ᠥᠮᠡᠨ ᠡᠪᠡᠳᠴᠢᠨ ᠢ ᠢᠳᠡᠵᠦ ᠤᠤᠭᠤᠵᠤ ᠪᠠᠶᠢᠭᠠᠳ ᠤᠯᠤᠬᠰᠠᠨ ᠬᠡᠨ᠎ᠡ ᠤᠤ︖ ᠡᠳᠡᠭᠡᠷ ᠢᠳᠡᠭᠡᠨ ᠥᠮᠡᠨ ᠢ ᠰᠡᠷᠭᠡᠶᠢᠯᠡᠵᠦ ᠲᠠᠶᠢᠯᠤᠨ᠎ᠠ︕
ᠨᠡᠶᠢᠲᠡᠯᠡᠭᠰᠡᠨ ᠴᠠᠭ᠄
2024/11/13
      ᠥᠮᠡᠨ︕ ᠥᠮᠡᠨ ᠡᠭᠦᠰᠭᠡᠬᠦ ᠪᠣᠳᠠᠰ︕ ᠪᠢᠳᠡᠨ ᠤ ᠡᠳᠦᠷ ᠲᠤᠲᠤᠮ ᠤᠨ ᠢᠳᠡᠭᠡᠨ  ᠤᠮᠳᠠᠭᠠᠨ ᠳᠤ ᠨᠢᠭᠤᠭᠳᠠᠵᠤ ᠪᠠᠶᠢᠨ᠎ᠠ ᠰᠢᠦ᠃               1.ᠢᠳᠡᠵᠦ ᠤᠤᠭᠤᠵᠤ ᠪᠠᠶᠢᠭᠠᠳ ᠤᠯᠤᠬᠰᠠᠨ ᠡᠯᠢᠭᠡᠨ ᠥᠮᠡᠨ              ᠬᠡᠷᠪᠡ ᠸᠠᠯᠠᠭᠰᠠᠨ᠂ ᠴᠢᠨᠠᠷ ᠬᠤᠪᠢᠷᠠᠭᠰᠠᠨ ᠢᠳᠡᠭᠡᠨ ᠢ ᠦᠷᠭᠦᠯᠵᠢ ᠢᠳᠡᠬᠦ ᠪᠤᠶᠤ ᠸᠠᠯᠠᠭᠰᠠᠨ  ᠬᠤᠭᠤᠯᠠᠨ ᠤ ᠬᠡᠷᠡᠭᠰᠡᠯ ᠢᠶᠠᠷ ᠬᠤᠭᠤᠯᠠ ᠢᠳᠡᠪᠡᠯ ᠥᠮᠡᠨ ᠡᠭᠦᠰᠭᠡᠬᠦ ᠪᠣᠳᠠᠰ—ᠰᠢᠷ᠎ᠠ  ᠬᠥᠷᠥᠩᠭᠡ ᠶᠢᠨ ᠬᠥᠭᠡᠴᠦ ᠶᠢᠨ ᠬᠤᠣᠷᠲᠤ ᠡᠳ᠋(黄曲霉毒素) ᠢ ᠢᠳᠡᠵᠦ ᠮᠡᠳᠡᠨ᠎ᠡ᠃              2.ᠡᠯᠢᠭᠡᠨ ᠤ ᠥᠮᠡᠨ ᠢ ᠰᠡᠷᠭᠡᠶᠢᠯᠡᠬᠦ ᠳᠤ᠂ ᠨᠣᠭᠤᠭᠠᠨ ᠥᠩᠭᠡᠲᠦ ᠢᠳᠡᠭᠡᠨ ᠢᠳᠡᠬᠦ ᠬᠡᠷᠡᠭᠳᠡᠢ               ᠨᠣᠭᠤᠭᠠᠨ ᠥᠩᠭᠡᠲᠦ ᠢᠳᠡᠭᠡᠨ ᠳᠤ ᠨᠠᠪᠴᠢᠨ ᠤ ᠨᠣᠭᠤᠭᠠᠨ ᠡᠳ᠋ ᠤᠨ ᠮᠣᠯᠧᠺᠦ᠋ᠯ  ᠠᠭᠤᠯᠤᠭᠳᠠᠵᠤ ᠪᠠᠶᠢᠳᠠᠭ᠂ ᠲᠡᠳᠡᠭᠡᠷ ᠨᠢ ᠡᠯᠢᠭᠡᠨ ᠳᠤ ᠤᠷᠤᠭᠰᠠᠨ ᠤ ᠳᠠᠷᠠᠭ᠎ᠠ ᠰᠢᠷ᠎ᠠ ᠬᠦᠷᠦᠩᠭᠡ ᠶᠢᠨ ᠬᠥᠭᠡᠴᠦ ᠶᠢᠨ ᠬᠤᠣᠷᠲᠤ ᠡᠳ᠋  ᠢ ᠬᠠᠰᠢᠬᠤ ᠦᠢᠯᠡᠳᠦᠯ ᠦᠵᠡᠭᠦᠯᠵᠦ᠂ ᠰᠢᠷ᠎ᠠ ᠬᠦᠷᠦᠩᠭᠡ ᠶᠢᠨ  ᠬᠥᠭᠡᠴᠦ ᠶᠢᠨ ᠬᠤᠣᠷᠲᠤ ᠡᠳ᠋ ᠤᠨ ᠤᠳᠤᠮᠰᠢᠯ ᠤᠨ ᠪᠣᠳᠠᠰ ᠲᠤ ᠬᠤᠬᠢᠷᠠᠯ ᠤᠴᠠᠷᠠᠭᠤᠯᠬᠤ ᠶᠢ ᠬᠤᠷᠢᠭᠯᠠᠳᠠᠭ᠂ ᠡᠶᠢᠮᠦ ᠠᠴᠠ ᠡᠯᠢᠭᠡᠨ ᠥᠮᠡᠨ ᠢ ᠤᠷᠢᠳᠴᠢᠯᠠᠨ ᠰᠡᠷᠭᠡᠶᠢᠯᠡᠬᠦ ᠦᠢᠯᠡᠳᠦᠯ  ᠦᠵᠡᠬᠦᠯᠳᠡᠭ ᠶᠤᠮ᠃       3. ᠨᠣᠭᠤᠭᠠᠨ ᠥᠩᠭᠡᠲᠦ ᠢᠳᠡᠭᠡᠨ ᠤ ᠲᠤᠳᠤᠷᠠᠬᠢ ᠠᠯᠢᠨ ᠤ ᠬᠢᠨᠢ ᠨᠠᠪᠴᠢᠨ ᠤ ᠨᠣᠭᠤᠭᠠᠨ  ᠡᠳ᠋ ᠤᠨ ᠠᠭᠤᠯᠤᠭᠳᠠᠴᠠ ᠥᠨᠳᠥᠷ ᠪᠠᠶᠢᠳᠠᠭ ᠪᠤᠶ︖ ᠥᠩᠭᠡ ᠨᠢ ᠭᠦᠨ ᠪᠣᠯ ᠨᠠᠪᠴᠢᠨ ᠤ ᠨᠣᠭᠤᠭᠠᠨ  ᠡᠳ᠋ ᠤᠨ ᠠᠭᠤᠯᠤᠭᠳᠠᠴᠠ ᠥᠨᠳᠥᠷ ᠪᠠᠶᠢᠳᠠᠭ ᠬᠡᠵᠢ ᠦᠦ︖       ᠠᠷᠠᠢ ᠲᠡᠶᠢᠮᠦ ᠪᠢᠰᠢ ᠶᠤᠮ᠃ ᠵᠢᠮᠢᠰ ᠨᠣᠭᠤᠭ᠎ᠠ ᠶᠢᠨ ᠲᠥᠷᠥᠯ ᠪᠤᠶᠤ ᠭᠤᠸᠠ ᠶᠢᠨ ᠲᠥᠷᠥᠯ ᠤᠨ ᠢᠳᠡᠰᠢᠨ ᠨᠣᠭᠤᠭ᠎ᠠ ᠶᠢ ᠵᠥᠪᠬᠡᠨ ᠥᠩᠭᠡᠨ ᠲᠠᠯ᠎ᠠ ᠠᠴᠠ ᠨᠢ ᠦᠵᠡᠬᠦ ᠳᠤ ᠮᠠᠰᠢ ᠨᠣᠭᠤᠭᠠᠨ ᠪᠠᠶᠢᠳᠠᠭ ᠪᠤᠯᠪᠠᠴᠤ ᠲᠡᠳᠡᠭᠡᠷ ᠤᠨ ᠳᠣᠲᠣᠭᠠᠳᠤ ᠶᠢᠨ ᠨᠠᠪᠴᠢᠨ ᠤ ᠨᠣᠭᠤᠭᠠᠨ ᠡᠳ᠋ ᠤᠨ ᠠᠭᠤᠯᠤᠭᠳᠠᠴᠠ ᠨᠢ ᠨᠡᠯᠢᠶᠡᠳ ᠪᠠᠭ᠎ᠠ ᠪᠠᠶᠢᠳᠠᠭ᠂ ᠵᠢᠱᠢᠶᠡᠯᠡᠪᠡᠯ ᠥᠷᠭᠡᠰᠦᠲᠦ ᠬᠡᠮᠬᠡ᠃              1.ᠢᠳᠡᠵᠦ ᠤᠤᠭᠤᠵᠤ ᠪᠠᠶᠢᠭᠠᠳ ᠤᠯᠤᠬᠰᠠᠨ ᠬᠤᠳᠣᠭᠤᠳᠣᠨ ᠥᠮᠡᠨ              ᠴᠥᠭᠡᠨ ᠪᠤᠰᠤ ᠬᠥᠮᠦᠰ ᠬᠤᠭᠤᠯᠠ ᠢᠳᠡᠬᠦ ᠳᠡᠭᠡᠨ ᠪᠦᠷ ᠳᠠᠪᠤᠰᠤᠯᠠᠭᠰᠠᠨ ᠢᠳᠡᠰᠢᠨ ᠨᠣᠭᠤᠭ᠎ᠠ᠂ ᠮᠢᠬᠠᠨ ᠤ ᠲᠥᠷᠥᠯ᠂ᠵᠢᠭᠠᠰᠤᠨ ᠤ ᠲᠥᠷᠥᠯ᠂ ᠵᠢᠱᠢᠶᠡᠯᠡᠪᠡᠯ ᠳᠠᠪᠤᠰᠤᠯᠠᠭᠰᠠᠨ ᠨᠣᠭᠤᠭ᠎ᠠ᠂ ᠳᠠᠪᠤᠰᠤᠯᠠᠭᠰᠠᠨ ᠮᠢᠬ᠎ᠠ᠂ ᠳᠠᠪᠤᠰᠤᠯᠠᠭᠰᠠᠨ ᠵᠢᠭᠠᠰᠤ ᠵᠡᠷᠭᠡ ᠶᠢ ᠢᠳᠡᠬᠦ ᠳᠤᠷᠠᠲᠠᠶ ᠪᠠᠶᠢᠳᠠᠭ᠂ ᠭᠡᠪᠡᠴᠦ ᠳᠠᠪᠤᠰᠤᠯᠠᠭᠰᠠᠨ  ᠢᠳᠡᠭᠡᠨ ᠳᠤ ᠠᠭᠤᠯᠤᠭᠳᠠᠬᠤ ᠳᠤᠲᠠᠭᠤ ᠠᠽᠣᠲ ᠬᠦᠴᠢᠯ ᠤᠨ ᠳᠠᠪᠤᠰᠤᠨ ᠤ ᠠᠭᠤᠯᠤᠭᠳᠠᠴᠠ ᠨᠢ ᠨᠡᠯᠢᠶᠡᠳ ᠥᠨᠳᠥᠷ ᠪᠠᠶᠢᠳᠠᠭ᠂ ᠡᠶᠢᠮᠦ ᠳᠤᠲᠠᠭᠤ ᠠᠽᠣᠲ ᠬᠦᠴᠢᠯ ᠤᠨ ᠳᠠᠪᠤᠰᠤ ᠨᠢ ᠬᠦᠮᠦᠨ ᠤ ᠪᠡᠶ᠎ᠡ ᠶᠢᠨ ᠳᠣᠲᠣᠷ᠎ᠠ ᠣᠷᠳᠣ ᠬᠤᠭᠤᠴᠠᠭ᠎ᠠ ᠪᠠᠷ ᠬᠤᠷᠠᠮᠳᠤᠪᠡᠯ ᠥᠮᠡᠨ ᠤᠯᠬᠤ ᠵᠡᠷᠡᠮᠳᠡᠭ ᠪᠣᠯᠭᠠᠬᠤ ᠪᠠ ᠭᠧᠨ ᠢ ᠭᠡᠨᠡᠳᠲᠡ ᠬᠤᠪᠢᠷᠠᠭᠤᠯᠬᠤ ᠵᠡᠷᠭᠡ ᠦᠢᠯᠡᠳᠦᠯ ᠦᠵᠡᠬᠦᠯᠵᠦ ᠬᠤᠳᠣᠭᠤᠳᠣᠨ ᠥᠮᠡᠨ ᠤᠯᠤᠭᠤᠯᠳᠠᠭ᠂ ᠡᠨᠡ ᠨᠢ ᠬᠤᠳᠣᠭᠤᠳᠣᠨ ᠥᠮᠡᠨ ᠤᠯᠤᠭᠤᠯᠳᠠᠭ ︽ᠲᠦᠷᠦᠭᠦᠦ ᠶᠠᠷᠭᠠᠴᠢᠨ︾ ᠤ ᠨᠢᠭᠡ ᠪᠣᠯᠤᠨ᠎ᠠ᠃              2.ᠬᠤᠳᠣᠭᠤᠳᠣᠨ ᠥᠮᠡᠨ ᠢ ᠰᠡᠷᠭᠡᠶᠢᠯᠡᠬᠦ ᠳᠤ᠂ ᠰᠣᠩᠭᠢᠨ᠎ᠠ ᠶᠢᠨ ᠲᠥᠷᠥᠯ ᠤᠨ ᠢᠳᠡᠰᠢᠨ  ᠨᠣᠭᠤᠭ᠎ᠠ ᠢᠳᠡᠬᠦ ᠭᠡᠷᠡᠭᠳᠡᠢ              ᠰᠣᠩᠭᠢᠨ᠎ᠠ ᠶᠢᠨ ᠲᠥᠷᠥᠯ ᠤᠨ ᠢᠳᠡᠰᠢᠨ ᠨᠣᠭᠤᠭ᠎ᠠ ᠶᠢ ᠦᠷᠭᠦᠯᠵᠢ ᠢᠳᠡᠪᠡᠯ ᠬᠤᠳᠣᠭᠤᠳᠣᠨ  ᠥᠮᠡᠨ ᠤ ᠡᠭᠦᠰᠬᠦ ᠨᠣᠷᠮ᠎ᠠ ᠨᠢ ᠲᠡᠳᠦᠶ ᠳᠤᠤᠷ᠎ᠠ ᠪᠤᠯᠭᠠᠳᠠᠭ᠃ ᠰᠤᠳᠤᠯᠭᠠᠨ ᠠᠴᠠ ᠦᠵᠡᠪᠡᠯ᠂  ᠰᠣᠩᠭᠢᠨ᠎ᠠ ᠶᠢᠨ ᠲᠥᠷᠥᠯ ᠤᠨ ᠢᠳᠡᠰᠢᠨ ᠨᠣᠭᠤᠭ᠎ᠠ ᠳᠤ ᠰᠢᠷ᠎ᠠ ᠺᠧᠲ᠋ᠣᠨ(黄酮)᠂ ᠣᠷᠭᠠᠨᠢᠭ ᠬᠦᠬᠦᠷᠲᠦ ᠨᠢᠭᠡᠳᠪᠦᠷᠢ(有机硫化物)ᠵᠡᠷᠭᠡ ᠶᠢ ᠪᠠᠭᠲᠠᠭᠠᠭᠰᠠᠨ ᠮᠠᠰᠢ ᠣᠯᠠᠨ ᠣᠷᠭᠠᠨᠢᠭ ᠪᠣᠳᠠᠰ ᠪᠠᠶᠢᠳᠠᠭ᠂ ᠡᠲᠡᠭᠡᠷ ᠣᠷᠭᠠᠨᠢᠭ ᠪᠣᠳᠠᠰ ᠤᠨ ᠲᠣᠰ ᠪᠡᠶ᠎ᠡ ᠨᠢ ᠥᠮᠡᠨ ᠢ ᠰᠢᠭᠤᠳ ᠬᠤᠷᠢᠭᠯᠠᠬᠤ ᠦᠢᠯᠡᠳᠦᠯ ᠲᠠᠢ ᠶᠤᠮ᠃              3.ᠰᠣᠩᠭᠢᠨ᠎ᠠ ᠶᠢᠨ ᠲᠥᠷᠥᠯ ᠤᠨ ᠢᠳᠡᠰᠢᠨ ᠨᠣᠭᠤᠭ᠎ᠠ ᠭᠡᠳᠡᠭ ᠨᠢ ᠶᠠᠮᠠᠷ ᠶᠠᠮᠠᠷ ᠨᠣᠭᠤᠭ᠎ᠠ ᠶᠢ  ᠵᠢᠭᠠᠵᠤ ᠪᠠᠶᠢᠬᠤ ᠪᠤᠢ︖               ᠪᠥᠭᠡᠷᠡᠩᠬᠡᠶ ᠰᠣᠩᠭᠢᠨ᠎ᠠ᠂ ᠰᠣᠩᠭᠢᠨ᠎ᠠ᠂ ᠠᠮᠳᠠᠳᠤ ᠰᠣᠩᠭᠢᠨ᠎ᠠ᠂ ᠰᠠᠷᠢᠮᠰᠠᠭ᠂ ᠭᠤᠭᠤᠳ ᠵᠡᠷᠭᠡ ᠨᠢ ᠪᠦᠷ ᠰᠣᠩᠭᠢᠨ᠎ᠠ ᠶᠢᠨ ᠲᠥᠷᠥᠯ ᠳᠤ ᠪᠠᠭᠲᠠᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号