ᠦᠰᠦᠭ ᠪᠢᠴᠢᠭ ᠤᠨ ᠲᠠᠶᠢᠯᠤᠮᠵᠢ᠄ ︽ᠤᠯᠠᠭᠠᠨᠨᠠᠭᠤᠷ ᠪᠠᠯᠭᠠᠰᠤᠨ ᠤ ᠥᠪᠡᠷᠲᠡᠭᠡᠨ ᠵᠠᠰᠠᠬᠤ ᠣᠷᠣᠨ ᠠᠴᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢᠨ ᠵᠦᠢᠯᠡᠰ ᠤᠨ ᠨᠠᠷᠢᠨ ᠬᠠᠭᠤᠳᠠᠰᠤ ᠶᠢ ᠵᠠᠯᠭᠠᠨ ᠠᠪᠬᠤ ᠲᠤᠬᠠᠶ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/10/28
︽ᠤᠯᠠᠭᠠᠨᠨᠠᠭᠤᠷ ᠪᠠᠯᠭᠠᠰᠤᠨ ᠤ ᠥᠪᠡᠷᠲᠡᠭᠡᠨ ᠵᠠᠰᠠᠬᠤ ᠣᠷᠣᠨ ᠠᠴᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢᠨ ᠵᠦᠢᠯᠡᠰ ᠤᠨ ᠨᠠᠷᠢᠨ ᠬᠠᠭᠤᠳᠠᠰᠤ ᠶᠢ ᠵᠠᠯᠭᠠᠨ ᠠᠪᠬᠤ ᠲᠤᠬᠠᠶ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢᠨᠢᠭᠡ᠂ ᠲᠣᠭᠲᠠᠭᠠᠭᠰᠠᠨ ᠠᠬᠤᠶ ᠪᠠᠶᠢᠳᠠᠯ      ᠤᠳᠠ ᠲᠣᠭᠤᠷᠢᠭ ᠤᠨ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠬᠦᠯᠦᠨ᠂ ᠰᠢᠶᠠᠩ ᠪᠠᠯᠭᠠᠰᠤᠨ ᠤ ︽ᠨᠢᠭᠡ ᠡᠩᠨᠡᠭᠡ ᠬᠠᠤᠯᠢ ᠬᠡᠷᠡᠭᠵᠢᠭᠦᠯᠬᠦ ᠶᠢ ᠬᠠᠮᠢᠶᠠᠷᠬᠤ︾ ᠠᠵᠢᠯ ᠢ ᠬᠡᠷᠡᠭᠵᠢᠭᠦᠯᠬᠦ ᠶᠢ ᠨᠠᠩ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ᠂ ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠣᠷᠣᠨ ᠲᠤᠭ᠎ᠠ ᠶᠢᠨ ᠠᠯᠪᠠᠨ ᠬᠡᠷ᠂ ᠬᠠᠤᠯᠢ ᠴᠠᠭᠠᠵᠠ ᠶᠢᠨ ᠲᠢᠩᠬᠢᠮ᠂ ᠵᠠᠰᠠᠭ ᠤᠨ ᠶᠠᠪᠤᠳᠠᠯ ᠤᠨ ᠲᠤᠭ᠎ᠠ ᠶᠢᠨ ᠲᠣᠪᠴᠢᠶ᠎ᠠ ᠬᠠᠮᠲᠤᠷᠠᠨ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢᠨ ᠵᠢᠯᠣᠭᠤᠳᠬᠤ ᠭᠠᠷᠴᠠᠭ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠳᠣᠷᠣᠭᠰᠢ ︽ᠵᠢᠯᠣᠭᠤᠳᠬᠤ ᠭᠠᠷᠴᠠᠭ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠮᠠᠨ ᠤ ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠳᠠᠭᠠᠭᠠᠨ ᠠᠪᠬᠤ ᠴᠢᠳᠠᠪᠤᠷᠢ ᠶᠢ ᠭᠦᠢᠴᠡᠳ ᠪᠣᠳᠣᠯᠬᠢᠯᠠᠭᠰᠠᠨ ᠰᠠᠭᠤᠷᠢᠨ ᠳᠡᠭᠡᠷ᠎ᠡ᠂ ᠲᠣᠰ ᠭᠠᠷᠴᠠᠭ ᠢ ᠲᠣᠭᠲᠠᠭᠠᠪᠠ᠃ᠬᠤᠶᠠᠷ᠂ ᠭᠤᠣᠯ ᠠᠭᠤᠯᠭ᠎ᠠ      ︽ᠤᠯᠠᠭᠠᠨᠨᠠᠭᠤᠷ ᠪᠠᠯᠭᠠᠰᠤᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠳᠠᠭᠠᠭᠠᠨ ᠠᠪᠬᠤ ᠨᠠᠷᠢᠨ ᠲᠠᠩᠰᠠ︾ ᠳᠤᠮᠳᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ 6 ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠠᠢ ᠬᠠᠮᠲᠤ ᠪᠠᠷ ᠬᠤᠷᠠᠯ ᠬᠤᠷᠠᠯᠳᠤᠭᠤᠯᠵᠤ ᠵᠥᠪᠳᠡᠯᠴᠡᠨ ᠲᠣᠭᠲᠠᠭᠠᠬᠤ ᠪᠠᠷ ᠳᠡᠮᠵᠢᠨ᠂ ︽ᠵᠢᠯᠣᠭᠤᠳᠬᠤ ᠭᠠᠷᠴᠠᠭ︾ ᠳᠣᠲᠣᠷᠠᠬᠢ 55 ᠵᠦᠢᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢᠨ ᠳᠣᠲᠣᠷ᠎ᠠ ᠠᠴᠠ ᠤᠳᠠ ᠲᠣᠭᠤᠷᠢᠭ ᠤᠨ ᠪᠣᠳᠠᠲᠠᠶ ᠪᠠᠶᠢᠳᠠᠯ ᠢ ᠦᠨᠳᠦᠰᠦᠯᠡᠨ᠂ 37 ᠵᠦᠢᠯ ᠤᠨ ᠡᠷᠬᠡ ᠶᠢ ᠵᠠᠯᠭᠠᠨ ᠠᠪᠴᠤ᠂ ᠡᠭᠦᠨ ᠳᠤ ᠨᠤᠲᠤᠭ ᠪᠡᠯᠴᠢᠭᠡᠷ ᠤᠨ ᠬᠠᠮᠠᠭᠠᠯᠠᠯᠲᠠ᠂ ᠬᠤᠲᠠ ᠶᠢᠨ ᠵᠠᠮ ᠤᠨ ᠬᠠᠮᠢᠶᠠᠷᠤᠯᠲᠠ᠂ ᠭᠤᠤᠯ ᠤᠨ ᠵᠠᠮ ︵ᠬᠥᠷᠥᠰᠥ ᠰᠢᠷᠣᠶ︶ ᠢ ᠬᠠᠮᠠᠭᠠᠯᠠᠬᠤ᠂ ᠬᠤᠲᠠ ᠶᠢᠨ ᠦᠵᠡᠮᠵᠢ ᠶᠢᠨ ᠬᠠᠮᠢᠶᠠᠷᠤᠯᠲᠠ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠮᠣᠳᠣᠨ ᠤ ᠬᠠᠮᠠᠭᠠᠯᠠᠯᠲᠠ᠂ ᠠᠳᠠᠯ ᠠᠬᠤᠶ ᠶᠢᠨ ᠬᠠᠮᠢᠶᠠᠷᠤᠯᠲᠠ ᠵᠡᠷᠭᠡ 7 ᠬᠦᠷᠢᠶᠡᠨ ᠳᠤ ᠬᠤᠯᠪᠣᠭᠳᠠᠵᠠᠶ᠃ᠭᠤᠷᠪᠠ᠂ ᠣᠷᠣᠨ ᠲᠣᠭᠠᠨ ᠤ ᠠᠴᠢ ᠬᠤᠯᠪᠣᠭᠳᠠᠯ      ︽ᠤᠯᠠᠭᠠᠨᠨᠠᠭᠤᠷ ᠪᠠᠯᠭᠠᠰᠤᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠳᠠᠭᠠᠭᠠᠨ ᠠᠪᠬᠤ ᠵᠦᠢᠯᠡᠰ ᠤᠨ ᠨᠠᠷᠢᠨ ᠬᠠᠭᠤᠳᠠᠰᠤ ᠶᠢ ᠳᠠᠷᠤᠮᠠᠯᠯᠠᠨ ᠶᠠᠪᠤᠭᠤᠯᠬᠤ ᠲᠤᠬᠠᠶ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ᠤᠨ ᠪᠢᠴᠢᠭ ᠮᠠᠲ᠋ᠧᠷᠢᠶᠠᠯ ᠨᠢ ᠮᠠᠨ ᠤ ᠲᠤᠭᠤᠷᠢᠭ ᠤᠨ ᠡᠭᠦᠷᠭᠡ ᠬᠠᠷᠢᠭᠤᠴᠠᠯᠭ᠎ᠠ ᠲᠣᠳᠣᠷᠬᠠᠶ᠂ ᠬᠠᠮᠵᠢᠯᠴᠠᠨ ᠥᠨᠳᠥᠷ ᠪᠦᠲᠦᠮᠵᠢᠲᠡᠶ᠂ ᠲᠣᠭᠲᠠᠴᠠ ᠪᠦᠷᠢᠨ᠂ ᠦᠢᠯᠡ ᠠᠵᠢᠯᠯᠠᠭ᠎ᠠ ᠵᠢᠷᠤᠮᠵᠢᠭᠤᠨ᠂ ᠬᠢᠨᠠᠯᠲᠠ ᠲᠠᠯᠪᠢᠯᠲᠠ ᠬᠦᠴᠦᠲᠡᠶ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠢᠨ᠎ᠡ ᠪᠠᠶᠢᠷᠢᠰᠢᠯ ᠢ ᠲᠦᠷᠭᠡᠳᠬᠡᠨ ᠪᠣᠶ ᠪᠣᠯᠭᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠤᠯᠠᠮ ᠨᠢᠭᠡ ᠠᠯᠬᠤᠮ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠪᠣᠯᠤᠨ᠎ᠠ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号