| | | ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ︽ᠤᠳᠠ ᠲᠣᠭᠤᠷᠢᠭ ᠤᠨ ᠨᠢᠭᠲᠠ ᠬᠡᠯᠪᠡᠷᠢ ᠶᠢᠨ | ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ | ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ | ᠵᠠᠰᠠᠭ ᠤᠨ ᠣᠷᠳᠣᠨ ᠤ ᠠᠯᠪᠠᠨ ᠮᠡᠳᠡᠭᠡ 2024 ᠣᠨ ᠤ 4 ᠳ᠋ᠦ᠋ᠭᠡᠷ ᠬᠤᠭᠤᠴᠠᠭ᠎ᠠ ︵ᠶᠡᠷᠦᠩᠬᠡᠢ 16 ᠳ᠋ᠤᠭᠠᠷ | ᠬᠤᠭᠤᠴᠠᠭ᠎ᠠ ᠤᠯᠠᠷᠢᠯ ᠤᠨ ᠰᠡᠳᠬᠦᠯ︶ | ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠰᠠᠭ ᠤᠨ ᠣᠷᠳᠣᠨ ᠤ | ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ | ᠨᠢᠭᠡᠴᠡ ᠳᠤ᠄ | ᠡᠳᠦᠭᠡ ︽ᠤᠳᠠ ᠲᠣᠭᠤᠷᠢᠭ ᠤᠨ ᠨᠢᠭᠲᠠ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ | ᠪᠥᠲᠥᠭᠡᠨ ᠪᠠᠶᠢᠭᠤᠯᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶︾ ᠢ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠲᠤᠭᠠᠶ᠃ | 2024 ᠣᠨ ᠤ 5 ᠰᠠᠷ᠎ᠠ ᠶᠢᠨ 17 ᠤ ᠡᠳᠦᠷ | ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ︽ᠤᠳᠠ ᠲᠣᠭᠤᠷᠢᠭ ᠤᠨ ᠨᠢᠭᠲᠠ ᠬᠡᠯᠪᠡᠷᠢ ᠶᠢᠨ | ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ | ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ | ᠤᠯᠤᠰ᠂ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠯ ᠤᠨ ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠤᠰᠠᠳᠠ᠂ ︽ᠦᠬᠠᠶ ᠬᠤᠲᠠ ᠶᠢᠨ ᠨᠢᠭᠲᠠ ᠬᠡᠯᠪᠡᠷᠢ ᠶᠢᠨ ᠬᠤᠲᠠ ᠶᠢᠨ ᠡᠮᠴᠢᠯᠡᠭᠡᠨ ᠤ | ᠪᠦᠯᠦᠭᠯᠡᠯ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠤᠨ ᠲᠥᠰᠦᠯ ᠢ ᠳᠠᠷᠤᠮᠠᠯᠯᠠᠨ | ᠶᠠᠪᠤᠭᠤᠯᠬᠤ ᠲᠤᠬᠠᠶ ᠮᠡᠳᠡᠭᠳᠡᠯ︾︵ᠦᠬᠠᠢ ᠡᠷᠡᠬᠦᠯ ᠲᠠᠷᠬᠠᠭᠠᠭᠰᠠᠨ ﹇2020﹈ 109 ᠳ᠋ᠦᠭᠡᠷ ᠲᠣᠭᠠᠲᠤ︶ ᠤᠨ | ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠬᠠᠷᠢᠶᠠᠲᠤ ᠣᠷᠣᠨ ᠤ ᠡᠮᠴᠢᠯᠡᠭᠡ ᠡᠷᠡᠭᠦᠯ ᠬᠠᠮᠠᠭᠠᠯᠠᠯ ᠤᠨ ᠡᠬᠢ | ᠪᠠᠶᠠᠯᠢᠭ ᠢ ᠡᠮᠬᠢᠯᠡᠨ ᠨᠡᠶᠢᠯᠡᠭᠦᠯᠵᠦ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠦᠨᠡᠨᠬᠦ | ᠲᠥᠬᠦᠮ ᠦᠵᠡᠭᠦᠯᠵᠦ᠂ ᠤᠳᠠ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠪᠠᠷ ᠲᠦᠷᠦᠭᠦᠯᠡᠭᠦᠯᠦᠭᠰᠡᠨ | ᠨᠢᠭᠲᠠ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ︵ᠳᠣᠷᠣᠭᠰᠢ ᠡᠮᠴᠢᠯᠡᠭᠡᠨ ᠤ ᠪᠦᠯᠦᠭᠯᠡᠯ ᠭᠡᠵᠦ | ᠲᠣᠪᠴᠢᠯᠠᠨ᠎ᠠ︶ ᠢ ᠪᠠᠶᠢᠭᠤᠯᠵᠤ᠂ ᠡᠮᠴᠢᠯᠡᠭᠡᠨ ᠤ ᠪᠦᠯᠦᠭᠯᠡᠯ ᠤᠨ ᠳᠣᠲᠣᠷᠠᠬᠢ ᠭᠤᠷᠪᠠᠨ ᠡᠮᠨᠡᠯᠭᠡ ᠶᠢᠨ ᠬᠤᠯᠪᠣᠭᠠᠯᠠᠨ | ᠬᠥᠳᠡᠯᠦᠯᠴᠡᠬᠦ᠂ ᠱᠠᠲᠤ ᠬᠤᠪᠢᠶᠠᠨ ᠣᠨᠣᠰᠢᠯᠠᠨ ᠡᠮᠨᠡᠬᠦ᠂ ᠬᠤᠤᠰ ᠴᠢᠭᠯᠡᠯ ᠢᠶᠠᠷ ᠰᠢᠯᠵᠢᠭᠦᠯᠦᠨ ᠣᠨᠣᠰᠢᠯᠠᠬᠤ᠂ ᠲᠦᠷᠭᠡᠨ | ᠤᠳᠠᠭᠠᠨ ᠴᠢᠨᠠᠷᠲᠠᠶ ᠡᠪᠡᠳᠴᠢᠨ ᠢ ᠰᠠᠯᠭᠠᠨ ᠵᠠᠰᠠᠬᠤ ᠠᠵᠢᠯ ᠤᠨ ᠬᠠᠷᠠᠯᠲᠠ ᠶᠢ ᠪᠡᠶᠡᠯᠡᠭᠦᠯᠦᠨ᠎ᠡ᠂ ᠡᠳᠦᠭᠡ ᠮᠠᠨ ᠤ | ᠲᠤᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠣᠨᠴᠠᠭᠠᠶᠢᠯᠠᠨ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ | ᠤᠯᠤᠰ᠂ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠶᠢᠨ ᠶᠡᠷᠦᠩᠬᠡᠶ ᠱᠠᠭᠠᠷᠳᠠᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ︽ᠡᠮᠴᠢᠯᠡᠭᠡᠨ ᠤ ᠬᠤᠯᠪᠣᠭᠠᠲᠤ ᠴᠣᠭᠴᠠ ᠶᠢᠨ | ᠪᠠᠶᠢᠭᠤᠯᠤᠯᠲᠠ ᠪᠠ ᠬᠥᠭᠵᠢᠯᠲᠡ ᠶᠢ ᠴᠢᠩᠭᠠᠳᠬᠠᠬᠤ ᠲᠤᠬᠠᠶ ᠵᠢᠯᠣᠭᠤᠳᠬᠤ ᠰᠠᠨᠠᠯ︾ ᠵᠡᠷᠭᠡ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠶᠣᠰᠣᠭᠠᠷ᠂ ᠨᠢᠭᠲᠠ ᠬᠡᠯᠪᠡᠷᠢ ᠶᠢᠨ ᠪᠦᠯᠦᠭᠯᠡᠯ ᠤᠨ ᠶᠡᠷᠦᠩᠬᠡᠶ ᠬᠤᠷᠢᠶ᠎ᠠ ᠪᠠᠷ ᠰᠠᠭᠤᠷᠢ ᠪᠣᠯᠭᠠᠭᠰᠠᠨ | ᠰᠢᠨ᠎ᠡ ᠬᠡᠯᠪᠡᠷᠢ ᠶᠢᠨ ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠤ᠂ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ | ︽ᠡᠭᠦᠳᠡ ᠰᠠᠬᠢᠭᠴᠢ︾ ᠶᠢᠨ ᠴᠢᠳᠠᠪᠤᠷᠢ ᠶᠢ ᠴᠢᠩᠭᠠᠷᠠᠭᠤᠯᠤᠨ᠂ ︽ᠠᠷᠠᠳ ᠣᠯᠠᠨ ᠤ ᠬᠡᠷ ᠤᠨ ᠡᠭᠦᠳᠡᠨ ᠳᠠᠬᠢ | ᠡᠮᠨᠡᠯᠭᠡ ᠶᠢᠨ ᠬᠤᠷᠢᠶ᠎ᠠ︾ ᠶᠢ ᠰᠠᠶᠢᠲᠤᠷ ᠪᠠᠶᠢᠭᠤᠯᠵᠤ᠂ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠦᠢᠯᠡᠰ ᠤᠨ | ᠬᠥᠭᠵᠢᠯᠲᠡ ᠶᠢ ︽ᠡᠪᠡᠳᠴᠢᠨ ᠵᠠᠰᠠᠬᠤ ᠪᠠᠷ ᠭᠤᠤᠯ ᠪᠣᠯᠭᠠᠬᠤ︾ ᠠᠴᠠ ︽ᠡᠷᠡᠭᠦᠯ ᠮᠡᠨᠳᠦ ᠪᠠᠷ ᠭᠤᠤᠯ ᠪᠣᠯᠭᠠᠬᠤ︾ | ᠳᠠᠰᠢ ᠬᠤᠪᠢᠷᠠᠭᠤᠯᠬᠤ ᠶᠢ ᠠᠬᠢᠭᠤᠯᠵᠤ᠂ ᠠᠷᠠᠳ ᠣᠯᠠᠨ ᠳᠤ ᠪᠥᠬᠦ ᠲᠠᠯ᠎ᠠ ᠶᠢᠨ᠂ ᠪᠥᠬᠦ ᠦᠶᠡᠯᠡᠯ ᠤᠨ ᠬᠤᠭᠤᠴᠠᠭᠠᠨ ᠤ | ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠬᠠᠷᠠᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ | ︵ᠬᠤᠶᠠᠷ︶ ᠦᠨᠳᠦᠰᠦᠨ ᠵᠠᠷᠴᠢᠮ | 1.ᠨᠡᠶᠢᠲᠡ ᠶᠢᠨ ᠠᠰᠠᠷᠠᠮᠵᠢ ᠶᠢ ᠪᠠᠷᠢᠮᠲᠠᠯᠠᠨ᠂ ᠲᠣᠭᠲᠠᠴᠠ ᠶᠢᠨ ᠰᠢᠨ᠎ᠡ ᠶᠢ ᠡᠭᠦᠳᠦᠨ᠎ᠡ᠃ ᠵᠠᠰᠠᠭ ᠤᠨ ᠣᠷᠳᠣᠨ | ᠡᠮᠨᠡᠯᠭᠡ ᠡᠷᠬᠢᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠬᠤᠪᠢᠷᠠᠭᠤᠯᠬᠤ ᠦᠭᠡᠶ ᠪᠠᠶᠢᠬᠤ ᠶᠢ ᠪᠠᠷᠢᠮᠲᠠᠯᠠᠨ᠂ | ᠦᠨᠳᠦᠰᠦᠨ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠨᠡᠶᠢᠲᠡ ᠶᠢᠨ ᠠᠰᠠᠷᠠᠮᠵᠢ ᠶᠢᠨ ᠴᠢᠨᠠᠷ ᠢ ᠦᠨᠡᠨᠬᠦ | ᠬᠠᠮᠠᠭᠠᠯᠠᠬᠤ ᠪᠠ ᠪᠠᠲᠤᠯᠠᠬᠤ ᠬᠡᠷᠡᠭᠲᠡᠶ᠃ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠭᠤᠷᠪᠠᠨ ᠡᠮᠨᠡᠯᠭᠡ ᠶᠢᠨ | ᠬᠤᠯᠪᠣᠭᠠᠯᠠᠨ ᠬᠥᠳᠡᠯᠦᠯᠴᠡᠬᠦ ᠥᠭᠡᠷᠡᠴᠢᠯᠡᠯᠲᠡ ᠶᠢ ᠪᠠᠷᠢᠮᠲᠠᠯᠠᠨ᠂ ᠲᠣᠭᠲᠠᠴᠠ ᠶᠢᠨ ᠰᠢᠨ᠎ᠡ ᠶᠢ ᠡᠭᠦᠳᠴᠦ᠂ | ᠵᠢᠷᠭᠤᠭ᠎ᠠ ᠶᠢ ᠨᠢᠭᠡᠳᠦᠯᠲᠡᠶ ᠬᠠᠮᠢᠶᠠᠷᠬᠤ ᠶᠢ ᠬᠡᠷᠡᠭᠵᠢᠭᠦᠯᠦᠨ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ | ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠬᠤᠭᠤᠷᠣᠨᠳᠣᠬᠢ ᠠᠵᠢᠯ | ᠬᠤᠪᠢᠶᠠᠷᠢᠯᠠᠨ ᠬᠠᠮᠵᠢᠯᠴᠠᠬᠤ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ ᠲᠡᠭᠦᠯᠳᠡᠷᠵᠢᠭᠦᠯᠦᠨ᠎ᠡ᠃ | 2.ᠡᠬᠢ ᠪᠠᠶᠠᠯᠢᠭ ᠢ ᠳᠣᠷᠣᠭᠰᠢ ᠪᠠᠭᠤᠯᠭᠠᠵᠤ᠂ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠤᠭᠤᠷᠢᠭ ᠤᠨ | ᠠᠷᠠᠳ ᠤᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠴᠢᠨᠠᠷ ᠰᠠᠶᠢᠲᠠᠶ ᠡᠬᠢ ᠪᠠᠶᠠᠯᠢᠭ ᠲᠥᠪᠯᠡᠷᠡᠭᠰᠡᠨ ᠳᠠᠪᠠᠭᠤᠯᠢᠭ ᠢ | ᠭᠦᠢᠴᠡᠳ ᠠᠰᠢᠭᠯᠠᠨ᠂ ᠮᠡᠷᠭᠡᠵᠢᠯ ᠤᠨ ᠵᠢᠯᠣᠭᠤᠳᠣᠯᠭ᠎ᠠ᠂ ᠴᠢᠳᠠᠪᠤᠷᠢᠲᠠᠨ ᠬᠥᠮᠦᠵᠢᠭᠦᠯᠬᠦ ᠵᠡᠷᠭᠡ ᠠᠷᠭ᠎ᠠ ᠪᠠᠷᠢᠯ ᠢᠶᠠᠷ | ᠳᠠᠮᠵᠢᠭᠤᠯᠤᠨ᠂ ᠦᠨᠳᠦᠰᠦᠨ ᠱᠠᠲᠤᠨ ᠳᠤ ᠮᠡᠷᠭᠡᠵᠢᠯ ᠤᠨ ᠰᠠᠴᠤᠷᠠᠭ ᠪᠠ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ | ᠡᠮᠴᠢᠯᠡᠭᠡᠨ ᠤ ᠪᠦᠯᠦᠭᠯᠡᠯ ᠤᠨ ᠲᠣᠳᠣᠭᠠᠳᠣ ᠶᠢᠨ ᠨᠢᠭᠡᠳᠦᠯᠳᠡᠢ ᠬᠠᠮᠢᠶᠡᠷᠦᠯᠳᠡ ᠶᠢᠨ ᠵᠬᠠᠪᠤᠷ ᠢ ᠵᠣᠷᠢᠠᠠᠵᠢᠭᠤᠯᠵᠦ᠂ | ᠣᠷᠣᠨ ᠪᠦᠰᠡ ᠶᠢᠨ ᠡᠮᠴᠢᠯᠡᠭᠡᠨ ᠤ ᠡᠬᠢ ᠪᠠᠶᠠᠯᠢᠭ ᠢ ᠬᠠᠮᠳᠣᠪᠡᠷ ᠬᠦᠷᠲᠡᠬᠦ ᠶᠢ ᠠᠬᠢᠭᠤᠯᠥᠨ᠂ ᠰᠢᠨᠵᠢᠯᠡᠬᠦ ᠣᠬᠠᠭᠠᠨ | ᠮᠡᠷᠭᠡᠵᠢᠯ ᠤᠨ ᠬᠦᠳᠦᠯᠥᠨ ᠲᠠᠭᠠᠭᠤᠯᠬᠤ ᠪᠠ ᠲᠤᠯᠭᠠᠭᠤᠷᠢᠯᠠᠬᠤ ᠦᠢᠯᠡᠳᠣᠯ ᠢ ᠪᠠᠳᠡᠷᠡᠭᠤᠯᠵᠦ᠂ ᠡᠮᠴᠢᠯᠡᠭᠡᠨ ᠤ | ᠦᠢᠯᠡᠴᠢᠯᠡᠭᠡᠨ ᠤ ᠰᠢᠰᠲ᠋ᠧᠮᠵᠢ ᠶᠢᠨ ᠪᠦᠬᠦᠯᠢ ᠴᠣᠠᠠᠴᠠ ᠶᠢᠨ ᠴᠢᠳᠡᠪᠦᠷᠢ ᠶᠢ ᠳᠡᠭᠡᠭᠰᠢᠯᠡᠬᠦᠯᠦᠨ᠎ᠡ᠃ | 3.ᠴᠢᠳᠠᠮᠵᠢ ᠶᠢ ᠨᠠᠶᠢᠳᠠᠪᠤᠷᠢᠵᠢᠭᠤᠯᠤᠨ᠂ ᠨᠢᠭᠡᠳᠦᠯᠲᠡᠶ ᠲᠥᠯᠥᠪᠯᠡᠨ ᠬᠥᠭᠵᠢᠭᠦᠯᠦᠨ᠎ᠡ᠃ ᠡᠮᠴᠢᠯᠡᠭᠡᠨ ᠤ | ᠪᠦᠯᠦᠭᠯᠡᠯ ᠤᠨ ᠳᠣᠲᠣᠭᠠᠳᠤ ᠶᠢᠨ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠴᠢᠳᠠᠮᠵᠢ ᠶᠢᠨ ᠪᠠᠶᠢᠷᠢ | ᠲᠣᠭᠲᠠᠭᠠᠯᠲᠠ ᠶᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠡᠷᠬᠡ ᠨᠢᠭᠡᠳᠦᠯᠲᠡᠶ ᠪᠠᠶᠢᠬᠤ ᠶᠢ ᠴᠢᠬᠤᠯᠠᠴᠢᠯᠠᠨ᠂ | ᠪᠦᠯᠦᠭᠯᠡᠯ ᠤᠨ ᠳᠣᠲᠣᠭᠠᠳᠤ ᠶᠢᠨ ᠬᠤᠤᠰ ᠠᠮᠵᠢᠯᠲᠠ ᠶᠢ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠨ᠎ᠠ᠃ | ᠡᠮᠴᠢᠯᠡᠭᠡᠨ ᠤ ᠪᠦᠯᠦᠭᠯᠡᠯ ᠤᠨ ᠭᠡᠰᠢᠭᠦᠳ ᠤᠨ ᠬᠤᠭᠤᠷᠣᠨᠳᠣᠬᠢ ᠬᠠᠷᠢᠶᠠᠯᠠᠭᠳᠠᠬᠤ ᠬᠠᠷᠢᠴᠠᠭ᠎ᠠ ᠬᠢᠭᠡᠳ | ᠣᠷᠣᠭᠤᠯᠤᠯᠲᠠ ᠶᠢᠨ ᠠᠷᠭ᠎ᠠ ᠵᠠᠮ ᠢ ᠬᠤᠪᠢᠷᠠᠭᠤᠯᠬᠤ ᠥᠬᠡᠶ ᠪᠠᠶᠢᠵᠤ᠂ ᠡᠯ᠎ᠡ ᠨᠢᠭᠡᠴᠡ ᠶᠢᠨ ᠡᠷᠬᠡ ᠠᠰᠢᠭ ᠬᠢᠭᠡᠳ | ᠡᠭᠦᠷᠭᠡ ᠶᠢ ᠲᠣᠳᠣᠷᠬᠠᠶᠢᠯᠠᠬᠤ ᠶᠢᠨ ᠬᠠᠮᠲᠤ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠳᠤ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ | ᠣᠯᠭᠤᠵᠤ᠂ ᠡᠨᠡ ᠬᠦ ᠰᠠᠭᠤᠷᠢᠨ ᠳᠡᠭᠡᠷ᠎ᠡ ᠭᠤᠯᠳᠤ ᠪᠠᠷ ᠬᠠᠮᠲᠤᠷᠠᠯᠴᠠᠬᠤ ᠶᠢ ᠥᠷᠨᠢᠭᠦᠯᠦᠨ᠎ᠡ᠃ | 4.ᠠᠯᠬᠤᠮ ᠳᠠᠷᠠᠭ᠎ᠠ ᠲᠠᠢ ᠪᠠᠷ ᠤᠷᠤᠭᠰᠢᠯᠠᠭᠤᠯᠵᠤ᠂ ᠢᠳᠡᠪᠬᠢᠲᠡᠶ ᠯᠠᠪᠳᠠᠭᠤᠨ ᠪᠠᠶᠢᠬᠤ ᠬᠡᠷᠡᠭᠲᠡᠶ᠃ | ᠭᠤᠤᠯᠳᠠᠭᠤ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠢᠶᠠᠷ ᠬᠤᠯᠪᠣᠭᠠᠰᠤ ᠪᠣᠯᠭᠠᠵᠤ᠂ | ᠲᠦᠷᠢᠮ ᠢᠶᠠᠷ ᠵᠢᠷᠤᠮᠵᠢᠯ ᠪᠣᠯᠭᠠᠵᠤ᠂ ᠬᠠᠮᠢᠶᠠᠷᠤᠯᠲᠠ ᠪᠠᠷ ᠠᠷᠭ᠎ᠠ ᠪᠠᠷᠢᠯ ᠪᠣᠯᠭᠠᠨ᠂ ᠮᠡᠷᠭᠡᠵᠢᠯ᠂ ᠠᠵᠢᠯᠲᠠᠨ᠂ ᠴᠤᠪᠤᠷᠠᠯ᠂ | ᠮᠡᠳᠡᠭᠡ ᠵᠠᠩᠭᠢ ᠶᠢᠨ ᠲᠠᠯ᠎ᠠ ᠶᠢᠨ ᠲᠤᠬᠠᠶᠢᠯᠠᠭᠰᠠᠨ ᠠᠵᠢᠯ ᠢ ᠡᠮᠬᠢᠯᠡᠨ ᠨᠡᠶᠢᠯᠡᠭᠦᠯᠬᠦ ᠪᠠᠷ ᠭᠠᠷᠳᠠᠨ ᠬᠢᠬᠦ ᠴᠡᠭ ᠪᠣᠯᠭᠠᠵᠤ᠂ | ᠴᠡᠭ ᠢᠶᠠᠷ ᠨᠡᠶᠢᠳᠡᠮ ᠢ ᠠᠬᠢᠭᠤᠯᠤᠨ᠂ ᠤᠷᠢᠳᠠᠪᠠᠷ ᠬᠢᠯᠪᠠᠷ ᠢᠶᠠᠷ ᠳᠠᠷᠠᠭ᠎ᠠ ᠨᠢ ᠬᠦᠴᠢᠷᠲᠡᠶ ᠶᠢ ᠬᠢᠵᠦ᠂ ᠭᠦᠶᠦᠭᠡᠨ | ᠡᠬᠢᠯᠡᠭᠦᠯᠵᠦ᠂ ᠲᠣᠭᠲᠠᠭᠤᠨ ᠢᠶᠠᠷ ᠡᠬᠢᠯᠡᠭᠦᠯᠵᠦ᠂ ᠠᠯᠬᠤᠮ ᠠᠯᠬᠤᠮ ᠢᠶᠠᠷ ᠨᠠᠩ ᠨᠢᠭᠲᠠ ᠠᠵᠢᠯᠯᠠᠭᠠᠨ ᠤ ᠵᠠᠭᠪᠤᠷ ᠲᠡᠰᠢ | ᠠᠬᠢᠭᠤᠯᠤᠨ᠎ᠠ᠃ | 5.ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠡᠮᠴᠢᠯᠡᠭᠡᠨ ᠤ ᠶᠠᠰᠤ ᠴᠢᠨᠠᠷ ᠢ | ᠢᠵᠢᠯᠢᠰᠢᠭᠦᠯᠬᠦ ᠬᠠᠮᠢᠶᠠᠷᠤᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠦᠨᠳᠦᠰᠦᠨ ᠱᠠᠲᠤᠨ ᠤ ᠡᠮᠴᠢᠯᠡᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ︽ᠡᠭᠦᠳᠡ ᠰᠠᠬᠢᠭᠴᠢ︾ ᠶᠢᠨ | ᠴᠢᠳᠠᠪᠤᠷᠢ ᠶᠢ ᠴᠢᠩᠭᠠᠷᠠᠭᠤᠯᠵᠤ᠂ ᠤᠵᠢᠭ ᠡᠪᠡᠳᠴᠢᠨ ᠢ ᠤᠷᠢᠳᠴᠢᠯᠠᠨ ᠰᠡᠷᠭᠡᠶᠢᠯᠡᠬᠦ᠂ ᠡᠮᠨᠡᠨ ᠵᠠᠰᠠᠬᠤ᠂ ᠬᠠᠮᠢᠶᠠᠷᠬᠤ ᠶᠢ | ᠬᠠᠷᠢᠯᠴᠠᠨ ᠤᠶᠠᠯᠳᠤᠭᠤᠯᠬᠤ ᠶᠢ ᠠᠬᠢᠭᠤᠯᠵᠤ᠂ ᠡᠮᠴᠢᠯᠡᠭᠡᠨ ᠤ ᠪᠦᠯᠦᠭᠯᠡᠯ ᠤᠨ ᠪᠦᠲᠦᠭᠡᠨ ᠪᠠᠶᠢᠭᠤᠯᠤᠯᠲᠠ ᠬᠢᠭᠡᠳ | ᠤᠷᠢᠳᠴᠢᠯᠠᠨ ᠰᠡᠷᠭᠡᠶᠢᠯᠡᠬᠦ᠂ ᠡᠷᠡᠭᠦᠯ ᠮᠡᠨᠳᠦ ᠶᠢ ᠬᠠᠷᠢᠯᠴᠠᠨ ᠵᠣᠯᠭᠠᠭᠤᠯᠬᠤ ᠶᠢ ᠠᠬᠢᠭᠤᠯᠵᠤ᠂ ᠣᠯᠠᠨ ᠲᠦᠮᠡᠨ ᠤ | ᠣᠶᠢᠷ᠎ᠠ ᠬᠠᠪᠢ ᠳᠠᠭᠠᠨ ᠡᠪᠡᠳᠴᠢᠨ ᠦᠵᠡᠭᠦᠯᠬᠦ ᠳᠤ ᠲᠥᠬᠦᠮ ᠦᠵᠡᠭᠦᠯᠵᠦ᠂ ᠡᠪᠡᠳᠴᠢᠨ ᠡᠮᠭᠡᠭ ᠤᠨ ᠳᠠᠷᠤᠭᠠᠰᠤ ᠶᠢ | ᠬᠥᠩᠭᠡᠷᠡᠭᠦᠯᠵᠦ᠂ ᠡᠪᠡᠳᠴᠢᠨ ᠠᠴᠠ ᠪᠣᠯᠵᠤ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠨ᠂ ᠣᠯᠠᠨ | ᠲᠦᠮᠡᠨ ᠤ ᠡᠪᠡᠳᠴᠢᠨ ᠦᠵᠡᠭᠦᠯᠬᠦ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠦᠨ᠎ᠡ᠃ | ︵ᠭᠤᠷᠪᠠ︶ ᠠᠵᠢᠯ ᠤᠨ ᠬᠠᠷᠠᠯᠲᠠ | ᠤᠳᠠ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠪᠠᠷ ᠬᠠᠷᠠᠯᠲᠠ ᠪᠣᠯᠭᠠᠵᠤ᠂ ᠨᠢᠭᠲᠠ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠡᠯ᠎ᠡ | ᠪᠦᠷᠢᠯᠳᠦᠬᠦᠨ ᠨᠢᠭᠡᠴᠡ ᠬᠠᠮᠲᠤᠪᠠᠷ ᠬᠠᠷᠢᠭᠤᠴᠠᠵᠤ᠂ ᠬᠠᠷᠢᠶ᠎ᠠ ᠣᠷᠣᠨ ᠤ ᠳᠣᠲᠣᠷᠠᠬᠢ ᠰᠠᠭᠤᠭᠠᠯᠢ ᠠᠷᠠᠳ ᠲᠤ | ᠡᠪᠡᠳᠴᠢᠨ ᠡᠮᠭᠡᠭ ᠢ ᠰᠡᠷᠭᠡᠶᠢᠯᠡᠬᠦ᠂ ᠣᠨᠣᠰᠢᠯᠠᠬᠤ᠂ ᠡᠮᠨᠡᠨ ᠵᠠᠰᠠᠬᠤ᠂ ᠰᠢᠮ᠎ᠡ ᠲᠡᠵᠢᠭᠡᠯ᠂ ᠡᠷᠡᠭᠦᠯᠵᠢᠬᠦ᠂ ᠰᠤᠪᠢᠯᠠᠬᠤ᠂ | ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ ᠶᠢ ᠨᠢᠭᠡ ᠴᠣᠭᠴᠠᠵᠢᠭᠤᠯᠤᠭᠰᠠᠨ᠂ ᠦᠷᠭᠦᠯᠵᠢᠯᠡᠬᠦ ᠴᠢᠨᠠᠷᠲᠠᠶ ᠡᠮᠴᠢᠯᠡᠭᠡ | ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠪᠣᠯᠤᠨ | ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠢ ᠱᠠᠲᠤ ᠬᠤᠪᠢᠶᠠᠨ ᠬᠠᠮᠵᠢᠯᠴᠠᠭᠤᠯᠬᠤ᠂ ᠪᠦᠯᠬᠦᠮ | ᠪᠠᠶᠢᠭᠤᠯᠤᠨ ᠠᠵᠢᠯᠯᠠᠭᠤᠯᠬᠤ ᠡᠮᠴᠢᠯᠡᠭᠡ ᠶᠢᠨ ᠦᠢᠯᠡᠴᠢᠯᠡᠭᠡᠨ ᠤ ᠰᠢᠨ᠎ᠡ ᠪᠠᠶᠢᠳᠠᠯ ᠢ ᠪᠠᠶᠢᠭᠤᠯᠵᠤ᠂ ᠪᠦᠬᠦ | ᠲᠤᠭᠤᠷᠢᠭ ᠤᠨ ᠳᠣᠲᠣᠷᠠᠬᠢ ᠱᠠᠲᠤ ᠬᠤᠪᠢᠶᠠᠨ ᠣᠨᠣᠰᠢᠯᠠᠨ ᠡᠮᠨᠡᠬᠦ᠂ ᠬᠤᠶᠠᠷ ᠲᠠᠯ᠎ᠠ ᠪᠠᠷ ᠢᠶᠠᠨ ᠰᠢᠯᠵᠢᠭᠦᠯᠦᠨ | ᠡᠮᠨᠡᠭᠦᠯᠬᠦ ᠲᠣᠭᠲᠠᠴᠠ ᠪᠠᠶᠢᠭᠤᠯᠬᠤ ᠶᠢ ᠲᠦᠯᠬᠢᠨ ᠠᠬᠢᠭᠤᠯᠵᠤ᠂ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ | ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠡᠮᠴᠢᠯᠡᠭᠡ ᠶᠢᠨ ᠦᠢᠯᠡᠴᠢᠯᠡᠭᠡᠨ ᠤ | ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ | 2024 ᠣᠨ ᠤ ᠵᠢᠯ ᠤᠨ ᠡᠴᠦᠰ ᠲᠤ᠂ ᠡᠮᠴᠢᠯᠡᠭᠡᠨ ᠤ ᠪᠦᠯᠦᠭᠯᠡᠯ ᠤᠨ ᠪᠥᠲᠥᠭᠡᠨ ᠪᠠᠶᠢᠭᠤᠯᠤᠯᠲᠠ ᠶᠢᠨ | ᠠᠵᠢᠯ ᠯᠠᠪᠳᠠᠭᠤᠨ ᠢᠶᠠᠷ ᠠᠭᠢᠵᠤ᠂ ᠬᠠᠮᠢᠶᠠᠷᠤᠯᠲᠠ ᠶᠢᠨ ᠪᠦᠲᠦᠴᠡ ᠦᠨᠳᠦᠰᠦᠨ ᠳᠡᠭᠡᠨ ᠪᠦᠷᠢᠯᠳᠦᠵᠦ᠂ ᠢᠵᠢ | ᠪᠥᠷᠢᠳᠦᠭᠦᠯᠬᠦ ᠲᠥᠷᠥ ᠶᠢᠨ ᠪᠣᠳᠣᠯᠭ᠎ᠠ ᠶᠢ ᠦᠨᠳᠦᠰᠦᠨ ᠳᠡᠭᠡᠨ ᠲᠡᠭᠦᠯᠳᠡᠷᠵᠢᠭᠦᠯᠪᠡ᠃ ᠠᠵᠢᠯᠲᠠᠨ᠂ ᠡᠳ᠋ ᠤᠨ ᠶᠠᠪᠤᠳᠠᠯ᠂ | ᠡᠮ ᠤᠨ ᠵᠦᠢᠯ᠂ ᠬᠤᠷᠣᠭᠳᠠᠯ ᠮᠠᠲ᠋ᠧᠷᠢᠶᠠᠯ ᠤᠨ ᠲᠥᠬᠦᠭᠡᠷᠦᠮᠵᠢ᠂ ᠮᠡᠳᠡᠭᠡ ᠵᠠᠩᠭᠢ ᠶᠢ ᠨᠢᠭᠡ ᠴᠣᠭᠴᠠᠵᠢᠭᠤᠯᠬᠤ ᠪᠠ | ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠲᠣᠭᠲᠠᠴᠠ ᠶᠢ ᠨᠢᠭᠡᠳᠦᠯᠲᠡᠶ ᠲᠥᠪᠯᠡᠷᠡᠭᠦᠯᠦᠨ ᠬᠠᠮᠢᠶᠠᠷᠬᠤ ᠶᠢ ᠴᠢᠷᠮᠠᠶᠢᠨ | ᠪᠡᠶᠡᠯᠡᠭᠦᠯᠵᠦ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ ᠪᠠ ᠡᠮᠴᠢᠯᠡᠭᠡᠨ ᠤ ᠡᠬᠢ | ᠪᠠᠶᠠᠯᠢᠭ ᠢ ᠬᠠᠮᠲᠤᠪᠠᠷ ᠡᠳ᠋ᠯᠡᠬᠦ ᠬᠡᠷᠡᠭᠲᠡᠶ᠃ ᠲᠤᠬᠠᠶᠢᠯᠠᠭᠰᠠᠨ ᠠᠵᠢᠯ ᠤᠨ ᠲᠠᠯ᠎ᠠ ᠪᠠᠷ ᠡᠮᠴᠢᠯᠡᠭᠡᠨ ᠤ ᠦᠢᠯᠡᠴᠢᠯᠡᠭᠡ ᠶᠢ | ᠨᠢᠭᠡ ᠴᠣᠭᠴᠠᠵᠢᠭᠤᠯᠤᠨ ᠬᠠᠮᠢᠶᠠᠷᠬᠤ᠂ ᠶᠡᠷᠦᠩᠬᠡᠢ ᠰᠠᠯᠠᠭᠠᠨ ᠤ ᠲᠤᠰᠬᠠᠢ ᠰᠠᠯᠠᠭ᠎ᠠ ᠶᠢ ᠪᠦᠲᠦᠮᠵᠢᠲᠡᠢ ᠬᠤᠯᠪᠣᠭᠠᠯᠠᠨ | ᠬᠥᠳᠡᠯᠦᠯᠴᠡᠬᠦ᠂ ᠡᠮᠬᠢ ᠵᠢᠷᠤᠮ ᠲᠠᠢ ᠬᠤᠣᠰ ᠴᠢᠭᠯᠡᠯ ᠢᠶᠠᠷ ᠰᠢᠯᠵᠢᠭᠦᠯᠦᠨ ᠡᠮᠴᠢᠯᠡᠭᠦᠯᠬᠦ᠂ ᠡᠮᠨᠡᠬᠦ ᠰᠡᠷᠭᠡᠶᠢᠯᠡᠬᠦ ᠶᠢ | ᠣᠷᠭᠠᠨᠢᠭ ᠢᠶᠠᠷ ᠬᠠᠮᠵᠢᠯᠴᠠᠬᠤ ᠶᠢ ᠪᠡᠶᠡᠯᠡᠭᠦᠯᠬᠦ ᠬᠡᠷᠡᠭᠲᠡᠢ᠃ | 2025 ᠣᠨ ᠳᠤ᠂ ᠤᠳᠠ ᠲᠣᠭᠤᠷᠢᠭ ᠤᠨ ᠨᠢᠭᠲᠠ ᠬᠡᠯᠪᠡᠷᠢ ᠶᠢᠨ ᠬᠤᠲᠠ ᠶᠢᠨ ᠡᠮᠴᠢᠯᠡᠭᠡᠨ ᠤ | ᠪᠦᠯᠦᠭᠯᠡᠯ ᠤᠨ ᠪᠥᠲᠥᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠃ ᠦᠨᠳᠦᠰᠦᠨ ᠱᠠᠲᠤᠨ ᠳᠤ ᠠᠩᠬ᠎ᠠ | ᠣᠨᠣᠰᠢᠯᠠᠬᠤ᠂ ᠬᠤᠤᠰ ᠴᠢᠭᠯᠡᠯ ᠢᠶᠠᠷ ᠰᠢᠯᠵᠢᠭᠦᠯᠦᠨ ᠡᠮᠨᠡᠬᠦ᠂ ᠳᠡᠭᠡᠳᠦ ᠳᠤᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ | ᠲᠦᠷᠭᠡᠨ ᠴᠢᠨᠠᠷᠲᠠᠢ ᠠᠷᠬᠠᠭ ᠡᠪᠡᠳᠴᠢᠨ ᠢ ᠰᠠᠯᠭᠠᠨ ᠵᠠᠰᠠᠬᠤ ᠬᠠᠷᠠᠯᠲᠠ ᠶᠢ ᠪᠡᠶᠡᠯᠡᠭᠦᠯᠦᠨ᠎ᠡ᠃ ᠪᠦᠬᠦ ᠣᠷᠣᠨ | ᠪᠦᠰᠡ ᠶᠢ ᠪᠦᠷᠬᠦᠭᠰᠡᠨ᠂ ᠴᠢᠳᠠᠮᠵᠢ ᠶᠢ ᠬᠠᠷᠢᠯᠴᠠᠨ ᠨᠥᠬᠦᠪᠥᠷᠢᠯᠡᠭᠰᠡᠨ᠂ ᠦᠷᠭᠦᠯᠵᠢᠯᠡᠨ ᠬᠠᠮᠵᠢᠯᠴᠠᠭᠰᠠᠨ ᠡᠮᠬᠢᠯᠡᠨ | ᠨᠡᠶᠢᠯᠡᠭᠦᠯᠦᠭᠰᠡᠨ ᠮᠠᠶ᠋ᠢᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠤᠶ ᠪᠣᠯᠭᠠᠨ᠎ᠠ᠃ | ᠳᠣᠲᠣᠭᠠᠳᠤ ᠴᠠᠯᠢᠩ ᠤᠨ ᠬᠢᠷᠢ ᠬᠡᠮᠵᠢᠶ᠎ᠡ ᠶᠢ ᠵᠦᠢ ᠵᠣᠬᠢᠰᠲᠠᠶ ᠲᠣᠭᠲᠠᠭᠠᠵᠤ᠂ ᠴᠠᠯᠢᠩ ᠬᠥᠯᠥᠰᠥ ᠶᠢᠨ ᠪᠦᠲᠦᠴᠡ ᠶᠢ | ᠰᠢᠯᠢᠳᠡᠭᠵᠢᠭᠦᠯᠦᠨ᠂ ᠡᠮᠴᠢᠯᠡᠭᠡᠨ ᠤ ᠣᠷᠣᠯᠭ᠎ᠠ ᠳᠠᠬᠢ ᠮᠡᠷᠭᠡᠵᠢᠯ ᠬᠥᠳᠡᠯᠮᠦᠷᠢ ᠶᠢᠨ ᠴᠢᠨᠠᠷᠲᠠᠶ ᠣᠷᠣᠯᠭ᠎ᠠ ᠶᠢᠨ | ᠬᠤᠪᠢ ᠶᠢᠨ ᠵᠢᠩ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠬᠠᠮᠢᠶᠠᠷᠤᠯᠲᠠ ᠶᠢᠨ ᠪᠠᠶᠢᠭᠤᠯᠤᠯ ᠨᠠᠩ ᠰᠢᠨᠵᠢᠯᠡᠬᠦ | ᠤᠬᠠᠭᠠᠨᠴᠢ ᠪᠣᠯᠵᠤ᠂ ᠠᠵᠢᠯᠯᠠᠭᠠᠨ ᠤ ᠲᠣᠭᠲᠠᠴᠠ ᠨᠠᠩ ᠲᠡᠭᠦᠯᠳᠡᠷᠵᠢᠵᠦ᠂ ᠦᠢᠯᠡᠴᠢᠯᠡᠭᠡᠨ ᠤ ᠵᠠᠭᠪᠤᠷ ᠨᠠᠩ | ᠰᠢᠯᠢᠳᠡᠭᠵᠢᠵᠦ᠂ ᠡᠮᠴᠢᠯᠡᠭᠡ ᠪᠠ ᠰᠡᠷᠭᠡᠶᠢᠯᠡᠯᠲᠡ ᠶᠢ ᠨᠠᠩ ᠬᠠᠮᠵᠢᠯᠴᠠᠭᠤᠯᠵᠤ᠂ ᠡᠮᠴᠢᠯᠡᠭᠡᠨ ᠤ ᠡᠬᠢ ᠪᠠᠶᠠᠯᠢᠭ ᠤᠨ | ᠬᠠᠩᠭᠠᠯᠭ᠎ᠠ ᠬᠡᠷᠡᠭᠴᠡᠭᠡ ᠶᠢ ᠨᠠᠩ ᠲᠡᠩᠴᠡᠭᠦᠷᠢᠲᠡᠶ ᠪᠣᠯᠭᠠᠵᠤ᠂ ᠡᠪᠡᠳᠴᠢᠨ ᠦᠵᠡᠭᠦᠯᠬᠦ ᠪᠠᠶᠢᠷᠢᠰᠢᠯ ᠢ ᠨᠠᠩ ᠵᠦᠶ | ᠵᠣᠬᠢᠰᠲᠠᠶ ᠪᠣᠯᠭᠠᠵᠤ᠂ ᠱᠠᠲᠤ ᠬᠤᠪᠢᠶᠠᠨ ᠣᠨᠣᠰᠢᠯᠠᠨ ᠡᠮᠨᠡᠬᠦ ᠲᠦᠷᠢᠮ ᠢ ᠨᠠᠩ ᠲᠡᠭᠦᠯᠳᠡᠷᠵᠢᠭᠦᠯᠪᠡ᠃ | ᠬᠤᠶᠠᠷ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ | ︵ᠨᠢᠭᠡ︶ ᠵᠠᠰᠠᠭ ᠤᠨ ᠣᠷᠳᠣᠨ ᠢᠶᠠᠷ ᠭᠤᠤᠯᠯᠠᠭᠤᠯᠤᠭᠰᠠᠨ ᠤᠳᠠ ᠲᠣᠭᠤᠷᠢᠭ ᠤᠨ ᠨᠢᠭᠲᠠ ᠴᠢᠩᠭ᠎ᠠ | ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠬᠠᠮᠢᠶᠠᠷᠤᠯᠲᠠ ᠶᠢᠨ ᠵᠥᠪᠯᠡᠯ ᠢ ᠪᠠᠶᠢᠭᠤᠯᠤᠨ᠎ᠠ᠃ | ᠮᠠᠨ ᠤ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠤᠷᠤᠭᠰᠢᠲᠠᠶ ᠠᠬᠢᠭᠤᠯᠵᠤ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠬᠦᠴᠢᠷ᠂ ᠡᠪᠡᠳᠴᠢᠨ | ᠦᠵᠡᠭᠦᠯᠬᠦ ᠳᠤ ᠦᠨᠡᠲᠡᠶ ᠵᠡᠷᠭᠡ ᠠᠰᠠᠭᠤᠳᠠᠯ ᠢ ᠰᠢᠢᠳᠪᠦᠷᠢᠯᠡᠵᠦ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ | ᠳᠣᠷᠣᠭᠰᠢ ᠪᠠᠭᠤᠯᠭᠠᠬᠤ ᠶᠢ ᠠᠬᠢᠭᠤᠯᠵᠤ᠂ ᠣᠯᠠᠨ ᠲᠦᠮᠡᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ | ᠬᠠᠩᠭᠠᠵᠤ᠂ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ | ᠲᠥᠯᠥᠭᠡ᠂ ᠲᠤᠭᠤᠷᠢᠭ ᠤᠨ ᠵᠠᠰᠠᠭ ᠤᠨ ᠣᠷᠳᠣᠨ ᠤᠳᠠ ᠲᠣᠭᠤᠷᠢᠭ ᠤᠨ ᠨᠢᠭᠲᠠ ᠬᠡᠯᠪᠡᠷᠢ ᠶᠢᠨ ᠬᠤᠲᠠ ᠶᠢᠨ | ᠡᠮᠴᠢᠯᠡᠭᠡᠨ ᠤ ᠪᠦᠯᠦᠭᠯᠡᠯ ᠤᠨ ᠬᠠᠮᠢᠶᠠᠷᠤᠯᠲᠠ ᠶᠢᠨ ᠵᠥᠪᠯᠡᠯ ᠢ ᠪᠠᠶᠢᠭᠤᠯᠬᠤ ᠪᠠᠷ ᠲᠣᠭᠲᠠᠪᠠ᠃ ᠨᠢᠭᠲᠠ ᠬᠡᠯᠪᠡᠷᠢ ᠶᠢᠨ | ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ᠂ ᠬᠥᠭᠵᠢᠯᠲᠡ ᠶᠢᠨ ᠲᠥᠯᠥᠪᠵᠢᠭᠦᠯᠭᠡ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢ | ᠰᠤᠳᠤᠯᠤᠨ ᠲᠣᠭᠲᠠᠭᠠᠬᠤ ᠶᠢ ᠬᠠᠷᠢᠭᠤᠴᠠᠵᠤ᠂ ᠡᠳ᠋ ᠤᠨ ᠵᠠᠰᠠᠭ ᠤᠨ ᠣᠷᠣᠭᠤᠯᠤᠯᠲᠠ ᠶᠢᠨ ᠲᠡᠳᠬᠦᠨ ᠳᠡᠮᠵᠢᠬᠦ | ᠲᠥᠷᠥ ᠶᠢᠨ ᠪᠣᠳᠣᠯᠭ᠎ᠠ ᠶᠢ ᠲᠣᠭᠲᠠᠭᠠᠨ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ | ᠥᠭᠡᠷᠡᠴᠢᠯᠡᠯᠲᠡ ᠶᠢ ᠰᠦᠪᠡᠭᠴᠢᠯᠡᠨ᠎ᠡ︔ ᠡᠯ᠎ᠡ ᠰᠠᠯᠠᠭ᠎ᠠ ᠮᠥᠴᠢᠷ ᠤᠨ ᠠᠵᠢᠯ ᠤᠨ ᠬᠠᠷᠢᠭᠤᠴᠠᠯᠭ᠎ᠠ ᠶᠢ ᠵᠣᠬᠢᠴᠠᠭᠤᠯᠤᠨ | ᠨᠠᠶᠢᠳᠠᠪᠤᠷᠢᠵᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠬᠦ ᠶᠢᠨ ᠬᠠᠮᠲᠤ ᠨᠢᠭᠲᠠ ᠬᠡᠯᠪᠡᠷᠢ ᠶᠢᠨ | ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠠᠵᠢᠯ ᠢ ᠰᠠᠶᠢᠵᠢᠷᠠᠭᠤᠯᠬᠤ ᠠᠷᠭ᠎ᠠ ᠬᠡᠮᠵᠢᠶ᠎ᠡ ᠵᠢᠴᠢ ᠰᠠᠨᠠᠭᠤᠯᠭ᠎ᠠ | ᠳᠤᠷᠠᠳᠴᠤ᠂ ᠤᠳᠤᠷᠢᠳᠬᠤ ᠳᠤᠭᠤᠶᠢᠯᠠᠩ ᠤᠨ ᠬᠤᠷᠠᠯ ᠤᠨ ᠲᠣᠭᠲᠠᠭᠠᠭᠰᠠᠨ ᠵᠦᠢᠯᠡᠰ ᠢ ᠰᠢᠮᠳᠠᠭᠤᠯᠤᠨ ᠪᠠᠶᠢᠴᠠᠭᠠᠵᠤ | ᠨᠠᠶᠢᠳᠠᠪᠤᠷᠢᠵᠢᠭᠤᠯᠤᠨ᠎ᠠ︔ ᠡᠮᠴᠢᠯᠡᠭᠡᠨ ᠤ ᠪᠦᠯᠦᠭᠯᠡᠯ ᠤᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ᠂ | ᠣᠷᠣᠭᠤᠯᠤᠯᠲᠠ ᠶᠢᠨ ᠪᠠᠲᠤᠯᠠᠭ᠎ᠠ᠂ ᠴᠢᠬᠤᠯᠠ ᠶᠡᠭᠡ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ᠂ ᠲᠣᠮᠣ | ᠬᠡᠯᠪᠡᠷᠢ ᠶᠢᠨ ᠡᠮᠴᠢᠯᠡᠭᠡᠨ ᠳᠤ ᠬᠡᠷᠡᠭᠯᠡᠬᠦ ᠲᠥᠬᠦᠭᠡᠷᠦᠮᠵᠢ ᠶᠢ ᠲᠣᠬᠢᠷᠠᠭᠤᠯᠬᠤ ᠵᠡᠷᠭᠡ ᠴᠢᠬᠤᠯᠠ ᠶᠡᠭᠡ ᠬᠥᠭᠵᠢᠯᠲᠡ ᠶᠢᠨ | ᠡᠷᠬᠡ ᠶᠢ ᠨᠢᠭᠡᠳᠦᠯᠲᠡᠶ ᠲᠥᠯᠥᠪᠯᠡᠵᠦ᠂ ᠪᠦᠯᠦᠭᠯᠡᠯ ᠤᠨ ᠶᠡᠷᠦᠩᠬᠡᠶ ᠡᠮᠨᠡᠯᠭᠡ ᠶᠢᠨ ᠬᠤᠷᠢᠶᠠᠨ ᠤ ᠡᠵᠡᠩᠨᠡᠯᠲᠡ | ᠬᠠᠮᠢᠶᠠᠷᠤᠯᠲᠠ᠂ ᠠᠵᠢᠯᠲᠠᠨ ᠡᠯᠰᠡᠬᠦ᠂ ᠮᠡᠷᠭᠡᠵᠢᠯ ᠤᠨ ᠴᠣᠯᠠ ᠲᠣᠭᠲᠠᠭᠠᠨ ᠤᠷᠢᠬᠤ᠂ ᠠᠵᠢᠯ ᠤᠨ ᠠᠮᠵᠢᠯᠲᠠ | ᠪᠦᠲᠦᠮᠵᠢ ᠶᠢᠨ ᠬᠤᠪᠢᠶᠠᠷᠢᠯᠠᠯᠲᠠ ᠵᠡᠷᠭᠡ ᠡᠵᠡᠨ ᠮᠡᠳᠡᠬᠦ ᠡᠷᠬᠡ ᠣᠯᠭᠤᠬᠤ ᠶᠢᠨ ᠬᠠᠮᠲᠤ ᠡᠯ᠎ᠡ ᠱᠠᠲᠤᠨ ᠤ | ᠡᠮᠨᠡᠯᠭᠡ ᠶᠢᠨ ᠬᠤᠷᠢᠶ᠎ᠠ ᠳᠤ ᠬᠢᠨᠠᠯᠲᠠ ᠲᠠᠯᠪᠢᠨ᠎ᠠ᠃ | ︵ᠬᠤᠶᠠᠷ︶ ᠤᠳᠠ ᠲᠤᠭᠤᠷᠢᠭ ᠤᠨ ᠨᠢᠭᠲᠠ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ | ᠶᠡᠷᠦᠩᠬᠡᠶ ᠬᠤᠷᠢᠶ᠎ᠠ ᠶᠢ ᠪᠠᠶᠢᠭᠤᠯᠤᠨ᠎ᠠ | ᠮᠠᠨ ᠤ ᠲᠤᠭᠤᠷᠢᠭ ᠤᠨ ᠨᠢᠭᠲᠠ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠠᠵᠢᠯ ᠢ ᠪᠥᠬᠦ | ᠲᠠᠯ᠎ᠠ ᠪᠠᠷ ᠠᠬᠢᠭᠤᠯᠵᠤ᠂ ᠮᠠᠨ ᠤ ᠲᠤᠭᠤᠷᠢᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ | ᠪᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠬᠠᠷᠠᠯᠲᠠ ᠨᠢ ᠲᠣᠳᠣᠷᠬᠠᠶ᠂ ᠡᠷᠬᠡ | ᠬᠠᠷᠢᠭᠤᠴᠠᠯᠭ᠎ᠠ ᠨᠢ ᠲᠣᠳᠣᠷᠬᠠᠶ᠂ ᠠᠵᠢᠯ ᠬᠤᠪᠢᠶᠠᠷᠢᠯᠠᠨ ᠬᠠᠮᠵᠢᠯᠴᠠᠬᠤ ᠰᠢᠨ᠎ᠡ ᠬᠡᠯᠪᠡᠷᠢ ᠶᠢᠨ ᠡᠮᠴᠢᠯᠡᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠰᠢᠰᠲ᠋ᠧᠮ ᠲᠠᠢ ᠳᠠᠬᠢᠨ ᠪᠠᠶᠢᠭᠤᠯᠵᠤ᠂ ᠣᠯᠠᠨ ᠲᠦᠮᠡᠨ ᠳᠤ ᠴᠢᠨᠠᠷ | ᠰᠠᠶᠢᠲᠠᠶ᠂ ᠥᠨᠳᠥᠷ ᠪᠦᠲᠦᠮᠵᠢᠲᠡᠶ᠂ ᠳᠥᠭᠦᠮ ᠳᠥᠲᠡ᠂ ᠠᠵᠤ ᠠᠬᠤᠶ ᠶᠢᠨ ᠡᠮᠬᠢᠯᠡᠨ ᠨᠡᠶᠢᠯᠡᠭᠦᠯᠬᠦ ᠴᠢᠨᠠᠷᠲᠠᠶ ᠡᠮᠴᠢᠯᠡᠭᠡ | ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠵᠤ᠂ ᠣᠲᠣ ᠲᠤᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ | ᠳᠣᠤᠷ᠎ᠠ ᠤᠳᠠ ᠲᠣᠭᠤᠷᠢᠭ ᠤᠨ ᠨᠢᠭᠲᠠ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠶᠡᠷᠦᠩᠬᠡᠶ | ᠡᠮᠨᠡᠯᠭᠡ ᠶᠢᠨ ᠬᠤᠷᠢᠶ᠎ᠠ ︵ᠳᠣᠷᠣᠭᠰᠢ ᠪᠦᠯᠦᠭᠯᠡᠯ ᠤᠨ ᠶᠡᠷᠦᠩᠬᠡᠶ ᠡᠮᠨᠡᠯᠭᠡ ᠶᠢᠨ ᠬᠤᠷᠢᠶ᠎ᠠ ᠭᠡᠵᠦ ᠲᠣᠪᠴᠢᠯᠠᠨ᠎ᠠ︶ ᠶᠢᠨ | ᠫᠠᠶᠢᠰᠠ ᠶᠢ ᠨᠡᠮᠡᠬᠦ ᠶᠢᠨ ᠬᠠᠮᠲᠤ᠂ ᠪᠦᠯᠦᠭᠯᠡᠯ ᠤᠨ ᠶᠡᠷᠦᠩᠬᠡᠶ ᠡᠮᠨᠡᠯᠭᠡ ᠶᠢᠨ ᠬᠤᠷᠢᠶᠠᠨ ᠤ ᠲᠤᠰᠬᠠᠶ ᠲᠤᠰᠢᠶᠠᠯ ᠤᠨ | ᠪᠠᠶᠢᠭᠤᠯᠤᠮᠵᠢ ᠶᠢ ᠪᠠᠶᠢᠭᠤᠯᠵᠤ᠂ ᠲᠤᠰᠬᠠᠶ ᠬᠥᠮᠦᠨ ᠢᠶᠠᠷ ᠪᠦᠯᠦᠭᠯᠡᠯ ᠤᠨ ᠶᠡᠷᠦᠩᠬᠡᠶ ᠡᠮᠨᠡᠯᠭᠡ ᠶᠢᠨ ᠬᠤᠷᠢᠶᠠᠨ ᠤ | ᠪᠠᠶᠢᠭᠤᠯᠤᠯᠲᠠ ᠶᠢ ᠳᠥᠯᠭᠢᠨ ᠠᠬᠢᠭᠤᠯᠬᠤ ᠶᠢ ᠬᠠᠷᠢᠭᠤᠴᠠᠭᠤᠯᠪᠠ᠃ ᠣᠳᠣ ᠶᠢᠨ ᠪᠠᠶᠢᠭ᠎ᠠ ᠡᠯ᠎ᠡ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯ ᠦᠢᠯᠡᠰ ᠤᠨ ᠨᠢᠭᠡᠴᠢ ᠶᠢᠨ ᠰᠢᠨᠵᠢ ᠴᠢᠨᠠᠷ | ᠪᠠ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠢ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠭᠰᠠᠨ ᠰᠠᠭᠤᠷᠢᠨ | ᠳᠡᠭᠡᠷ᠎ᠡ᠂ ᠪᠦᠯᠦᠭᠯᠡᠯ ᠤᠨ ᠶᠡᠷᠦᠩᠬᠡᠢ ᠬᠤᠷᠢᠶᠠᠨ ᠤ ᠨᠠᠮ ᠤᠨ ᠬᠤᠷᠢᠶ᠎ᠠ ᠶᠢ ᠪᠠᠶᠢᠭᠤᠯᠵᠤ᠂ ᠡᠮᠴᠢᠯᠡᠭᠡᠨ ᠤ ᠪᠦᠯᠦᠭᠯᠡᠯ ᠤᠨ | ᠶᠡᠷᠦᠩᠬᠡᠢ ᠬᠤᠷᠢᠶᠠᠨ ᠤ ᠳᠦᠷᠢᠮ ᠢ ᠲᠣᠭᠲᠠᠭᠠᠨ᠂ ᠵᠣᠬᠢᠶᠠᠨ ᠪᠠᠶᠢᠭᠤᠯᠤᠯᠲᠠ ᠶᠢᠨ ᠪᠣᠷᠣ ᠲᠥᠯᠥᠪ ᠢ ᠲᠣᠳᠣᠷᠬᠠᠶᠢᠯᠠᠵᠤ᠂ | ᠲᠦᠷᠦᠭᠦᠯᠡᠨ ᠬᠢᠬᠦ ᠡᠮᠨᠡᠯᠭᠡ ᠶᠢᠨ ᠬᠤᠷᠢᠶ᠎ᠠ ᠪᠠ ᠪᠦᠷᠢᠯᠳᠦᠭᠦᠨ ᠨᠢᠭᠡᠴᠡ ᠨᠦᠭᠦᠳ ᠬᠠᠮᠲᠤᠪᠠᠷ ᠣᠷᠣᠯᠴᠠᠬᠤ᠂ | ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠬᠦ ᠬᠡᠷᠡᠭ ᠵᠥᠪᠯᠡᠵᠦ ᠰᠢᠢᠳᠪᠦᠷᠢᠲᠦ ᠪᠣᠳᠣᠯᠭ᠎ᠠ ᠲᠣᠭᠲᠠᠭᠠᠬᠤ | ᠲᠣᠭᠲᠠᠴᠠ ᠶᠢ ᠲᠡᠭᠦᠯᠳᠡᠷᠵᠢᠭᠦᠯᠦᠨ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠨᠠᠷᠢᠨ ᠬᠢᠨᠠᠮᠠᠭᠠᠢ ᠠᠬᠢᠭᠤᠯᠬᠤ ᠬᠡᠷᠡᠭᠲᠡᠢ᠃ | ᠪᠦᠯᠦᠭᠯᠡᠯ ᠤᠨ ᠶᠡᠷᠦᠩᠬᠡᠢ ᠬᠤᠷᠢᠶᠠᠨ ᠳᠤ ᠨᠠᠮ ᠤᠨ ᠬᠤᠷᠢᠶ᠎ᠠ ᠪᠠᠶᠢᠭᠤᠯᠵᠤ᠂ ᠭᠡᠰᠢᠭᠦᠨ ᠨᠢ 5 ᠬᠦᠮᠦᠨ᠂ | ᠪᠦᠷᠢᠯᠳᠦᠬᠦᠨ ᠨᠢ ᠲᠤᠤᠷᠠᠬᠢ ᠮᠡᠲᠦ᠄ | ᠱᠦᠵᠢ᠄ ᠯᠢ ᠷᠦᠩ ᠸᠧᠢ | ᠳᠡᠳ᠋ ᠱᠦᠵᠢ᠄ ᠬᠠᠩ ᠲᠢᠶᠧ ᠬᠤ᠋᠂ ᠸᠠᠩ ᠰᠢᠤᠸᠠᠢ | ᠭᠡᠰᠢᠭᠦᠨ᠄ ᠵᠠᠩ ᠯᠢ ᠵᠢᠶᠦ᠋ᠨ᠂ ᠯᠢ ᠵᠢᠶᠠᠨ ᠭᠦᠸᠧ | ᠲᠤᠰᠢᠶᠠᠯ ᠬᠠᠷᠢᠭᠤᠴᠠᠯᠭ᠎ᠠ᠄ ᠭᠤᠤᠯᠳᠠᠭᠤ ᠭᠤᠷᠪᠠᠨ ᠴᠢᠬᠤᠯᠠ ᠨᠢᠭᠡ ᠶᠡᠭᠡ ᠵᠦᠢᠯᠡᠰ ᠤᠨ ᠬᠠᠮᠢᠶᠠᠷᠤᠯᠲᠠ ᠶᠢ | ᠬᠠᠷᠢᠭᠤᠴᠠᠵᠤ᠂ ᠪᠦᠯᠦᠭᠯᠡᠯ ᠤᠨ ᠶᠡᠷᠦᠩᠬᠡᠶ ᠬᠦᠷᠢᠶᠡᠯᠡᠩ ᠤᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ᠂ | ᠣᠷᠣᠭᠤᠯᠤᠯᠲᠠ ᠶᠢᠨ ᠪᠠᠲᠤᠯᠠᠭ᠎ᠠ᠂ ᠠᠵᠢᠯᠲᠠᠨ ᠤ ᠶᠠᠪᠤᠳᠠᠯ ᠤᠨ ᠴᠠᠯᠢᠩ᠂ ᠠᠵᠢᠯ ᠤᠨ ᠠᠮᠵᠢᠯᠲᠠ ᠪᠦᠲᠦᠮᠵᠢ ᠶᠢ | ᠰᠢᠯᠭᠠᠨ ᠬᠢᠨᠠᠬᠤ ᠵᠡᠷᠭᠡ ᠴᠢᠬᠤᠯᠠ ᠶᠡᠭᠡ ᠵᠦᠢᠯᠡᠰ ᠢ ᠨᠢᠭᠡᠳᠦᠯᠲᠡᠶ ᠲᠥᠯᠥᠪᠯᠡᠬᠦ ᠶᠢ ᠬᠠᠷᠢᠭᠤᠴᠠᠬᠤ ᠶᠢᠨ ᠬᠠᠮᠲᠤ | ᠪᠦᠯᠦᠭᠯᠡᠯ ᠤᠨ ᠶᠡᠷᠦᠩᠬᠡᠶ ᠬᠦᠷᠢᠶᠡᠯᠡᠩ ᠤᠨ ᠡᠵᠡᠩᠨᠡᠯᠲᠡ ᠬᠠᠮᠢᠶᠠᠷᠤᠯᠲᠠ᠂ ᠠᠵᠢᠯᠲᠠᠨ ᠡᠯᠰᠡᠬᠦ᠂ ᠮᠡᠷᠭᠡᠵᠢᠯ ᠤᠨ ᠴᠣᠯᠠ | ᠲᠣᠭᠲᠠᠭᠠᠨ ᠤᠷᠢᠬᠤ᠂ ᠠᠵᠢᠯ ᠤᠨ ᠠᠮᠵᠢᠯᠲᠠ ᠪᠦᠲᠦᠮᠵᠢ ᠶᠢᠨ ᠬᠤᠪᠢᠶᠠᠷᠢᠯᠠᠯᠲᠠ ᠵᠡᠷᠭᠡ ᠡᠵᠡᠨ ᠮᠡᠳᠡᠬᠦ ᠡᠷᠬᠡ ᠶᠢ | ᠣᠯᠭᠤᠨ᠎ᠠ᠃ | ᠲᠤᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠪᠠᠷ ᠲᠦᠷᠦᠭᠦᠯᠡᠭᠦᠯᠦᠨ᠂ ᠡᠯ᠎ᠡ ᠦᠨᠳᠦᠰᠦᠨ ᠱᠠᠲᠤᠨ ᠤ | ᠡᠮᠴᠢᠯᠡᠭᠡᠨ ᠤ ᠪᠠᠶᠢᠭᠤᠯᠤᠮᠵᠢ ᠪᠠᠷ ᠪᠦᠷᠢᠯᠳᠦᠬᠦᠨ ᠨᠢᠭᠡᠴᠢ ᠪᠣᠯᠭᠠᠭᠰᠠᠨ ᠪᠦᠯᠦᠭᠯᠡᠯ ᠤᠨ ᠶᠡᠷᠦᠩᠬᠡᠶ ᠡᠮᠨᠡᠯᠭᠡ ᠶᠢᠨ | ᠬᠤᠷᠢᠶ᠎ᠠ᠂ ᠤᠤᠯ ᠤᠨ ᠠᠵᠢᠯᠲᠠᠨ ᠤ ᠣᠷᠣᠨ ᠲᠤᠭ᠎ᠠ᠂ ᠠᠵᠢᠯᠲᠠᠨ ᠤ ᠶᠠᠪᠤᠳᠠᠯ ᠤᠨ ᠬᠠᠷᠢᠴᠠᠭ᠎ᠠ᠂ ᠤᠤᠯ ᠤᠨ ᠡᠳ᠋ | ᠬᠥᠷᠥᠩᠭᠡ ᠵᠢᠴᠢ ᠠᠪᠴᠠᠭ᠎ᠠ ᠥᠭᠴᠡᠭᠡ ᠶᠢᠨ ᠬᠠᠷᠢᠴᠠᠭ᠎ᠠ ᠶᠢ ᠬᠤᠪᠢᠷᠠᠭᠤᠯᠬᠤ ᠥᠬᠡᠶ ᠪᠠᠶᠢᠬᠤ ᠶᠢ ᠲᠣᠳᠣᠷᠬᠠᠶᠢᠯᠠᠨ᠎ᠠ᠃ | ︽ᠤᠳᠠ ᠲᠣᠭᠤᠷᠢᠭ ᠤᠨ ᠨᠢᠭᠲᠠ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠬᠤᠪᠢᠶᠠᠷᠢ ᠬᠤᠷᠢᠶ᠎ᠠ︾ | ᠭᠡᠬᠦ ᠲᠡᠮᠳᠡᠭ ᠢ ᠨᠢᠭᠡᠳᠦᠯᠲᠡᠢ ᠨᠡᠮᠡᠨ᠎ᠡ᠃ | ︵ᠭᠤᠷᠪᠠ︶ ᠡᠮᠴᠢᠯᠡᠭᠡᠨ ᠤ ᠪᠦᠯᠦᠭᠯᠡᠯ ᠤᠨ ᠶᠡᠷᠦᠩᠬᠡᠶ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ | ᠪᠦᠲᠦᠴᠡ ᠬᠢᠭᠡᠳ ᠭᠤᠤᠯ ᠡᠭᠦᠷᠭᠡ ᠬᠠᠷᠢᠭᠤᠴᠠᠯᠭ᠎ᠠ | ᠱᠦᠵᠢ᠂ ᠯᠢ ᠷᠦᠩ ᠸᠧᠶ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ | ᠳᠡᠳ᠋ ᠱᠦᠵᠢ᠄ ᠬᠠᠩ ᠲᠢᠶᠧ ᠬᠤ᠋ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠱᠦᠵᠢ | ᠸᠠᠩ ᠰᠢᠤᠸᠠᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ | ᠡᠮᠨᠡᠯᠭᠡ ᠶᠢᠨ ᠬᠤᠷᠢᠶᠠᠨ ᠤ ᠳᠠᠷᠤᠭ᠎ᠠ᠄ ᠵᠠᠩ ᠯᠢ ᠵᠢᠶᠦ᠋ᠨ ᠲᠣᠭᠤᠷᠢᠭ ᠤᠨ ᠠᠷᠠᠳ ᠤᠨ ᠡᠮᠨᠡᠯᠭᠡ ᠶᠢᠨ | ᠬᠤᠷᠢᠶᠠᠨ ᠤ ᠳᠠᠷᠤᠭ᠎ᠠ | ᠳᠡᠳ᠋ ᠬᠤᠷᠢᠶᠠᠨ ᠳᠠᠷᠤᠭ᠎ᠠ᠄ ᠵᠠᠩ ᠲᠦᠩ ︵ᠲᠤᠰᠬᠠᠢ ᠲᠤᠰᠢᠶᠠᠯ︶ | ᠯᠢ ᠯᠢᠨ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠳᠡᠳ᠋ ᠳᠠᠷᠤᠭ᠎ᠠ | ᠯᠢ ᠵᠢᠶᠠᠨ ᠭᠦᠸᠧ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠳᠡᠳ᠋ ᠳᠠᠷᠤᠭ᠎ᠠ | ᠶᠠᠩ ᠵᠢᠶᠦ᠋ᠨ ᠮᠧᠶ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠳᠡᠳ᠋ ᠳᠠᠷᠤᠭ᠎ᠠ᠂ | ᠲᠣᠭᠤᠷᠢᠭ ᠤᠨ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶᠠᠨ ᠤ ᠳᠠᠷᠤᠭ᠎ᠠ᠂ ᠪᠠᠶᠠᠨᠰᠠᠶᠢᠨ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ | ᠴᠧᠩ ᠭᠡᠰᠢᠭᠦᠨ᠄ ᠮᠠ ᠵᠢᠶᠧ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠳᠡᠳ᠋ | ᠡᠷᠬᠢᠯᠡᠭᠴᠢ | ᠪᠠᠶ ᠶᠦᠨ ᠲᠣᠭᠤᠷᠢᠭ ᠤᠨ ᠡᠬᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ | ᠲᠥᠪ ᠤᠨ ᠳᠡᠳ᠋ ᠡᠷᠬᠢᠯᠡᠭᠴᠢ | ᠯᠢ ᠰᠢᠤᠸᠠᠢ ᠲᠣᠭᠤᠷᠢᠭ ᠤᠨ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠥᠷᠲᠡᠭᠡ ᠶᠢᠨ ᠳᠡᠳ᠋ ᠳᠠᠷᠤᠭ᠎ᠠ | ᠰᠦᠨ ᠪᠢᠨ ᠤᠯᠠᠭᠠᠨᠨᠠᠭᠤᠷ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠳᠠᠷᠤᠭ᠎ᠠ | ᠯᠢᠦ ᠴᠦᠨ ᠶᠠᠩ ᠯᠢᠶᠠᠩ ᠵᠢᠶᠠ ᠭᠧᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠥᠪ ᠤᠨ ᠡᠷᠬᠢᠯᠡᠭᠴᠢ | ᠸᠧᠶ ᠴᠢᠨ ᠪᠢᠨ ᠬᠠᠶ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ | ᠡᠷᠬᠢᠯᠡᠭᠴᠢ | ᠷᠧᠨ ᠯᠢ ᠯᠢᠩ ᠰᠢᠨ ᠳ᠋ᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ | ᠡᠷᠬᠢᠯᠡᠭᠴᠢ | ᠪᠦᠯᠦᠭᠯᠡᠯ ᠤᠨ ᠶᠡᠷᠦᠩᠬᠡᠶ ᠬᠦᠷᠢᠶᠡᠯᠡᠩ ᠤᠨ ᠳᠣᠤᠷ᠎ᠠ 6 ᠡᠭᠦᠷᠭᠡ ᠴᠢᠳᠠᠪᠤᠷᠢᠲᠤ ᠰᠠᠯᠠᠭ᠎ᠠ ᠮᠥᠴᠢᠷ | ᠪᠠᠶᠢᠭᠤᠯᠤᠨ᠎ᠠ᠂ ᠲᠤᠬᠠᠶᠢᠯᠠᠪᠠᠯ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠯᠪᠠᠨ ᠭᠡᠷ᠂ ᠲᠤᠬᠠᠶᠢᠯᠠᠭᠰᠠᠨ ᠠᠵᠢᠯ ᠤᠨ | ᠬᠥᠭᠵᠢᠯᠲᠡ ᠶᠢᠨ ᠲᠥᠪ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠲᠥᠪ᠂ ᠳᠣᠲᠣᠭᠠᠳᠤ | ᠡᠵᠡᠮᠳᠡᠯ ᠤᠨ ᠬᠢᠨᠠᠨ ᠰᠢᠯᠭᠠᠬᠤ ᠲᠥᠪ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠥᠪ ᠵᠢᠴᠢ ᠶᠡᠷᠦᠩᠬᠡᠶᠢᠯᠡᠭᠰᠡᠨ | ᠪᠠᠲᠤᠯᠠᠭ᠎ᠠ ᠶᠢᠨ ᠬᠠᠮᠢᠶᠠᠷᠤᠯᠲᠠ ᠶᠢᠨ ᠲᠥᠪ ᠨᠢ ᠪᠦᠯᠦᠭᠯᠡᠯ ᠤᠨ ᠶᠡᠷᠦᠩᠬᠡᠶ ᠬᠦᠷᠢᠶᠡᠯᠡᠩ ᠤᠨ ᠤᠳᠤᠷᠢᠳᠤᠯᠭ᠎ᠠ ᠶᠢᠨ | ᠳᠣᠤᠷ᠎ᠠ᠂ ᠪᠣᠳᠠᠲᠠᠶ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠬᠠᠮᠢᠶ᠎ᠠ ᠪᠦᠬᠦᠢ ᠠᠵᠢᠯ ᠢ ᠥᠷᠨᠢᠭᠦᠯᠦᠨ᠎ᠡ᠃ | ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ᠄ | 1.ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠯᠪᠠᠨ ᠭᠡᠷ | ᠡᠷᠬᠢᠯᠡᠭᠴᠢ ᠵᠠᠩ ᠲᠦᠩ | ᠪᠦᠷᠢᠯᠳᠦᠬᠦᠨ᠄ ᠯᠢ ᠷᠦᠢ ᠳ᠋ᠢ᠂ ᠯᠢ ᠸᠧᠶ ᠵᠢᠶᠦ᠋ᠨ᠂ ᠪᠤᠶᠠᠨᠲᠤ | ᠲᠤᠰᠢᠶᠠᠯ ᠬᠠᠷᠢᠭᠤᠴᠠᠯᠭ᠎ᠠ᠄ ᠪᠦᠯᠦᠭᠯᠡᠯ ᠤᠨ ᠶᠡᠷᠦᠩᠬᠡᠢ ᠬᠤᠷᠢᠶᠠᠨ ᠤ ᠤᠳᠤᠷᠢᠳᠤᠯᠭ᠎ᠠ ᠳᠣᠣᠷ᠎ᠠ᠂ ᠠᠯᠪᠠᠨ | ᠭᠡᠷ ᠤᠨ ᠪᠦᠬᠦ ᠲᠠᠯ᠎ᠠ ᠶᠢᠨ ᠠᠵᠢᠯ ᠢ ᠬᠠᠷᠢᠭᠤᠴᠠᠵᠤ᠂ ᠪᠦᠯᠦᠭᠯᠡᠯ ᠤᠨ ᠶᠡᠷᠦᠩᠬᠡᠢ ᠬᠤᠷᠢᠶᠠᠨ ᠤ ᠪᠦᠲᠦᠭᠡᠨ | ᠪᠠᠶᠢᠭᠤᠯᠤᠯᠲᠠ ᠶᠢᠨ ᠲᠥᠰᠦᠯ᠂ ᠡᠯ᠎ᠡ ᠵᠦᠢᠯ ᠤᠨ ᠳᠦᠷᠢᠮ ᠲᠣᠭᠲᠠᠭᠠᠯ ᠢ ᠲᠣᠭᠲᠠᠭᠠᠨ᠎ᠠ᠃ ᠳᠡᠭᠡᠳᠦ ᠱᠠᠲᠤᠨ ᠤ | ᠰᠠᠯᠠᠭ᠎ᠠ ᠮᠥᠴᠢᠷ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠂ ᠵᠢᠭᠠᠪᠤᠷᠢ᠂ ᠲᠣᠭᠲᠠᠭᠠᠯ ᠢ ᠨᠠᠷᠢᠨ ᠬᠢᠨᠠᠮᠠᠭᠠᠢ | ᠲᠤᠤᠱᠯᠠᠭᠤᠯᠤᠨ ᠬᠡᠷᠡᠭᠵᠢᠭᠦᠯᠦᠨ᠎ᠡ᠃ | ︵1︶ ᠡᠮᠨᠡᠯᠭᠡ ᠶᠢᠨ ᠬᠤᠷᠢᠶ᠎ᠠ ᠶᠢᠨ ᠳᠠᠷᠤᠭ᠎ᠠ ᠶᠢᠨ ᠵᠢᠭᠠᠪᠤᠷᠢ ᠵᠢᠴᠢ ᠪᠦᠯᠦᠭᠯᠡᠯ ᠤᠨ ᠶᠡᠷᠦᠩᠬᠡᠢ ᠬᠤᠷᠢᠶᠠᠨ ᠤ | ᠰᠢᠢᠳᠪᠦᠷᠢ ᠶᠢ ᠦᠨᠳᠦᠰᠦᠯᠡᠨ᠂ ᠪᠦᠯᠦᠭᠯᠡᠯ ᠤᠨ ᠶᠡᠷᠦᠩᠬᠡᠢ ᠬᠦᠷᠢᠶᠡᠯᠡᠩ ᠤᠨ ᠠᠵᠢᠯ ᠤᠨ ᠲᠥᠯᠥᠪᠯᠡᠭᠡ᠂ ᠮᠡᠳᠡᠭᠦᠯᠦᠯᠲᠡ᠂ | ᠲᠥᠯᠥᠪᠵᠢᠭᠦᠯᠭᠡ᠂ ᠡᠯ᠎ᠡ ᠵᠦᠢᠯ ᠤᠨ ᠪᠢᠴᠢᠭ ᠮᠠᠲ᠋ᠧᠷᠢᠶᠠᠯ ᠵᠢᠴᠢ ᠪᠦᠯᠦᠭᠯᠡᠯ ᠤᠨ ᠶᠡᠷᠦᠩᠬᠡᠢ ᠬᠤᠷᠢᠶᠠᠨ ᠤ ᠡᠳᠦᠷ | ᠲᠤᠳᠤᠮ ᠤᠨ ᠵᠠᠰᠠᠭ ᠵᠠᠬᠢᠷᠭᠠᠨ ᠤ ᠬᠡᠷᠡᠭ ᠶᠠᠪᠤᠳᠠᠯ ᠤᠨ ᠮᠡᠳᠡᠭᠳᠡᠯ ᠢ ᠵᠣᠬᠢᠶᠠᠨ ᠪᠠᠶᠢᠭᠤᠯᠤᠨ ᠲᠤᠭᠤᠷᠪᠢᠬᠤ ᠶᠢ | ᠬᠠᠷᠢᠭᠤᠴᠠᠨ᠎ᠠ᠃ | ︵2︶ ᠡᠮᠨᠡᠯᠭᠡ ᠶᠢᠨ ᠬᠤᠷᠢᠶᠠᠨ ᠤ ᠳᠠᠷᠤᠭ᠎ᠠ ᠵᠢᠴᠢ ᠪᠦᠯᠦᠭᠯᠡᠯ ᠤᠨ ᠶᠡᠷᠦᠩᠬᠡᠶ ᠬᠤᠷᠢᠶᠠᠨ ᠤ ᠪᠤᠰᠤᠳ | ᠪᠦᠷᠢᠯᠳᠦᠬᠦᠨ ᠢ ᠬᠠᠪᠰᠤᠷᠴᠤ᠂ ᠪᠦᠯᠦᠭᠯᠡᠯ ᠤᠨ ᠶᠡᠷᠦᠩᠬᠡᠶ ᠬᠤᠷᠢᠶᠠᠨ ᠤ ᠡᠯ᠎ᠡ ᠪᠦᠷᠢᠯᠳᠦᠬᠦᠨ ᠨᠢᠭᠡᠴᠢ ᠶᠢᠨ ᠠᠵᠢᠯ ᠤᠨ | ᠪᠠᠶᠢᠳᠠᠯ ᠢ ᠣᠶᠢᠯᠠᠭᠠᠵᠤ᠂ ᠬᠠᠷᠢᠭᠤ ᠲᠤᠰᠬᠠᠭᠰᠠᠨ ᠮᠡᠳᠡᠭᠡ ᠵᠠᠩᠭᠢ ᠶᠢ ᠴᠤᠭᠯᠠᠭᠤᠯᠵᠤ᠂ ᠪᠦᠯᠦᠭᠯᠡᠯ ᠤᠨ ᠶᠡᠷᠦᠩᠬᠡᠶ | ᠬᠤᠷᠢᠶᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠰᠠᠨᠠᠭᠤᠯᠭ᠎ᠠ ᠬᠠᠩᠭᠠᠵᠤ᠂ ᠴᠠᠭ ᠲᠤᠬᠠᠶ ᠳᠤᠨᠢ ᠳᠡᠭᠡᠭᠰᠢ | ᠳᠠᠮᠵᠢᠭᠤᠯᠤᠨ ᠳᠣᠷᠣᠭᠰᠢ ᠪᠠᠭᠤᠯᠭᠠᠵᠤ᠂ ᠡᠯ᠎ᠡ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ | ᠬᠤᠭᠤᠷᠣᠨᠳᠣᠬᠢ ᠬᠠᠷᠢᠯᠴᠠᠭ᠎ᠠ ᠶᠢ ᠵᠣᠬᠢᠴᠠᠭᠤᠯᠤᠨ᠎ᠠ᠃ | ︵3︶ ᠪᠦᠯᠦᠭᠯᠡᠯ ᠤᠨ ᠶᠡᠷᠦᠩᠬᠡᠢ ᠬᠤᠷᠢᠶᠠᠨ ᠤ ᠬᠠᠮᠢᠶ᠎ᠠ ᠪᠦᠬᠦᠢ ᠬᠤᠷᠠᠯ ᠢ ᠵᠣᠬᠢᠶᠠᠨ ᠪᠠᠶᠢᠭᠤᠯᠤᠨ | ᠲᠣᠬᠢᠷᠠᠭᠤᠯᠵᠤ᠂ ᠳᠡᠭᠡᠳᠦ ᠱᠠᠲᠤᠨ ᠤ ᠤᠳᠤᠷᠢᠳᠬᠤ ᠪᠠᠶᠢᠭᠤᠯᠭ᠎ᠠ ᠶᠢᠨ ᠡᠮᠨᠡᠯᠭᠡ ᠳᠤ ᠢᠷᠡᠵᠦ ᠪᠠᠶᠢᠴᠠᠭᠠᠬᠤ ᠵᠢᠴᠢ | ᠪᠤᠰᠤᠳ ᠡᠷᠡᠭᠦᠯ ᠬᠠᠮᠠᠭᠠᠯᠠᠯ ᠤᠨ ᠨᠢᠭᠡᠴᠡ ᠶᠢᠨ ᠲᠣᠭᠤᠷᠢᠨ ᠦᠵᠡᠬᠦ᠂ ᠰᠤᠷᠤᠯᠴᠠᠬᠤ᠂ ᠰᠣᠯᠢᠯᠴᠠᠬᠤ ᠵᠡᠷᠭᠡ | ᠠᠵᠢᠯᠯᠠᠭ᠎ᠠ ᠶᠢ ᠬᠦᠯᠢᠶᠡᠨ ᠠᠪᠤᠪᠠ᠃ | ︵4︶ ᠪᠦᠯᠦᠭᠯᠡᠯ ᠤᠨ ᠶᠡᠷᠦᠩᠬᠡᠶ ᠬᠦᠷᠢᠶᠡᠯᠡᠩ ᠤᠨ ᠠᠵᠢᠯᠯᠠᠭᠠᠨ ᠤ ᠪᠠᠶᠢᠳᠠᠯ ᠳᠤ ᠵᠠᠳᠠᠯᠤᠯᠲᠠ ᠬᠢᠬᠦ ᠶᠢ | ᠬᠠᠷᠢᠭᠤᠴᠠᠵᠤ᠂ ᠪᠦᠯᠦᠭᠯᠡᠯ ᠤᠨ ᠶᠡᠷᠦᠩᠬᠡᠶ ᠬᠦᠷᠢᠶᠡᠯᠡᠩ ᠤᠨ ᠳᠣᠲᠣᠷᠠᠬᠢ ᠰᠠᠭᠤᠷᠢ ᠮᠥᠩᠭᠦ ᠶᠢ ᠬᠡᠷᠡᠭᠯᠡᠭᠰᠡᠨ ᠪᠠᠶᠢᠳᠠᠯ᠂ | ᠬᠠᠷᠢᠶᠠᠲᠤ ᠣᠷᠣᠨ ᠤ ᠳᠣᠲᠣᠷᠠᠬᠢ ᠡᠪᠡᠳᠴᠢᠲᠡᠨ ᠤ ᠲᠠᠷᠬᠠᠯᠲᠠ ᠵᠡᠷᠭᠡ ᠠᠵᠢᠯᠯᠠᠭᠠᠨ ᠤ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠨᠡᠪᠲᠡᠷᠡᠭᠦᠯᠬᠦ ᠬᠡᠷᠡᠭᠲᠡᠶ᠃ | ︵5︶ ᠪᠦᠯᠦᠭᠯᠡᠯ ᠤᠨ ᠶᠡᠷᠦᠩᠬᠡᠢ ᠬᠤᠷᠢᠶᠠᠨ ᠤ ᠡᠯ᠎ᠡ ᠵᠦᠢᠯ ᠤᠨ ᠠᠵᠢᠯ ᠤᠨ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠳᠡᠭᠡᠭᠰᠢ ᠮᠡᠳᠡᠭᠦᠯᠵᠦ᠂ ᠪᠦᠯᠦᠭᠯᠡᠯ ᠤᠨ ᠶᠡᠷᠦᠩᠬᠡᠢ ᠬᠤᠷᠢᠶᠠᠨ ᠤ ᠳᠣᠲᠣᠭᠠᠳᠤ ᠶᠢᠨ | ᠤᠬᠠᠭᠤᠯᠭ᠎ᠠ ᠶᠢ ᠢᠳᠡᠪᠬᠢᠲᠡᠢ ᠰᠠᠶᠢᠲᠤᠷ ᠬᠢᠨ᠎ᠡ᠃ | ︵6︶ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠠᠵᠢᠯᠲᠠᠨ ᠡᠯᠰᠡᠬᠦ ᠳᠡᠭᠡᠨ ᠱᠠᠭᠠᠷᠳᠠᠯᠭ᠎ᠠ | ᠶᠣᠰᠣᠭᠠᠷ ᠲᠥᠯᠥᠪᠯᠡᠭᠡ ᠪᠠᠨ ᠳᠡᠭᠡᠭᠰᠢ ᠮᠡᠳᠡᠭᠦᠯᠵᠦ᠂ ᠠᠯᠪᠠᠨ ᠬᠡᠷ ᠠᠴᠠ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ | ᠪᠠᠶᠢᠭᠤᠯᠤᠨ ᠤᠷᠢᠬᠤ ᠶᠢ ᠬᠠᠷᠢᠭᠤᠴᠠᠵᠤ᠂ ᠠᠵᠢᠯᠲᠠᠨ ᠬᠡᠷᠡᠭᠯᠡᠬᠦ ᠶᠢ ᠵᠣᠬᠢᠴᠠᠭᠤᠯᠤᠨ᠎ᠠ᠃ | ︵7︶ ᠪᠦᠯᠦᠭᠯᠡᠯ ᠶᠡᠷᠦᠩᠬᠡᠶ ᠬᠦᠷᠢᠶᠡᠯᠡᠩ ᠤᠨ ᠡᠯ᠎ᠡ ᠪᠦᠷᠢᠯᠳᠦᠬᠦᠨ ᠨᠢᠭᠡᠴᠡ ᠶᠢᠨ ᠡᠮ ᠤᠨ ᠵᠦᠢᠯᠡᠰ᠂ | ᠬᠤᠷᠣᠭᠳᠠᠯ ᠮᠠᠲ᠋ᠧᠷᠢᠶᠠᠯ᠂ ᠲᠣᠮᠣ ᠬᠡᠯᠪᠡᠷᠢ ᠶᠢᠨ ᠲᠥᠬᠦᠭᠡᠷᠦᠮᠵᠢ ᠶᠢᠨ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ | ᠠᠵᠢᠯ ᠢ ᠬᠠᠷᠢᠭᠤᠴᠠᠵᠤ᠂ ᠨᠢᠭᠡᠳᠦᠯᠲᠡᠶ ᠲᠣᠬᠢᠷᠠᠭᠤᠯᠤᠨ ᠬᠡᠷᠡᠭᠯᠡᠨ᠎ᠡ᠃ | ︵8︶ ᠡᠯ᠎ᠡ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠣᠷᠣᠯᠭ᠎ᠠ ᠶᠢ | ᠪᠦᠯᠦᠭᠯᠡᠯ ᠤᠨ ᠶᠡᠷᠦᠩᠬᠡᠶ ᠡᠮᠨᠡᠯᠭᠡ ᠶᠢᠨ ᠬᠤᠷᠢᠶᠠᠨ ᠤ ᠲᠤᠰᠬᠠᠶ ᠳᠠᠩᠰᠠᠨ ᠳᠤ ᠨᠢᠭᠡᠳᠦᠯᠲᠡᠶ ᠬᠤᠷᠢᠶᠠᠨ ᠠᠪᠴᠤ᠂ | ᠳᠠᠩᠰᠠ ᠮᠡᠳᠡᠭᠦᠯᠬᠦ᠂ ᠬᠢᠨᠠᠨ ᠬᠠᠷᠭᠤᠭᠤᠯᠬᠤ ᠳᠦᠷᠢᠮ ᠢ ᠬᠡᠷᠡᠭᠵᠢᠭᠦᠯᠦᠨ᠂ ᠰᠠᠯᠭᠠᠨ ᠥᠭᠴᠦ ᠬᠡᠷᠡᠭᠯᠡᠭᠦᠯᠬᠦ ᠬᠡᠷᠡᠭᠲᠡᠶ᠃ | 2.ᠲᠤᠬᠠᠶᠢᠯᠠᠭᠰᠠᠨ ᠠᠵᠢᠯ ᠤᠨ ᠬᠥᠭᠵᠢᠯᠲᠡ ᠶᠢᠨ ᠲᠥᠪ | ᠡᠷᠬᠢᠯᠡᠭᠴᠢ᠄ ᠯᠢ ᠵᠢᠶᠠᠨ ᠭᠦᠸᠧ | ᠪᠦᠷᠢᠯᠳᠦᠭᠦᠨ᠄ ᠯᠢᠦ ᠢᠦᠶ ᠴᠢᠨ᠂ ᠶᠠᠩ ᠵᠢᠶᠦ᠋ᠨ ᠮᠧᠶ᠂ ᠰᠦᠨ ᠪᠢᠨ᠂ ᠯᠢᠦ ᠴᠦᠨ ᠶᠠᠩ᠂ ᠸᠧᠶ ᠴᠢᠨ᠂ ᠷᠧᠨ ᠯᠢ ᠯᠢᠩ | ᠲᠤᠰᠢᠶᠠᠯ ᠤᠨ ᠬᠠᠷᠢᠭᠤᠴᠠᠯᠭ᠎ᠠ᠄ ᠪᠦᠯᠦᠭᠯᠡᠯ ᠤᠨ ᠶᠡᠷᠦᠩᠬᠡᠶ ᠬᠤᠷᠢᠶᠠᠨ ᠤ ᠡᠮᠨᠡᠯᠭᠡ᠂ ᠰᠤᠪᠢᠯᠠᠯᠲᠠ᠂ ᠡᠮ᠂ | ᠮᠡᠷᠭᠡᠵᠢᠯ ᠵᠡᠷᠭᠡ ᠶᠠᠰᠤ ᠴᠢᠨᠠᠷ ᠤᠨ ᠬᠠᠮᠢᠶᠠᠷᠤᠯᠲᠠ ᠶᠢᠨ ᠠᠵᠢᠯ ᠢ ᠪᠣᠳᠠᠲᠠᠶ ᠬᠡᠷᠡᠭᠵᠢᠭᠦᠯᠵᠦ᠂ ᠲᠤᠬᠠᠶᠢᠯᠠᠭᠰᠠᠨ | ᠠᠵᠢᠯ ᠤᠨ ᠤᠷᠤᠭᠰᠢᠲᠠᠶ ᠥᠷᠨᠢᠬᠦ ᠶᠢ ᠦᠨᠡᠨᠬᠦ ᠪᠠᠲᠤᠯᠠᠨ᠎ᠠ᠃ | ︵1︶ ᠲᠤᠬᠠᠶᠢᠯᠠᠭᠰᠠᠨ ᠠᠵᠢᠯ ᠤᠨ ᠬᠥᠭᠵᠢᠯᠲᠡ ᠶᠢᠨ ᠲᠥᠯᠥᠪᠯᠡᠭᠡ ᠲᠣᠭᠲᠠᠭᠠᠬᠤ ᠶᠢ ᠬᠠᠷᠢᠭᠤᠴᠠᠵᠤ᠂ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠢᠨᠠᠨ ᠵᠢᠯᠣᠭᠤᠳᠴᠤ ᠪᠠᠶᠢᠴᠠᠭᠠᠬᠤ ᠵᠢᠴᠢ ᠳ᠋ᠦᠩᠨᠡᠯᠲᠡ ᠶᠢᠨ ᠬᠠᠷᠢᠭᠤ | ᠮᠡᠳᠡᠭᠦᠯᠦᠯᠲᠡ ᠶᠢ ᠨᠠᠶᠢᠳᠠᠪᠤᠷᠢᠵᠢᠭᠤᠯᠤᠨ᠎ᠠ᠃ | ︵2︶ ᠡᠮᠴᠢᠯᠡᠬᠦ᠂ ᠰᠣᠪᠢᠯᠠᠯᠳᠡ ᠶᠢᠨ ᠶᠠᠰᠣ ᠴᠢᠨᠡᠷ ᠢ ᠵᠠᠳᠡᠯᠥᠨ ᠰᠢᠨᠵᠢᠬᠦ ᠵᠤᠷᠰᠢᠯᠳᠦ ᠬᠤᠷᠡᠯ ᠢ ᠲᠣᠠᠠᠳᠠᠮᠠᠯ | ᠬᠤᠭᠤᠴᠠᠭ᠎ᠠ ᠲᠠᠢ ᠪᠠᠷ ᠬᠤᠷᠡᠯᠳᠣᠭᠤᠯᠵᠦ᠂ ᠦᠢᠯᠡᠴᠢᠯᠡᠭᠡᠨ ᠤ ᠶᠠᠰᠣ ᠴᠢᠨᠡᠷ ᠢ ᠳᠡᠰᠣᠷᠡᠯᠳᠡ ᠦᠭᠡᠢ ᠳᠡᠭᠡᠭᠰᠢᠯᠡᠬᠦᠯᠥᠨ᠎ᠠ᠃ | | ︵3︶ ᠰᠢᠨ᠎ᠡ ᠮᠡᠷᠭᠡᠵᠢᠯ᠂ ᠰᠢᠨ᠎ᠡ ᠲᠤᠬᠠᠶᠢᠯᠠᠭᠰᠠᠨ ᠠᠵᠢᠯ ᠢ ᠵᠥᠪᠰᠢᠶᠡᠷᠡᠨ ᠣᠷᠣᠭᠤᠯᠬᠤ ᠪᠠ ᠬᠠᠮᠢᠶᠠᠷᠬᠤ ᠶᠢ | ᠬᠠᠷᠢᠭᠤᠴᠠᠨ᠎ᠠ᠃ | ︵4︶ ᠬᠦᠨᠳᠦ ᠶᠡᠭᠡ ᠠᠶᠤᠯ ᠲᠦᠭᠰᠢᠭᠦᠷᠢᠲᠡᠶ ᠬᠦᠨᠳᠦ ᠡᠪᠡᠳᠴᠢᠲᠡᠨ ᠢ ᠵᠠᠪᠳᠤᠨ ᠠᠪᠤᠷᠠᠬᠤ᠂ ᠬᠦᠴᠢᠷ | ᠲᠦᠪᠡᠭᠲᠡᠶ ᠪᠠᠶᠢᠬᠤ᠂ ᠠᠶᠤᠯ ᠲᠦᠭᠰᠢᠭᠦᠷᠢᠲᠡᠶ ᠪᠠᠶᠢᠬᠤ᠂ ᠦᠬᠦᠭᠰᠡᠨ ᠡᠪᠡᠳᠴᠢᠨ ᠤ ᠵᠢᠱᠢᠶ᠎ᠡ ᠶᠢ ᠶᠠᠷᠢᠯᠴᠠᠬᠤ᠂ | ᠡᠮᠨᠡᠯᠭᠡ ᠶᠢᠨ ᠬᠤᠷᠢᠶᠠᠨ ᠤ ᠳᠣᠲᠣᠷ᠎ᠠ ᠭᠠᠳᠠᠨ᠎ᠠ ᠬᠠᠮᠲᠤᠷᠠᠨ ᠣᠨᠣᠰᠢᠯᠠᠬᠤ ᠠᠵᠢᠯ ᠳᠤ ᠵᠣᠬᠢᠶᠠᠨ ᠪᠠᠶᠢᠭᠤᠯᠤᠨ | ᠣᠷᠣᠯᠴᠠᠬᠤ ᠬᠡᠷᠡᠭᠲᠡᠶ᠃ | ︵5︶ ᠠᠷᠠᠳ ᠤᠨ ᠡᠮᠨᠡᠯᠭᠡ ᠶᠢᠨ ᠬᠤᠷᠢᠶᠠᠨ ᠤ ᠡᠮᠨᠡᠯᠭᠡ ᠶᠢᠨ ᠠᠵᠢᠯᠲᠠᠨ ᠢ ᠵᠣᠬᠢᠴᠠᠭᠤᠯᠬᠤ ᠶᠢ ᠬᠠᠷᠢᠭᠤᠴᠠᠵᠤ᠂ | ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠲᠤᠬᠠᠶᠢᠯᠠᠭᠰᠠᠨ ᠠᠵᠢᠯ ᠢ ᠵᠢᠯᠣᠭᠤᠳᠤᠨ | ᠪᠣᠯᠪᠠᠰᠤᠷᠠᠭᠤᠯᠬᠤ᠂ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠦ᠂ ᠪᠦᠯᠦᠭᠯᠡᠯ ᠤᠨ | ᠶᠡᠷᠦᠩᠬᠡᠶ ᠡᠮᠨᠡᠯᠭᠡ ᠶᠢᠨ ᠬᠤᠷᠢᠶᠠᠨ ᠤ ᠪᠦᠷᠢᠯᠳᠦᠬᠦᠨ ᠨᠢᠭᠡᠴᠡ ᠶᠢᠨ ᠦᠢᠯᠡᠴᠢᠯᠡᠭᠡᠨ ᠤ ᠴᠢᠳᠠᠪᠤᠷᠢ ᠪᠠ | ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | 3.ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠬᠠᠮᠢᠶᠠᠷᠤᠯᠳᠠ ᠶᠢᠨ ᠲᠦᠪ | ᠡᠷᠬᠢᠯᠡᠭᠴᠢ᠄ ᠵᠠᠩ ᠲᠦᠩ | ᠪᠦᠷᠢᠯᠳᠦᠬᠦᠨ᠄ ᠮᠠ ᠵᠢᠶᠧ᠂ ᠪᠠᠶ ᠶᠦᠨ᠂ ᠯᠢ ᠰᠢᠤᠸᠠᠢ᠂ ᠮᠠ ᠰᠢᠶᠤᠤ ᠴᠢᠩ | ᠲᠤᠰᠢᠶᠠᠯ ᠬᠠᠷᠢᠭᠤᠴᠠᠯᠭ᠎ᠠ᠄ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠡᠯ᠎ᠡ ᠵᠦᠢᠯ ᠤᠨ ᠲᠥᠷᠥ ᠶᠢᠨ | ᠪᠣᠳᠣᠯᠭ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ ᠢ ᠬᠢᠨᠠᠮᠠᠭᠠᠶ ᠬᠡᠷᠡᠭᠵᠢᠭᠦᠯᠵᠦ᠂ ᠦᠨᠳᠦᠰᠦᠨ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠤᠨ ᠵᠢᠷᠤᠮᠵᠢᠯ ᠤᠨ ᠱᠠᠭᠠᠷᠳᠠᠯᠭ᠎ᠠ ᠶᠣᠰᠣᠭᠠᠷ᠂ | ᠪᠦᠯᠦᠭᠯᠡᠯ ᠤᠨ ᠶᠡᠷᠦᠩᠬᠡᠶ ᠬᠤᠷᠢᠶᠠᠨ ᠤ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠠᠵᠢᠯ ᠢ ᠬᠠᠷᠢᠭᠤᠴᠠᠨ᠎ᠠ᠃ ᠲᠣᠭᠲᠠᠮᠠᠯ ᠬᠤᠭᠤᠴᠠᠭ᠎ᠠ ᠲᠠᠢ ᠪᠠᠷ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠲᠣᠭᠲᠠᠮᠠᠯ ᠬᠤᠷᠠᠯ ᠢ ᠬᠤᠷᠠᠯᠳᠤᠭᠤᠯᠵᠤ᠂ ᠠᠵᠢᠯ ᠤᠨ ᠠᠬᠢᠴᠠ ᠪᠠᠨ ᠳ᠋ᠦᠩᠨᠡᠨ ᠬᠠᠷᠢᠭᠤ ᠮᠡᠳᠡᠭᠦᠯᠵᠦ᠂ ᠠᠵᠢᠯ ᠤᠨ | ᠡᠭᠦᠷᠭᠡ ᠪᠠᠨ ᠲᠣᠬᠢᠷᠠᠭᠤᠯᠤᠨ ᠪᠠᠶᠢᠷᠢᠯᠠᠭᠤᠯᠪᠠ᠃ | ︵1︶ ᠪᠦᠯᠦᠭᠯᠡᠯ ᠤᠨ ᠶᠡᠷᠦᠩᠬᠡᠢ ᠬᠤᠷᠢᠶᠠᠨ ᠤ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠷᠥᠯ ᠵᠦᠢᠯ᠂ ᠤᠳᠠᠭᠠᠨ ᠴᠢᠨᠠᠷᠲᠠᠶ ᠡᠪᠡᠳᠴᠢᠨ ᠤ ᠬᠠᠮᠢᠶᠠᠷᠤᠯᠲᠠ᠂ ᠭᠡᠷ ᠪᠦᠯᠢ ᠶᠢᠨ ᠡᠮᠴᠢ ᠶᠢᠨ | ᠭᠡᠷ᠎ᠡ ᠲᠣᠭᠲᠠᠬᠤ᠂ ᠡᠷᠡᠭᠦᠯ ᠮᠡᠨᠳᠦ ᠶᠢᠨ ᠬᠥᠮᠦᠵᠢᠯ ᠵᠡᠷᠭᠡ ᠠᠵᠢᠯ ᠤᠨ ᠬᠡᠷᠡᠭᠵᠢᠭᠦᠯᠬᠦ ᠲᠥᠰᠦᠯ ᠢ ᠬᠠᠷᠢᠭᠤᠴᠠᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠢᠨᠠᠨ ᠵᠢᠯᠣᠭᠤᠳᠴᠤ ᠪᠠᠶᠢᠴᠠᠭᠠᠬᠤ ᠶᠢ | ᠨᠠᠶᠢᠳᠠᠪᠤᠷᠢᠵᠢᠭᠤᠯᠤᠨ᠎ᠠ᠃ | ︵2︶ ᠡᠯ᠎ᠡ ᠪᠦᠷᠢᠯᠳᠦᠬᠦᠨ ᠨᠢᠭᠡᠴᠡ ᠶᠢᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠮᠡᠳᠡᠭᠦᠯᠦᠯᠲᠡ ᠶᠢᠨ ᠬᠦᠰᠦᠨᠦᠭᠲᠦ ᠶᠢ ᠴᠤᠭᠯᠠᠭᠤᠯᠤᠨ ᠡᠮᠬᠢᠳᠬᠡᠬᠦ ᠳᠡᠭᠡᠭᠰᠢ ᠮᠡᠳᠡᠭᠦᠯᠬᠦ ᠠᠵᠢᠯ ᠢ | ᠬᠠᠷᠢᠭᠤᠴᠠᠬᠤ ᠶᠢᠨ ᠬᠠᠮᠲᠤ ᠪᠦᠷᠢᠯᠳᠦᠬᠦᠨ ᠨᠢᠭᠡᠴᠡ ᠶᠢᠨ ᠠᠵᠢᠯ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠣᠨ ᠤ | ᠰᠢᠯᠭᠠᠨ ᠦᠨᠡᠯᠡᠯᠲᠡ ᠳᠤ ᠪᠣᠳᠣᠵᠤ ᠣᠷᠣᠭᠤᠯᠬᠤ ᠬᠡᠷᠡᠭᠲᠡᠶ᠃ | 4.ᠳᠣᠲᠣᠭᠠᠳᠤ ᠡᠵᠡᠮᠳᠡᠯ ᠤᠨ ᠰᠢᠯᠭᠠᠨ ᠬᠢᠨᠠᠬᠤ ᠲᠥᠪ | ᠡᠷᠬᠢᠯᠡᠭᠴᠢ᠄ ᠵᠠᠩ ᠯᠢ ᠵᠢᠶᠦ᠋ᠨ | ᠪᠦᠷᠢᠯᠳᠦᠬᠦᠨ᠄ ᠵᠠᠩ ᠲᠦᠩ᠂ ᠯᠢᠦ ᠢᠦᠶ ᠴᠢᠨ᠂ ᠶᠦᠨ ᠯᠢ ᠮᠢᠨ᠂ ᠯᠢ ᠸᠧᠶ ᠵᠢᠶᠦ᠋ᠨ᠂ ᠯᠢ ᠷᠦᠢ ᠳ᠋ᠢ | ᠲᠤᠰᠢᠶᠠᠯ ᠤᠨ ᠬᠠᠷᠢᠭᠤᠴᠠᠯᠭ᠎ᠠ᠄ ᠪᠦᠷᠢᠯᠳᠦᠬᠦᠨ ᠨᠢᠭᠡᠴᠡ ᠶᠢ ᠵᠣᠬᠢᠶᠠᠨ ᠪᠠᠶᠢᠭᠤᠯᠤᠨ ᠳᠣᠲᠣᠭᠠᠳᠤ ᠶᠢᠨ | ᠡᠵᠡᠮᠳᠡᠬᠦ ᠪᠠᠶᠢᠴᠠᠭᠠᠨ ᠰᠤᠳᠤᠯᠤᠯᠲᠠ ᠬᠢᠭᠡᠳ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ᠂ | ᠪᠦᠯᠦᠭᠯᠡᠯ ᠤᠨ ᠶᠡᠷᠦᠩᠬᠡᠶ ᠬᠦᠷᠢᠶᠡᠯᠡᠩ ᠤᠨ ᠳᠣᠲᠣᠭᠠᠳᠤ ᠶᠢᠨ ᠶᠠᠰᠤ ᠴᠢᠨᠠᠷ ᠢ ᠡᠵᠡᠮᠳᠡᠬᠦ ᠠᠵᠢᠯ ᠤᠨ ᠬᠡᠷᠡᠭᠵᠢᠭᠦᠯᠬᠦ | ᠲᠥᠰᠦᠯ ᠢ ᠲᠣᠭᠲᠠᠭᠠᠵᠤ᠂ ᠪᠦᠷᠢᠯᠳᠦᠬᠦᠨ ᠨᠢᠭᠡᠴᠢ ᠶᠢᠨ ᠬᠠᠮᠢᠶ᠎ᠠ ᠪᠥᠬᠦᠶ ᠠᠵᠢᠯᠲᠠᠨ ᠤ ᠳᠣᠲᠣᠭᠠᠳᠤ ᠡᠵᠡᠮᠳᠡᠯ ᠤᠨ | ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵1︶ ᠪᠦᠷᠢᠯᠳᠦᠬᠦᠨ ᠨᠢᠭᠡᠴᠡ ᠶᠢᠨ ᠡᠳ᠋ ᠤᠨ ᠶᠠᠪᠤᠳᠠᠯ᠂ ᠬᠤᠳᠠᠯᠳᠤᠨ ᠠᠪᠬᠤ᠂ ᠡᠳ᠋ ᠬᠥᠷᠥᠩᠭᠡ᠂ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ᠂ ᠭᠡᠷ᠎ᠡ᠂ ᠮᠡᠳᠡᠭᠡ ᠵᠠᠩᠭᠢ ᠶᠢᠨ ᠰᠢᠰᠲ᠋ᠧᠮ ᠵᠡᠷᠭᠡ ᠬᠠᠮᠢᠶᠠᠷᠤᠯᠲᠠ ᠶᠢᠨ | ᠪᠠᠶᠢᠳᠠᠯ ᠳᠤ ᠳᠣᠲᠣᠭᠠᠳᠤ ᠶᠢᠨ ᠡᠵᠡᠮᠳᠡᠯ ᠤᠨ ᠪᠠᠶᠢᠴᠠᠭᠠᠯᠲᠠ ᠥᠷᠨᠢᠭᠦᠯᠬᠦ ᠶᠢ ᠬᠠᠷᠢᠭᠤᠴᠠᠨ᠎ᠠ᠃ | ︵2︶ ᠥᠪᠡᠷ ᠤᠨ ᠥᠷᠲᠡᠭ ᠤᠨ ᠲᠣᠭᠠᠴᠠᠭ᠎ᠠ ᠬᠢᠬᠦ ᠶᠢ ᠡᠵᠡᠮᠳᠡᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠡᠯ᠎ᠡ | ᠪᠦᠷᠢᠯᠳᠦᠬᠦᠨ ᠨᠢᠭᠡᠴᠢ ᠶᠢ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠤᠨ᠎ᠠ᠃ | ︵3︶ ᠡᠮᠴᠢᠯᠡᠭᠡᠨ ᠤ ᠲᠠᠭᠠᠳᠬᠠᠯ ᠤᠨ ᠪᠡᠯᠡ ᠮᠦᠡᠭᠬᠦ ᠶᠢᠨ ᠬᠠᠮᠢᠶᠡᠷᠦᠯᠳᠡ ᠪᠠ ᠭᠡᠷᠡᠭᠯᠡᠬᠦ ᠳᠥᠰᠥᠯ ᠢ | ᠲᠣᠠᠠᠳᠠᠭᠠᠵᠦ᠂ ᠣᠶᠣᠨᠴᠢ ᠪᠠᠷ ᠬᠢᠨᠡᠨ ᠬᠠᠷᠭᠤᠭᠤᠯᠬᠤ ᠶᠢ ᠦᠷᠨᠢᠬᠦᠯᠥᠨ᠂ ᠡᠮᠴᠢᠯᠡᠭᠡᠨ ᠤ ᠦᠢᠯᠡ ᠠᠵᠢᠯᠯᠠᠭ᠎ᠠ ᠶᠢ | ᠵᠢᠷᠣᠮᠵᠢᠭᠤᠯᠥᠨ᠎ᠠ᠃ | ︵4︶ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠬᠥᠳᠡᠯᠦᠩᠭᠦᠶ ᠪᠠᠷ ᠬᠢᠨᠠᠨ ᠰᠢᠨᠵᠢᠬᠦ ᠶᠢ | ᠥᠷᠨᠢᠭᠦᠯᠵᠦ᠂ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠲᠣᠬᠢᠷᠠᠭᠤᠯᠬᠤ ᠲᠥᠰᠦᠯ ᠢ ᠲᠣᠭᠲᠠᠭᠠᠨ᠂ | ᠪᠦᠷᠢᠯᠳᠦᠬᠦᠨ ᠨᠢᠭᠡᠴᠡ ᠳᠤ ᠬᠢᠨᠠᠯᠲᠠ ᠲᠠᠯᠪᠢᠵᠤ ᠪᠠᠶᠢᠭᠠᠳ ᠡᠮᠴᠢᠯᠡᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ | ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ | ︵5︶ ᠪᠦᠯᠦᠭᠯᠡᠯ ᠤᠨ ᠶᠡᠷᠦᠩᠬᠡᠢ ᠡᠮᠨᠡᠯᠭᠡ ᠶᠢᠨ ᠬᠤᠷᠢᠶᠠᠨ ᠤ ᠦᠨᠳᠦᠰᠦᠨ ᠡᠮᠴᠢᠯᠡᠭᠡ᠂ ᠦᠨᠳᠦᠰᠦᠨ ᠤᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠷᠦᠯ ᠵᠦᠢᠯ ᠤᠨ ᠠᠮᠵᠢᠯᠲᠠ ᠪᠦᠲᠦᠮᠵᠢ ᠶᠢ ᠰᠢᠯᠭᠠᠨ | ᠬᠢᠨᠠᠬᠤ ᠵᠢᠴᠢ ᠬᠤᠷᠢᠶᠠᠩᠭᠤᠶᠢᠯᠠᠬᠤ ᠠᠵᠢᠯ ᠢ ᠬᠠᠷᠢᠭᠤᠴᠠᠨ᠎ᠠ᠃ | 5.ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠥᠪ | ᠡᠷᠬᠢᠯᠡᠭᠴᠢ᠄ ᠶᠠᠩ ᠵᠢᠶᠦ᠋ᠨ ᠮᠧᠢ | ᠪᠦᠷᠢᠯᠳᠦᠬᠦᠨ᠄ ᠶᠦᠨ ᠯᠢ ᠮᠢᠨ᠂ ᠰᠦᠨ ᠪᠢᠨ᠂ ᠯᠢᠦ ᠴᠦᠨ ᠶᠠᠩ᠂ ᠸᠧᠢ ᠴᠢᠨ᠂ ᠷᠧᠨ ᠯᠢ ᠯᠢᠩ | ᠲᠤᠰᠢᠶᠠᠯ ᠬᠠᠷᠢᠭᠤᠴᠠᠯᠭ᠎ᠠ᠄ ᠡᠳ᠋ ᠤᠨ ᠶᠠᠪᠤᠳᠠᠯ ᠤᠨ ᠲᠥᠪ ᠠᠴᠠ ᠪᠡᠯᠡ ᠮᠥᠩᠭᠦ ᠶᠢ ᠬᠠᠮᠢᠶᠠᠷᠬᠤ ᠪᠠ ᠵᠦᠢ | ᠵᠣᠬᠢᠰᠲᠠᠢ ᠪᠠᠷ ᠬᠡᠷᠡᠭᠯᠡᠬᠦ ᠶᠢ ᠬᠠᠷᠢᠭᠤᠴᠠᠨ᠎ᠠ᠃ ᠡᠳ᠋ ᠤᠨ ᠵᠠᠰᠠᠭ ᠠᠵᠤ ᠠᠬᠤᠶ ᠶᠢᠨ ᠲᠥᠷᠥ ᠶᠢᠨ ᠪᠣᠳᠣᠯᠭ᠎ᠠ᠂ ᠬᠠᠤᠯᠢ | ᠲᠣᠭᠲᠠᠭᠠᠯ᠂ ᠳᠦᠷᠢᠮ ᠢ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠵᠦ᠂ ᠤᠯᠤᠰ ᠤᠨ ᠡᠳ᠋ ᠤᠨ ᠵᠠᠰᠠᠭ ᠠᠵᠤ | ᠠᠬᠤᠶ ᠶᠢᠨ ᠰᠠᠬᠢᠯᠭ᠎ᠠ ᠪᠠᠲᠤ ᠪᠣᠯᠤᠨ ᠪᠦᠯᠦᠭᠯᠡᠯ ᠤᠨ ᠶᠡᠷᠦᠩᠬᠡᠶ ᠬᠦᠷᠢᠶᠡᠯᠡᠩ ᠤᠨ ᠲᠣᠭᠲᠠᠭᠠᠭᠰᠠᠨ ᠡᠯ᠎ᠡ ᠵᠦᠢᠯ ᠤᠨ | ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠵᠢᠷᠤᠮᠵᠢᠯᠳᠤ ᠴᠢᠨᠠᠷ ᠪᠣᠯᠤᠨ | ᠠᠶᠤᠯ ᠦᠭᠡᠶ ᠴᠢᠨᠠᠷ ᠢ ᠴᠢᠩᠭᠠᠳᠬᠠᠵᠤ᠂ ᠪᠡᠯᠡ ᠮᠥᠩᠭᠦ ᠶᠢ ᠵᠦᠢ ᠵᠣᠬᠢᠰᠲᠠᠶ ᠬᠡᠷᠡᠭᠯᠡᠬᠦ ᠪᠠ ᠪᠦᠲᠦᠮᠵᠢᠲᠡᠶ ᠬᠢᠨᠠᠨ | ᠬᠠᠮᠢᠶᠠᠷᠬᠤ ᠶᠢ ᠦᠨᠡᠨᠬᠦ ᠪᠠᠲᠤᠯᠠᠨ᠎ᠠ᠃ | ︵1︶ ᠪᠦᠯᠦᠭᠯᠡᠯ ᠤᠨ ᠶᠡᠷᠦᠩᠬᠡᠢ ᠡᠮᠨᠡᠯᠭᠡ ᠶᠢᠨ ᠬᠤᠷᠢᠶ᠎ᠠ ᠳᠠᠩᠰᠠ ᠪᠠᠶᠢᠭᠤᠯᠤᠨ᠂ ᠪᠦᠯᠦᠭᠯᠡᠯ ᠤᠨ ᠶᠡᠷᠦᠩᠬᠡᠢ | ᠬᠦᠷᠢᠶᠡᠯᠡᠩ ᠤᠨ ᠡᠳ᠋ ᠤᠨ ᠶᠠᠪᠤᠳᠠᠯ ᠤᠨ ᠲᠥᠰᠥᠪ᠂ ᠲᠣᠭᠠᠴᠠᠭ᠎ᠠ ᠬᠢᠬᠦ᠂ ᠬᠢᠨᠠᠨ ᠪᠣᠳᠣᠵᠤ ᠬᠢᠨᠠᠯᠲᠠ ᠲᠠᠯᠪᠢᠬᠤ ᠵᠡᠷᠭᠡ | ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠨᠢᠭᠡᠳᠦᠯᠲᠡᠢ ᠬᠠᠷᠢᠭᠤᠴᠠᠵᠤ᠂ ᠪᠦᠯᠦᠭᠯᠡᠯ ᠤᠨ ᠶᠡᠷᠦᠩᠬᠡᠢ ᠬᠦᠷᠢᠶᠡᠯᠡᠩ ᠤᠨ | ᠪᠡᠯᠡ ᠮᠥᠩᠬᠦ ᠶᠢᠨ ᠬᠠᠮᠢᠶᠠᠷᠤᠯᠲᠠ ᠶᠢᠨ ᠳᠦᠷᠢᠮ ᠢ ᠪᠠᠢᠭᠤᠯᠤᠨ ᠲᠡᠭᠦᠯᠳᠡᠷᠵᠢᠭᠦᠯᠦᠨ᠎ᠡ᠃ ᠡᠳ᠋ ᠤᠨ ᠵᠠᠰᠠᠭ ᠤᠨ | ᠣᠷᠣᠭᠤᠯᠤᠯᠲᠠ ᠶᠢᠨ ᠠᠷᠭ᠎ᠠ ᠮᠠᠶ᠋ᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠪᠦᠷᠢᠯᠳᠦᠬᠦᠨ ᠨᠢᠭᠡᠴᠡ ᠶᠢᠨ | ᠡᠯ᠎ᠡ ᠲᠥᠷᠥᠯ ᠤᠨ ᠪᠡᠯᠡ ᠮᠥᠩᠭᠦ ᠶᠢ ᠪᠦᠯᠦᠭᠯᠡᠯ ᠤᠨ ᠶᠡᠷᠦᠩᠬᠡᠶ ᠡᠮᠨᠡᠯᠭᠡ ᠶᠢᠨ ᠬᠤᠷᠢᠶ᠎ᠠ ᠶᠢᠨ ᠳᠠᠩᠰᠠᠨ ᠳᠤ | ᠨᠢᠭᠡᠳᠦᠯᠲᠡᠶ ᠣᠷᠣᠭᠤᠯᠵᠤ᠂ ᠪᠦᠯᠦᠭᠯᠡᠯ ᠤᠨ ᠶᠡᠷᠦᠩᠬᠡᠶ ᠬᠦᠷᠢᠶᠡᠯᠡᠩ ᠠᠴᠠ ᠨᠢᠭᠡᠳᠦᠯᠲᠡᠶ ᠰᠢᠯᠵᠢᠭᠦᠯᠦᠨ ᠥᠭᠴᠦ | ᠬᠡᠷᠡᠭᠯᠡᠬᠦ ᠬᠡᠷᠡᠭᠲᠡᠶ᠃ | ︵2︶ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠥᠪ ᠠᠴᠠ ᠡᠳ᠋ ᠤᠨ ᠶᠠᠪᠤᠳᠠᠯ ᠤᠨ ᠲᠥᠰᠦᠪ ᠪᠠ | ᠲᠥᠰᠦᠪ ᠤᠨ ᠭᠦᠢᠴᠡᠳᠬᠡᠯ᠂ ᠥᠪᠡᠷ ᠤᠨ ᠥᠷᠲᠡᠭ ᠤᠨ ᠲᠣᠭᠠᠴᠠᠭ᠎ᠠ ᠬᠢᠬᠦ᠂ ᠡᠳ᠋ ᠤᠨ ᠶᠠᠪᠤᠳᠠᠯ ᠤᠨ ᠠᠵᠢᠯᠯᠠᠭᠠᠨ ᠤ | ᠵᠠᠳᠠᠯᠤᠯᠲᠠ᠂ ᠳᠣᠲᠣᠭᠠᠳᠤ ᠶᠢᠨ ᠬᠢᠨᠠᠯᠲᠠ᠂ ᠬᠢᠨᠠᠯᠲᠠ ᠲᠠᠯᠪᠢᠬᠤ ᠵᠡᠷᠭᠡ ᠠᠵᠢᠯ ᠢ ᠰᠠᠶᠢᠲᠤᠷ ᠬᠢᠬᠦ ᠶᠢ ᠬᠠᠷᠢᠭᠤᠴᠠᠵᠤ᠂ | ᠪᠥᠬᠦ ᠲᠠᠯ᠎ᠠ ᠶᠢᠨ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠪᠦᠯᠦᠭᠯᠡᠯ ᠤᠨ ᠶᠡᠷᠦᠩᠬᠡᠢ ᠬᠤᠷᠢᠶᠠᠨ ᠤ | ᠬᠥᠭᠵᠢᠯᠲᠡ ᠶᠢᠨ ᠲᠥᠯᠥᠪᠵᠢᠭᠦᠯᠭᠡ ᠶᠢ ᠦᠨᠳᠦᠰᠦᠯᠡᠨ᠂ ᠣᠨ ᠪᠠ ᠤᠯᠠᠷᠢᠯ ᠤᠨ ᠲᠤᠬᠠᠶᠢᠯᠠᠭᠰᠠᠨ ᠠᠵᠢᠯ ᠤᠨ | ᠣᠷᠣᠯᠭ᠎ᠠ ᠵᠠᠷᠤᠯᠭ᠎ᠠ ᠶᠢᠨ ᠲᠥᠰᠦᠪ ᠢ ᠨᠠᠶᠢᠷᠠᠭᠤᠯᠤᠨ ᠵᠣᠬᠢᠶᠠᠵᠤ᠂ ︽ᠲᠥᠰᠦᠪ ᠦᠭᠡᠢ ᠪᠠᠷ ᠵᠠᠷᠤᠴᠠᠭᠤᠯᠬᠤ ᠦᠭᠡᠢ︾ | ᠵᠠᠷᠴᠢᠮ ᠶᠣᠰᠣᠭᠠᠷ᠂ ᠠᠮᠵᠢᠯᠲᠠ ᠪᠦᠲᠦᠮᠵᠢ ᠶᠢᠨ ᠣᠨᠣᠯᠵᠢᠬᠤᠨ ᠠᠷᠭ᠎ᠠ ᠶᠢ ᠲᠥᠰᠦᠪ ᠢ ᠨᠠᠶᠢᠷᠠᠭᠤᠯᠤᠨ ᠵᠣᠬᠢᠶᠠᠵᠤ | ᠬᠡᠷᠡᠭᠵᠢᠭᠦᠯᠬᠦ ᠳᠤ ᠬᠢᠨᠠᠯᠲᠠ ᠲᠠᠯᠪᠢᠬᠤ ᠪᠦᠬᠦ ᠶᠠᠪᠤᠴᠠ ᠳᠤ ᠭᠦᠨᠵᠡᠭᠡᠢ ᠠᠭᠤᠰᠤᠯᠴᠠᠭᠤᠯᠵᠤ᠂ ᠬᠡᠷᠡᠭ ᠤᠨ ᠡᠮᠦᠨᠡᠬᠢ᠂ | ᠬᠡᠷᠡᠭ ᠤᠨ ᠳᠤᠮᠳᠠᠬᠢ᠂ ᠬᠡᠷᠡᠭ ᠤᠨ ᠳᠠᠷᠠᠭᠠᠬᠢ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠪᠢᠲᠡᠭᠦᠦ | ᠴᠠᠭᠠᠷᠢᠭ ᠤᠨ ᠰᠢᠰᠲ᠋ᠧᠮ ᠢ ᠪᠠᠶᠢᠭᠤᠯᠬᠤ ᠶᠢᠨ ᠬᠠᠮᠲᠤ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵3︶ ᠪᠦᠯᠦᠭᠯᠡᠯ ᠶᠡᠷᠦᠩᠬᠡᠶ ᠬᠦᠷᠢᠶᠡᠯᠡᠩ ᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠥᠪ ᠨᠢ ᠡᠯ᠎ᠡ | ᠪᠦᠷᠢᠯᠳᠦᠬᠦᠨ ᠨᠢᠭᠡᠴᠡ ᠶᠢᠨ ᠡᠳ᠋ ᠬᠥᠷᠥᠩᠭᠡ ᠶᠢᠨ ᠲᠣᠭᠠᠴᠠᠭ᠎ᠠ ᠬᠢᠬᠦ᠂ ᠢᠯᠭᠠᠷᠠᠭᠤᠯᠤᠨ ᠪᠠᠶᠢᠴᠠᠭᠠᠬᠤ᠂ ᠰᠢᠢᠳᠪᠦᠷᠢᠯᠡᠬᠦ | ᠵᠡᠷᠭᠡ ᠠᠵᠢᠯ ᠳᠤ ᠴᠢᠩᠭ᠎ᠠ ᠬᠢᠨᠠᠯᠲᠠ ᠲᠠᠯᠪᠢᠵᠤ᠂ ᠡᠳ᠋ ᠬᠥᠷᠥᠩᠭᠡ ᠶᠢᠨ ᠨᠡᠮᠡᠭᠳᠡᠯ ᠬᠠᠰᠤᠭᠳᠠᠯ ᠵᠢᠴᠢ ᠬᠡᠷᠡᠭᠯᠡᠯᠲᠡ ᠶᠢᠨ | ᠬᠤᠪᠢᠷᠠᠯᠲᠠ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠡᠳ᠋ ᠬᠥᠷᠥᠩᠭᠡ ᠶᠢ ᠬᠠᠮᠲᠤ ᠪᠠᠷ ᠡᠳ᠋ᠯᠡᠵᠦ᠂ | ᠬᠠᠮᠲᠤ ᠪᠠᠷ ᠬᠡᠷᠡᠭᠯᠡᠵᠦ᠂ ᠡᠳ᠋ ᠬᠥᠷᠥᠩᠭᠡ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ | ︵4︶ ᠡᠯ᠎ᠡ ᠪᠦᠷᠢᠯᠳᠦᠬᠦᠨ ᠨᠢᠭᠡᠴᠡ ᠶᠢ ᠵᠣᠬᠢᠶᠠᠨ ᠪᠠᠶᠢᠭᠤᠯᠤᠨ ᠳᠣᠲᠣᠭᠠᠳᠤ ᠶᠢᠨ ᠡᠵᠡᠮᠳᠡᠯ ᠤᠨ ᠪᠠᠶᠢᠴᠠᠭᠠᠨ | ᠰᠤᠳᠤᠯᠤᠯᠲᠠ ᠪᠠ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ︔ ᠳᠣᠲᠣᠭᠠᠳᠤ ᠡᠵᠡᠮᠳᠡᠯ ᠤᠨ | ᠲᠦᠷᠢᠮ ᠵᠢᠴᠢ ᠠᠵᠢᠯᠯᠠᠭᠠᠨ ᠤ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠥᠪᠡᠷ ᠤᠨ ᠦᠷᠳᠡᠭ ᠤᠨ | ᠵᠠᠷᠤᠯᠭ᠎ᠠ ᠶᠢᠨ ᠪᠦᠲᠦᠴᠡ ᠳᠤ ᠲᠤᠬᠢᠷᠠᠭᠤᠯᠤᠯᠳᠠ ᠬᠢᠵᠦ᠂ ᠡᠵᠡᠩᠨᠡᠯᠲᠡ ᠶᠢᠨ ᠥᠪᠡᠷ ᠤᠨ ᠦᠷᠳᠡᠭ ᠢ ᠪᠠᠭᠤᠷᠠᠭᠤᠯᠵᠤ᠂ | ᠡᠯ᠎ᠡ ᠪᠦᠷᠢᠯᠳᠦᠬᠦᠨ ᠨᠢᠭᠡᠴᠢ ᠶᠢᠨ ᠬᠠᠮᠢᠶ᠎ᠠ ᠪᠦᠬᠦᠢ ᠬᠥᠮᠦᠰ ᠤᠨ ᠳᠣᠲᠣᠭᠠᠳᠤ ᠡᠵᠡᠮᠳᠡᠯ ᠤᠨ ᠪᠣᠯᠪᠠᠰᠤᠷᠠᠯ ᠢ ᠵᠣᠬᠢᠶᠠᠨ | ᠪᠠᠶᠢᠭᠤᠯᠤᠨ ᠥᠷᠨᠢᠭᠦᠯᠦᠨ᠎ᠡ᠃ | ︵5︶ ᠥᠪᠡᠷ ᠤᠨ ᠥᠷᠲᠡᠭ ᠤᠨ ᠲᠣᠭᠠᠴᠠᠭ᠎ᠠ ᠬᠢᠬᠦ ᠶᠢ ᠡᠵᠡᠮᠳᠡᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠡᠯ᠎ᠡ | ᠪᠦᠷᠢᠯᠳᠦᠬᠦᠨ ᠨᠢᠭᠡᠴᠢ ᠶᠢ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠤᠨ᠎ᠠ᠃ ᠪᠦᠯᠦᠭᠯᠡᠯ ᠤᠨ ᠶᠡᠷᠦᠩᠬᠡᠢ ᠬᠤᠷᠢᠶ᠎ᠠ ᠨᠢ | ᠬᠠᠮᠢᠶ᠎ᠠ ᠪᠦᠬᠦᠢ ᠰᠠᠯᠠᠭ᠎ᠠ ᠮᠦᠴᠢᠷ ᠢ ᠢᠳᠡᠪᠬᠢᠲᠡᠢ ᠵᠣᠬᠢᠴᠠᠭᠤᠯᠵᠤ᠂ ᠡᠮᠴᠢᠯᠡᠭᠡᠨ ᠤ ᠦᠢᠯᠡᠴᠢᠯᠡᠭᠡᠨ ᠤ ᠦᠨ᠎ᠡ | ᠬᠠᠩᠰᠢ ᠳᠤ ᠬᠥᠳᠡᠯᠦᠩᠭᠦᠢ ᠲᠣᠬᠢᠷᠠᠭᠤᠯᠤᠯᠲᠠ ᠬᠢᠵᠦ᠂ ᠡᠮᠨᠡᠯᠭᠡ ᠶᠢᠨ ᠠᠵᠢᠯᠲᠠᠨ ᠤ ᠮᠡᠷᠭᠡᠵᠢᠯ ᠬᠥᠳᠡᠯᠮᠦᠷᠢ ᠶᠢᠨ | ᠦᠨ᠎ᠡ ᠥᠷᠲᠡᠭ ᠢ ᠢᠯᠡᠷᠡᠭᠦᠯᠬᠦ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠵᠦᠢ ᠵᠣᠬᠢᠰᠲᠠᠢ | ᠳᠡᠭᠡᠭᠰᠢᠯᠡᠭᠦᠯᠵᠦ᠂ ᠡᠮᠴᠢᠯᠡᠭᠡᠨ ᠤ ᠣᠷᠣᠯᠭ᠎ᠠ ᠳᠤᠮᠳᠠᠬᠢ ᠮᠡᠷᠭᠡᠵᠢᠯ ᠬᠥᠳᠡᠯᠮᠦᠷᠢ ᠶᠢᠨ ᠴᠢᠨᠠᠷᠲᠠᠢ ᠣᠷᠣᠯᠭ᠎ᠠ ᠶᠢᠨ | ᠬᠤᠪᠢ ᠶᠢᠨ ᠵᠢᠩ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ | ︵6︶ ᠪᠦᠯᠦᠭᠯᠡᠯ ᠤᠨ ᠶᠡᠷᠦᠩᠬᠡᠶ ᠡᠮᠨᠡᠯᠭᠡ ᠶᠢᠨ ᠬᠤᠷᠢᠶᠠᠨ ᠤ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ | ᠲᠥᠪ ᠨᠢ ᠡᠯ᠎ᠡ ᠪᠦᠷᠢᠯᠳᠦᠬᠦᠨ ᠨᠢᠭᠡᠴᠡ ᠶᠢᠨ ᠨᠢᠭᠲᠠᠯᠠᠨ ᠪᠣᠳᠣᠵᠤ ᠲᠣᠭᠠᠴᠠᠭ᠎ᠠ ᠬᠢᠭᠰᠡᠨ ᠮᠠᠲ᠋ᠧᠷᠢᠶᠠᠯ ᠢᠶᠠᠨ | ᠬᠤᠷᠢᠶᠠᠩᠭᠤᠶᠢᠯᠠᠨ᠂ ᠡᠮᠬᠢᠯᠡᠵᠦ᠂ ᠳᠠᠩᠰᠠ ᠡᠪᠬᠡᠮᠡᠯ ᠳᠤ ᠣᠷᠣᠭᠤᠯᠬᠤ ᠶᠢ ᠬᠠᠷᠢᠭᠤᠴᠠᠵᠤ᠂ ᠪᠦᠯᠦᠭᠯᠡᠯ ᠤᠨ ᠶᠡᠷᠦᠩᠬᠡᠶ | ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠺᠣᠮᠢᠰ ᠲᠤ ᠡᠮᠴᠢᠯᠡᠭᠡᠨ ᠤ ᠲᠤᠬᠠᠶᠢᠯᠠᠭᠰᠠᠨ ᠠᠵᠢᠯ ᠤᠨ ᠲᠤᠭ᠎ᠠ | ᠪᠠᠷᠢᠮᠲᠠ᠂ ᠡᠳ᠋ ᠤᠨ ᠶᠠᠪᠤᠳᠠᠯ ᠤᠨ ᠭᠦᠢᠴᠡᠳᠬᠡᠬᠦ ᠲᠤᠭ᠎ᠠ ᠵᠡᠷᠭᠡ ᠮᠠᠲ᠋ᠧᠷᠢᠶᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ | ᠮᠡᠳᠡᠭᠦᠯᠦᠨ ᠬᠦᠷᠭᠡᠬᠦ ᠶᠢᠨ ᠬᠠᠮᠲᠤ ᠬᠤᠷᠢᠶᠠᠩᠭᠤᠶᠢᠯᠠᠨ ᠵᠠᠳᠠᠯᠵᠤ᠂ ᠥᠪᠡᠷ ᠤᠨ ᠥᠷᠲᠡᠭ ᠤᠨ ᠵᠠᠷᠤᠳᠠᠯ᠂ ᠠᠵᠤ | ᠠᠬᠤᠶ ᠶᠢᠨ ᠠᠵᠢᠯᠯᠠᠭᠠᠨ ᠤ ᠵᠠᠳᠠᠯᠤᠯᠲᠠ ᠬᠢᠭᠰᠡᠨ ᠮᠡᠳᠡᠭᠦᠯᠦᠯᠲᠡ ᠪᠠᠨ ᠳᠡᠪᠰᠢᠭᠦᠯᠦᠨ᠂ ᠪᠦᠯᠦᠭᠯᠡᠯ ᠤᠨ ᠶᠡᠷᠦᠩᠬᠡᠶ | ᠡᠮᠨᠡᠯᠭᠡ ᠶᠢᠨ ᠬᠤᠷᠢᠶᠠᠨ ᠳᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ | 6.ᠶᠡᠷᠦᠩᠬᠡᠶᠢᠯᠡᠭᠰᠡᠨ ᠪᠠᠲᠤᠯᠠᠭ᠎ᠠ ᠶᠢᠨ ᠬᠠᠮᠢᠶᠠᠷᠤᠯᠲᠠ ᠶᠢᠨ ᠲᠥᠪ | ᠡᠷᠬᠢᠯᠡᠭᠴᠢ᠄ ᠯᠢ ᠯᠢᠨ | ᠪᠦᠷᠢᠯᠳᠦᠬᠦᠨ᠄ ᠭᠤᠤ ᡁᠢ ᠴᠢᠶᠠᠩ᠂ ᠬᠤᠤ ᠵᠢᠶᠦ᠋ᠨ᠂ ᠯᠢᠦᠶ ᠸᠧᠶ ᠳ᠋ᠦᠩ | ᠲᠤᠰᠢᠶᠠᠯ ᠤᠨ ᠬᠠᠷᠢᠭᠤᠴᠠᠯᠭ᠎ᠠ᠄ ᠡᠮ ᠤᠨ ᠵᠦᠢᠯ ᠤᠨ ᠪᠠᠭᠠᠵᠢ ᠬᠡᠷᠡᠭᠰᠡᠯ ᠤᠨ ᠬᠠᠩᠭᠠᠯᠭ᠎ᠠ ᠶᠢᠨ ᠴᠠᠭ | ᠲᠤᠬᠠᠢᠢᠴᠢ ᠴᠢᠨᠠᠷ ᠪᠠ ᠠᠮᠤᠷ ᠲᠦᠪᠰᠢᠨ ᠴᠢᠨᠠᠷ ᠢ ᠪᠠᠲᠤᠯᠠᠬᠤ ᠶᠢᠨ ᠲᠥᠯᠥᠭᠡ᠂ ᠶᠡᠷᠦᠩᠬᠡᠶᠢᠯᠡᠭᠰᠡᠨ ᠪᠠᠲᠤᠯᠠᠭ᠎ᠠ ᠶᠢᠨ | ᠦᠢᠯᠡᠴᠢᠯᠡᠭᠡᠨ ᠤ ᠲᠥᠪ ᠠᠴᠠ ᠲᠦᠷᠦᠭᠦᠯᠡᠵᠦ᠂ ᠡᠮ ᠤᠨ ᠵᠦᠢᠯ ᠪᠠ ᠡᠮᠴᠢᠯᠡᠭᠡᠨ ᠤ ᠪᠠᠭᠠᠵᠢ ᠬᠡᠷᠡᠭᠰᠡᠯ ᠢ ᠬᠤᠳᠠᠯᠳᠤᠨ | ᠠᠪᠬᠤ ᠴᠢᠩᠭ᠎ᠠ ᠴᠢᠩᠭ᠎ᠠ ᠲᠦᠷᠢᠮ ᠢ ᠪᠠᠶᠢᠭᠤᠯᠬᠤ ᠶᠢᠨ ᠬᠠᠮᠲᠤ ᠰᠢᠯᠭᠠᠨ ᠠᠪᠬᠤ᠂ ᠬᠠᠳᠠᠭᠠᠯᠠᠬᠤ ᠪᠠ ᠬᠡᠷᠡᠭᠯᠡᠬᠦ | ᠬᠠᠮᠢᠶᠠᠷᠤᠯᠲᠠ ᠶᠢ ᠴᠢᠩᠭᠠᠳᠬᠠᠵᠤ᠂ ᠡᠮ ᠤᠨ ᠵᠦᠢᠯ᠂ ᠬᠤᠷᠣᠭᠳᠠᠯ ᠮᠠᠲ᠋ᠧᠷᠢᠶᠠᠯ ᠤᠨ ᠬᠡᠶᠢᠰᠪᠦᠷᠢ ᠥᠨᠳᠥᠷ ᠦᠨ᠎ᠡ ᠶᠢ | ᠴᠢᠷᠮᠠᠶᠢᠨ ᠪᠠᠭᠤᠷᠠᠭᠤᠯᠤᠨ᠎ᠠ᠃ ᠡᠭᠦᠨ ᠤ ᠬᠠᠮᠲᠤ᠂ ᠡᠮᠴᠢᠯᠡᠭᠡᠨ ᠤ ᠰᠠᠯᠠᠭ᠎ᠠ ᠲᠠᠰᠤᠭ ᠯᠤᠭ᠎ᠠ ᠨᠢᠭᠲᠠ ᠨᠡᠪᠲᠡᠷᠡᠯᠴᠡᠬᠦ ᠶᠢ | ᠪᠠᠲᠤᠯᠠᠵᠤ᠂ ᠬᠥᠳᠡᠯᠦᠩᠭᠦᠶ ᠰᠣᠷᠭᠤᠭ ᠡᠮ ᠤᠨ ᠵᠦᠢᠯ ᠤᠨ ᠲᠤᠰᠬᠠᠯ ᠭᠠᠷᠬᠤ ᠲᠣᠭᠲᠠᠴᠠ ᠶᠢ ᠪᠠᠶᠢᠭᠤᠯᠤᠨ᠂ | ᠡᠮᠴᠢᠯᠡᠭᠡ ᠳᠤ ᠬᠡᠷᠡᠭᠯᠡᠬᠦ ᠡᠮ ᠢ ᠴᠠᠭ ᠲᠤᠬᠠᠶ ᠳᠤᠨᠢ ᠪᠦᠲᠦᠮᠵᠢᠲᠡᠶ ᠬᠠᠩᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ | ᠠᠷᠤ ᠲᠠᠯ᠎ᠠ ᠶᠢᠨ ᠠᠵᠢᠯ ᠤᠨ ᠤᠰᠤ᠂ ᠴᠠᠬᠢᠯᠭᠠᠨ᠂ ᠳᠤᠯᠠᠭᠠᠯᠠᠭ᠎ᠠ ᠶᠢᠨ ᠰᠡᠯᠪᠢᠨ ᠵᠠᠰᠠᠵᠤ ᠰᠡᠯᠪᠢᠨ ᠵᠠᠰᠠᠬᠤ ᠠᠵᠢᠯ ᠤᠨ | ᠨᠡᠶᠢᠭᠡᠮᠴᠢᠯᠡᠭᠰᠡᠨ ᠦᠢᠯᠡᠴᠢᠯᠡᠭᠡ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ | ︵1︶ ᠡᠮ ᠤᠨ ᠵᠦᠢᠯ᠂ ᠪᠠᠭᠠᠵᠢ ᠬᠡᠷᠡᠭᠰᠡᠯ᠂ ᠡᠮᠴᠢᠯᠡᠭᠡᠨ ᠤ ᠲᠥᠬᠦᠭᠡᠷᠦᠮᠵᠢ᠂ ᠡᠷᠡᠭᠦᠯ ᠬᠠᠮᠠᠭᠠᠯᠠᠯ ᠤᠨ | ᠬᠤᠷᠣᠭᠳᠠᠯ ᠮᠠᠲ᠋ᠧᠷᠢᠶᠠᠯ᠂ ᠤᠷᠪᠠᠯᠵᠢ ᠵᠢᠴᠢ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠬᠡᠷᠡᠭᠰᠡᠯ ᠢ | ᠨᠢᠭᠡᠳᠦᠯᠲᠡᠶ ᠬᠤᠳᠠᠯᠳᠤᠨ ᠠᠪᠬᠤ᠂ ᠡᠮᠴᠢᠯᠡᠭᠡᠨ ᠤ ᠲᠥᠬᠦᠭᠡᠷᠦᠮᠵᠢ ᠶᠢ ᠰᠢᠯᠵᠢᠭᠦᠯᠦᠨ ᠥᠭᠬᠦ ᠵᠡᠷᠭᠡ ᠠᠵᠢᠯ ᠢ | ᠬᠠᠷᠢᠭᠤᠴᠠᠵᠤ᠂ ᠨᠢᠭᠡᠳᠦᠯᠲᠡᠶ ᠭᠠᠷᠴᠠᠭ᠂ ᠨᠢᠭᠡᠳᠦᠯᠲᠡᠶ ᠬᠤᠳᠠᠯᠳᠤᠨ ᠠᠪᠬᠤ᠂ ᠨᠢᠭᠡᠳᠦᠯᠲᠡᠶ ᠳᠣᠭᠢᠷᠠᠭᠤᠯᠤᠨ ᠬᠦᠷᠭᠡᠬᠦ᠂ | ᠨᠢᠭᠡᠳᠦᠯᠲᠡᠶ ᠲᠥᠯᠥᠬᠦ᠂ ᠨᠢᠭᠡᠳᠦᠯᠲᠡᠶ ᠬᠠᠮᠢᠶᠠᠷᠬᠤ ᠶᠢ ᠬᠡᠷᠡᠭᠵᠢᠭᠦᠯᠵᠦ᠂ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ | ᠳᠡᠭᠡᠭᠰᠢᠯᠡᠭᠦᠯᠦᠨ᠂ ᠬᠡᠷᠡᠭᠴᠡᠭᠡ ᠭᠤᠶᠤᠴᠢᠯᠠᠬᠤ᠂ ᠬᠢᠨᠠᠨ ᠵᠥᠪᠰᠢᠶᠡᠷᠡᠬᠦ᠂ ᠬᠤᠳᠠᠯᠳᠤᠨ ᠠᠪᠬᠤ ᠲᠥᠯᠥᠪᠯᠡᠭᠡ᠂ | ᠲᠥᠪᠯᠡᠷᠡᠭᠦᠯᠦᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ᠂ ᠡᠷᠴᠢᠮᠵᠢᠭᠦᠯᠦᠨ ᠳᠣᠭᠢᠷᠠᠭᠤᠯᠤᠨ ᠬᠦᠷᠭᠡᠬᠦ ᠵᠢᠴᠢ | ᠬᠠᠮᠢᠶᠠᠷᠬᠤ ᠵᠡᠷᠭᠡ ᠢᠵᠢ ᠪᠥᠷᠢᠳᠦᠭᠦᠯᠬᠦ ᠲᠥᠰᠦᠯ ᠢ ᠲᠣᠭᠲᠠᠭᠠᠨ᠎ᠠ᠃ | ︵2︶ ᠠᠷᠢᠭᠤᠳᠬᠠᠨ ᠬᠠᠩᠭᠠᠬᠤ᠂ ᠰᠢᠯᠭᠠᠨ ᠪᠠᠶᠢᠴᠠᠭᠠᠬᠤ᠂ ᠪᠡᠶ᠎ᠡ ᠶᠢᠨ ᠪᠠᠶᠢᠴᠠᠭᠠᠯᠲᠠ᠂ ᠪᠠᠷᠠᠭᠠᠨ ᠤ ᠭᠦᠢᠯᠭᠡᠭᠡ᠂ | ᠰᠢᠯᠵᠢᠭᠦᠯᠦᠨ ᠬᠠᠮᠠᠭᠠᠯᠠᠬᠤ᠂ ᠮᠡᠳᠡᠭᠡ ᠵᠠᠩᠭᠢ᠂ ᠡᠳ᠋ ᠪᠣᠳᠠᠰ ᠵᠡᠷᠭᠡ ᠲᠥᠪ ᠤᠨ ᠬᠥᠭᠵᠢᠯᠲᠡ ᠶᠢᠨ ᠲᠥᠯᠥᠪᠯᠡᠭᠡ ᠶᠢ | ᠬᠠᠷᠢᠭᠤᠴᠠᠨ ᠲᠣᠭᠲᠠᠭᠠᠵᠤ᠂ ᠶᠡᠷᠦᠩᠬᠡᠶ ᠬᠦᠷᠢᠶᠡᠯᠡᠩ ᠤᠨ ᠡᠯ᠎ᠡ ᠲᠤᠬᠠᠶᠢᠯᠠᠭᠰᠠᠨ ᠠᠵᠢᠯ ᠤᠨ ᠲᠥᠪ ᠤᠨ | ᠴᠤᠪᠤᠷᠠᠯ ᠤᠨ ᠵᠢᠷᠤᠭ ᠲᠥᠯᠥᠪᠯᠡᠭᠡ᠂ ᠳᠦᠷᠢᠮ ᠤᠨ ᠪᠠᠶᠢᠭᠤᠯᠤᠯᠲᠠ᠂ ᠮᠡᠳᠡᠭᠡ ᠵᠠᠩᠭᠢᠵᠢᠯᠲᠠ ᠶᠢᠨ ᠲᠤᠯᠭᠠᠭᠤᠷᠢᠯᠠᠯ᠂ | ᠠᠵᠢᠯᠯᠠᠭᠠᠨ ᠤ ᠪᠠᠲᠤᠯᠠᠭ᠎ᠠ ᠶᠢᠨ ᠠᠵᠢᠯ ᠢ ᠬᠠᠷᠢᠭᠤᠴᠠᠵᠤ᠂ ᠡᠯ᠎ᠡ ᠲᠥᠪ ᠤᠨ ᠬᠠᠮᠲᠤᠷᠠᠨ ᠬᠠᠮᠵᠢᠯᠴᠠᠬᠤ ᠠᠵᠢᠯ ᠢ | ᠰᠠᠶᠢᠲᠤᠷ ᠬᠢᠵᠦ᠂ ᠪᠣᠳᠠᠲᠠᠶ ᠡᠮᠴᠢᠯᠡᠭᠡᠨ ᠤ ᠲᠤᠬᠠᠶᠢᠯᠠᠭᠰᠠᠨ ᠠᠵᠢᠯ ᠥᠷᠨᠢᠭᠦᠯᠬᠦ ᠳᠤ ᠦᠢᠯᠡᠴᠢᠯᠡᠭᠡᠨ ᠤ ᠳᠡᠮᠵᠢᠯᠭᠡ | ᠬᠠᠩᠭᠠᠨ᠎ᠠ᠃ | ︵3︶ ᠡᠯ᠎ᠡ ᠪᠦᠷᠢᠯᠳᠦᠬᠦᠨ ᠨᠢᠭᠡᠴᠡ ᠶᠢᠨ ᠠᠵᠢᠯᠯᠠᠭᠠᠨ ᠤ ᠲᠤᠭ᠎ᠠ ᠪᠠᠷᠢᠮᠲᠠ ᠶᠢ ᠴᠤᠭᠯᠠᠭᠤᠯᠬᠤ ᠪᠠ | ᠵᠠᠳᠠᠯᠬᠤ ᠶᠢ ᠬᠠᠷᠢᠭᠤᠴᠠᠵᠤ᠂ ᠲᠤᠬᠠᠶᠢᠯᠠᠭᠰᠠᠨ ᠠᠵᠢᠯ ᠤᠨ ᠴᠤᠪᠤᠷᠠᠯ ᠢ ᠬᠠᠨᠳᠤᠯᠭᠠᠲᠤ ᠴᠢᠨᠠᠷᠲᠠᠶ ᠪᠠᠷ ᠰᠠᠶᠢᠲᠤᠷ ᠬᠢᠨ᠎ᠠ᠃ | | ︵4︶ ᠡᠯ᠎ᠡ ᠪᠦᠷᠢᠯᠳᠦᠬᠦᠨ ᠨᠢᠭᠡᠴᠡ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ ᠦᠢᠯᠡᠴᠢᠯᠡᠭᠡᠨ ᠤ | ᠲᠤᠬᠠᠶ ᠰᠠᠨᠠᠯ᠂ ᠰᠠᠨᠠᠭᠤᠯᠭ᠎ᠠ ᠶᠢ ᠴᠤᠭᠯᠠᠭᠤᠯᠤᠨ ᠡᠮᠬᠢᠳᠬᠡᠬᠦ ᠶᠢ ᠬᠠᠷᠢᠭᠤᠴᠠᠵᠤ᠂ ᠠᠰᠠᠭᠤᠳᠠᠯ᠂ ᠴᠢᠳᠠᠮᠵᠢ ᠶᠢᠨ | ᠬᠡᠷᠡᠭᠴᠡᠭᠡ ᠱᠠᠭᠠᠷᠳᠠᠯᠭ᠎ᠠ ᠶᠢᠨ ᠡᠬᠡ ᠲᠠᠩᠰᠠ ᠶᠢ ᠪᠠᠶᠢᠭᠤᠯᠤᠨ᠎ᠠ᠃ | ︵5︶ ᠲᠣᠭᠲᠠᠮᠠᠯ ᠬᠤᠭᠤᠴᠠᠭ᠎ᠠ ᠲᠠᠢ ᠪᠠᠷ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ ᠡᠯ᠎ᠡ ᠴᠢᠳᠠᠮᠵᠢ ᠶᠢᠨ | ᠰᠠᠯᠠᠭ᠎ᠠ ᠲᠠᠰᠤᠭ ᠤᠨ ᠲᠣᠭᠲᠠᠮᠠᠯ ᠬᠤᠷᠠᠯ ᠬᠤᠷᠠᠯᠳᠤᠭᠤᠯᠵᠤ᠂ ᠠᠵᠢᠯ ᠤᠨ ᠠᠬᠢᠴᠠ ᠶᠢ ᠳ᠋ᠦᠩᠨᠡᠨ ᠬᠠᠷᠢᠭᠤ | ᠮᠡᠳᠡᠭᠦᠯᠵᠦ᠂ ᠠᠰᠠᠭᠤᠳᠠᠯ ᠪᠣᠯᠤᠨ ᠬᠡᠷᠡᠭᠴᠡᠭᠡ ᠶᠢ ᠬᠠᠷᠢᠭᠤ ᠲᠤᠰᠬᠠᠵᠤ᠂ ᠠᠵᠢᠯ ᠤᠨ ᠡᠭᠦᠷᠭᠡ ᠶᠢ ᠲᠤᠬᠢᠷᠠᠭᠤᠯᠤᠨ | ᠪᠠᠶᠢᠷᠢᠯᠠᠭᠤᠯᠤᠨ᠎ᠠ᠃ | ︵6︶ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠯᠴᠡᠨ ᠵᠣᠬᠢᠴᠠᠭᠤᠯᠬᠤ ᠬᠤᠷᠠᠯ ᠬᠤᠷᠠᠯᠳᠤᠭᠤᠯᠵᠤ᠂ ᠡᠯ᠎ᠡ | ᠪᠦᠷᠢᠯᠳᠦᠬᠦᠨ ᠨᠢᠭᠡᠴᠡ ᠶᠢᠨ ᠬᠠᠮᠵᠢᠯᠴᠠᠬᠤ ᠠᠰᠠᠭᠤᠳᠠᠯ ᠢ ᠰᠢᠢᠳᠪᠦᠷᠢᠯᠡᠨ᠎ᠡ᠃ | ︵7︶ ᠪᠦᠯᠦᠭᠯᠡᠯ ᠤᠨ ᠶᠡᠷᠦᠩᠬᠡᠶ ᠬᠤᠷᠢᠶᠠᠨ ᠤ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | | | |