ᠯᠢᠦ ᠬᠤ᠋ ︽ᠳᠤᠯᠠᠭᠠᠯᠠᠭ᠎ᠠ ᠶᠢᠨ ᠢᠨᠵᠧᠨᠧᠷᠢᠩ︾ ᠵᠢᠴᠢ ᠠᠭᠤᠷᠬᠠᠢ ᠶᠢᠨ ᠠᠮᠤᠷ ᠲᠦᠪᠰᠢᠨ ᠤ ᠠᠵᠢᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/10/9
      9 ᠰᠠᠷ᠎ᠠ ᠶᠢᠨ 30 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠯᠢᠦ ᠬᠤ᠋ ︽ᠳᠤᠯᠠᠭᠠᠯᠠᠭ᠎ᠠ  ᠶᠢᠨ ᠢᠨᠵᠧᠨᠧᠷᠢᠩ︾ ᠵᠢᠴᠢ ᠠᠭᠤᠷᠬᠠᠢ ᠶᠢᠨ ᠠᠮᠤᠷ ᠲᠦᠪᠰᠢᠨ ᠤ ᠠᠵᠢᠯ ᠤᠨ ᠪᠠᠶᠢᠳᠠᠯ ᠢ ᠱᠠᠯᠠᠪᠳᠠᠭᠤᠯᠤᠨ ᠵᠢᠯᠣᠭᠤᠳᠪᠠ᠃ ᠲᠣᠭᠤᠷᠢᠭ ᠤᠨ ᠤᠳᠤᠷᠢᠳᠤᠯᠭ᠎ᠠ ᠯᠢᠦ ᠮᠧᠩ ᠣᠷᠣᠯᠴᠠᠪᠠ᠃
191.jpg     
      ᠯᠢᠦ ᠬᠤ᠋ ᠤᠷᠢᠳ ᠬᠤᠵᠢᠳ ᠴᠡᠴᠡᠷᠯᠢᠭ ᠤᠨ ᠵᠠᠮ ᠪᠣᠯᠤᠨ ᠡᠮᠦᠨ᠎ᠡ ᠲᠣᠭᠤᠷᠢᠯ ᠵᠠᠮ ᠤᠨ ᠠᠭᠤᠯᠵᠠᠷ ᠤᠨ ᠨᠢᠭᠡ ᠤᠳᠠᠭᠠᠨ ᠤ ᠬᠤᠭᠤᠯᠠᠢ ᠶᠢᠨ ᠲᠣᠣᠷ ᠪᠣᠯᠤᠨ ᠬᠤᠸᠠ ᠲᠠᠢ ᠪᠠᠭ᠎ᠠ ᠲᠣᠭᠤᠷᠢᠭ ᠤᠨ ᠬᠤᠶᠠᠳᠤᠭᠠᠷ ᠤᠳᠠᠭᠠᠨ ᠤ ᠬᠤᠭᠤᠯᠠᠢ ᠶᠢᠨ ᠲᠣᠣᠷ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠪᠠᠷᠢᠯᠭ᠎ᠠ ᠶᠢᠨ ᠠᠬᠢᠴᠠ ᠪᠣᠯᠤᠨ ᠳᠤᠯᠠᠭᠠᠯᠠᠭ᠎ᠠ ᠶᠢᠨ ᠳᠠᠷᠤᠯᠲᠠ ᠥᠭᠴᠦ ᠤᠰᠤ ᠣᠷᠣᠭᠤᠯᠬᠤ᠂ ᠲᠥᠬᠦᠭᠡᠷᠦᠮᠵᠢ ᠶᠢ ᠲᠤᠬᠢᠷᠠᠭᠤᠯᠤᠨ ᠲᠤᠷᠰᠢᠬᠤ ᠵᠡᠷᠭᠡ ᠪᠠᠶᠢᠳᠠᠯ ᠢ ᠨᠠᠷᠢᠨ ᠬᠢᠨᠠᠮᠠᠭᠠᠢ ᠰᠣᠨᠣᠰᠴᠠᠢ᠃ ᠲᠡᠷᠡ ᠬᠡᠯᠡᠭᠰᠡᠨ ᠨᠢ᠂ ᠳᠤᠯᠠᠭᠠᠯᠠᠭ᠎ᠠ ᠶᠢᠨ ᠢᠨᠵᠧᠨᠧᠷᠢᠩ ᠨᠢ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠤᠯᠠᠨ ᠲᠦᠮᠡᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠶᠤᠮ᠃ ᠳᠤᠯᠠᠭᠠᠯᠠᠭ᠎ᠠ ᠶᠢᠨ ᠤᠯᠠᠷᠢᠯ ᠬᠦᠷᠴᠦ ᠢᠷᠡᠬᠦ ᠭᠡᠵᠦ ᠪᠠᠶᠢᠨ᠎ᠠ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠤᠷ᠎ᠠ᠂ ᠪᠠᠷᠢᠯᠭ᠎ᠠ ᠶᠢᠨ ᠬᠤᠭᠤᠴᠠᠭ᠎ᠠ ᠶᠢ ᠵᠠᠪᠳᠤᠨ᠂ ᠶᠠᠰᠤ ᠴᠢᠨᠠᠷ ᠢ ᠪᠠᠲᠤᠯᠠᠵᠤ᠂ ᠠᠬᠢᠴᠠ ᠶᠢ ᠠᠳᠬᠤᠨ᠂ ᠳᠤᠯᠠᠭᠠᠯᠭ᠎ᠠ ᠶᠢᠨ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠳᠠᠭᠤᠰᠬᠠᠵᠤ᠂ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠤᠲᠠ ᠶᠢᠨ ᠲᠣᠭᠤᠷᠢᠭ ᠤᠨ ᠵᠠᠮ ᠢ ᠡᠵᠡᠯᠡᠨ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠪᠳᠡᠷᠡᠵᠦ ᠰᠦᠢᠳᠦᠭᠰᠡᠨ ᠵᠠᠮ ᠤᠨ ᠭᠠᠳᠠᠷᠭᠤ ᠶᠢ ᠲᠦᠷᠭᠡᠨ ᠰᠡᠷᠭᠦᠭᠡᠵᠦ᠂ ᠵᠠᠮ ᠬᠠᠷᠢᠯᠴᠠᠭᠠᠨ ᠤ ᠶᠠᠪᠤᠵᠤ ᠰᠠᠭᠤᠬᠤ ᠵᠠᠮ ᠱᠤᠭᠤᠮ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠣᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠢᠯᠴᠢ ᠶᠢᠨ ᠢᠷᠡᠯᠲᠡ᠂ ᠬᠤᠭᠤᠯᠠᠶ ᠶᠢᠨ ᠲᠣᠤᠷ᠂ ᠢᠯᠴᠢ ᠰᠣᠯᠢᠬᠤ ᠥᠷᠲᠡᠭᠡ ᠶᠢᠨ ᠲᠤᠷᠰᠢᠨ ᠲᠣᠬᠢᠷᠠᠭᠤᠯᠵᠤ ᠬᠢᠨᠠᠨ ᠬᠡᠮᠵᠢᠬᠦ ᠵᠡᠷᠭᠡ ᠡᠯ᠎ᠡ ᠵᠦᠢᠯ ᠤᠨ ᠠᠵᠢᠯ ᠢ ᠵᠡᠷᠭᠡᠪᠡᠷ ᠰᠠᠶᠢᠲᠤᠷ ᠬᠢᠵᠦ᠂ ᠡᠪᠦᠯ ᠤᠨ ᠤᠯᠠᠷᠢᠯ ᠤᠨ ᠢᠯᠴᠢ ᠬᠠᠩᠭᠠᠬᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠪᠥᠬᠦ ᠲᠤᠭᠤᠷᠢᠭ ᠤᠨ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ᠂ ᠠᠮᠤᠷ ᠲᠦᠪᠰᠢᠨ ᠢᠶᠠᠷ ᠡᠪᠦᠯᠵᠢᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠠᠢ᠃
192.jpg     
      ᠳᠠᠷᠠᠭ᠎ᠠ ᠨᠢ᠂ ᠯᠢᠦ ᠬᠤ᠋ ︽ᠲᠦᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠡᠦ ᠬᠤ᠋ ᠱᠠᠨ ᠠᠭᠤᠷᠬᠠᠢ ᠶᠢᠨ ᠬᠤᠳᠳᠤᠭ ᠤᠨ ᠡᠮᠦᠨ᠎ᠡ ᠬᠡᠰᠡᠭ᠂ ᠰᠤᠬᠠᠶᠢᠲᠤ ᠶᠢᠨ ᠮᠠᠯᠲᠠᠵᠤ ᠬᠥᠨᠳᠡᠶᠢᠷᠡᠭᠦᠯᠦᠭᠰᠡᠨ ᠣᠷᠣᠨ ᠤ ᠭᠠᠮᠰᠢᠭ ᠢ ᠵᠠᠰᠠᠬᠤ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠠᠭᠤᠷᠬᠠᠢ ᠶᠢᠨ ᠣᠷᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠬᠡᠯᠡᠭᠰᠡᠨ ᠨᠢ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ︽ᠤᠯᠤᠰ ᠤᠨ ᠪᠠᠶᠠᠷ︾ ᠤᠨ ᠬᠤᠭᠤᠴᠠᠭᠠᠨ ᠳᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠭᠤᠤᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠩᠬᠠᠷᠴᠤ᠂ ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠲᠦᠢᠯᠪᠤᠷᠢᠲᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠬᠠᠵᠠᠭᠤ ᠪᠠᠯ ᠤᠨ ᠷᠠᠳᠠᠷ ᠪᠠ GNSS ᠬᠠᠵᠠᠭᠤ ᠶᠢᠨ ᠬᠢᠨᠠᠨ ᠬᠡᠮᠵᠢᠯᠲᠡ ᠶᠢᠨ ᠥᠷᠲᠡᠭᠡ ᠵᠡᠷᠭᠡ ᠮᠡᠳᠡᠭᠡ ᠵᠠᠩᠭᠢᠵᠢᠯᠲᠠ ᠶᠢᠨ ᠤᠶᠤᠨᠴᠢᠯᠠᠭᠰᠠᠨ ᠬᠢᠨᠠᠨ ᠡᠵᠡᠮᠳᠡᠬᠦ ᠠᠷᠭ᠎ᠠ ᠪᠠᠷᠢᠯ ᠢ ᠠᠮᠢᠳᠤᠯᠢᠭ ᠢᠶᠠᠷ ᠬᠡᠷᠡᠭᠯᠡᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠡᠷᠲᠡ ᠢᠯᠡᠷᠡᠭᠦᠯᠵᠦ᠂ ᠡᠷᠲᠡ ᠰᠢᠢᠳᠪᠦᠷᠢᠯᠡᠵᠦ᠂ ᠠᠭᠤᠷᠬᠠᠶ ᠶᠢᠨ ᠠᠶᠤᠯᠭᠦᠶ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠶ ᠭᠡᠵᠡᠶ᠃   
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号