ᠶᠠᠨ ᠸᠧᠨ ᠯᠦᠩ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠠᠶᠤᠯᠭᠦᠶ  ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/12/13
      12 ᠰᠠᠷ᠎ᠠ ᠶᠢᠨ 11 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠵᠤ᠂ ᠲᠣᠭᠤᠷᠢᠭ ᠤᠨ ᠤᠳᠤᠷᠢᠳᠤᠯᠭ᠎ᠠ ᠰᠢᠤᠢ ᠢ ᠱᠦ᠂ ᠬᠤ᠋ ᠲᠢᠶᠠᠨ ᠸᠧᠨ ᠣᠷᠣᠯᠴᠠᠪᠠ᠃
209.jpg     
      ᠸᠠᠨ ᠢ ᠳ᠋ᠡ ᠨᠡᠭᠦᠷᠡᠰᠦᠨ ᠤ ᠶᠡᠷᠦᠩᠬᠡᠶᠢᠯᠡᠭᠰᠡᠨ ᠠᠵᠤ ᠦᠢᠯᠡᠰ ᠤᠨ ᠬᠦᠷᠢᠶᠡᠯᠡᠩ᠂ ᠤᠳᠠ ᠶᠢᠨ ᠪᠣᠬᠢᠷᠲᠤᠯ ᠦᠭᠡᠢ ᠡᠨᠧᠷᠭᠢ ᠶᠢᠨ ᠪᠠᠭ᠎ᠠ ᠨᠡᠭᠦᠷᠡᠰᠦᠲᠥ᠋ᠷᠥᠭᠴᠢᠳᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠪᠣᠯᠤᠨ ᠶᠢᠨ ᠬᠤ᠋ ᠲᠤᠰᠠᠭᠠᠷ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠶᠠᠨ ᠸᠧᠨ ᠯᠦᠩ ᠲᠦᠷᠦᠯ ᠵᠦᠢᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ᠂ ᠪᠦᠳᠦᠭᠡᠨ ᠪᠠᠶᠢᠭᠤᠯᠤᠯᠲᠠ ᠶᠢᠨ ᠠᠬᠢᠴᠠ ᠵᠡᠷᠭᠡ ᠪᠠᠶᠢᠳᠠᠯ ᠢ ᠨᠠᠷᠢᠨ ᠯᠠᠪᠯᠠᠨ ᠠᠰᠠᠭᠤᠪᠠ᠃ ᠲᠡᠷᠡ ᠬᠡᠯᠡᠭᠰᠡᠨ ᠨᠢ᠂ ᠨᠡᠭᠦᠷᠡᠰᠦ ᠶᠢ ᠤᠬᠢᠶᠠᠵᠤ ᠰᠢᠯᠢᠵᠦ ᠪᠣᠯᠪᠠᠰᠤᠷᠠᠭᠤᠯᠬᠤ ᠠᠵᠢᠯ ᠲᠦᠷᠦᠯ ᠢ ᠨᠢᠭᠡ ᠴᠤᠬᠴᠠᠵᠢᠭᠤᠯᠤᠨ ᠨᠡᠶᠢᠳᠬᠡᠬᠦ ᠪᠣᠯ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠪᠠ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠠᠬᠢᠭᠤᠯᠬᠤ ᠴᠢᠬᠤᠯᠠ ᠭᠠᠷᠳᠠᠴᠠ ᠪᠣᠯᠤᠨ᠎ᠠ᠃ ᠠᠵᠤ ᠠᠬᠤᠶᠢᠯᠠᠯ ᠤᠨ ᠬᠢᠨ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠬᠠᠨᠳᠤᠰᠢ ᠶᠢ ᠨᠠᠷᠢᠨ ᠬᠢᠨᠠᠮᠠᠭᠠᠢ ᠵᠠᠳᠠᠯᠤᠨ ᠮᠠᠭᠠᠳᠯᠠᠵᠤ᠂ ᠤᠯᠠᠷᠢᠯ ᠤᠨ ᠴᠢᠨᠠᠷᠲᠠᠢ ᠬᠦᠴᠦᠨ ᠵᠦᠢᠯ ᠤᠨ ᠨᠥᠯᠥᠭᠡ ᠶᠢ ᠴᠢᠷᠮᠠᠶᠢᠨ ᠲᠡᠪᠴᠢᠵᠦ᠂ ᠳᠡᠭᠡᠳᠦ ᠤᠷᠤᠰᠬᠠᠯ ᠤᠨ ᠨᠡᠭᠦᠷᠡᠰᠦᠨ ᠤ ᠢᠷᠡᠯᠳᠡ ᠶᠢ ᠬᠤᠳᠠᠯᠳᠤᠨ ᠠᠪᠬᠤ ᠪᠠ ᠨᠡᠭᠦᠷᠡᠰᠦ ᠲᠤᠬᠢᠷᠠᠭᠤᠯᠬᠤ ᠠᠵᠢᠯ ᠢ ᠴᠢᠩᠭᠠᠳᠬᠠᠵᠤ᠂ ᠳᠤᠤᠷᠠᠳᠤ ᠤᠷᠤᠰᠬᠠᠯ ᠵᠢᠴᠢ ᠤᠳᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠡᠯ᠎ᠡ ᠠᠵᠤ ᠠᠬᠤᠶᠢᠯᠠᠯ ᠤᠨ ᠬᠡᠷᠡᠭᠴᠡᠭᠡ ᠲᠠᠢ ᠤᠨᠢᠨ ᠳᠡᠭᠡᠷ᠎ᠡ ᠨᠢ ᠵᠣᠯᠭᠠᠭᠤᠯᠵᠤ ᠦᠢᠯᠡᠳᠬᠦᠨ ᠦᠢᠯᠡᠳᠬᠦ ᠠᠵᠢᠯ ᠢ ᠰᠠᠶᠢᠲᠤᠷ ᠬᠢᠵᠦ᠂ ᠡᠷᠴᠢᠮᠵᠢᠭᠦᠯᠦᠨ ᠬᠥᠭᠵᠢᠭᠦᠯᠬᠦ ᠶᠢ ᠪᠡᠶᠡᠯᠡᠭᠦᠯᠵᠦ᠂ ᠦᠢᠯᠡᠳᠪᠦᠷᠢᠯᠡᠯ ᠤᠨ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠦᠢᠯᠡᠳᠬᠦᠨ ᠤ ᠨᠡᠮᠡᠯᠲᠡ ᠦᠷᠳᠡᠭ ᠪᠣᠯᠤᠨ ᠠᠵᠤ ᠠᠬᠤᠶᠢᠯᠠᠯ ᠤᠨ ᠦᠷᠢᠰᠦᠯᠳᠦᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ︽ᠭᠡᠷᠡᠯ ᠨᠦᠬᠡᠴᠡᠯᠡᠬᠦ︾ ᠶᠢ ᠨᠢᠭᠡ ᠴᠤᠬᠴᠠᠵᠢᠭᠤᠯᠤᠬᠰᠠᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠲᠦᠷᠭᠡᠨ ᠲᠡᠭᠦᠯᠳᠡᠷᠵᠢᠭᠦᠯᠵᠦ᠂ ᠨᠡᠪᠲᠡᠷᠡᠭᠦᠯᠬᠦ ᠪᠠ ᠪᠥᠭᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠤᠶᠤᠨᠴᠢᠯᠠᠭᠰᠠᠨ᠂ ᠪᠣᠬᠢᠷᠲᠤᠯ ᠦᠭᠡᠢ᠂ ᠰᠦᠯᠵᠢᠶᠡᠵᠢᠭᠰᠡᠨ ᠲᠠᠯ᠎ᠠ ᠪᠠᠷ ᠬᠦᠴᠦᠨ ᠴᠢᠳᠠᠯ ᠣᠯᠭᠤᠵᠤ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠢᠯᠯᠠᠭᠠᠨ ᠤ ᠰᠢᠰᠲ᠋ᠧᠮ ᠢ ᠲᠦᠷᠭᠡᠨ ᠪᠦᠷᠢᠯᠳᠦᠭᠦᠯᠬᠦ ᠬᠡᠷᠡᠭᠲᠡᠢ᠃ ᠡᠨᠧᠷᠭᠢ ᠬᠠᠳᠠᠭᠠᠯᠠᠬᠤ ᠦᠷᠳᠡᠭᠡ ᠶᠢᠨ ᠲᠤᠨᠤᠭ ᠲᠥᠬᠦᠭᠡᠷᠦᠮᠵᠢ ᠶᠢ ᠤᠭᠰᠠᠷᠠᠬᠤ᠂ ᠰᠦᠯᠵᠢᠶᠡᠨ ᠳᠤ ᠨᠡᠶᠢᠯᠡᠭᠦᠯᠦᠨ ᠲᠤᠷᠰᠢᠨ ᠲᠣᠬᠢᠷᠠᠭᠤᠯᠬᠤ ᠵᠡᠷᠭᠡ ᠠᠵᠢᠯ ᠢ ᠲᠦᠷᠭᠡᠳᠬᠡᠵᠦ᠂ ᠰᠢᠨ᠎ᠡ ᠡᠨᠧᠷᠭᠢ ᠶᠢᠨ ᠠᠵᠤ ᠦᠢᠯᠡᠰ ᠤᠨ ᠰᠠᠭᠤᠷᠢᠨ ᠭᠠᠵᠠᠷ᠂ ᠪᠣᠬᠢᠷᠲᠤᠯ ᠦᠭᠡᠢ ᠡᠨᠧᠷᠭᠢ ᠶᠢ ᠰᠢᠩᠭᠡᠭᠡᠬᠦ ᠰᠠᠭᠤᠷᠢᠨ ᠭᠠᠵᠠᠷ ᠢ ᠪᠠᠶᠢᠭᠤᠯᠬᠤ ᠳᠤ ᠨᠡᠩ ᠤᠯᠠᠨ ᠡᠰᠢᠲᠦ᠂ ᠨᠡᠩ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠡᠪᠦᠯ ᠤᠨ ᠤᠯᠠᠷᠢᠯ ᠤᠨ ᠪᠠᠷᠢᠯᠭ᠎ᠠ ᠶᠢᠨ ᠣᠷᠴᠢᠨ ᠲᠣᠭᠤᠷᠢᠨ ᠪᠣᠯᠤᠨ ᠴᠠᠭ ᠠᠭᠤᠷ ᠤᠨ ᠬᠤᠪᠢᠷᠠᠯᠲᠠ ᠳᠤ ᠴᠢᠭᠯᠡᠭᠦᠯᠦᠨ᠂ ᠲᠤᠬᠠᠢ ᠶᠢᠨ ᠲᠠᠯᠠᠪᠠᠢ ᠶᠢᠨ ᠪᠠᠷᠢᠯᠭ᠎ᠠ ᠢᠯᠠᠩᠭᠤᠶ᠎ᠠ ᠴᠢᠬᠤᠯᠠ ᠠᠵᠢᠯ ᠤᠨ ᠶᠠᠪᠤᠴᠠ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠠᠢ᠃      ᠠᠭᠤᠷᠬᠠᠢ ᠶᠢᠨ ᠣᠷᠣᠨ ᠳᠤ᠂ ᠶᠠᠨ ᠸᠧᠨ ᠯᠦᠩ ᠲᠤᠬᠠᠢ ᠶᠢᠨ ᠲᠠᠯᠠᠪᠠᠢ ᠳᠤ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠤᠨ ᠬᠠᠮᠠᠭᠠᠯᠠᠯᠲᠠ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠦᠵᠡᠵᠦ᠂ ᠡᠯ᠎ᠡ ᠰᠠᠯᠠᠭ᠎ᠠ ᠮᠥᠴᠢᠷ ᠤᠨ ᠬᠢᠨ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠤᠨ ᠬᠠᠮᠠᠭᠠᠯᠠᠯᠲᠠ ᠶᠢᠨ ᠡᠯ᠎ᠡ ᠵᠦᠢᠯ ᠤᠨ ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠬᠤ ᠬᠡᠷᠡᠭᠲᠡᠢ ᠭᠡᠵᠦ ᠱᠠᠭᠠᠷᠳᠠᠪᠠ᠃   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号