ᠤᠳᠠ ᠲᠣᠭᠤᠷᠢᠭ ᠤᠨ ᠪᠠᠭᠠᠴᠤᠳ ᠤᠨ ᠬᠤᠰᠢᠭᠤᠴᠢ ᠠᠩᠭᠢ ᠶᠢᠨ ᠲᠡᠮᠳᠡᠭ ᠢᠯᠡᠷᠬᠡᠶᠢᠯᠡᠯ ᠤᠨ | ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠯᠠᠭᠠᠨ ᠪᠦᠴᠡ᠂ ᠠᠩᠭᠢ ᠶᠢᠨ ᠰᠦᠯᠳᠡ ᠵᠡᠷᠭᠡ | ᠪᠠᠭᠠᠴᠤᠳ ᠤᠨ ᠬᠤᠰᠢᠭᠤᠴᠢ ᠠᠩᠭᠢ ᠶᠢᠨ ᠲᠡᠮᠳᠡᠭ ᠪᠣᠷᠣᠯᠠᠭᠤᠯᠬᠤ ᠪᠠ ᠬᠡᠷᠡᠭᠯᠡᠬᠦ ᠶᠢ ᠵᠢᠷᠤᠮᠵᠢᠭᠤᠯᠵᠤ᠂ | ᠪᠠᠭᠠᠴᠤᠳ ᠤᠨ ᠬᠤᠰᠢᠭᠤᠴᠢ ᠠᠩᠭᠢ ᠪᠠ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠤ ᠳᠦᠷᠢ | ᠲᠥᠷᠬᠦ ᠶᠢ ᠬᠠᠮᠠᠭᠠᠯᠠᠬᠤ ᠶᠢᠨ ᠲᠥᠯᠥᠭᠡ᠂ 11 ᠰᠠᠷ᠎ᠠ ᠶᠢᠨ 20 ᠤ ᠡᠳᠦᠷ᠂ ᠡᠪᠯᠡᠯ ᠤᠨ ᠬᠤᠷᠢᠶ᠎ᠠ᠂ ᠲᠣᠭᠤᠷᠢᠭ ᠤᠨ | ᠰᠤᠷᠭᠠᠨ ᠬᠥᠮᠦᠵᠢᠯ ᠤᠨ ᠲᠣᠪᠴᠢᠶ᠎ᠠ ᠲᠤᠭᠤᠷᠢᠭ ᠤᠨ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ | ᠬᠠᠮᠲᠤᠷᠠᠨ ᠪᠥᠬᠦ ᠲᠤᠭᠤᠷᠢᠭ ᠤᠨ ᠬᠡᠪᠴᠢᠶᠡᠨ ᠳᠤ ᠤᠯᠠᠭᠠᠨ ᠪᠦᠴᠡ ᠵᠡᠷᠭᠡ ᠪᠠᠭᠠᠴᠤᠳ ᠤᠨ ᠬᠤᠰᠢᠭᠤᠴᠢ | ᠠᠩᠭᠢ ᠶᠢᠨ ᠲᠡᠮᠳᠡᠭ ᠢᠯᠡᠷᠬᠡᠶᠢᠯᠡᠯ ᠤᠨ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃ | ᠲᠣᠰ ᠤᠳᠠᠭ᠎ᠠ ᠤᠯᠠᠭᠠᠨ ᠪᠦᠴᠡ᠂ ᠠᠩᠭᠢ ᠶᠢᠨ ᠰᠦᠯᠳᠡ᠂ ᠠᠩᠭᠢ ᠶᠢᠨ ᠨᠠᠮ ᠤᠨ ᠬᠤᠷᠢᠶ᠎ᠠ ︵ᠳᠠᠷᠤᠭ᠎ᠠ︶ ᠶᠢᠨ | ᠲᠡᠮᠳᠡᠭ ᠵᠡᠷᠭᠡ ᠪᠠᠭᠠᠴᠤᠳ ᠤᠨ ᠬᠤᠰᠢᠭᠤᠴᠢ ᠠᠩᠭᠢ ᠶᠢᠨ ᠲᠡᠮᠳᠡᠭ ᠵᠢᠷᠤᠮᠵᠢᠯ ᠤᠨ ᠴᠢᠨᠠᠷᠲᠠᠶ ᠪᠠ | ᠬᠤᠳᠠᠯᠳᠤᠭᠠᠴᠢᠯᠠᠭᠰᠠᠨ ᠬᠡᠷᠡᠭᠯᠡᠯᠲᠡ ᠶᠢᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠤ᠂ ᠬᠤᠳᠠᠯᠳᠤᠭᠠᠴᠢᠳ ᠲᠤ | ᠪᠠᠭᠠᠴᠤᠳ ᠤᠨ ᠬᠤᠰᠢᠭᠤᠴᠢ ᠠᠩᠭᠢ ᠶᠢᠨ ᠲᠡᠮᠳᠡᠭ ᠢᠯᠡᠷᠬᠡᠶᠢᠯᠡᠯ ᠤᠨ ᠦᠨᠳᠦᠰᠦᠨ ᠮᠡᠳᠡᠯᠭᠡ᠂ ᠪᠡᠯᠭᠡᠳᠡᠯ ᠤᠨ | ᠠᠭᠤᠯᠭ᠎ᠠ᠂ ᠬᠡᠷᠡᠭᠯᠡᠯᠲᠡ ᠶᠢᠨ ᠵᠢᠷᠤᠮᠵᠢᠯ ᠵᠡᠷᠭᠡ ᠠᠭᠤᠯᠭ᠎ᠠ ᠶᠢ ᠤᠬᠠᠭᠤᠯᠤᠨ ᠲᠦᠭᠡᠮᠡᠯᠵᠢᠭᠦᠯᠵᠦ᠂ ᠬᠤᠳᠠᠯᠳᠤᠭᠠᠴᠢᠳ ᠢ | ᠬᠥᠲᠥᠯᠦᠨ ᠵᠢᠯᠣᠭᠤᠳᠴᠤ ᠪᠠᠶᠢᠭᠠᠳ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ | ᠵᠢᠷᠤᠮᠯᠠᠭᠤᠯᠵᠤ᠂ ᠪᠠᠷᠢᠮᠵᠢᠶ᠎ᠠ ᠶᠢᠨ ᠪᠠᠭᠠᠴᠤᠳ ᠤᠨ ᠬᠤᠰᠢᠭᠤᠴᠢ ᠠᠩᠭᠢ ᠶᠢᠨ ᠲᠡᠮᠳᠡᠭ ᠲᠡᠮᠳᠡᠭ ᠢ ᠣᠨᠣᠪᠴᠢᠲᠠᠶ | ᠢᠯᠭᠠᠨ ᠲᠠᠨᠢᠵᠤ᠂ ᠬᠠᠮᠢᠶ᠎ᠠ ᠪᠥᠬᠦᠶ ᠪᠠᠷᠢᠮᠵᠢᠶ᠎ᠠ ᠳᠤ ᠨᠡᠶᠢᠴᠡᠬᠦ ᠥᠬᠡᠶ ᠦᠶ᠋ᠯᠡᠳᠬᠦᠨ ᠢ ᠪᠣᠷᠣᠯᠠᠭᠤᠯᠬᠤ ᠶᠢ ᠲᠠᠰᠤ | ᠵᠣᠭᠰᠣᠭᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠳᠠᠶᠢᠴᠢᠯᠠᠨ ᠪᠠᠭᠠᠴᠤᠳ ᠤᠨ ᠬᠤᠰᠢᠭᠤᠴᠢ ᠠᠩᠭᠢ ᠶᠢᠨ | ᠲᠡᠮᠳᠡᠭ ᠢᠯᠡᠷᠬᠡᠶᠢᠯᠡᠯ ᠨᠢ ᠵᠢᠷᠤᠮᠵᠢᠯ ᠲᠠᠢ ᠬᠠᠮᠠᠭᠠᠯᠠᠬᠤ ᠠᠵᠢᠯᠯᠠᠭ᠎ᠠ ᠳᠤ ᠢᠳᠡᠪᠬᠢᠲᠡᠶ ᠥᠷᠭᠡᠨ ᠢᠶᠠᠷ ᠣᠷᠣᠯᠴᠠᠭᠤᠯᠪᠠ᠃ | | ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠦᠷᠭᠦᠯᠵᠢᠯᠡᠨ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠠᠭᠠᠴᠤᠳ ᠤᠨ ᠬᠤᠰᠢᠭᠤᠴᠢ ᠠᠩᠭᠢ ᠶᠢᠨ ᠪᠡᠯᠭᠡ ᠲᠡᠮᠳᠡᠭ | ᠵᠡᠷᠭᠡ ᠬᠠᠮᠢᠶ᠎ᠠ ᠪᠥᠬᠦᠶ ᠲᠦᠷᠢᠮ ᠤᠨ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ ᠲᠣᠭᠲᠠᠭᠰᠠᠨ | ᠬᠤᠭᠤᠴᠠᠭᠠᠨ ᠳᠤ ᠵᠣᠬᠢᠶᠠᠨ ᠪᠠᠶᠢᠭᠤᠯᠤᠨ ᠵᠢᠭᠰᠠᠭᠠᠨ ᠪᠠᠶᠢᠴᠠᠭᠠᠵᠤ᠂ ᠡᠯ᠎ᠡ ᠰᠤᠷᠭᠠᠭᠤᠯᠢ ᠶᠢ ᠵᠢᠯᠣᠭᠤᠳᠤᠨ | ᠥᠪᠡᠷ ᠢ ᠪᠠᠨ ᠪᠠᠶᠢᠴᠠᠭᠠᠵᠤ᠂ ᠬᠠᠭᠤᠷᠮᠠᠭ ᠮᠠᠭᠤ᠂ ᠵᠢᠷᠤᠮᠵᠢᠯ ᠥᠬᠡᠶ ᠦᠢᠯᠡᠳᠬᠦᠨ ᠢ ᠲᠠᠰᠤ ᠵᠣᠭᠰᠣᠭᠠᠵᠤ᠂ | ᠪᠠᠭᠠᠴᠤᠳ ᠤᠨ ᠬᠤᠰᠢᠭᠤᠴᠢ ᠠᠩᠭᠢ ᠶᠢᠨ ᠠᠵᠢᠯ ᠤᠨ ᠵᠢᠷᠤᠮᠵᠢᠭᠰᠠᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠥᠬᠦ | ᠲᠤᠭᠤᠷᠢᠭ ᠤᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠲᠤ ᠰᠠᠶᠢᠨ ᠰᠠᠶᠢᠬᠠᠨ ᠪᠥᠭᠡᠳ ᠡᠷᠡᠭᠦᠯ ᠢᠶᠠᠷ | ᠦᠰᠦᠨ ᠪᠤᠶᠢᠵᠢᠬᠤ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃ | |