ᠯᠢᠦ ᠬᠤ᠋ ᠰᠤᠷᠭᠠᠨ ᠬᠥᠮᠦᠵᠢᠯ ᠪᠣᠯᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/12/2
      11 ᠰᠠᠷ᠎ᠠ ᠶᠢᠨ 29 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠯᠢᠦ ᠬᠤ᠋ ᠰᠤᠷᠭᠠᠨ ᠬᠥᠮᠦᠵᠢᠯ ᠪᠠ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠶᠢᠨ ᠠᠵᠢᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠬᠠᠨ ᡁᠢ ᠯᠢᠨ᠂ ᠯᠢᠦ ᠨᠠᠷᠠᠨ ᠣᠷᠣᠯᠴᠠᠪᠠ᠃
206.jpg     
      ᠯᠢᠦ ᠬᠤ᠋ ᠤᠷᠢᠳ ᠬᠤᠵᠢᠳ ᠪᠦᠯᠬᠦᠮᠳᠡᠯ ᠵᠠᠮ ᠤᠨ ᠪᠠᠭ᠎ᠠ ᠰᠤᠷᠭᠠᠭᠤᠯᠢ᠂ ᠲᠤᠷᠰᠢᠯᠲᠠ ᠶᠢᠨ ᠳᠤᠮᠳᠠᠳᠤ ᠰᠤᠷᠭᠠᠭᠤᠯᠢ ᠵᠡᠷᠭᠡ ᠭᠠᠵᠠᠷ ᠲᠤ ᠬᠦᠷᠴᠦ᠂ ᠰᠤᠷᠭᠠᠭᠤᠯᠢ ᠶᠢᠨ ᠲᠥᠯᠥᠪᠵᠢᠭᠦᠯᠭᠡ ᠪᠠᠶᠢᠷᠢᠯᠠᠭᠤᠯᠤᠯᠲᠠ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠬᠡᠷᠡᠭᠯᠡᠯᠲᠡ ᠪᠠ ᠰᠤᠷᠭᠠᠭᠤᠯᠢ ᠶᠢᠨ ᠰᠤᠯᠠ ᠪᠠᠶᠢᠭ᠎ᠠ ᠰᠤᠷᠭᠠᠭᠤᠯᠢ ᠶᠢᠨ ᠪᠠᠶᠢᠷᠢ ᠶᠢ ᠠᠮᠢᠳᠤᠯᠢᠭᠵᠢᠭᠤᠯᠤᠨ ᠠᠰᠢᠭᠯᠠᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠲᠥᠷᠥ ᠶᠢᠨ ᠪᠣᠳᠣᠯᠭ᠎ᠠ ᠶᠢ ᠡᠵᠡᠮᠰᠢᠵᠦ᠂ ᠲᠥᠷᠥᠯ ᠬᠤᠪᠢᠶᠠᠨ ᠰᠢᠢᠳᠪᠦᠷᠢᠯᠡᠵᠦ᠂ ᠰᠠᠭᠤᠷᠢ ᠲᠤᠭ᠎ᠠ ᠶᠢ ᠤᠯᠠᠮ ᠨᠢᠭᠡ ᠠᠯᠬᠤᠮ ᠲᠣᠳᠣᠷᠬᠠᠶ ᠣᠶᠢᠯᠠᠭᠠᠵᠤ᠂ ᠡᠳ᠋ ᠬᠥᠷᠥᠩᠭᠡ ᠶᠢ ᠦᠨᠡᠯᠡᠨ ᠵᠢᠱᠢᠵᠦ ᠳᠠᠩᠰᠠᠯᠠᠬᠤ ᠠᠵᠢᠯ ᠢ ᠰᠠᠶᠢᠲᠤᠷ ᠬᠢᠵᠦ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠮᠢᠳᠤᠯᠢᠭ ᠬᠡᠷᠡᠭᠯᠡᠵᠦ᠂ ᠠᠰᠢᠭ ᠣᠷᠣᠯᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠤᠷᠢᠳᠠᠪᠠᠷ ᠬᠡᠷᠡᠭᠯᠡᠬᠦ ᠬᠡᠷᠡᠭᠲᠡᠶ᠃ ᠨᠥᠬᠦᠴᠡᠯ ᠲᠠᠢ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠭᠠᠳᠠᠭᠰᠢ ᠨᠡᠭᠡᠭᠡᠯᠲᠡ ᠬᠢᠬᠦ ᠶᠢ ᠵᠣᠷᠢᠭᠵᠢᠭᠤᠯᠵᠤ᠂ ᠤᠷᠢᠳᠴᠢᠯᠠᠨ ᠪᠣᠯᠵᠣᠬᠤ ᠦᠨᠡᠨ ᠨᠡᠷ᠎ᠡ ᠶᠢᠨ ᠲᠦᠷᠢᠮ ᠢ ᠬᠡᠷᠡᠭᠯᠡᠨ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢ ᠣᠷᠣᠭᠤᠯᠤᠨ ᠠᠪᠴᠢᠷᠠᠵᠤ ᠨᠢᠭᠡᠳᠦᠯᠲᠡᠶ ᠬᠠᠮᠢᠶᠠᠷᠬᠤ ᠵᠡᠷᠭᠡ ᠠᠷᠭ᠎ᠠ ᠮᠠᠶ᠋ᠢᠭ ᠢ ᠠᠪᠴᠤ᠂ ᠠᠮᠤᠷ ᠲᠦᠪᠰᠢᠨ᠂ ᠪᠠᠯᠠ ᠮᠥᠩᠭᠦ᠂ ᠬᠠᠮᠢᠶᠠᠷᠤᠯᠲᠠ᠂ ᠲᠠᠯᠠᠪᠤᠷ ᠭᠠᠵᠠᠷ ᠢ ᠠᠷᠠᠴᠢᠯᠠᠨ ᠬᠠᠮᠠᠭᠠᠯᠠᠬᠤ ᠶᠢᠨ ᠬᠠᠮᠲᠤ ᠢᠵᠢ ᠪᠥᠷᠢᠳᠦᠭᠦᠯᠬᠦ ᠠᠷᠭ᠎ᠠ ᠬᠡᠮᠵᠢᠶ᠎ᠡ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠬᠤᠲᠠ ᠶᠢᠨ ᠠᠷᠠᠳ ᠤᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠬᠢᠭᠡᠳ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠡᠬᠢ ᠪᠠᠶᠠᠯᠢᠭ ᠤᠨ ᠬᠠᠩᠭᠠᠯᠭ᠎ᠠ ᠬᠦᠷᠦᠯᠴᠡᠬᠦ ᠥᠬᠡᠶ ᠪᠠᠶᠢᠬᠤ ᠵᠥᠷᠢᠴᠡᠯ ᠢ ᠤᠯᠠᠮ ᠨᠢᠭᠡ ᠠᠯᠬᠤᠮ ᠨᠠᠮᠳᠠᠭᠤᠯᠬᠤ ᠬᠡᠷᠡᠭᠲᠡᠶ ᠭᠡᠵᠠᠢ᠃       ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠪᠣᠯᠤᠨ ᠪᠠᠶᠠᠨᠰᠠᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠵᠡᠷᠭᠡ ᠭᠠᠵᠠᠷ ᠲᠤ᠂ ᠯᠢᠦ ᠬᠤ᠋ ᠡᠮᠴᠢᠯᠡᠭᠡᠨ ᠤ ᠲᠥᠬᠦᠭᠡᠷᠦᠮᠵᠢ ᠶᠢᠨ ᠲᠤᠬᠢᠷᠠᠭᠤᠯᠤᠯᠳᠠ᠂ ᠴᠢᠳᠠᠪᠬᠢ ᠶᠢᠨ ᠪᠠᠶᠢᠷᠢ ᠲᠣᠭᠲᠠᠭᠠᠯᠲᠠ᠂ ᠦᠢᠯᠡᠴᠢᠯᠡᠭᠡᠨ ᠤ ᠬᠥᠮᠦᠨ ᠠᠮᠠ ᠪᠣᠯᠤᠨ ᠦᠢᠯᠡᠴᠢᠯᠡᠭᠡᠨ ᠤ ᠷᠠᠳᠢᠦ᠋ᠰ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡ ᠪᠣᠯ ᠣᠯᠠᠨ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠴᠢᠬᠤᠯᠠ ᠭᠤᠭᠴᠤᠭ᠎ᠠ ᠮᠥᠨ᠃ ᠨᠠᠰᠤᠵᠢᠯ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠦᠨᠳᠦᠰᠦᠨ ᠡᠮᠴᠢᠯᠡᠭᠡᠨ ᠤ ᠦᠢᠯᠡᠴᠢᠯᠡᠭᠡ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠦᠯᠵᠢᠶᠡᠨ ᠤ ᠰᠠᠭᠤᠷᠢ᠂ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ ᠪᠣᠯᠤᠨ ᠡᠷᠡᠭᠦᠯᠵᠢᠯ ᠤᠨ ᠰᠤᠪᠢᠯᠠᠯᠲᠠ ᠶᠢᠨ ᠦᠢᠯᠡᠴᠢᠯᠡᠭᠡ ᠵᠡᠷᠭᠡ ᠴᠢᠳᠠᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠪᠣᠳᠠᠲᠠᠢ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠴᠢᠳᠠᠯ ᠤᠨ ᠢᠶᠠᠨ ᠬᠢᠷᠢ ᠪᠠᠷ ᠬᠢᠵᠦ᠂ ᠴᠢᠳᠠᠯ ᠤᠨ ᠢᠶᠠᠨ ᠬᠢᠷᠢ ᠪᠠᠷ ᠴᠢᠷᠮᠠᠶᠢᠵᠤ᠂ ᠡᠬᠢ ᠪᠠᠶᠠᠯᠢᠭ ᠢ ᠨᠡᠶᠢᠳᠬᠡᠬᠦ ᠶᠢ ᠦᠷᠭᠦᠯᠵᠢᠯᠡᠨ ᠰᠢᠯᠢᠳᠡᠭᠵᠢᠭᠦᠯᠵᠦ᠂ ᠴᠢᠨᠠᠷ ᠰᠠᠶᠢᠲᠠᠢ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠠᠬᠢᠭᠤᠯᠵᠤ᠂ ᠰᠢᠶᠠᠨ ᠤ ᠬᠡᠪᠴᠢᠶᠡᠨ ᠤ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠵᠤ᠂ ᠰᠠᠭᠤᠭᠠᠯᠢ ᠠᠷᠠᠳ ᠤᠨ ︽ᠬᠡᠷ ᠤᠨ ᠡᠭᠦᠳᠡ︾ ᠶᠢᠨ ᠡᠮᠬᠢᠯᠡᠨ ᠨᠡᠶᠢᠯᠡᠭᠦᠯᠬᠦ ᠬᠡᠯᠪᠡᠷᠢ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠲᠠᠪᠴᠠᠩ ᠢ ᠪᠣᠶ ᠪᠣᠯᠭᠠᠨ᠎ᠠ᠃ ᠬᠢᠲᠠᠳ ᠡᠮᠨᠡᠯᠭᠡ᠂ ᠡᠷᠡᠭᠦᠯᠵᠢᠯ᠂ ᠰᠤᠪᠢᠯᠠᠯᠲᠠ ᠵᠡᠷᠭᠡ ᠤᠨᠴᠠᠯᠢᠬᠳᠤ ᠲᠦᠷᠦᠯ ᠲᠡᠮᠳᠡᠭ ᠢ ᠰᠠᠶᠢᠲᠤᠷ ᠬᠥᠭᠵᠢᠭᠦᠯᠵᠦ᠂ ᠦᠢᠯᠡᠴᠢᠯᠡᠭᠡᠨ ᠤ ᠶᠠᠪᠤᠴᠠ ᠶᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠡᠪᠡᠳᠴᠢᠨ ᠦᠵᠡᠭᠦᠯᠬᠦ ᠣᠶᠢᠯᠠᠭᠠᠯᠲᠠ ᠪᠠᠨ ᠰᠠᠶᠢᠵᠢᠷᠠᠭᠤᠯᠵᠤ᠂ ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠨᠥᠯᠥᠭᠡᠯᠡᠬᠦ ᠬᠦᠴᠦᠨ ᠪᠣᠯᠤᠨ ᠲᠠᠲᠠᠬᠤ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠠᠢ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号