ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠰᠠᠭᠤᠳᠠᠯ ᠡᠭᠦᠰᠬᠦ ᠶᠢ ᠰᠡᠷᠭᠡᠶᠢᠯᠡᠬᠦ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ
ᠨᠡᠶᠢᠲᠡᠯᠡᠭᠰᠡᠨ ᠴᠠᠭ᠄
2024/11/29
ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠰᠠᠭᠤᠳᠠᠯ ᠡᠭᠦᠰᠬᠦ ᠶᠢ ᠰᠡᠷᠭᠡᠶᠢᠯᠡᠬᠦ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ      ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠰᠠᠭᠤᠳᠠᠯ ᠭᠠᠷᠬᠤ ᠶᠢ ᠰᠡᠷᠭᠡᠶᠢᠯᠡᠬᠦ ᠶᠢᠨ ᠲᠥᠯᠥᠭᠡ᠂ ᠣᠨᠴᠣᠭᠤᠶᠢᠯᠠᠨ ᠤᠷᠲᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠰᠤᠳᠤᠯᠤᠨ ᠲᠣᠭᠲᠠᠭᠠᠪᠠ᠃ ᠪᠣᠳᠠᠲᠠᠶ ᠠᠭᠤᠯᠭ᠎ᠠ ᠨᠢ ᠳᠣᠤᠷᠠᠬᠢ ᠮᠡᠲᠦ᠃ᠨᠢᠭᠡ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠰᠡᠷᠭᠡᠶᠢᠯᠡᠯᠲᠡ ᠶᠢ ᠴᠢᠩᠭᠠᠳᠬᠠᠨ᠎ᠠ      ︵ᠨᠢᠭᠡ︶ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ      ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠯ᠎ᠡ ᠵᠦᠢᠯ ᠤᠨ ᠠᠮᠤᠷ ᠲᠦᠪᠰᠢᠨ ᠦᠢᠯᠡᠳᠪᠦᠷᠢᠯᠡᠯ ᠤᠨ ᠪᠠᠶᠢᠳᠠᠯ ᠵᠢᠴᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠲᠦᠭᠰᠢᠭᠦᠷᠢ ᠶᠢ ᠴᠠᠭ ᠲᠤᠬᠠᠶ ᠳᠤᠨᠢ ᠣᠯᠵᠤ ᠮᠡᠳᠡᠬᠦ ᠪᠠ ᠳᠠᠯᠳᠠ ᠭᠡᠮ ᠢ ᠰᠢᠢᠳᠪᠦᠷᠢᠯᠡᠵᠦ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ ᠶᠢ ᠱᠠᠭᠠᠷᠳᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠳᠠᠭᠠᠵᠤ ᠠᠮᠵᠢᠭᠰᠠᠨ ᠪᠠᠶᠢᠨ᠎ᠠ᠃    ᠰᠣᠶᠣᠯ ᠪᠠ ᠵᠢᠭᠤᠯᠴᠢᠯᠠᠯ ᠤᠨ ᠭᠡᠨᠡᠳᠲᠡ ᠶᠢᠨ ᠬᠡᠷᠡᠭ ᠢ ᠰᠡᠷᠭᠡᠶᠢᠯᠡᠬᠦ ᠠᠵᠢᠯ ᠢ ᠥᠷᠨᠢᠭᠦᠯᠵᠦ᠂ ᠠᠵᠢᠯᠯᠠᠭ᠎ᠠ ᠶᠢᠨ ᠭᠤᠤᠯ ᠴᠣᠭᠴᠠ ᠶᠢ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠪᠠᠶᠢᠭᠤᠯᠬᠤ ᠶᠢᠨ ᠬᠠᠮᠲᠤ ᠮᠡᠳᠡᠭᠦᠯᠦᠨ ᠳᠠᠩᠰᠠᠯᠠᠭᠤᠯᠵᠤ᠂ ᠠᠵᠢᠯᠯᠠᠭ᠎ᠠ ᠶᠢᠨ ᠳᠤᠮᠳᠠ ᠰᠣᠶᠣᠯ ᠤᠨ ᠬᠠᠤᠯᠢ ᠬᠡᠷᠡᠭᠵᠢᠭᠦᠯᠦᠯᠲᠡ ᠲᠠᠢ ᠬᠠᠮᠲᠤᠷᠠᠨ ᠬᠢᠨᠠᠯᠲᠠ ᠲᠠᠯᠪᠢᠵᠤ ᠬᠠᠮᠢᠶᠠᠷᠬᠤ ᠶᠢ ᠱᠠᠭᠠᠷᠳᠠᠨ᠎ᠠ᠃      ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠬᠠᠮᠲᠤᠷᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠲᠣᠭᠲᠠᠴᠠ ᠶᠢ ᠪᠠᠶᠢᠭᠤᠯᠵᠤ᠂ ᠰᠣᠶᠣᠯ ᠪᠠ ᠵᠢᠭᠤᠯᠴᠢᠯᠠᠯ ᠤᠨ ᠭᠡᠨᠡᠳᠲᠡ ᠶᠢᠨ ᠬᠡᠷᠡᠭ ᠢ ᠡᠭᠦᠰᠭᠡᠵᠦ ᠮᠡᠳᠡᠬᠦ ᠡᠯ᠎ᠡ ᠵᠦᠢᠯ ᠤᠨ ᠬᠦᠴᠦᠨ ᠵᠦᠢᠯ ᠢ ᠰᠤᠳᠤᠯᠤᠨ ᠮᠠᠭᠠᠳᠯᠠᠵᠤ ᠲᠥᠰᠥᠭᠡᠯᠡᠵᠦ᠂ ᠲᠦᠭᠰᠢᠭᠦᠷᠢ ᠶᠢᠨ ᠵᠠᠳᠠᠯᠤᠯᠲᠠ ᠶᠢ ᠬᠢᠨᠠᠮᠠᠭᠠᠢ ᠰᠠᠶᠢᠲᠤᠷ ᠬᠢᠵᠦ᠂ ᠭᠠᠯ ᠤᠨ ᠠᠶᠤᠯ᠂ ᠪᠠᠶᠢᠭᠠᠯᠢ ᠶᠢᠨ ᠲᠤᠬᠠᠢ ᠭᠠᠮᠰᠢᠭ᠂ ᠴᠠᠭ ᠠᠭᠤᠷ᠂ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠤᠨ ᠳᠡᠰ ᠢ ᠤᠷᠢᠳᠴᠢᠯᠠᠨ ᠮᠡᠳᠡᠭᠡᠯᠡᠬᠦ ᠪᠠ ᠨᠡᠶᠢᠲᠡᠯᠡᠬᠦ ᠠᠵᠢᠯ᠃      ︵ᠬᠤᠶᠠᠷ︶ ᠮᠡᠳᠡᠭᠡ ᠵᠠᠩᠭᠢ ᠶᠢᠨ ᠬᠢᠨᠠᠯᠲᠠ ᠬᠡᠮᠵᠢᠯᠲᠡ ᠬᠢᠭᠡᠳ ᠮᠡᠳᠡᠭᠦᠯᠦᠯᠲᠡ      ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠤᠭᠲᠠᠴᠠ ᠶᠢ ᠪᠦᠷᠢᠨᠰᠢᠭᠦᠯᠵᠦ᠂ ᠲᠤᠰᠬᠠᠢ ᠬᠢᠨᠠᠨ ᠬᠡᠮᠵᠢᠬᠦ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ᠂ ᠨᠡᠶᠢᠲᠡ ᠣᠯᠠᠨ ᠢᠶᠠᠷ ᠢᠶᠠᠨ ᠢᠯᠡᠴᠢᠯᠡᠨ ᠮᠡᠳᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠮᠡᠳᠡᠭᠡ ᠵᠠᠩᠭᠢ ᠴᠤᠭᠯᠠᠭᠤᠯᠵᠤ᠂ ᠬᠦᠮᠦᠨ ᠣᠯᠠᠨ ᠴᠤᠭᠯᠠᠷᠠᠬᠤ ᠭᠠᠵᠠᠷ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ᠂ ᠴᠢᠬᠤᠯᠠ ᠶᠡᠭᠡ ᠪᠠᠶᠠᠷ ᠳᠤᠷᠠᠰᠬᠠᠯ ᠵᠡᠷᠭᠡ ᠠᠵᠢᠯ ᠢ ᠴᠠᠭ ᠲᠤᠬᠠᠢ ᠳᠤᠨᠢ ᠡᠵᠡᠮᠰᠢᠬᠦ ᠬᠡᠷᠡᠭᠲᠡᠢ᠃      ᠬᠦᠳᠡᠯᠭᠡᠭᠡᠨ ᠤ ᠬᠤᠭᠤᠴᠠᠭᠠᠨ ᠳᠠᠬᠢ ᠬᠥᠮᠦᠨ ᠠᠮᠠ ᠶᠢᠨ ᠤᠷᠤᠰᠬᠠᠯ ᠤᠨ ᠬᠡᠮᠵᠢᠶ᠎ᠡ ᠨᠢ ᠠᠶᠤᠯ ᠶᠡᠬᠡᠲᠡᠶ ᠪᠡᠶ᠎ᠡ ᠶᠢᠨ ᠲᠠᠮᠢᠷ ᠤᠨ ᠲᠥᠷᠥᠯ ᠵᠦᠢᠯ᠂ ᠤᠷᠤᠰᠬᠠᠯ ᠤᠰᠤᠨ ᠤ ᠲᠥᠷᠥᠯ ᠵᠦᠢᠯ᠂ ᠠᠶᠤᠯ ᠲᠦᠭᠰᠢᠭᠦᠷᠢ ᠶᠡᠬᠡᠲᠡᠶ ᠵᠤᠭ᠎ᠠ ᠴᠡᠩᠭᠡᠯ ᠤᠨ ᠲᠥᠷᠥᠯ ᠵᠦᠢᠯ ᠵᠡᠷᠭᠡ ᠮᠡᠳᠡᠭᠡ ᠵᠠᠩᠭᠢ ᠶᠢ ᠴᠤᠭᠯᠠᠭᠤᠯᠵᠤ᠂ ᠠᠮᠤᠷ ᠲᠦᠪᠰᠢᠨ ᠤ ᠪᠠᠶᠢᠳᠠᠯ ᠢ ᠰᠤᠳᠤᠯᠤᠨ ᠮᠠᠭᠠᠳᠯᠠᠨ᠎ᠠ᠃ᠬᠤᠶᠠᠷ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠰᠠᠶᠢᠲᠤᠷ ᠬᠠᠮᠠᠭᠠᠯᠠᠬᠤ ᠬᠡᠷᠡᠭᠲᠡᠶ      ︵ᠨᠢᠭᠡ︶ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠭᠦ ᠬᠡᠷᠩᠳᠠᠢ      ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠦᠢᠯᠡᠴᠢᠯᠡᠭᠡᠨ ᠤ ᠪᠡᠯᠡᠳᠬᠡᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠦᠢᠯᠡᠴᠢᠯᠡᠭᠡᠨ ᠤ ᠠᠭᠤᠯᠭ᠎ᠠ ᠶᠢ ᠪᠠᠶᠠᠯᠢᠭᠵᠢᠭᠤᠯᠤᠨ᠂ ᠴᠠᠭ ᠢ ᠤᠷᠲᠤᠳᠬᠠᠬᠤ ᠦᠢᠯᠡᠴᠢᠯᠡᠭᠡ ᠶᠢ ᠥᠷᠭᠡᠳᠬᠡᠵᠦ᠂ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠪᠠ ᠵᠤᠭᠠᠴᠠᠭᠰᠠᠳ ᠤᠨ ᠬᠠᠨᠤᠮᠵᠢ ᠶᠢᠨ ᠬᠡᠮᠵᠢᠶ᠎ᠡ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠵᠤᠭᠠᠴᠠᠭᠰᠠᠳ ᠲᠤ ᠬᠠᠯᠠᠭᠤᠨ ᠳᠤᠯᠠᠭᠠᠨ ᠨᠠᠷᠢᠯᠢᠭ ᠲᠠᠭᠠᠯᠠᠮᠵᠢᠲᠠᠶ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠣᠶᠢᠯᠠᠭᠠᠯᠲᠠ ᠬᠠᠩᠭᠠᠨ᠎ᠠ᠃ ᠰᠣᠶᠣᠯ ᠵᠢᠭᠤᠯᠴᠢᠯᠠᠯ ᠤᠨ ᠬᠠᠮᠢᠶ᠎ᠠ ᠪᠥᠬᠦᠶ ᠠᠵᠢᠯ ᠲᠥᠷᠥᠯ ᠳᠤ ᠠᠶᠠᠨᠴᠢᠳ ᠢ ᠨᠢᠲᠤᠯᠬᠤ ᠥᠬᠡᠶ᠂ ᠠᠶᠠᠨᠴᠢᠳ ᠢ ᠮᠡᠬᠡᠯᠡᠬᠦ ᠥᠬᠡᠶ᠂ ᠳᠤᠷ᠎ᠠ ᠪᠠᠷ ᠢᠶᠠᠨ ᠦᠨ᠎ᠡ ᠥᠰᠬᠡᠬᠦ ᠥᠬᠡᠶ ᠪᠠᠶᠢᠬᠤ ᠶᠢ ᠰᠢᠮᠳᠠᠭᠤᠯᠤᠨ ᠵᠢᠯᠣᠭᠤᠳᠴᠤ᠂ ᠡᠶ᠎ᠡ ᠵᠣᠬᠢᠴᠠᠯ ᠲᠠᠢ ᠡᠮᠬᠢ ᠵᠢᠷᠤᠮ ᠲᠠᠢ ᠠᠮᠠᠷᠠᠯᠲᠠ ᠶᠢᠨ ᠡᠳᠦᠷ ᠤᠨ ᠵᠢᠭᠤᠯᠴᠢᠯᠠᠯ ᠤᠨ ᠡᠮᠬᠢ ᠵᠢᠷᠤᠮ ᠢ ᠬᠠᠮᠠᠭᠠᠯᠠᠨ᠎ᠠ᠃      ︵ᠬᠤᠶᠠᠷ︶ ᠵᠠᠬ᠎ᠠ ᠳᠡᠯᠭᠡᠭᠦᠷ ᠤᠨ ᠡᠮᠬᠢ ᠵᠢᠷᠤᠮ ᠢ ᠵᠢᠷᠤᠮᠵᠢᠭᠤᠯᠬᠤ      ︽ᠪᠡᠶ᠎ᠡ ᠶᠢᠨ ᠪᠠᠶᠢᠴᠠᠭᠠᠯᠲᠠ ᠶᠢᠨ ᠬᠡᠯᠪᠡᠷᠢ︾ ᠪᠠ ︽ᠪᠤᠴᠠᠵᠤ ᠪᠠᠶᠢᠴᠠᠭᠠᠨ ᠦᠵᠡᠬᠦ︾ ᠪᠠᠷ ᠳᠠᠮᠵᠢᠭᠤᠯᠤᠨ ᠳᠠᠯᠳᠠᠭᠤᠷ ᠰᠤᠷᠪᠤᠯᠵᠢᠯᠠᠵᠤ ᠦᠨᠡᠯᠡᠨ ᠵᠢᠱᠢᠬᠦ ᠪᠠᠷ ᠳᠠᠮᠵᠢᠭᠤᠯᠤᠨ᠂ ᠵᠠᠬ᠎ᠠ ᠳᠡᠯᠭᠡᠭᠦᠷ ᠤᠨ ᠡᠮᠬᠢ ᠵᠠᠮᠪᠠᠷᠠᠭ᠎ᠠ ᠥᠬᠡᠶ ᠪᠠᠶᠢᠳᠠᠯ ᠢ ᠦᠷᠭᠦᠯᠵᠢᠯᠡᠨ ᠪᠠᠲᠤᠯᠠᠵᠤ᠂ ᠬᠤᠲᠠ ᠶᠢᠨ ᠠᠷᠠᠳ ᠤᠨ ᠵᠢᠭᠤᠯᠴᠢᠯᠠᠭᠴᠢᠳ ᠲᠤ ᠰᠠᠨᠠᠭ᠎ᠠ ᠠᠮᠤᠷ᠂ ᠰᠠᠨᠠᠭ᠎ᠠ ᠠᠮᠤᠷ᠂ ᠲᠠᠭᠠᠯᠠᠮᠵᠢᠲᠠᠶ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃ ᠠᠮᠠᠷᠠᠯᠲᠠ ᠶᠢᠨ ᠡᠳᠦᠷ ᠤᠨ ᠵᠢᠵᠢᠭᠦᠷᠯᠡᠨ ᠰᠠᠬᠢᠬᠤ ᠪᠠ ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠠᠵᠢᠯ ᠢ ᠥᠷᠨᠢᠭᠦᠯᠵᠦ᠂ ᠠᠶᠠᠨᠴᠢᠳ ᠰᠢᠬᠠᠯᠳᠤᠬᠤ᠂ ᠣᠨᠴᠠ ᠲᠥᠷᠥᠯ ᠤᠨ ᠲᠥᠬᠦᠭᠡᠷᠦᠮᠵᠢ ᠶᠢᠨ ᠰᠠᠭᠠᠳ ᠭᠠᠷᠬᠤ᠂ ᠵᠢᠭᠤᠯᠴᠢᠯᠠᠯ ᠤᠨ ᠳᠠᠭᠠᠭᠠᠴᠢᠯᠠᠭᠰᠠᠨ ᠲᠡᠷᠭᠡ ᠶᠢᠨ ᠠᠳᠡᠯ ᠵᠡᠷᠭᠡ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠪᠠᠶᠢᠳᠠᠯ ᠭᠠᠷᠬᠤ ᠦᠶ᠎ᠡ ᠳᠤ ᠴᠠᠭ ᠲᠤᠬᠠᠶ ᠳᠤᠨᠢ ᠠᠷᠭᠠᠴᠠᠬᠤ ᠶᠢ ᠦᠨᠡᠨ ᠬᠦ ᠪᠠᠲᠤᠯᠠᠨ᠎ᠠ᠃      ︵ᠭᠤᠷᠪᠠ︶ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ      ᠠᠮᠤᠷ ᠲᠦᠪᠰᠢᠨ ᠪᠤᠰᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠵᠢᠴᠢ ᠶᠠᠪᠤᠬᠤ ᠵᠠᠮ ᠱᠤᠭᠤᠮ ᠤᠨ ᠵᠠᠮ ᠬᠠᠷᠢᠯᠴᠠᠭᠠᠨ ᠤ ᠪᠠᠶᠢᠳᠠᠯ᠂ ᠠᠭᠤᠷ ᠠᠮᠢᠰᠬᠤᠯ ᠤᠨ ᠨᠥᠬᠦᠴᠡᠯ᠂ ᠵᠠᠮ ᠳᠠᠭᠠᠤ ᠶᠢᠨ ᠠᠮᠤᠷ ᠲᠦᠪᠰᠢᠨ ᠪᠤᠰᠤ ᠳᠠᠯᠳᠠ ᠭᠡᠮ᠂ ᠵᠠᠮ ᠤᠨ ᠬᠡᠰᠡᠭ ᠤᠨ ᠪᠠᠶᠢᠳᠠᠯ ᠤᠨ ᠮᠡᠳᠡᠭᠡ ᠵᠠᠩᠭᠢ ᠴᠤᠭᠯᠠᠭᠤᠯᠬᠤ ᠶᠢ ᠴᠢᠩᠭᠠᠳᠬᠠᠬᠤ ᠬᠡᠷᠡᠭᠲᠡᠶ᠃ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠵᠢᠯᠣᠭᠤᠴᠢ ᠶᠢᠨ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠠᠶᠠᠨᠴᠢᠳ ᠤᠨ ᠲᠡᠭᠡᠭᠡᠪᠦᠷᠢ ᠶᠢᠨ ᠠᠮᠤᠷ ᠲᠦᠪᠰᠢᠨ ᠢ ᠮᠡᠳᠡᠭᠳᠡᠬᠦ ᠲᠦᠷᠢᠮ ᠢ ᠴᠢᠩᠭ᠎ᠠ ᠬᠡᠷᠡᠭᠵᠢᠭᠦᠯᠦᠨ᠂ ᠬᠠᠤᠯᠢ ᠲᠣᠭᠲᠠᠭᠠᠯ ᠠᠴᠠ ᠵᠥᠷᠢᠴᠡᠭᠰᠡᠨ ᠬᠦᠨᠳᠦ ᠨᠣᠴᠢᠲᠠᠶ ᠦᠢᠯᠡ ᠠᠵᠢᠯᠯᠠᠭ᠎ᠠ ᠳᠤ ︽ᠨᠢᠭᠡ ᠡᠳᠦᠷ ᠲᠤ ᠨᠢᠭᠡ ᠤᠳᠠᠭ᠎ᠠ ᠵᠠᠷᠯᠠᠨ ᠮᠡᠳᠡᠭᠳᠡᠬᠦ︾ ᠶᠢ ᠬᠡᠷᠡᠭᠵᠢᠭᠦᠯᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠪᠠ᠃              ᠤᠳᠠ ᠲᠤᠭᠤᠷᠢᠭ ᠤᠨ ᠰᠤᠶᠤᠯ ᠵᠤᠭᠠᠴᠠᠯ ᠪᠡᠶ᠎ᠡ ᠲᠠᠮᠢᠷ ᠤᠨ ᠲᠤᠪᠴᠢᠶ᠎ᠠ                                   2024 ᠣᠨ ᠤ 9 ᠰᠠᠷ᠎ᠠ ᠶᠢᠨ 25 ᠤ ᠡᠳᠦᠷ   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号