ᠦᠰᠦᠭ ᠪᠢᠴᠢᠭ ᠤᠨ ᠲᠠᠶᠢᠯᠤᠮᠵᠢ᠄ ︽ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠬᠡᠰᠡᠭ ᠪᠢᠴᠢᠭ ᠮᠠᠲ᠋ᠧᠷᠢᠶᠠᠯ ᠢ ᠬᠦᠴᠦᠨ ᠥᠬᠡᠶ ᠪᠣᠯᠭᠠᠬᠤ ᠲᠤᠬᠠᠶ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠣᠭᠲᠠᠭᠠᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/10/25
︽ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠬᠡᠰᠡᠭ ᠪᠢᠴᠢᠭ ᠮᠠᠲ᠋ᠧᠷᠢᠶᠠᠯ ᠢ ᠬᠦᠴᠦᠨ ᠥᠬᠡᠶ ᠪᠣᠯᠭᠠᠬᠤ ᠲᠤᠬᠠᠶ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠣᠭᠲᠠᠭᠠᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ            ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ︽ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠬᠠᠮᠢᠶᠠᠷᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠣᠶᠢᠷ᠎ᠠ ᠶᠢᠨ ᠬᠤᠭᠤᠴᠠᠭᠠᠨ ᠳᠤ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ 2023 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ ᠲᠣᠭᠲᠠᠭᠠᠨ ᠲᠠᠷᠬᠠᠭᠠᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠪᠥᠬᠦ ᠲᠠᠯ᠎ᠠ ᠪᠠᠷ ᠢᠯᠭᠠᠷᠠᠭᠤᠯᠬᠤ ᠶᠢᠨ ᠬᠠᠮᠲᠤ ︽ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠡᠰᠡᠭ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠦᠴᠦᠨ ᠥᠬᠡᠶ ᠪᠣᠯᠭᠠᠬᠤ ᠲᠤᠬᠠᠶ ᠲᠣᠭᠲᠠᠭᠠᠯ︾ ᠢ ᠳᠠᠷᠤᠮᠠᠯᠯᠠᠨ ᠲᠠᠷᠬᠠᠭᠠᠵᠤ᠂ ︽ᠬᠡᠰᠡᠭ ᠲᠣᠮᠣ ᠳᠤᠮᠳᠠ ᠬᠡᠯᠪᠡᠷᠢ ᠶᠢᠨ ᠠᠵᠤ ᠠᠬᠤᠶᠢᠯᠠᠯ ᠪᠠ ᠬᠤᠶᠠᠳᠤᠭᠠᠷ ᠳᠡᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠲᠤᠭ᠎ᠠ ᠪᠦᠷᠢᠳᠬᠡᠯ ᠤᠨ ᠪᠠᠶᠢᠴᠠᠭᠠᠭᠴᠢ ᠶᠢ ᠳᠣᠭᠢᠷᠠᠭᠤᠯᠬᠤ ᠠᠰᠠᠭᠤᠳᠠᠯ ᠤᠨ ᠲᠤᠬᠠᠶ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠴᠣᠬᠤᠯᠠᠪᠤᠷᠢ︾ ︵ᠤᠯᠤᠰ ᠪᠦᠷᠢᠳᠬᠡᠯ ᠥᠰᠥᠭ︹1996︺ 268 ᠳ᠋ᠤᠭᠠᠷ ᠲᠣᠭᠠᠲᠤ︶᠂ ︽ᠬᠤᠲᠠ ᠶᠢᠨ ᠬᠠᠷᠢᠶ᠎ᠠ ᠣᠷᠣᠨ ᠳᠤ ᠲᠤᠰᠠᠭᠠᠷ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢ ᠪᠠᠶᠢᠭᠤᠯᠬᠤ ᠠᠰᠠᠭᠤᠳᠠᠯ ᠤᠨ ᠲᠤᠬᠠᠶ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠴᠣᠬᠤᠯᠠᠪᠤᠷᠢ︾ ︵ᠤᠯᠤᠰ ᠪᠦᠷᠢᠳᠬᠡᠯ ᠵᠠᠬᠢᠳᠠᠯ ︹2001︺31ᠳ᠋ᠦᠭᠡᠷ ᠲᠣᠭᠠᠲᠤ︶᠂ ︽ᠬᠠᠤᠯᠢ ᠶᠢᠨ ᠡᠷᠬᠡᠲᠦ ᠪᠤᠰᠤ ᠠᠵᠤ ᠦᠢᠯᠡᠰ ᠤᠨ ᠨᠢᠭᠡᠴᠡ ᠳᠤ ᠵᠠᠰᠠᠭ ᠵᠠᠬᠢᠷᠭᠠᠨ ᠤ ᠰᠢᠢᠳᠬᠡᠯ ᠥᠭᠬᠦ ᠠᠰᠠᠭᠤᠳᠠᠯ ᠤᠨ ᠲᠤᠬᠠᠶ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠴᠣᠬᠤᠯᠠᠪᠤᠷᠢ︾ ︵ᠤᠯᠤᠰ ᠨᠢᠭᠡᠳᠦᠯᠲᠡᠶ ᠵᠠᠬᠢᠳᠠᠯ ︹2003︺ 51 ᠳ᠋ᠦᠭᠡᠷ ᠲᠣᠭᠠᠲᠤ︶᠂ ︽ᠲᠤᠭ᠎ᠠ ᠪᠦᠷᠢᠳᠬᠡᠯ ᠤᠨ ᠪᠠᠶᠢᠴᠠᠭᠠᠭᠳᠠᠬᠤ ᠡᠲᠡᠭᠡᠳ ᠤᠨ ᠨᠢᠭᠤᠴᠠ ᠶᠢ ᠬᠠᠮᠠᠭᠠᠯᠠᠬᠤ ᠪᠠᠷ ᠰᠢᠯᠲᠠᠭ ᠪᠣᠯᠭᠠᠵᠤ ᠴᠠᠭ ᠲᠤᠬᠠᠶ ᠳᠤᠨᠢ ᠮᠡᠳᠡᠭᠦᠯᠦᠨ ᠬᠦᠷᠭᠡᠬᠦ ᠲᠤᠬᠠᠶ ᠤᠯᠤᠰ ᠤᠨ ᠲᠤᠭ᠎ᠠ ᠪᠦᠷᠢᠳᠬᠡᠯ ᠤᠨ ᠲᠤᠪᠴᠢᠶᠠᠨ ᠤ ᠴᠣᠬᠤᠯᠠᠪᠤᠷᠢ︾ ︵ᠤᠯᠤᠰ ᠨᠢᠭᠡᠳᠦᠯᠲᠡᠶ ᠵᠠᠬᠢᠳᠠᠯ︹2004︺198 ᠳ᠋ᠤᠭᠠᠷ ᠲᠣᠭᠠᠲᠤ︶ ᠵᠡᠷᠭᠡ 5 ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠦᠴᠦᠨ ᠥᠬᠡᠶ ᠪᠣᠯᠭᠠᠬᠤ ᠪᠠᠷ ᠲᠣᠭᠲᠠᠪᠠ᠃      ᠳᠡᠭᠡᠷᠡᠬᠢ ᠲᠣᠭᠲᠠᠭᠠᠯ ᠢ ᠭᠠᠷᠭᠠᠭᠰᠠᠨ ᠤ ᠰᠢᠯᠲᠠᠭᠠᠨ ᠪᠣᠯ᠄ ᠳᠡᠭᠡᠷ᠎ᠡ ᠳᠤᠷᠠᠳᠤᠭᠰᠠᠨ ᠪᠢᠴᠢᠭ ᠮᠠᠲ᠋ᠧᠷᠢᠶᠠᠯ ᠢ ᠲᠣᠭᠲᠠᠭᠠᠬᠤ ᠦᠶ᠎ᠡ ᠳᠤ ᠦᠨᠳᠦᠰᠦᠯᠡᠯ ᠪᠣᠯᠭᠠᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠬᠤ ᠬᠠᠤᠯᠢ︾︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾ ᠵᠡᠷᠭᠡ ᠬᠠᠤᠯᠢ ᠴᠠᠭᠠᠵᠠ ᠳᠤ ᠴᠥᠮ ᠨᠢᠭᠡᠨᠲᠡ ᠵᠠᠰᠠᠪᠤᠷᠢ ᠣᠷᠣᠭᠤᠯᠪᠠ᠃ ᠡᠭᠦᠨ ᠳᠤ᠂ ︽ᠵᠠᠬ᠎ᠠ ᠳᠡᠯᠭᠡᠭᠦᠷ ᠲᠤ ᠭᠠᠷᠤᠭᠰᠠᠨ ᠬᠤᠪᠢ ᠣᠷᠣᠭᠤᠯᠤᠭᠰᠠᠨ ᠺᠣᠮᠫᠠᠨᠢ ᠶᠢᠨ ᠨᠢᠭᠤᠴᠠ ᠶᠢ ᠬᠠᠮᠠᠭᠠᠯᠠᠬᠤ ᠪᠠᠷ ᠰᠢᠯᠲᠠᠭ ᠪᠣᠯᠭᠠᠨ ᠲᠤᠭ᠎ᠠ ᠪᠦᠷᠢᠳᠬᠡᠯ ᠤᠨ ᠬᠦᠰᠦᠨᠦᠭᠲᠦ ᠶᠢ ᠴᠠᠭ ᠲᠤᠬᠠᠶ ᠳᠤᠨᠢ ᠮᠡᠳᠡᠭᠦᠯᠦᠨ ᠬᠦᠷᠭᠡᠬᠦ ᠦᠭᠡᠢ ᠠᠰᠠᠭᠤᠳᠠᠯ ᠤᠨ ᠲᠤᠬᠠᠶ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠴᠣᠬᠤᠯᠠᠪᠤᠷᠢ︾︽ᠬᠤᠲᠠ ᠶᠢᠨ ᠬᠠᠷᠢᠶ᠎ᠠ ᠣᠷᠣᠨ ᠲᠤᠰᠠᠭᠠᠷ ᠪᠠᠶᠢᠭᠤᠯᠬᠤ ᠶᠣᠰᠣᠲᠠᠶ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠠᠰᠠᠭᠤᠳᠠᠯ ᠤᠨ ᠲᠤᠬᠠᠶ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠴᠣᠬᠤᠯᠠᠪᠤᠷᠢ︾︽ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠡᠲᠡᠭᠡᠳ ᠤᠨ ᠨᠢᠭᠤᠴᠠ ᠶᠢ ᠬᠠᠮᠠᠭᠠᠯᠠᠬᠤ ᠪᠠᠷ ᠰᠢᠯᠲᠠᠭ ᠪᠣᠯᠭᠠᠵᠤ ᠲᠤᠭ᠎ᠠ ᠪᠦᠷᠢᠳᠬᠡᠯ ᠤᠨ ᠬᠦᠰᠦᠨᠦᠭᠲᠦ ᠶᠢ ᠴᠠᠭ ᠲᠤᠬᠠᠶ ᠳᠤᠨᠢ ᠮᠡᠳᠡᠭᠦᠯᠦᠨ ᠬᠦᠷᠭᠡᠬᠦ ᠠᠰᠠᠭᠤᠳᠠᠯ ᠤᠨ ᠲᠤᠬᠠᠶ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠴᠣᠬᠤᠯᠠᠪᠤᠷᠢ︾ ᠵᠡᠷᠭᠡ 4 ᠪᠢᠴᠢᠭ ᠮᠠᠲ᠋ᠧᠷᠢᠶᠠᠯ ᠢ ᠦᠨᠳᠦᠰᠦᠯᠡᠨ᠂ ᠣᠳᠣ ᠶᠢᠨ ᠬᠡᠷᠡᠭᠵᠢᠭᠦᠯᠵᠦ ᠪᠠᠶᠢᠭ᠎ᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠬᠤ ᠬᠠᠤᠯᠢ︾ ᠵᠡᠷᠭᠡ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠬᠤᠯᠪᠣᠭᠳᠠᠬᠤ ᠠᠰᠠᠭᠤᠳᠠᠯ ᠢ ᠨᠢᠭᠡᠨᠲᠡ ᠰᠢᠢᠳᠪᠦᠷᠢᠯᠡᠵᠦ᠂ ᠦᠷᠭᠦᠯᠵᠢᠯᠡᠨ ᠬᠡᠷᠡᠭᠵᠢᠭᠦᠯᠬᠦ ᠴᠢᠬᠤᠯᠠ ᠦᠭᠡᠢ︔ ︽ᠲᠤᠭ᠎ᠠ ᠪᠦᠷᠢᠳᠬᠡᠯ ᠤᠨ ᠠᠵᠢᠯ ᠤᠨ ᠲᠤᠬᠠᠶ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠬᠠᠷᠢᠭᠤ ᠵᠠᠬᠢᠳᠠᠯ︾ ᠢ ᠬᠠᠤᠯᠢ ᠴᠠᠭᠠᠵᠠ ᠪᠠ ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠦᠭᠡᠶ ᠪᠣᠯ ᠦᠷᠭᠦᠯᠵᠢᠯᠡᠨ ᠦᠯᠡᠳᠡᠭᠡᠬᠦ ᠳᠤ ᠲᠣᠬᠢᠷᠠᠬᠤ ᠦᠭᠡᠶ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号