ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 13 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/10/25
      10 ᠰᠠᠷ᠎ᠠ ᠶᠢᠨ 25 ᠤ ᠡᠳᠦᠷ᠂ ᠤᠳᠠ ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ 13 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠪᠣᠯᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ᠂ ᠰᠦᠯᠵᠢᠶᠡᠨ ᠤ ᠠᠮᠤᠷ ᠲᠦᠪᠰᠢᠨ ᠪᠣᠯᠤᠨ ᠮᠡᠳᠡᠭᠡ ᠵᠠᠩᠭᠢᠵᠢᠯᠲᠠ ᠶᠢᠨ ᠠᠵᠢᠯ᠂ ᠰᠣᠶᠣᠯ ᠪᠣᠯᠤᠨ ᠪᠠᠶᠢᠭᠠᠯᠢ ᠶᠢᠨ ᠥᠪ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠠᠵᠢᠯ ᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠡᠷᠭᠡ ᠶᠢ ᠤᠯᠠᠮᠵᠢᠯᠠᠨ ᠰᠤᠷᠤᠯᠴᠠᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃      ᠾᠧ ᠶᠢᠩ᠂ ᠬᠠᠨ ᡁᠢ ᠯᠢᠨ᠂ ᠯᠢᠦ ᠬᠠᠶ ᠺᠦᠨ᠂ ᠲᠢᠶᠠᠨ ᠵᠢᠶᠧ ᠰᠤᠷᠤᠯᠴᠠᠯᠭ᠎ᠠ ᠶᠢᠨ ᠭᠤᠤᠯ ᠰᠡᠳᠦᠪ ᠤᠨ ᠲᠣᠭᠤᠷᠢᠨ ᠳᠤ ᠲᠣᠰ ᠪᠡᠶ᠎ᠡ ᠶᠢᠨ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠦᠭᠡ ᠬᠡᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠲᠤᠭᠤᠷᠢᠭ ᠢᠶᠠᠷ ᠢᠶᠠᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭᠠᠨ ᠤ ᠡᠯᠪᠡᠭ ᠪᠠᠶᠠᠯᠢᠭ ᠠᠭᠤᠯᠤᠭᠳᠠᠬᠤᠨ ᠪᠠ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠤᠶᠢᠯᠠᠭᠠᠨ ᠡᠵᠡᠮᠰᠢᠵᠦ᠂ ᠲᠤᠭ ᠢ ᠮᠠᠨᠳᠤᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠦᠨ ᠢ ᠬᠥᠮᠦᠵᠢᠭᠦᠯᠬᠦ᠂ ᠰᠣᠶᠣᠯ ᠢ ᠮᠠᠨᠳᠤᠭᠤᠯᠬᠤ᠂ ᠳᠦᠷᠢ ᠲᠥᠷᠬᠦ ᠶᠢ ᠢᠯᠡᠷᠡᠭᠦᠯᠬᠦ ᠡᠭᠦᠷᠭᠡ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢ ᠨᠡᠭᠡᠭᠡᠬᠦ᠂ ᠳᠤᠮᠳᠠᠳᠤ ᠵᠢᠭᠤᠯᠴᠢᠯᠠᠯ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠤᠳᠠ ᠶᠢᠨ ᠬᠦᠴᠦᠨ ᠴᠢᠳᠠᠯ ᠢᠶᠠᠨ ᠨᠠᠩ ᠰᠠᠶᠢᠲᠤᠷ ᠡᠷᠭᠦᠬᠦ ᠬᠡᠷᠡᠭᠲᠡᠶ᠃ ᠵᠠᠰᠠᠭ ᠤᠨ ᠠᠵᠢᠯ ᠤᠨ ᠪᠦᠲᠦᠮᠵᠢ ᠶᠢᠨ ᠲᠤᠬᠠᠶ ᠵᠥᠪ ᠦᠵᠡᠯᠲᠡ ᠶᠢ ᠪᠣᠶ ᠪᠣᠯᠭᠠᠵᠤ᠂ ᠲᠥᠪ ᠲᠤ ᠠᠩᠬᠠᠷᠤᠯ ᠢᠶᠠᠨ ᠲᠥᠪᠯᠡᠷᠡᠭᠦᠯᠦᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠠᠷᠠᠳ ᠤᠨ ᠰᠡᠳᠬᠢᠯ ᠳᠤ ᠣᠶᠢᠷᠠᠳᠴᠤ ᠠᠷᠠᠳ ᠲᠦᠮᠡᠨ ᠢᠶᠠᠷ ᠭᠤᠣᠯ ᠪᠣᠯᠭᠠᠬᠤ ᠠᠵᠢᠯ ᠤᠨ ᠤᠳᠤᠷᠢᠳᠤᠮᠵᠢ ᠶᠢ ᠦᠢᠯᠡᠳᠦᠯᠭᠡᠵᠢᠭᠦᠯᠵᠦ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠤᠨᠴᠠᠯᠢᠬᠳᠤ ᠲᠦᠷᠦᠯ ᠲᠡᠮᠳᠡᠭ ᠢ ᠡᠭᠦᠳᠴᠦ᠂ ᠪᠦᠬᠦ ᠲᠤᠭᠤᠷᠢᠭ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ᠃ ᠰᠢᠨ᠎ᠡ ᠰᠣᠶᠣᠯ ᠤᠨ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠱᠤᠭᠤᠮ ᠢ ᠡᠯ᠎ᠡ ᠵᠦᠢᠯ ᠤᠨ ᠠᠵᠢᠯ ᠤᠨ ᠳᠤᠮᠳᠠ ᠦᠨᠡᠨ ᠪᠣᠳᠠᠲᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠰᠣᠶᠣᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠳᠡᠭᠡᠷ᠎ᠡ ᠬᠦᠴᠦ ᠲᠠᠯᠪᠢᠵᠤ᠂ ᠬᠥᠮᠦᠰ ᠤᠨ ᠰᠡᠳᠬᠢᠯ ᠢ ᠨᠢᠭᠲᠠᠷᠠᠭᠤᠯᠤᠨ ᠢᠲᠡᠭᠡᠯ ᠵᠣᠷᠢᠭ ᠢ ᠬᠥᠭᠵᠢᠭᠡᠬᠦ ᠳᠡᠭᠡᠷ᠎ᠡ ᠬᠦᠴᠦ ᠲᠠᠯᠪᠢᠵᠤ᠂ ᠶᠠᠷᠢᠶ᠎ᠠ ᠬᠡᠯᠡᠯᠴᠡᠭᠡᠨ ᠤ ᠬᠥᠲᠥᠯᠦᠨ ᠵᠢᠯᠣᠭᠤᠳᠴᠤ ᠠᠶᠤᠯ ᠲᠦᠭᠰᠢᠭᠦᠷᠢ ᠶᠢ ᠰᠡᠷᠭᠡᠶᠢᠯᠡᠬᠦ ᠳᠡᠭᠡᠷ᠎ᠡ ᠬᠦᠴᠦ ᠲᠠᠯᠪᠢᠵᠤ᠂ ᠮᠠᠨ ᠤ ᠲᠤᠭᠤᠷᠢᠭ ᠤᠨ ᠭᠠᠵᠠᠷ ᠣᠷᠣᠨ ᠤ ᠰᠣᠶᠣᠯ᠂ ᠬᠤᠪᠢᠰᠬᠠᠯ ᠤᠨ ᠰᠣᠶᠣᠯ ᠢ ᠭᠦᠨᠵᠡᠭᠡᠶ ᠠᠭᠤᠳᠠᠯᠵᠤ᠂ ︽ᠲᠦᠮᠡᠨ ᠬᠥᠮᠦᠨ ᠠᠭᠤᠯᠠᠨ ᠳᠤ ᠭᠠᠷᠴᠤ ᠨᠡᠭᠦᠷᠡᠰᠦ ᠪᠤᠯᠢᠶᠠᠬᠤ ᠶᠡᠭᠡ ᠳᠠᠶᠢᠯᠠᠯᠳᠤᠭᠠᠨ︾ ᠤ ᠲᠡᠤᠬᠡ ᠶᠢᠨ ᠪᠣᠳᠠᠲᠤ ᠬᠡᠷᠡᠭ ᠪᠠ ︽ᠵᠢᠷᠭᠤᠭᠠᠨ ᠦᠭᠡ ᠶᠢᠨ ᠪᠣᠳᠠᠳᠤ ᠬᠡᠷᠡᠭ ᠬᠢᠭᠡᠳ ᠶᠣᠰᠤ︾ ᠶᠢ ᠭᠦᠨᠵᠡᠭᠡᠶ ᠠᠭᠤᠳᠠᠯᠵᠤ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠨᠠᠩ ᠣᠯᠠᠨ ᠤᠳᠬ᠎ᠠ ᠤᠷᠠᠯᠢᠭ ᠤᠨ ᠪᠦᠲᠦᠭᠡᠯ ᠢ ᠪᠣᠶ ᠪᠣᠯᠭᠠᠵᠤ᠂ ︽ᠦᠵᠡᠰᠬᠦᠯᠡᠩᠲᠦ ᠰᠠᠶᠢᠬᠠᠨ ᠤᠳᠠ ᠲᠤᠭᠤᠷᠢᠭ︾ ᠤᠨ ᠨᠠᠩ ᠣᠯᠠᠨ ᠨᠠᠷᠠᠲᠤ ᠲᠡᠮᠳᠡᠭᠲᠦ ᠶᠢ ᠨᠠᠩ ᠬᠠᠩᠭᠢᠨᠠᠭᠤᠯᠵᠤ᠂ ᠨᠠᠩ ᠭᠡᠭᠡᠨ ᠰᠠᠷᠠᠭᠤᠯ ᠪᠣᠯᠭᠠᠬᠤ ᠬᠡᠷᠡᠭᠲᠡᠶ ᠭᠡᠵᠠᠢ᠃   
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号