬᠤ ᠦᠢᠯᠡᠳᠦᠯ ᠦᠵᠡᠭᠦᠯᠪᠡ᠃ᠵᠠᠯᠭᠠᠭᠠᠳ᠂ ᠳ᠋ᠦᠩ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠠᠢ ᠬᠠᠮᠵᠢᠯᠴᠠᠨ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠵᠤ ᠦᠢᠯᠡᠰ ᠤᠨ ᠦᠨ᠎ᠡ ᠥᠷᠲᠡᠭ᠂ ᠰᠢᠨ᠎ᠡ ᠠᠭᠤᠯᠤᠭᠳᠠᠴᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠤᠨ᠎ᠠ ᠭᠡᠵᠠᠢ᠃   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号