ᠯᠢᠦ ᠬᠤ᠋ ᠭᠤᠤᠯᠳᠠᠯᠭ᠎ᠠ ᠲᠠᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠪᠠ ᠪᠠᠯᠠ ᠮᠥᠩᠭᠦ ᠶᠢ ᠨᠡᠮᠡᠭᠳᠡᠭᠦᠯᠦᠨ ᠦᠢᠯᠡᠳᠪᠦᠷᠢᠯᠡᠯ ᠢ ᠥᠷᠭᠡᠳᠬᠡᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/10/29
      10 ᠰᠠᠷ᠎ᠠ ᠶᠢᠨ 28 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠯᠢᠦ ᠬᠤ᠋ ᠭᠤᠣᠯᠳᠠᠯᠭ᠎ᠠ ᠲᠠᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠪᠣᠯᠤᠨ ᠪᠡᠯᠡ ᠮᠥᠩᠭᠦ ᠶᠢ ᠨᠡᠮᠡᠭᠳᠡᠭᠦᠯᠦᠨ ᠦᠢᠯᠡᠳᠪᠦᠷᠢᠯᠡᠯ ᠢ ᠥᠷᠭᠡᠳᠬᠡᠬᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠲᠤᠬᠠᠢ ᠶᠢᠨ ᠲᠠᠯᠠᠪᠤᠷ ᠲᠤ ᠠᠵᠢᠯᠯᠠᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠢᠦ ᠵᠢᠶᠠᠨ ᠵᠢᠶᠦ᠋ᠨ᠂ ᠲᠣᠭᠤᠷᠢᠭ ᠤᠨ ᠳᠡᠳ᠋ ᠳᠠᠷᠤᠭ᠎ᠠ ᠬᠤ᠋ ᠲᠢᠶᠠᠨ ᠸᠧᠨ ᠣᠷᠣᠯᠴᠠᠪᠠ᠃
200.jpg     
      ᠪᠧᠢ ᠵᠢᠶᠧ ᠲᠧ ᠬᠠᠶᠠᠭᠳᠠᠮᠠᠯ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ᠂ ᠯᠢᠶᠠᠨ ᠴᠢᠶᠦ᠋ᠨ ᠬᠤᠶᠠᠳᠤᠭᠠᠷ ᠬᠤᠭᠤᠴᠠᠭ᠎ᠠ ᠵᠡᠷᠭᠡ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠯᠢᠦ ᠬᠤ᠋ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠵᠤ᠂ ᠦᠢᠯᠡᠳᠪᠦᠷᠢᠯᠡᠯ ᠡᠵᠡᠩᠨᠡᠯᠲᠡ ᠵᠢᠴᠢ ᠰᠢᠨ᠎ᠡ ᠪᠠᠷ ᠡᠭᠦᠰᠦᠭᠰᠡᠨ ᠦᠢᠯᠡᠳᠬᠦᠨ ᠤ ᠦᠢᠯᠡᠳᠪᠦᠷᠢᠯᠡᠯ ᠤᠨ ᠶᠠᠪᠤᠴᠠ᠂ ᠲᠦᠷᠦᠯ ᠵᠦᠢᠯ ᠤᠨ ᠪᠡᠯᠡ ᠮᠥᠩᠭᠦ ᠶᠢᠨ ᠪᠠᠲᠤᠯᠠᠭ᠎ᠠ ᠪᠣᠯᠤᠨ ᠪᠠᠷᠢᠯᠭ᠎ᠠ ᠶᠢᠨ ᠬᠤᠭᠤᠴᠠᠭᠠᠨ ᠤ ᠲᠤᠬᠢᠷᠠᠭᠤᠯᠤᠯᠳᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠦᠷᠦᠯ ᠵᠦᠢᠯ ᠤᠨ ᠠᠬᠢᠴᠠ ᠶᠢᠨ ᠶᠠᠪᠤᠴᠠ ᠳᠤ ᠭᠠᠷᠴᠤ ᠮᠡᠳᠡᠬᠦ ᠠᠰᠠᠭᠤᠳᠠᠯ ᠢ ᠵᠠᠳᠠᠯᠤᠨ ᠰᠤᠳᠤᠯᠵᠤ ᠮᠠᠭᠠᠳᠯᠠᠬᠤ ᠶᠢᠨ ᠬᠠᠮᠲᠤ ᠰᠢᠢᠳᠪᠦᠷᠢᠯᠡᠬᠦ ᠲᠥᠰᠦᠯ ᠪᠣᠯᠤᠨ ᠰᠠᠨᠠᠭᠤᠯᠭ᠎ᠠ ᠳᠤᠷᠠᠳᠴᠠᠢ᠃ ᠲᠡᠷᠡ ᠬᠡᠯᠡᠭᠰᠡᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ︽ᠳᠥᠷᠪᠡᠨ ᠤᠰᠤ ᠪᠠᠷ ᠳᠥᠷᠪᠡ ᠶᠢ ᠲᠣᠭᠲᠠᠭᠠᠬᠤ︾ ᠶᠢ ᠪᠥᠬᠦ ᠲᠠᠯ᠎ᠠ ᠪᠠᠷ ᠲᠤᠤᠱᠯᠠᠭᠤᠯᠵᠤ᠂ ᠤᠰᠤᠨ ᠤ ᠦᠨ᠎ᠡ ᠶᠢ ᠲᠣᠬᠢᠷᠠᠭᠤᠯᠬᠤ ᠲᠣᠭᠲᠠᠴᠠ ᠪᠠ ᠤᠰᠤ ᠬᠡᠷᠡᠭᠯᠡᠬᠦ ᠨᠣᠷᠮ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠤᠰᠤ ᠬᠡᠷᠡᠭᠯᠡᠬᠦ ︽ᠨᠠᠷᠢᠯᠢᠭ ᠲᠠᠩᠰᠠ︾ ᠶᠢ ᠰᠠᠶᠢᠲᠤᠷ ᠪᠤᠳᠤᠵᠤ᠂ ᠬᠦᠷᠢᠶᠡᠯᠡᠩ ᠲᠣᠭᠤᠷᠢᠭ ᠤᠨ ᠳᠤᠮᠳᠠᠬᠢ ᠤᠰᠤ ᠶᠢ ᠪᠦᠲᠦᠮᠵᠢᠲᠡᠶ ᠠᠰᠢᠭᠯᠠᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ ᠬᠡᠷᠡᠭᠲᠡᠶ᠃ ᠬᠡᠯᠬᠢᠶ᠎ᠡ ᠶᠢ ᠴᠢᠩᠭᠠᠳᠬᠠᠵᠤ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ ᠶᠢ ᠰᠠᠶᠢᠲᠤᠷ ᠬᠢᠵᠦ᠂ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠰᠢᠭᠤᠯᠵᠤ᠂ ᠨᠡᠮᠡᠭᠳᠡᠯ ᠤᠨ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠠᠰᠢᠭᠯᠠᠯᠲᠠ ᠳᠤ ᠣᠷᠣᠭᠤᠯᠬᠤ᠂ ᠬᠠᠳᠠᠭᠠᠯᠠᠯᠲᠠ ᠶᠢᠨ ᠲᠦᠷᠦᠯ ᠵᠦᠢᠯ ᠢ ᠠᠭᠤᠳᠠᠯᠬᠤ ᠶᠢ ᠠᠬᠢᠭᠤᠯᠵᠤ᠂ ᠪᠡᠯᠡ ᠮᠥᠩᠭᠦ ᠶᠢ ᠨᠡᠮᠡᠭᠳᠡᠭᠦᠯᠵᠦ ᠦᠢᠯᠡᠳᠪᠦᠷᠢᠯᠡᠯ ᠢ ᠥᠷᠭᠡᠳᠬᠡᠬᠦ ᠪᠠᠷ ᠠᠵᠤ ᠦᠢᠯᠡᠰ ᠤᠨ ᠶᠠᠰᠤ ᠴᠢᠨᠠᠷ ᠤᠨ ᠬᠤᠪᠢᠰᠤᠯᠲᠠ᠂ ᠦᠷ᠎ᠡ ᠪᠦᠲᠦᠮᠵᠢ ᠶᠢᠨ ᠬᠤᠪᠢᠰᠤᠯᠲᠠ᠂ ᠬᠥᠳᠡᠯᠭᠡᠬᠦ ᠬᠦᠴᠦᠨ ᠤ ᠬᠤᠪᠢᠰᠤᠯᠲᠠ ᠶᠢ ᠳᠠᠶᠢᠴᠢᠯᠠᠬᠤ ᠬᠡᠷᠡᠭᠲᠡᠢ᠃ ᠠᠵᠤ ᠠᠬᠤᠶᠢᠯᠠᠯ ᠤᠨ ᠬᠥᠭᠵᠢᠯᠲᠡ ᠶᠢᠨ ᠲᠣᠭᠲᠠᠯ ᠬᠦᠴᠦᠨ᠂ ᠭᠦᠨ ᠬᠠᠭᠠᠯᠪᠤᠷᠢᠯᠠᠬᠤ ᠳᠠᠪᠠᠭᠤᠯᠢᠭ ᠬᠦᠷᠢᠶ᠎ᠡ ᠪᠠᠨ ᠦᠷᠭᠦᠯᠵᠢᠯᠡᠨ ᠪᠠᠲᠤᠯᠠᠬᠤ ᠶᠢ ᠵᠣᠷᠢᠭᠵᠢᠭᠤᠯᠵᠤ᠂ ᠮᠡᠷᠭᠡᠵᠢᠯ ᠤᠨ ᠰᠢᠨᠡᠴᠢᠯᠡᠯᠲᠡ ᠪᠣᠯᠤᠨ ᠲᠥᠬᠦᠭᠡᠷᠦᠮᠵᠢ ᠶᠢᠨ ᠰᠢᠨᠡᠴᠢᠯᠡᠯᠲᠡ ᠶᠢ ᠶᠡᠬᠡᠪᠡᠷ ᠠᠬᠢᠭᠤᠯᠵᠤ᠂ ᠦᠢᠯᠡᠳᠪᠦᠷᠢᠯᠡᠯ ᠤᠨ ᠤᠷ᠎ᠠ ᠮᠡᠷᠭᠡᠵᠢᠯ ᠤᠨ ᠴᠤᠪᠤᠷᠠᠯ ᠢ ᠰᠢᠯᠢᠳᠡᠭᠵᠢᠭᠦᠯᠵᠦ᠂ ᠥᠪᠡᠷ ᠤᠨ ᠥᠷᠲᠡᠭ ᠢ ᠤᠯᠠᠮ ᠨᠢᠭᠡ ᠠᠯᠬᠤᠮ ᠪᠠᠭᠤᠷᠠᠭᠤᠯᠵᠤ᠂ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠵᠦ᠂ ᠠᠵᠢᠯ ᠲᠥᠷᠥᠯ ᠤᠨ ᠲᠡᠷᠢᠭᠦᠨ ᠤ ᠳᠠᠪᠠᠭᠤᠯᠢᠭ ᠢ ᠲᠠᠰᠤᠷᠠᠯᠲᠠ ᠦᠭᠡᠢ ᠪᠤᠢ ᠪᠣᠯᠭᠠᠵᠤ᠂ ᠠᠮᠢ ᠠᠬᠤᠢ ᠶᠢᠨ ᠦᠷ᠎ᠡ ᠠᠰᠢᠭ ᠪᠣᠯᠤᠨ ᠠᠵᠤ ᠠᠬᠤᠢ ᠶᠢᠨ ᠦᠷ᠎ᠡ ᠠᠰᠢᠭ ᠢ ᠬᠠᠷᠢᠯᠴᠠᠨ ᠨᠢᠭᠡᠳᠬᠡᠬᠦ ᠶᠢ ᠪᠡᠶᠡᠯᠡᠭᠦᠯᠦᠨ᠎ᠡ᠃ ᠡᠯ᠎ᠡ ᠰᠠᠯᠠᠭ᠎ᠠ ᠮᠥᠴᠢᠷ ᠤᠨ ᠬᠢᠨ ᠦᠢᠯᠡᠴᠢᠯᠡᠭᠡᠨ ᠤ ᠪᠠᠲᠤᠯᠠᠭ᠎ᠠ ᠪᠠᠨ ᠴᠢᠩᠭᠠᠳᠬᠠᠵᠤ᠂ ︽ᠡᠯᠧᠮᠧᠨ᠋ᠲ ᠲᠥᠷᠥᠯ ᠵᠦᠢᠯ ᠢᠶᠠᠨ ᠳᠠᠭᠠᠬᠤ︾ ᠶᠢ ᠢᠮᠠᠭᠲᠠ ᠪᠠᠷᠢᠮᠲᠠᠯᠠᠵᠤ᠂ ᠭᠠᠵᠠᠷ ᠰᠢᠷᠣᠶ᠂ ᠲᠥᠷᠥ ᠶᠢᠨ ᠪᠣᠳᠣᠯᠭ᠎ᠠ᠂ ᠪᠠᠯᠠ ᠮᠥᠩᠭᠦ ᠵᠡᠷᠭᠡ ᠬᠦᠴᠦᠨ ᠵᠦᠢᠯ ᠢ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠵᠤ᠂ ᠠᠵᠤ ᠠᠬᠤᠶᠢᠯᠠᠯ ᠤᠨ ᠤᠰᠤ ᠴᠠᠬᠢᠯᠭᠠᠨ ᠬᠡᠷᠡᠭᠯᠡᠬᠦ ᠪᠠ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠤᠰᠤ ᠵᠠᠯᠠᠬᠤ ᠵᠡᠷᠭᠡ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠲᠥᠷᠥᠯ ᠤᠨ ᠠᠰᠠᠭᠤᠳᠠᠯ ᠢ ᠨᠢᠭᠡᠳᠦᠯᠲᠡᠶ ᠲᠥᠯᠥᠪᠯᠡᠨ ᠵᠥᠪᠳᠡᠯᠴᠡᠨ ᠰᠤᠳᠤᠯᠵᠤ ᠵᠣᠬᠢᠴᠠᠭᠤᠯᠤᠨ ᠰᠢᠢᠳᠪᠦᠷᠢᠯᠡᠵᠦ᠂ ᠠᠵᠢᠯ ᠤᠨ ᠬᠤᠭᠤᠴᠠᠭ᠎ᠠ ᠶᠢ ᠵᠠᠪᠳᠤᠨ᠂ ᠠᠬᠢᠴᠠ ᠶᠢ ᠲᠦᠷᠭᠡᠳᠬᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠰᠢᠨ᠎ᠡ ᠰᠢᠪᠲᠤᠯᠤᠯᠲᠠ ᠪᠠᠷ ᠤᠳᠠ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢᠨ ᠬᠦᠴᠦᠨ ᠴᠢᠳᠠᠯ ᠢ ᠬᠤᠷᠠᠮᠳᠤᠭᠤᠯᠬᠤ ᠶᠢ ᠠᠬᠢᠭᠤᠯᠬᠤ ᠬᠡᠷᠡᠭᠲᠡᠶ‌‍ᠭᠡᠵᠠᠢ᠃   
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号