ᠤᠳᠠ ᠲᠣᠭᠤᠷᠢᠭ ᠤᠨ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/12/13
      ᠪᠥᠬᠦ ᠲᠤᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷ ᠠᠵᠢᠯᠲᠠᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠲᠥᠯᠥᠭᠡ᠂ 12 ᠰᠠᠷ᠎ᠠ ᠶᠢᠨ 12 ᠤᠨ ᠡᠳᠦᠷ᠂ ᠲᠣᠭᠤᠷᠢᠭ ᠤᠨ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠵᠦ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ᠂ ᠬᠡᠤᠬᠡᠳ ᠤᠨ ᠴᠡᠴᠡᠷᠯᠢᠭ ᠤᠨ ᠳᠠᠷᠤᠭ᠎ᠠ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠨᠠᠮ ᠤᠨ ᠶᠠᠪᠤᠳᠠᠯ ᠤᠨ ᠠᠵᠢᠯᠲᠠᠨ᠂ ᠡᠯ᠎ᠡ ᠲᠥᠪ ᠤᠨ ᠡᠷᠬᠢᠯᠡᠭᠴᠢ ᠵᠢᠴᠢ ᠠᠵᠢᠯᠲᠠᠨ᠂ ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠲᠠᠰᠤᠭ ᠤᠨ ᠬᠠᠷᠢᠭᠤᠴᠠᠯᠭᠠᠲᠠᠨ 49 ᠬᠥᠮᠦᠨ ᠪᠣᠯᠪᠠᠰᠤᠷᠠᠯ ᠳᠤ ᠣᠷᠣᠯᠴᠠᠵᠠᠶ᠃      ᠲᠣᠰ ᠤᠳᠠᠭᠠᠨ ᠤ ᠪᠣᠯᠪᠠᠰᠤᠷᠠᠯ ᠤᠨ ᠠᠩᠭᠢ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠣᠨᠣᠯ ᠪᠠ ᠦᠵᠡᠯ ᠤᠬᠠᠮᠰᠠᠷ ᠤᠨ ᠬᠡᠯᠪᠡᠷᠢ ᠶᠢᠨ ᠰᠠᠯᠠᠭᠠᠨ ᠤ ᠳᠠᠷᠤᠭ᠎ᠠ ᠾᠧᠦ ᠺᠧ ᠵᠢᠩ ᠲᠤᠬᠠᠶ ᠶᠢᠨ ᠲᠠᠯᠠᠪᠤᠷ ᠲᠤ ᠬᠢᠴᠢᠶᠡᠯ ᠣᠷᠣᠵᠤ᠂ ᠾᠧᠦ ᠺᠧ ᠵᠢᠩ ᠰᠠᠯᠠᠭᠠᠨ ᠳᠠᠷᠤᠭ᠎ᠠ ᠲᠥᠬᠦᠮ ᠣᠶᠢᠯᠠᠭᠠᠮᠵᠢᠲᠠᠶ ᠦᠭᠡ ᠬᠡᠯᠡ ᠪᠠᠷ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠳᠥᠷᠪᠡᠨ ᠠᠰᠠᠭᠤᠳᠠᠯ᠂ ᠣᠳᠣᠬᠠᠨ ᠤ ᠦᠵᠡᠯ ᠤᠬᠠᠮᠰᠠᠷ ᠤᠨ ᠬᠡᠯᠪᠡᠷᠢ ᠶᠢᠨ ᠠᠶᠤᠯ ᠲᠦᠭᠰᠢᠭᠦᠷᠢ ᠶᠢᠨ ᠥᠷᠢᠰᠥᠯᠳᠦᠭᠡᠨ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠢᠳᠪᠦᠷᠢᠯᠡᠬᠦ ᠪᠠ ᠶᠠᠷᠢᠶ᠎ᠠ ᠬᠡᠯᠡᠯᠴᠡᠭᠡᠨ ᠤ ᠬᠥᠲᠥᠯᠦᠨ ᠵᠢᠯᠣᠭᠤᠳᠬᠤ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠤᠮᠵᠢ ᠬᠢᠪᠠ᠃ ᠬᠢᠴᠢᠶᠡᠯᠯᠡᠭᠡ ᠨᠢ ᠤᠨᠤᠯ ᠤᠨ ᠦᠨᠳᠦᠷᠴᠡ ᠲᠠᠢ ᠪᠥᠭᠡᠳ ᠨᠡᠶᠢᠲᠡᠯᠢᠭ ᠬᠡᠷᠡᠭ ᠤᠨ ᠵᠢᠱᠢᠶ᠎ᠡ ᠲᠠᠢ ᠪᠠᠶᠢᠵᠤ᠂ ᠣᠳᠣᠬᠠᠨ ᠤ ᠪᠠ ᠬᠤᠶᠢᠰᠢᠳᠠ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠬᠢᠬᠦ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃ ᠪᠣᠯᠪᠠᠰᠤᠷᠠᠭᠤᠯᠤᠯ ᠤᠨ ᠬᠤᠭᠤᠴᠠᠭᠠᠨ ᠳᠤ᠂ ᠪᠣᠯᠪᠠᠰᠤᠷᠠᠭᠤᠯᠤᠯ ᠳᠤ ᠣᠷᠣᠯᠴᠠᠭᠰᠠᠨ ᠰᠤᠷᠤᠭᠴᠢᠳ ᠬᠢᠨᠠᠮᠠᠭᠠᠶ ᠰᠣᠨᠣᠰᠴᠤ᠂ ᠨᠠᠷᠢᠨ ᠲᠣᠳᠣᠷᠬᠠᠶ ᠲᠡᠮᠳᠡᠭᠯᠡᠯ ᠬᠢᠪᠠ᠃ ᠣᠯᠠᠨ ᠢᠶᠠᠷ ᠢᠶᠠᠨ᠂ ᠲᠣᠰ ᠤᠳᠠᠭᠠᠨ ᠤ ᠪᠣᠯᠪᠠᠰᠤᠷᠠᠭᠤᠯᠤᠯ ᠤᠨ ᠠᠭᠤᠯᠭ᠎ᠠ ᠪᠠᠶᠠᠯᠢᠭ᠂ ᠬᠡᠷᠡᠭᠯᠡᠭᠡᠨ ᠤ ᠴᠢᠨᠠᠷ ᠢᠶᠠᠷ ᠴᠢᠩᠭ᠎ᠠ ᠪᠠᠶᠢᠵᠤ᠂ ᠵᠠᠯᠭᠠᠭᠠᠳ ᠪᠣᠯᠪᠠᠰᠤᠷᠠᠭᠤᠯᠤᠯ ᠤᠨ ᠳᠤᠮᠳᠠ ᠰᠤᠷᠴᠤ᠂ ᠰᠡᠳᠬᠢᠵᠦ᠂ ᠤᠬᠠᠭᠠᠷᠠᠬᠤ ᠶᠢ ᠠᠵᠢᠯ ᠳᠠᠭᠠᠨ ᠠᠭᠤᠰᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ ᠭᠡᠵᠦ ᠢᠯᠡᠳᠬᠡᠵᠡᠭᠡᠪᠡ᠃ ᠳᠠᠷᠠᠭᠠᠴᠢ ᠶᠢᠨ ᠠᠯᠬᠤᠮ ᠳᠤ᠂ ᠤᠳᠠ ᠲᠣᠭᠤᠷᠢᠭ ᠤᠨ ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ ᠲᠤᠰ ᠤᠳᠠᠭᠠᠨ ᠤ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠦᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠣᠳᠣᠬᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠤ ᠲᠤᠯᠭᠠᠷᠠᠵᠤ ᠪᠠᠶᠢᠭ᠎ᠠ ᠠᠶᠤᠯ ᠲᠦᠭᠰᠢᠭᠦᠷᠢ ᠥᠷᠢᠰᠥᠯᠳᠦᠭᠡᠨ ᠢ ᠭᠦᠨᠵᠡᠭᠡᠢ ᠵᠠᠳᠠᠯᠵᠤ᠂ ᠵᠥᠷᠢᠴᠡᠯ ᠪᠣᠯᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠭᠤᠣᠯ ᠵᠢᠭᠰᠠᠭᠠᠯ ᠤᠨ ᠭᠠᠵᠠᠷ ᠢ ᠪᠠᠲᠤ ᠰᠠᠬᠢᠵᠤ᠂ ᠰᠢᠯᠢᠳᠡᠭ ᠰᠤᠷᠭᠠᠨ ᠬᠥᠮᠦᠵᠢᠯ ᠤᠨ ᠦᠯᠢᠭᠡᠷ ᠢ ᠰᠠᠶᠢᠲᠤᠷ ᠶᠠᠷᠢᠵᠤ᠂ ᠵᠥᠪ ᠲᠠᠯ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠢᠳᠡᠪᠬᠢ ᠬᠦᠴᠦᠨ ᠢ ᠤᠯᠠᠮᠵᠢᠯᠠᠨ᠎ᠠ᠃
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号