ᠤᠳᠠ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠲᠤᠰᠬᠠᠶ ᠬᠠᠮᠲᠤᠷᠠᠭᠰᠠᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/11/29
      ᠰᠣᠶᠣᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠮᠠᠨ ᠤ ᠲᠤᠭᠤᠷᠢᠭ ᠤᠨ ᠰᠣᠶᠣᠯ ᠤᠨ ᠵᠠᠬ᠎ᠠ ᠳᠡᠯᠭᠡᠭᠦᠷ ᠤᠨ ᠡᠮᠬᠢ ᠵᠢᠷᠤᠮ ᠲᠠᠢ ᠬᠥᠭᠵᠢᠯᠲᠡ ᠶᠢ ᠦᠨᠡᠨ ᠬᠦ ᠪᠠᠲᠤᠯᠠᠬᠤ ᠶᠢᠨ ᠲᠥᠯᠥᠭᠡ᠂ 8 ᠰᠠᠷ᠎ᠠ ᠶᠢᠨ 19 ᠤ ᠡᠳᠦᠷ᠂ ᠤᠳᠠ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠲᠠᠯᠪᠢᠬᠤ ᠲᠣᠪᠴᠢᠶ᠎ᠠ ᠲᠠᠢ ᠬᠠᠮᠲᠤᠷᠠᠨ ᠰᠣᠶᠣᠯ ᠤᠨ ᠵᠠᠬ᠎ᠠ ᠳᠡᠯᠭᠡᠭᠦᠷ ᠤᠨ ᠲᠤᠰᠬᠠᠶ ᠲᠣᠭᠤᠷᠢᠨ ᠪᠠᠶᠢᠴᠠᠭᠠᠯᠲᠠ ᠶᠢ ᠥᠷᠨᠢᠭᠦᠯᠪᠡ᠃      ᠲᠣᠰ ᠤᠳᠠᠭᠠᠨ ᠤ ᠲᠤᠰᠬᠠᠶ ᠪᠠᠶᠢᠴᠠᠭᠠᠯᠲᠠ ᠬᠢᠵᠦ᠂ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 7 ᠬᠥᠮᠦᠨ ᠤᠳᠠᠭ᠎ᠠ ᠬᠥᠳᠡᠯᠭᠡᠵᠦ᠂ ᠪᠠᠶᠢᠴᠠᠭᠠᠬᠤ ᠳᠤᠭᠤᠶᠢᠯᠠᠩ ᠤᠷᠢᠳ ᠬᠤᠵᠢᠳ 1 ᠵᠢᠭᠤᠯᠴᠢᠯᠠᠯ ᠤᠨ ᠬᠤᠷᠢᠶ᠎ᠠ ᠵᠢᠴᠢ 1 ᠰᠦᠯᠵᠢᠶᠡᠨ ᠤ ᠪᠠᠭᠠᠷ ᠤᠨ ᠠᠶᠤᠯᠭᠦᠶ ᠦᠢᠯᠡᠳᠪᠦᠷᠢᠯᠡᠯ ᠳᠤ ᠪᠥᠬᠦ ᠲᠠᠯ᠎ᠠ ᠶᠢᠨ ᠪᠥᠭᠡᠳ ᠨᠠᠷᠢᠨ ᠨᠢᠮᠪᠠᠶ ᠲᠤᠰᠬᠠᠶ ᠪᠠᠶᠢᠴᠠᠭᠠᠯᠲᠠ ᠬᠢᠵᠦ᠂ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠨ ᠬᠠᠤᠯᠢ ᠶᠣᠰᠣᠨ ᠤ ᠡᠵᠡᠩᠨᠡᠯᠲᠡ ᠶᠢᠨ ᠬᠢᠷᠢ ᠬᠡᠮ᠂ ᠵᠢᠭᠤᠯᠴᠢᠯᠠᠯ ᠤᠨ ᠭᠡᠷ᠎ᠡ ᠲᠣᠭᠲᠠᠭᠰᠠᠨ ᠨᠢ ᠵᠢᠷᠤᠮᠵᠢᠭᠰᠠᠨ ᠡᠰᠡᠬᠦ᠂ ᠵᠢᠭᠤᠯᠴᠢᠯᠠᠯ ᠤᠨ ᠠᠶᠠᠯᠠᠯ ᠤᠨ ᠠᠶᠠᠯᠠᠯ ᠢ ᠲᠣᠬᠢᠷᠠᠭᠤᠯᠤᠭᠰᠠᠨ ᠨᠢ ᠵᠦᠶ ᠵᠣᠬᠢᠰᠲᠠᠶ ᠠᠮᠤᠷ ᠲᠦᠪᠰᠢᠨ ᠡᠰᠡᠬᠦ᠂ ︽ᠵᠦᠶ ᠵᠣᠬᠢᠰ ᠥᠬᠡᠶ ᠬᠢᠮᠳᠠ ᠵᠢᠭᠤᠯᠴᠢᠯᠠᠯ︾ ᠵᠡᠷᠭᠡ ᠬᠡᠷᠡᠭᠯᠡᠭᠴᠢᠳ ᠤᠨ ᠡᠷᠬᠡ ᠠᠰᠢᠭ ᠲᠤ ᠬᠠᠯᠳᠠᠭᠰᠠᠨ ᠦᠢᠯᠡ ᠠᠵᠢᠯᠯᠠᠭ᠎ᠠ ᠪᠠᠶᠢᠬᠤ ᠡᠰᠡᠬᠦ᠂ ᠵᠢᠴᠢ ᠰᠦᠯᠵᠢᠶᠡᠨ ᠤ ᠪᠠᠭᠠᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠲᠥᠬᠦᠭᠡᠷᠦᠮᠵᠢ ᠪᠦᠷᠢᠨ ᠲᠡᠭᠦᠯᠳᠡᠷ ᠪᠠᠶᠢᠬᠤ ᠡᠰᠡᠬᠦ᠂ ᠰᠦᠯᠵᠢᠶᠡᠨ ᠳᠤ ᠭᠠᠷᠬᠤ ᠬᠥᠮᠦᠰ ᠤᠨ ᠦᠨᠡᠨ ᠨᠡᠷ᠎ᠡ ᠪᠠᠷ ᠳᠠᠩᠰᠠᠯᠠᠬᠤ ᠲᠦᠷᠢᠮ ᠢ ᠬᠡᠷᠡᠭᠵᠢᠭᠦᠯᠦᠭᠰᠡᠨ ᠪᠠᠶᠢᠳᠠᠯ᠂ ᠨᠠᠰᠤᠨ ᠳᠤ ᠥᠯᠥ ᠭᠦᠷᠦᠭᠰᠡᠳ ᠤᠨ ᠲᠣᠭᠲᠠᠭᠠᠯ ᠠᠴᠠ ᠵᠥᠷᠢᠴᠡᠨ ᠰᠦᠯᠵᠢᠶᠡᠨ ᠳᠤ ᠭᠠᠷᠬᠤ ᠦᠵᠡᠭᠳᠡᠯ ᠣᠷᠣᠰᠢᠵᠤ ᠪᠠᠶᠢᠬᠤ ᠡᠰᠡᠬᠦ ᠳᠤ ᠭᠤᠤᠯᠳᠠᠯᠭ᠎ᠠ ᠲᠠᠢ ᠠᠩᠬᠠᠷᠤᠯ ᠢᠶᠠᠨ ᠲᠥᠪᠯᠡᠷᠡᠭᠦᠯᠪᠡ᠃      ᠳᠠᠷᠠᠭᠠᠴᠢ ᠶᠢᠨ ᠠᠯᠬᠤᠮ ᠳᠤ᠂ ᠤᠳᠠ ᠲᠣᠭᠤᠷᠢᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠶᠡᠷᠦᠩᠬᠡᠶᠢᠯᠡᠨ ᠵᠠᠰᠠᠬᠤ︾ ᠵᠠᠷᠴᠢᠮ ᠢ ᠪᠠᠷᠢᠮᠲᠠᠯᠠᠵᠤ᠂ ᠰᠣᠶᠣᠯ ᠵᠤᠭᠠᠴᠠᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠵᠢᠷᠤᠮᠵᠢᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠯ᠎ᠡ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠳᠠᠯᠳᠠ ᠭᠡᠮ ᠢ ᠪᠦᠬᠦ ᠲᠠᠯ᠎ᠠ ᠪᠠᠷ ᠠᠷᠢᠯᠭᠠᠨ᠎ᠠ᠃ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠬᠢᠭᠡᠳ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠰᠬᠠᠶ ᠵᠦᠢᠯ ᠤᠨ ᠪᠠᠶᠢᠴᠠᠭᠠᠯᠲᠠ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠣᠶ ᠪᠣᠯᠭᠠᠵᠤ᠂ ᠠᠰᠠᠭᠤᠳᠠᠯ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠤᠰᠠᠳᠬᠠᠬᠤ ᠶᠢ ᠦᠨᠡᠨᠬᠦ ᠪᠠᠲᠤᠯᠠᠵᠤ᠂ ᠬᠤᠲᠠ ᠶᠢᠨ ᠠᠷᠠᠳ ᠪᠠ ᠵᠢᠭᠤᠯᠴᠢᠯᠠᠭᠴᠢᠳ ᠲᠤ ᠠᠮᠤᠷ ᠲᠦᠪᠰᠢᠨ᠂ ᠡᠷᠡᠭᠦᠯ᠂ ᠡᠮᠬᠢ ᠵᠢᠷᠤᠮ ᠲᠠᠢ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠵᠤ᠂ ᠮᠠᠨ ᠤ ᠲᠤᠭᠤᠷᠢᠭ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号