ᠶᠠᠨ ᠸᠧᠨ ᠯᠦᠩ ᠠᠬᠠᠮᠠᠳ ᠺᠠᠲᠷ᠂ ᠶᠣᠰᠣ ᠰᠤᠷᠲᠠᠬᠤᠨ ᠤ ᠵᠢᠱᠢᠶᠡᠴᠢ ᠪᠠ ᠬᠦᠴᠢᠷᠳᠡᠯᠲᠡᠶ ᠣᠯᠠᠨ ᠲᠦᠮᠡᠨ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2024/10/9
      9 ᠰᠠᠷ᠎ᠠ ᠶᠢᠨ 30 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠠᠵᠢᠯ ᠠᠴᠠ ᠪᠠᠨ ᠠᠮᠠᠷᠠᠭᠰᠠᠨ ᠠᠬᠠᠮᠠᠳ ᠺᠠᠲᠷ᠂ ᠶᠣᠰᠣ ᠰᠤᠷᠲᠠᠬᠤᠨ ᠤ ᠵᠢᠱᠢᠶᠡᠴᠢ ᠪᠠ ᠬᠦᠴᠢᠷᠳᠡᠯᠲᠡᠶ ᠣᠯᠠᠨ ᠲᠦᠮᠡᠨ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠨᠠᠮ ᠪᠠ ᠵᠠᠰᠠᠭ ᠤᠨ ᠣᠷᠳᠣᠨ ᠤ ᠳᠣᠲᠣᠨᠣ ᠬᠠᠯᠠᠮᠵᠢᠯᠠᠯ ᠢ ᠬᠦᠷᠭᠡᠪᠡ᠃ ᠲᠣᠭᠤᠷᠢᠭ ᠤᠨ ᠤᠳᠤᠷᠢᠳᠤᠯᠭ᠎ᠠ ᠾᠧ ᠶᠢᠩ᠂ ᠵᠠᠩ ᠸᠧᠢ ᠳ᠋ᠦᠩ᠂ ᠰᠢᠤᠢ ᠢ ᠱᠤ᠋ ᠣᠷᠣᠯᠴᠠᠪᠠ᠃
189.jpg     
      ᠠᠵᠢᠯ ᠠᠴᠠ ᠪᠠᠨ ᠠᠮᠠᠷᠠᠭᠰᠠᠨ ᠠᠬᠠᠮᠠᠳ ᠺᠠᠲᠷ ᠶᠤᠸᠠᠢ ᠯᠢᠶᠠᠨ ᠬᠦᠢ ᠪᠣᠯᠤᠨ ᠶᠣᠰᠣ ᠰᠤᠷᠲᠠᠬᠤᠨ ᠤ ᠵᠢᠱᠢᠶᠡᠴᠢ ᠴᠦ ᠯᠢ ᡁᠢ ᠶᠢᠨ ᠭᠡᠷ ᠲᠤ᠂ ᠶᠠᠨ ᠸᠧᠨ ᠯᠦᠩ ᠲᠡᠳᠡᠨ ᠲᠠᠢ ᠡᠪᠦᠳᠦᠭ ᠨᠤᠭᠤᠯᠤᠨ ᠶᠠᠷᠢᠯᠴᠠᠵᠤ᠂ ᠵᠣᠭᠤᠭ ᠳᠡᠯᠭᠡᠵᠦ᠂ ᠪᠠᠶᠢᠳᠠᠯ ᠢ ᠣᠶᠢᠯᠠᠭᠠᠵᠤ᠂ ᠬᠥᠭᠵᠢᠯᠲᠡ ᠶᠢ ᠠᠰᠠᠭᠤᠪᠠ᠃ ᠲᠡᠷᠡ ᠬᠡᠯᠡᠭᠰᠡᠨ ᠨᠢ᠂ ᠠᠬᠠᠮᠠᠳ ᠺᠠᠲᠷ᠂ ᠶᠣᠰᠣ ᠰᠤᠷᠲᠠᠬᠤᠨ ᠤ ᠵᠢᠱᠢᠶᠡᠴᠢ ᠪᠣᠯ ᠤᠳᠠ ᠲᠣᠭᠤᠷᠢᠭ ᠤᠨ ᠬᠥᠭᠵᠢᠯᠲᠡ ᠶᠢᠨ ᠭᠡᠷᠡᠴᠢᠯᠡᠭᠴᠢ᠂ ᠣᠷᠣᠯᠴᠠᠭᠴᠢ᠂ ᠬᠤᠪᠢ ᠨᠡᠮᠡᠷᠢ ᠦᠵᠡᠭᠦᠯᠦᠭᠴᠢ ᠮᠥᠨ᠂ ᠤᠯᠠᠨ ᠵᠢᠯ ᠤᠨ ᠲᠤᠷᠰᠢ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ ᠶᠡᠭᠡ ᠬᠡᠮᠵᠢᠶᠡᠨ ᠤ ᠬᠦᠴᠦ ᠬᠥᠳᠡᠯᠮᠦᠷᠢ ᠪᠠᠨ ᠵᠠᠷᠤᠴᠠᠭᠤᠯᠵᠤ᠂ ᠴᠢᠬᠤᠯᠠ ᠬᠤᠪᠢ ᠨᠡᠮᠡᠷᠢ ᠦᠵᠡᠭᠦᠯᠵᠡᠶ᠂ ᠲᠡᠳᠡᠨ ᠤ ᠪᠡᠶ᠎ᠡ ᠪᠠᠨ ᠬᠢᠴᠢᠶᠡᠵᠦ᠂ ᠡᠷᠬᠢᠮ ᠨᠠᠨᠳᠢᠨ ᠰᠠᠨᠠᠯ ᠢᠶᠠᠨ ᠢᠯᠡᠭᠦᠬᠡᠨ ᠳᠤᠷᠠᠳᠴᠤ᠂ ᠪᠠᠶᠠᠰᠤᠩᠭᠤᠶ ᠣᠪᠣᠷ ᠪᠠ ᠪᠠᠶᠠᠷ ᠪᠠᠶᠠᠰᠬᠤᠯᠠᠩ ᠲᠠᠢ ᠰᠡᠳᠬᠢᠯᠭᠡ ᠲᠠᠢ ᠪᠠᠶᠢᠵᠤ᠂ ᠦᠷᠭᠦᠯᠵᠢᠯᠡᠨ ᠤᠳᠠ ᠶᠢᠨ ᠨᠠᠩ ᠰᠠᠶᠢᠨ ᠰᠠᠶᠢᠬᠠᠨ ᠢᠷᠡᠭᠡᠳᠦᠶ ᠶᠢ ᠭᠡᠷᠡᠴᠢᠯᠡᠬᠦ ᠶᠢ ᠬᠦᠰᠡᠵᠦ ᠪᠠᠶᠢᠨ᠎ᠠ ᠭᠡᠵᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠲᠷ᠂ ᠶᠣᠰᠣ ᠰᠤᠷᠲᠠᠬᠤᠨ ᠤ ᠵᠢᠱᠢᠶᠡᠴᠢ ᠶᠢᠨ ᠠᠮᠢᠳᠤᠷᠠᠯ ᠳᠤᠮᠳᠠᠬᠢ ᠪᠣᠳᠠᠲᠠᠶ ᠬᠦᠴᠢᠷᠳᠡᠯ ᠪᠣᠯᠤᠨ ᠠᠰᠠᠭᠤᠳᠠᠯ ᠢ ᠢᠳᠡᠪᠬᠢᠲᠡᠶ ᠪᠠᠷ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ ᠭᠡᠵᠠᠢ᠃
190.jpg     
      ᠶᠠᠳᠠᠭᠤ ᠬᠦᠴᠢᠷᠳᠡᠯᠲᠡᠢ ᠤᠯᠠᠨ ᠲᠦᠮᠡᠨ ᠰᠦ᠋ ᠸᠠᠩ ᠰᠦᠸᠧ ᠶᠢᠨ ᠭᠡᠷ ᠲᠤ᠂ ᠶᠠᠨ ᠸᠧᠨ ᠯᠦᠩ ᠲᠡᠭᠦᠨ ᠤ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠠᠶᠢᠴᠠᠭᠠᠨ ᠦᠵᠡᠵᠦ᠂ ᠲᠡᠭᠦᠨ ᠤ ᠭᠡᠷ ᠪᠦᠯᠢ ᠶᠢᠨ ᠪᠠᠶᠢᠳᠠᠯ᠂ ᠠᠵᠤ ᠠᠬᠤᠢ ᠶᠢᠨ ᠢᠷᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠣᠬᠤᠨᠢᠭᠤᠯᠬᠤ ᠪᠣᠳᠠᠰ ᠪᠣᠯᠤᠨ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠡᠢ᠃ ᠰᠠᠭᠤᠭᠠᠯᠢ ᠠᠷᠠᠳ ᠲᠤ ᠡᠷᠬᠡᠪᠰᠢ ᠪᠡᠶ᠎ᠡ ᠪᠠᠨ ᠬᠢᠴᠢᠶᠡᠵᠦ᠂ ᠬᠦᠴᠢᠷᠳᠡᠯ ᠲᠠᠢ ᠪᠣᠯ ᠴᠠᠭ ᠲᠤᠬᠠᠢ ᠳᠤᠨᠢ ᠵᠡᠭᠡᠯᠢ ᠭᠤᠳᠤᠮᠵᠢ ᠪᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠳᠤ ᠲᠤᠰᠬᠠᠬᠤ ᠬᠡᠷᠡᠭᠲᠡᠢ ᠭᠡᠵᠦ ᠵᠠᠬᠢᠪᠠ᠃ ᠬᠤᠯᠪᠣᠭᠳᠠᠯ ᠪᠦᠬᠦᠢ ᠡᠭᠦᠷᠭᠡ ᠴᠢᠳᠠᠪᠬᠢᠳᠦ ᠰᠠᠯᠠᠭ᠎ᠠ ᠮᠥᠴᠢᠷ ᠤᠨ ᠬᠢᠨ ᠬᠦᠴᠢᠷᠳᠡᠯᠲᠡᠢ ᠤᠯᠠᠨ ᠲᠦᠮᠡᠨ ᠤ ᠠᠮᠢᠳᠤᠷᠠᠯ ᠤᠨ ᠪᠠᠶᠢᠳᠠᠯ ᠢ ᠴᠠᠭ ᠢᠮᠠᠭᠲᠠ ᠬᠠᠯᠠᠮᠵᠢᠯᠠᠵᠤ᠂ ᠦᠨᠳᠦᠰᠦᠨ ᠵᠦᠢᠯ ᠢ ᠪᠠᠲᠤᠯᠠᠬᠤ ᠠᠵᠢᠯ ᠢ ᠢᠯᠡᠭᠦᠬᠡᠨ ᠬᠢᠵᠦ᠂ ᠳᠠᠭᠠᠷᠠᠭᠰᠠᠨ ᠬᠥᠮᠦᠨ ᠳᠤ ᠳᠠᠬᠤ ᠬᠦᠷᠭᠡᠬᠦ ᠶᠠᠪᠤᠳᠠᠯ ᠢ ᠢᠯᠡᠭᠦᠬᠡᠨ ᠬᠢᠵᠦ᠂ ᠦᠨᠡᠨ ᠰᠡᠳᠬᠢᠯ ᠠᠴᠠ ᠪᠠᠨ ᠲᠡᠳᠡᠨ ᠢ ᠬᠠᠪᠰᠤᠷᠤᠨ ᠠᠮᠢᠳᠤᠷᠠᠯ ᠤᠨ ᠳᠤᠮᠳᠠᠬᠢ ︽ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ ᠭᠡᠵᠠᠢ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号