ᠤᠳᠠ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠵᠢᠭᠤᠯᠴᠢᠯᠠᠯ ᠤᠨ ᠠᠵᠢᠯ ᠲᠥᠷᠥᠯ ᠤᠨ ᠦᠨᠡᠨᠴᠢ ᠢᠲᠡᠭᠡᠮᠵᠢ ᠶᠢ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠲᠥᠰᠦᠯ
ᠨᠡᠶᠢᠲᠡᠯᠡᠭᠰᠡᠨ ᠴᠠᠭ᠄
2024/11/29
ᠤᠳᠠ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠵᠢᠭᠤᠯᠴᠢᠯᠠᠯ ᠤᠨ ᠠᠵᠢᠯ ᠲᠥᠷᠥᠯ ᠤᠨ ᠦᠨᠡᠨᠴᠢ ᠢᠲᠡᠭᠡᠮᠵᠢ ᠶᠢ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠲᠥᠰᠦᠯᠨᠢᠭᠡ᠂ ᠵᠢᠯᠣᠭᠤᠳᠬᠤ ᠦᠵᠡᠯ ᠰᠠᠨᠠᠭ᠎ᠠ      ᠤᠳᠠ ᠲᠣᠭᠤᠷᠢᠭ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠢᠲᠡᠭᠡᠮᠵᠢ ᠪᠠᠷ ᠰᠠᠭᠤᠷᠢ ᠪᠣᠯᠭᠠᠭᠰᠠᠨ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠬᠢᠨᠠᠨ ᠬᠠᠮᠢᠶᠠᠷᠬᠤ ᠡᠲᠡᠭᠡᠳ ᠲᠤ ᠲᠠᠰ ᠬᠤᠪᠢᠶᠠᠨ ᠲᠥᠷᠥᠯ ᠬᠤᠪᠢᠶᠠᠵᠤ᠂ ᠢᠲᠡᠭᠡᠮᠵᠢ ᠶᠢᠨ ᠲᠠᠰ ᠤᠨ ᠥᠨᠳᠥᠷ ᠳᠣᠤᠷ᠎ᠠ ᠶᠢ ᠦᠨᠳᠦᠰᠦᠯᠡᠨ ᠵᠦᠷᠢᠶᠡᠴᠢᠯᠡᠭᠰᠡᠨ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠠᠪᠤᠨ᠎ᠠ᠃ᠬᠤᠶᠠᠷ᠂ ᠠᠵᠢᠯ ᠤᠨ ᠭᠤᠣᠯᠳᠠᠯᠭ᠎ᠠ      ︵ᠨᠢᠭᠡ︶ ᠪᠣᠳᠠᠲᠤ ᠪᠠᠶᠢᠳᠠᠯ ᠳᠤ ᠲᠦᠰᠢᠭᠯᠡᠬᠦ    ᠵᠠᠬ᠎ᠠ ᠳᠡᠯᠭᠡᠭᠦᠷ ᠤᠨ ᠭᠤᠤᠯ ᠴᠣᠭᠴᠠ ᠵᠢᠴᠢ ᠲᠡᠭᠦᠨ ᠤ ᠠᠵᠢᠯ ᠡᠷᠭᠢᠯᠡᠭᠰᠡᠳ ᠤᠨ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠳᠤ ᠰᠠᠭᠤᠷᠢᠯᠠᠨ᠂ ᠲᠠᠰ ᠬᠤᠪᠢᠶᠠᠭᠰᠠᠨ᠂ ᠵᠦᠷᠢᠶᠡᠴᠢᠯᠡᠭᠰᠡᠨ ᠬᠠᠮᠢᠶᠠᠷᠤᠯᠲᠠ ᠶᠢᠨ ᠦᠢᠯᠡᠴᠢᠯᠡᠭᠡ ᠶᠢ ᠬᠡᠷᠡᠭᠵᠢᠭᠦᠯᠦᠨ᠎ᠡ᠃ ᠬᠠᠮᠢᠶᠠᠷᠤᠯᠲᠠ ᠦᠢᠯᠡᠴᠢᠯᠡᠭᠡᠨ ᠤ ᠠᠷᠭ᠎ᠠ ᠬᠡᠮᠵᠢᠶ᠎ᠡ ᠳᠤ ᠬᠢᠨᠠᠯᠲᠠ ᠲᠠᠯᠪᠢᠬᠤ᠂ ᠤᠷᠮᠠᠰᠢᠭᠤᠯᠬᠤ᠂ ᠬᠢᠵᠠᠭᠠᠷᠯᠠᠬᠤ᠂ ᠵᠠᠯᠬᠠᠭᠠᠨ ᠴᠡᠭᠡᠷᠯᠡᠭᠦᠯᠬᠦ ᠵᠡᠷᠭᠡ᠃      ︵ᠬᠤᠶᠠᠷ︶ ᠢᠲᠡᠭᠡᠮᠵᠢ ᠶᠢᠨ ᠳᠡᠰ ᠵᠡᠷᠭᠡ ᠶᠢ ᠲᠤᠳᠤᠷᠬᠠᠶᠢᠯᠠᠬᠤ      ᠢᠲᠡᠭᠡᠮᠵᠢ ᠶᠢᠨ ᠪᠠᠶᠢᠳᠠᠯ ᠢᠶᠠᠷ ᠨᠡᠯᠢᠶᠡᠳ ᠰᠠᠶᠢᠨ᠂ ᠲᠦᠭᠰᠢᠭᠦᠷᠢ ᠪᠠᠷ ᠨᠡᠯᠢᠶᠡᠳ ᠳᠣᠤᠷ᠎ᠠ ᠵᠠᠬ᠎ᠠ ᠳᠡᠯᠭᠡᠭᠦᠷ ᠤᠨ ᠭᠤᠤᠯ ᠴᠣᠭᠴᠠ ᠵᠢᠴᠢ ᠲᠡᠭᠦᠨ ᠤ ᠠᠵᠢᠯ ᠡᠷᠭᠢᠯᠡᠭᠰᠡᠳ ᠲᠤ ᠬᠢᠨᠠᠯᠲᠠ ᠲᠠᠯᠪᠢᠵᠤ ᠪᠠᠶᠢᠴᠠᠭᠠᠬᠤ ᠬᠠᠷᠢᠴᠠᠯ ᠪᠠ ᠳᠠᠪᠲᠠᠮᠵᠢ ᠤᠳᠠᠭ᠎ᠠ ᠶᠢ ᠪᠠᠭᠤᠷᠠᠭᠤᠯᠤᠨ᠎ᠠ︔ ᠢᠲᠡᠭᠡᠮᠵᠢ ᠶᠢᠨ ᠪᠠᠶᠢᠳᠠᠯ ᠮᠠᠭᠤ᠂ ᠲᠦᠭᠰᠢᠭᠦᠷᠢ ᠪᠠᠷ ᠨᠡᠯᠢᠶᠡᠳ ᠥᠨᠳᠥᠷ ᠵᠠᠬ᠎ᠠ ᠳᠡᠯᠭᠡᠭᠦᠷ ᠤᠨ ᠭᠤᠤᠯ ᠴᠣᠭᠴᠠ ᠵᠢᠴᠢ ᠲᠡᠭᠦᠨ ᠤ ᠠᠵᠢᠯ ᠡᠷᠭᠢᠯᠡᠭᠰᠡᠳ ᠲᠤ ᠬᠢᠨᠠᠯᠲᠠ ᠲᠠᠯᠪᠢᠵᠤ ᠪᠠᠶᠢᠴᠠᠭᠠᠬᠤ ᠬᠠᠷᠢᠴᠠᠯ ᠪᠠ ᠳᠠᠪᠲᠠᠮᠵᠢ ᠤᠳᠠᠭ᠎ᠠ ᠶᠢ ᠳᠡᠭᠡᠭᠰᠢᠯᠡᠭᠦᠯᠦᠨ᠎ᠡ᠃      ︵ᠭᠤᠷᠪᠠ︶ ᠱᠠᠲᠤ ᠬᠤᠪᠢᠶᠠᠨ ᠬᠠᠮᠢᠶᠠᠷᠬᠤ ᠶᠢ ᠴᠢᠩᠳᠠᠯᠠᠨ᠎ᠠ      ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ A᠂ B᠂ C᠂ D ᠳᠡᠰ ᠤᠨ ᠲᠠᠰ ᠣᠯᠭᠤᠨ᠎ᠠ᠃      ᠨᠢᠭᠡ ᠳᠤ᠂ ᠢᠲᠡᠭᠡᠮᠵᠢ ᠶᠢ A ᠲᠠᠰ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠤᠷᠮᠠᠰᠢᠭᠤᠯᠬᠤ ᠠᠷᠭ᠎ᠠ ᠬᠡᠮᠵᠢᠶ᠎ᠡ᠄      1.ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠵᠠᠰᠠᠭ ᠵᠠᠬᠢᠷᠭᠠᠨ ᠤ ᠵᠥᠪᠰᠢᠶᠡᠷᠡᠯ᠂ ᠬᠢᠨᠠᠨ ᠵᠥᠪᠰᠢᠶᠡᠷᠡᠬᠦ ᠵᠦᠢᠯᠡᠰ ᠢ ᠭᠦᠢᠴᠡᠳᠬᠡᠬᠦ ᠦᠶ᠎ᠡ ᠳᠤ ᠢᠲᠡᠭᠡᠮᠵᠢ ᠪᠠᠷ ᠠᠮᠠᠯᠠᠬᠤ ᠶᠢ ᠬᠡᠷᠡᠭᠵᠢᠭᠦᠯᠵᠦ᠂ ᠳᠥᠭᠦᠮ ᠳᠥᠲᠡ ᠦᠢᠯᠡᠴᠢᠯᠡᠭᠡ ᠬᠠᠩᠭᠠᠨ᠂ ᠤᠷᠢᠳ ᠢᠶᠠᠷ ᠭᠦᠢᠴᠡᠳᠬᠡᠨ᠎ᠡ︔      2.ᠢᠲᠡᠭᠡᠮᠵᠢ ᠳᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠬᠡᠷᠡᠭᠯᠡᠯᠲᠡ ᠳᠤ᠂ ᠤᠷᠢᠳᠠᠪᠠᠷ ᠲᠠᠨᠢᠯᠴᠠᠭᠤᠯᠤᠨ᠎ᠠ︔      3᠂ ᠤᠳᠠ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠲᠠᠪᠴᠠᠩ ᠢ ᠠᠰᠢᠭᠯᠠᠨ᠂ ᠨᠡᠶᠢᠲᠡᠯᠢᠭ ᠬᠡᠯᠪᠡᠷᠢ ᠶᠢᠨ ᠤᠬᠠᠭᠤᠯᠭ᠎ᠠ ᠪᠠ ᠠᠵᠢᠯ ᠲᠥᠷᠥᠯ ᠤᠨ ᠵᠢᠱᠢᠶ᠎ᠡ ᠦᠵᠡᠭᠦᠯᠬᠦ ᠠᠵᠢᠯᠯᠠᠭ᠎ᠠ ᠶᠢ ᠥᠷᠨᠢᠭᠦᠯᠦᠨ᠎ᠡ︔      4. ᠲᠥᠷᠥ ᠶᠢᠨ ᠪᠠᠶᠢᠭᠤᠯᠭ᠎ᠠ᠂ ᠠᠷᠠᠳ ᠤᠨ ᠪᠦᠯᠬᠦᠮ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠢᠯᠢᠳᠡᠭ ᠢ ᠰᠢᠯᠭᠠᠷᠠᠭᠤᠯᠤᠨ ᠱᠠᠩᠨᠠᠬᠤ ᠪᠤᠶᠤ ᠳᠡᠯᠭᠡᠨ ᠲᠠᠨᠢᠯᠴᠠᠭᠤᠯᠬᠤ ᠠᠵᠢᠯᠯᠠᠭ᠎ᠠ ᠳᠤ ᠤᠷᠢᠳᠠᠪᠠᠷ ᠲᠠᠨᠢᠯᠴᠠᠭᠤᠯᠤᠨ᠎ᠠ︔      5.ᠤᠯᠤᠰ ᠪᠣᠯᠤᠨ ᠮᠤᠵᠢ ᠶᠢᠨ ᠳᠣᠲᠣᠷ᠎ᠠ ᠲᠣᠭᠲᠠᠭᠠᠭᠰᠠᠨ ᠪᠤᠰᠤᠳ ᠤᠷᠮᠠᠰᠢᠭᠤᠯᠬᠤ ᠠᠷᠭ᠎ᠠ ᠬᠡᠮᠵᠢᠶ᠎ᠡ︔      ᠬᠤᠶᠠᠷ ᠲᠤ᠂ ᠦᠨᠡᠯᠡᠯᠲᠡ ᠶᠢᠨ ᠳᠡᠰ ᠨᠢ C ᠪᠤᠶᠤ D ᠪᠠᠶᠢᠪᠠᠯ᠂ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠤᠨ᠎ᠠ᠄      1.ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠵᠠᠰᠠᠭ ᠵᠠᠬᠢᠷᠭᠠᠨ ᠤ ᠵᠥᠪᠰᠢᠶᠡᠷᠡᠯ ᠠᠪᠬᠤ ᠭᠤᠶᠤᠴᠢᠯᠠᠯ ᠤᠨ ᠵᠦᠢᠯᠡᠰ ᠢ ᠴᠢᠩᠭ᠎ᠠ ᠬᠢᠨᠠᠨ ᠪᠠᠶᠢᠴᠠᠭᠠᠵᠤ᠂ ᠬᠤᠯᠪᠣᠭᠳᠠᠬᠤ ᠳᠥᠭᠦᠮ ᠳᠥᠲᠡ ᠶᠢ ᠬᠢᠵᠠᠭᠠᠷᠯᠠᠨ᠎ᠠ︔      2.ᠫᠣᠷᠲ᠋ᠧᠯ ᠰᠦᠯᠵᠢᠶ᠎ᠡ ᠵᠡᠷᠭᠡ ᠲᠠᠪᠴᠠᠩ ᠢ ᠠᠰᠢᠭᠯᠠᠨ᠂ ᠢᠲᠡᠭᠡᠮᠵᠢ ᠶᠢᠨ ᠤᠷᠢᠳᠴᠢᠯᠠᠨ ᠰᠡᠷᠡᠮᠵᠢᠯᠡᠭᠦᠯᠵᠦ ᠢᠯᠡ ᠨᠡᠶᠢᠲᠡᠯᠡᠨ᠎ᠡ︔      3᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠭᠰᠠᠨ ᠬᠥᠬᠢᠭᠦᠯᠦᠨ ᠱᠠᠩᠨᠠᠬᠤ ᠠᠵᠢᠯᠯᠠᠭ᠎ᠠ ᠶᠢ ᠵᠣᠬᠢᠬᠤ ᠬᠤᠭᠤᠴᠠᠭᠠᠨ ᠳᠣᠲᠣᠷ᠎ᠠ ᠰᠢᠯᠭᠠᠷᠠᠭᠤᠯᠤᠯᠲᠠ ᠳᠤ ᠣᠷᠣᠯᠴᠠᠬᠤ ᠬᠢᠷᠢ ᠬᠡᠮ ᠢ ᠨᠢ ᠬᠦᠴᠦᠨ ᠦᠭᠡᠢ ᠪᠣᠯᠭᠠᠬᠤ ᠪᠤᠶᠤ ᠲᠠᠨᠢᠯᠴᠠᠭᠤᠯᠬᠤ ᠦᠭᠡᠢ᠂ ᠪᠤᠰᠤᠳ ᠰᠢᠯᠢᠳᠡᠭ ᠱᠠᠩᠨᠠᠯ ᠰᠢᠯᠭᠠᠷᠠᠭᠤᠯᠬᠤ ᠪᠤᠶᠤ ᠦᠵᠡᠰᠬᠦᠯᠡᠩ ᠲᠠᠨᠢᠯᠴᠠᠭᠤᠯᠬᠤ ᠠᠵᠢᠯᠯᠠᠭ᠎ᠠ ᠶᠢ ᠲᠦᠷ ᠬᠤᠶᠢᠰᠢᠯᠠᠭᠤᠯᠤᠨ᠎ᠠ︔      4.ᠢᠲᠡᠭᠡᠯ ᠠᠯᠳᠠᠭᠰᠠᠨ ᠮᠡᠳᠡᠭᠡ ᠵᠠᠩᠭᠢ ᠶᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠦᠷᠭᠡᠵᠦ᠂ ᠲᠡᠭᠦᠨ ᠢ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠮᠢᠶᠠᠷᠤᠯᠲᠠ᠂ ᠨᠡᠶᠢᠲᠡ ᠪᠠᠷ ᠢᠶᠠᠨ ᠦᠢᠯᠡᠴᠢᠯᠡᠬᠦ ᠵᠡᠷᠭᠡ ᠠᠵᠢᠯᠯᠠᠭ᠎ᠠ ᠳᠤ ᠯᠠᠪᠯᠠᠯᠲᠠ ᠪᠣᠯᠭᠠᠨ ᠬᠡᠷᠡᠭᠯᠡᠭᠦᠯᠦᠨ᠎ᠡ︔      5.ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠬᠠᠮᠢᠶᠠᠷᠤᠯᠲᠠ ᠶᠢᠨ ᠠᠷᠭ᠎ᠠ ᠬᠡᠮᠵᠢᠶ᠎ᠡ︔ᠭᠤᠷᠪᠠ᠂ ᠡᠷᠬᠡ ᠠᠰᠢᠭ ᠤᠨ ᠬᠠᠮᠠᠭᠠᠯᠠᠯᠲᠠ      ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠵᠢᠴᠢ ᠲᠡᠭᠦᠨ ᠤ ᠠᠵᠢᠯ ᠡᠷᠭᠢᠯᠡᠭᠰᠡᠳ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠰᠠᠨᠠᠭᠠᠴᠢᠯᠠᠭ᠎ᠠ ᠠᠴᠠ ᠪᠠᠨ ᠵᠠᠯᠠᠷᠠᠭᠤᠯᠵᠤ᠂ ᠮᠠᠭᠤ ᠨᠥᠯᠥᠭᠡ ᠶᠢ ᠠᠷᠢᠯᠭᠠᠭᠰᠠᠨ ᠤ ᠳᠠᠷᠠᠭ᠎ᠠ᠂ ᠲᠤᠭᠤᠷᠢᠭ ᠤᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠠᠴᠠ ᠢᠲᠡᠭᠡᠮᠵᠢ ᠶᠢ ᠰᠡᠷᠭᠦᠭᠡᠬᠦ ᠪᠠᠷ ᠭᠤᠶᠤᠴᠢᠯᠠᠵᠤ ᠪᠣᠯᠣᠨ᠎ᠠ︔      ᠭᠡᠷᠡᠴᠢ ᠮᠠᠲ᠋ᠧᠷᠢᠶᠠᠯ ᠲᠤᠰᠢᠶᠠᠬᠤ ᠬᠡᠷᠡᠭᠲᠡᠢ᠃ ᠬᠢᠨᠠᠨ ᠪᠠᠶᠢᠴᠠᠭᠠᠭᠠᠳ ᠢᠲᠡᠭᠡᠮᠵᠢ ᠶᠢ ᠰᠡᠷᠭᠦᠭᠡᠬᠦ ᠨᠥᠬᠦᠴᠡᠯ ᠳᠤ ᠨᠡᠶᠢᠴᠡᠵᠦ ᠪᠠᠶᠢᠪᠠᠯ᠂ ᠬᠤᠯᠪᠣᠭᠳᠠᠯ ᠪᠦᠬᠦᠢ ᠶᠣᠰᠣᠭᠠᠷ ᠢᠲᠡᠭᠡᠮᠵᠢ ᠶᠢ ᠨᠢ ᠰᠡᠷᠭᠦᠭᠡᠬᠦ ᠶᠢ ᠪᠡᠶᠡᠯᠡᠭᠦᠯᠦᠭᠰᠡᠨ ᠤ ᠳᠠᠷᠠᠭ᠎ᠠ᠂ ᠲᠡᠭᠦᠨ ᠤ ᠢᠲᠡᠭᠡᠮᠵᠢ ᠶᠢᠨ ᠬᠤᠪᠢ ᠪᠠ ᠢᠲᠡᠭᠡᠮᠵᠢ ᠶᠢᠨ ᠵᠡᠷᠭᠡ ᠳᠡᠰ ᠢ ᠳᠠᠬᠢᠨ ᠪᠣᠳᠣᠵᠤ ᠪᠣᠯᠤᠨ᠎ᠠ᠃                          ᠤᠳᠠ ᠲᠤᠭᠤᠷᠢᠭ ᠤᠨ ᠰᠤᠶᠤᠯ ᠵᠤᠭᠠᠴᠠᠯ ᠪᠡᠶ᠎ᠡ ᠲᠠᠮᠢᠷ ᠤᠨ ᠲᠤᠪᠴᠢᠶ᠎ᠠ                                       2024 ᠣᠨ ᠤ 1 ᠰᠠᠷ᠎ᠠ ᠶᠢᠨ 22 ᠤᠨ ᠡᠳᠦᠷ
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号