ᠦᠬᠠᠶ ᠶᠢᠨ ᠤᠳᠠ ᠲᠤᠭᠤᠷᠢᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠠᠵᠤ ᠠᠬᠤᠶᠢᠯᠠᠯ ᠤᠨ ᠦᠢᠯᠡᠴᠢᠯᠡᠭᠡᠨ ᠤ ᠲᠢᠩᠬᠢᠮ ᠨᠢ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠦᠬᠠᠶ ᠶᠢᠨ ᠴᠠᠬᠢᠯᠭᠠᠨ ᠬᠠᠩᠭᠠᠬᠤ ᠺᠣᠮᠫᠠᠨᠢ ᠲᠠᠢ ᠬᠠᠮᠲᠤᠷᠠᠨ ︽ᠴᠠᠬᠢᠯᠭᠠᠨ ᠬᠦᠴᠦᠨ ᠤ ᠦᠢᠯᠡᠴᠢᠯᠡᠭᠡᠨ ᠤ ᠥᠷᠲᠡᠭᠡ︾ ᠶᠢᠨ ᠴᠡᠴᠡᠷᠯᠢᠭ ᠲᠤ ᠣᠷᠣᠬᠤ ᠫᠠᠶᠢᠰᠠ ᠰᠡᠬᠦᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/11/7
      ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠨᠡᠭᠡᠭᠡᠯᠲᠡ ᠶᠢᠨ ᠲᠣᠭᠤᠷᠢᠭ ᠤᠨ ᠠᠵᠤ ᠠᠬᠤᠶᠢᠯᠠᠯ ᠢ ᠲᠤᠰᠠᠯᠠᠬᠤ ᠦᠢᠯᠡᠴᠢᠯᠡᠭᠡ ᠶᠢ  ᠥᠷᠭᠡᠳᠭᠡᠵᠦ᠂ ᠦᠬᠠᠶ ᠶᠢᠨ ᠤᠳᠠ ᠲᠤᠭᠤᠷᠢᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠨᠢ ᠴᠠᠬᠢᠯᠭᠠᠨ ᠬᠦᠴᠦᠨ ᠤ ᠲᠤᠬᠠᠶᠢᠯᠠᠭᠰᠠᠨ ᠠᠵᠢᠯ ᠤᠨ ᠬᠦᠷᠢᠶᠡᠯᠡᠩ ᠳᠤ ᠣᠷᠣᠬᠤ ᠠᠵᠢᠯ ᠢ ᠢᠳᠡᠪᠬᠢᠲᠡᠶ ᠪᠠᠷ ᠵᠣᠯᠭᠠᠭᠤᠯᠬᠤ ᠶᠢᠨ ᠲᠦᠯᠦᠭᠡ᠂ ᠦᠨᠦᠳᠦᠷ ᠤᠨ ᠦᠳᠡ ᠶᠢᠨ ᠬᠤᠶᠢᠨᠠᠬᠢ 3᠄ 00᠂ ᠦᠬᠠᠢ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠦ᠋ ᠵᠢᠶᠠᠨ ᠰᠢᠶᠦ᠋ᠩ ᠨᠥᠬᠦᠷ᠂ ᠤᠳᠠ ᠲᠤᠭᠤᠷᠢᠭ ᠤᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠠᠵᠢᠯᠲᠠᠳ ᠦᠬᠠᠢ ᠶᠢᠨ ᠤᠳᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠠᠵᠤ ᠠᠬᠤᠶᠢᠯᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠬᠦᠷᠴᠦ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠯᠢᠦ ᠵᠢᠩ ᠲᠤᠤ ᠨᠥᠬᠦᠷ ᠲᠠᠢ ᠬᠠᠮᠲᠤ ᠪᠠᠷ ︽ᠴᠠᠬᠢᠯᠭᠠᠨ ᠬᠦᠴᠦᠨ ᠤ ᠦᠢᠯᠡᠴᠢᠯᠡᠭᠡᠨ ᠤ ᠥᠷᠲᠡᠭᠡ︾ ᠶᠢᠨ ᠫᠠᠶᠢᠰᠠ ᠶᠢ ᠰᠡᠬᠦᠵᠦ᠂ ᠶᠣᠰᠣᠯᠠᠯ ᠳᠤ ᠣᠷᠣᠯᠴᠠᠭᠰᠠᠨ ᠪᠥᠭᠡᠳ ᠪᠠᠰᠠ ᠨᠡᠭᠡᠭᠡᠯᠲᠡ ᠶᠢᠨ ᠲᠣᠭᠤᠷᠢᠭ ᠠᠴᠠ ᠢᠷᠡᠭᠰᠡᠨ ᠵᠢᠶᠦ᠋ᠨ ᠵᠧᠩ᠂ ᠰᠢᠩ ᠹᠠ᠂ ᠮᠧᠢ ᠹᠠᠩ᠂ ᠬᠥᠳᠡᠭᠡ ᠠᠵᠤ ᠠᠬᠤᠢ ᠶᠢᠨ ᠰᠠᠭᠤᠷᠢ ᠵᠡᠷᠭᠡ 8 ᠡᠷᠦᠬᠡ ᠤᠷᠢᠭᠳᠠᠭᠰᠠᠨ ᠠᠵᠤ ᠠᠬᠤᠶᠢᠯᠠᠯ᠂ ᠡᠭᠦᠨ ᠠᠴᠠ ᠡᠬᠢᠯᠡᠨ᠂ ᠠᠵᠤ ᠠᠬᠤᠶᠢᠯᠠᠯ ᠤᠨ ᠦᠢᠯᠡᠴᠢᠯᠡᠭᠡᠨ ᠤ ᠲᠢᠩᠬᠢᠮ ᠤᠨ ᠴᠠᠬᠢᠯᠭᠠᠨ ᠬᠦᠴᠦᠨ ᠤ ᠠᠵᠤ ᠠᠬᠤᠶᠢᠯᠠᠯ ᠳᠤ ᠬᠤᠯᠪᠣᠭᠳᠠᠬᠤ ᠦᠢᠯᠡᠴᠢᠯᠡᠭᠡᠨ ᠤ ᠵᠦᠢᠯᠡᠰ ᠵᠢᠩᠬᠢᠨᠢ ᠪᠠᠷ ᠴᠡᠴᠡᠷᠯᠢᠭ ᠲᠤ ᠣᠷᠣᠪᠠ᠃      ᠫᠠᠶᠢᠰᠠ ᠰᠡᠬᠦᠬᠦ ᠶᠣᠰᠣᠯᠠᠯ ᠳᠠᠭᠤᠰᠤᠭᠰᠠᠨ ᠤ ᠳᠠᠷᠠᠭ᠎ᠠ᠂ ᠰᠠᠨᠠᠯ ᠢᠶᠠᠨ ᠰᠣᠯᠢᠯᠴᠠᠬᠤ ᠶᠠᠷᠢᠯᠴᠠᠬᠤ ᠬᠤᠷᠠᠯ ᠬᠢᠪᠡ᠃      ᠬᠤᠷᠠᠯ ᠳᠡᠭᠡᠷ᠎ᠡ᠂ ᠯᠢᠦ ᠡᠷᠬᠢᠯᠡᠭᠴᠢ ᠴᠠᠬᠢᠯᠭᠠᠨ ᠬᠦᠴᠦᠨ ᠤ ᠠᠵᠢᠯ ᠲᠥᠷᠥᠯ ᠤᠨ ᠤᠳᠤᠷᠢᠳᠤᠯᠭ᠎ᠠ ᠵᠢᠴᠢ ᠠᠵᠤ ᠠᠬᠤᠶᠢᠯᠠᠯᠲᠠᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ᠂ ᠴᠠᠬᠢᠯᠭᠠᠨ ᠬᠦᠴᠦᠨ ᠤ ᠲᠤᠬᠠᠶᠢᠯᠠᠭᠰᠠᠨ ᠠᠵᠢᠯ ᠤᠨ ᠨᠤᠲᠤᠭᠰᠢᠬᠤ ᠨᠢ ᠠᠵᠤ ᠠᠬᠤᠶᠢᠯᠠᠯ ᠤᠨ ᠴᠠᠬᠢᠯᠭᠠᠨ ᠬᠦᠴᠦᠨ ᠤ ᠲᠤᠬᠠᠶᠢᠯᠠᠭᠰᠠᠨ ᠠᠵᠢᠯ ᠤᠨ ᠨᠠᠩ ᠣᠯᠠᠨ ᠬᠡᠷᠡᠭᠴᠡᠭᠡ ᠶᠢ ᠬᠠᠩᠭᠠᠵᠤ᠂ ᠢᠷᠡᠭᠡᠳᠦᠶ ᠶᠢᠨ ᠠᠵᠤ ᠠᠬᠤᠶᠢᠯᠠᠯ ᠤᠨ ᠦᠢᠯᠡᠴᠢᠯᠡᠭᠡᠨ ᠤ ᠶᠡᠭᠡ ᠲᠢᠩᠬᠢᠮ ᠪᠠᠰᠠ ᠦᠷᠭᠦᠯᠵᠢᠯᠡᠨ ᠰᠢᠯᠢᠳᠡᠭᠵᠢᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠥᠭᠡᠯᠡᠨ ᠣᠷᠴᠢᠨ ᠲᠣᠭᠤᠷᠢᠨ ᠢ ᠲᠠᠰᠤᠷᠠᠯᠲᠠ ᠥᠬᠡᠶ ᠰᠠᠶᠢᠵᠢᠷᠠᠭᠤᠯᠤᠨ᠎ᠠ ᠭᠡᠵᠦ ᠢᠯᠡᠳᠬᠡᠪᠡ᠃      ᠦ᠋ ᠶᠡᠷᠦᠩᠬᠡᠶ ᠳᠠᠭᠠᠭᠠᠮᠠᠯ ᠪᠠᠰᠠ ᠴᠠᠬᠢᠯᠭᠠᠨ ᠬᠦᠴᠦᠨ ᠤ ᠦᠢᠯᠡᠴᠢᠯᠡᠭᠡᠨ ᠤ ᠥᠷᠲᠡᠭᠡ ᠪᠠᠶᠢᠭᠤᠯᠬᠤ ᠠᠯᠤᠰ ᠤᠨ ᠲᠥᠯᠥᠪ ᠵᠢᠴᠢ ᠴᠢᠳᠠᠮᠵᠢ ᠪᠠᠨ ᠢᠯᠡᠳᠬᠡᠬᠦ ᠶᠢᠨ ᠬᠠᠮᠲᠤ ᠬᠠᠮᠢᠶᠠᠷᠤᠯᠲᠠ ᠶᠢᠨ ᠵᠥᠪᠯᠡᠯ ᠵᠢᠴᠢ ᠴᠠᠬᠢᠯᠭᠠᠨ ᠬᠡᠷᠡᠭᠯᠡᠬᠦ ᠠᠵᠤ ᠠᠬᠤᠶᠢᠯᠠᠯ ᠠᠴᠠ ᠬᠠᠮᠢᠶ᠎ᠠ ᠪᠦᠬᠦᠢ ᠰᠠᠨᠠᠯ ᠬᠤᠷᠢᠶᠠᠪᠠ᠃
   164.png
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号