ᠤᠯᠤᠰ ᠲᠥᠷᠥ ᠶᠢᠨ ᠵᠥᠪᠯᠡᠯᠭᠡᠨ ᠤ ᠤᠳᠠ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠠᠷᠪᠠᠨ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/10
      12 ᠰᠠᠷ᠎ᠠ ᠶᠢᠨ 9 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠤᠳᠠ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠠᠷᠪᠠᠨ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠵᠤ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠭᠤᠤ ᠲᠢᠶᠧ ᠨᠠᠨ ᠬᠤᠷᠠᠯ ᠡᠷᠭᠢᠯᠡᠪᠡ᠃      ᠬᠤᠷᠠᠯ ᠠᠴᠠ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠠᠴᠠ ᠨᠠᠰᠢᠬᠢ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠳᠥᠷᠪᠡᠳᠦᠭᠡᠷ ᠬᠤᠷᠠᠯ ᠤᠨ ᠬᠤᠷᠠᠯᠳᠤᠬᠤ ᠴᠠᠭ ᠪᠠ ᠬᠤᠷᠠᠯ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷ ᠴᠠᠭ ᠤᠨ ᠨᠠᠮ ᠤᠨ ᠬᠤᠷᠢᠶ᠎ᠠ ᠵᠢᠴᠢ ᠲᠦᠷ ᠴᠠᠭ ᠤᠨ ᠨᠠᠮ ᠤᠨ ᠡᠭᠦᠷ ᠤᠨ ᠪᠦᠷᠢᠯᠳᠦᠬᠦᠨ ᠤ ᠨᠡᠷᠡᠰ ᠢ ᠵᠠᠷᠯᠠᠨ ᠮᠡᠳᠡᠭᠳᠡᠵᠦ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠳᠥᠷᠪᠡᠳᠦᠭᠡᠷ ᠬᠤᠷᠠᠯ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ᠂ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠰᠠᠨᠠᠯ ᠳᠤᠷᠠᠳᠤᠯᠭ᠎ᠠ ᠶᠢᠨ ᠠᠵᠢᠯ ᠤᠨ ᠲᠤᠬᠠᠢ ᠮᠡᠳᠡᠭᠦᠯᠦᠯᠲᠡ ᠪᠠ ᠭᠡᠰᠢᠭᠦᠳ ᠤᠨ ᠨᠡᠮᠡᠵᠦ ᠪᠠᠭᠤᠯᠭᠠᠬᠤ ᠵᠦᠢᠯᠡᠰ ᠢ ᠬᠢᠨᠠᠨ ᠵᠥᠪᠯᠡᠵᠦ ᠪᠠᠲᠤᠯᠠᠪᠠ᠃   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号