ᠳᠣᠣᠷᠠᠲᠤ ᠤᠷᠤᠰᠬᠠᠯ ᠤᠨ ᠬᠡᠷᠡᠭᠯᠡᠯᠲᠡ ᠶᠢᠨ ᠪᠠᠶᠢᠳᠠᠯ ᠢ ᠤᠷᠳᠤᠳᠬᠠᠵᠦ ᠠᠵᠤ ᠠᠬᠤᠢᠯᠠᠯ ᠤᠨ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/12/23
ᠳᠣᠣᠷᠠᠲᠤ ᠤᠷᠤᠰᠬᠠᠯ ᠤᠨ ᠬᠡᠷᠡᠭᠯᠡᠯᠲᠡ ᠶᠢᠨ ᠪᠠᠶᠢᠳᠠᠯ ᠢ ᠤᠷᠳᠤᠳᠬᠠᠵᠦ ᠠᠵᠤ ᠠᠬᠤᠢᠯᠠᠯ ᠤᠨ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ      ᠣᠷᠣᠰ ᠤᠨ ᠢᠠᠵᠧᠨᠧᠷᠢᠩ ᠤᠨ ᠬᠦᠷᠢᠶᠡᠯᠡᠩ ᠤᠨ ᠠᠺᠠᠲᠧᠮᠢᠴᠢ᠂ ᠳᠣᠮᠲᠠᠲᠤ ᠤᠯᠤᠰ ᠤᠨ ᠰᠢᠠᠵᠢᠯᠠᠭᠦ ᠣᠬᠠᠭᠠᠨ ᠤ ᠭᠠᠵᠠᠷ ᠤᠨ ᠰᠣᠲᠣᠯᠣᠬᠴᠢ ᠵᠢᠢ ᠵᠢᠶᠦ᠋ᠠ ᠡᡁᠦ᠋ᠢ ᠶᠢ ᠲᠤᠰᠬᠠᠢ ᠰᠣᠷᠪᠤᠯᠵᠢᠯᠠᠪᠠ
a85c88b7-f6d2-4175-92b7-b22966e4a38b.jpg.jpg     
      10 ᠰᠠᠷ᠎ᠠ ᠶᠢᠨ 22 ᠤᠨ ᠡᠳᠦᠷ ᠤᠷᠤᠰ ᠤᠨ ᠢᠠᠵᠧᠨᠧᠷᠢᠩ ᠤᠨ ᠬᠦᠷᠢᠶᠡᠯᠡᠩ ᠤᠨ ᠠᠺᠠᠲᠧᠮᠢᠴᠢ᠂ ᠳᠣᠮᠳᠠᠳᠤ ᠤᠯᠤᠰ ᠤᠨ ᠰᠢᠨᠵᠢᠯᠡᠭᠦ ᠤᠬᠠᠭᠠᠨ ᠤ ᠬᠦᠷᠢᠶᠡᠯᠡᠩ ᠤᠨ ᠹᠢᠽᠢᠺ ᠬᠢᠮᠢ ᠶᠢᠨ ᠮᠡᠷᠬᠡᠵᠢᠯ ᠤᠨ ᠰᠤᠲᠤᠯᠭᠠᠨ ᠤ ᠭᠠᠵᠠᠷ ᠤᠨ ᠰᠤᠲᠤᠯᠤᠭᠴᠢ ᠵᠶᠢ ᠵᠢᠶᠦ᠋ᠨ ᠾᠦᠢ ᠰᠤᠷᠪᠤᠯᠵᠢᠯᠠᠭᠴᠢᠳ ᠤᠨ ᠳᠤᠰᠬᠠᠢ ᠰᠤᠷᠪᠤᠯᠵᠢᠯᠠᠭ᠎ᠠ ᠶᠢ ᠬᠦᠯᠢᠶᠡᠭᠦ  ᠳᠡᠭᠡᠨ ᠬᠡᠯᠡᠭᠰᠡᠨ ᠨᠢ᠂ ︽ᠣᠳᠣᠬᠠᠨ ᠳᠤ BDO ᠦᠢᠯᠡᠳᠪᠦᠷᠢᠯᠡᠯ ᠤᠨ ᠴᠢᠳᠠᠪᠤᠷᠢ ᠯᠤᠲᠤ ᠶᠡᠭᠡ ᠪᠠᠶᠢᠨ᠎ᠠ᠂ ᠡᠨᠡ ᠬᠦ ᠬᠤᠭᠤᠴᠠᠭ᠎ᠠ ᠪᠣᠯ ᠪᠠᠰᠠ ᠴᠤ ᠠᠵᠢᠯ ᠲᠦᠷᠦᠯ ᠪᠠ ᠠᠵᠤ ᠠᠬᠤᠶᠢᠯᠠᠯ ᠤᠨ ᠬᠥᠭᠵᠢᠯᠲᠡ ᠶᠢᠨ ᠪᠣᠭᠤᠮᠢ ᠶᠢ ᠰᠢᠪᠲᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ BDO ᠠᠵᠤ ᠦᠢᠯᠡᠰ ᠨᠢ ᠳᠤᠤᠷᠠᠳᠤ ᠤᠷᠤᠰᠬᠠᠯ ᠤᠨ ᠬᠡᠷᠡᠭᠯᠡᠭᠡᠨ ᠤ ᠪᠠᠶᠢᠳᠠᠯ ᠢ ᠢᠳᠡᠪᠬᠢᠲᠡᠢ ᠨᠡᠭᠡᠭᠡᠨ ᠬᠥᠭᠵᠢᠭᠦᠯᠵᠦ᠂ ᠤᠯᠠᠮᠵᠢᠯᠠᠯᠲᠤ ᠠᠵᠤ ᠦᠢᠯᠡᠰ ᠤᠨ ᠰᠠᠭᠤᠷᠢᠨ ᠳᠡᠭᠡᠷ᠎ᠡ᠂ BDO ᠰᠢᠨ᠎ᠡ ᠬᠡᠷᠡᠭᠯᠡᠯᠲᠡ ᠪᠠ ᠰᠢᠨ᠎ᠡ ᠦᠢᠯᠡᠳᠬᠦᠨ ᠢ ᠨᠡᠭᠡᠭᠡᠨ ᠬᠥᠭᠵᠢᠭᠦᠯᠬᠦ ᠬᠡᠷᠡᠭᠲᠡᠢ︾ ᠭᠡᠵᠠᠢ᠃      ᠵᠢᠢ ᠵᠢᠶᠦ᠋ᠨ ᠡᡁᠦ᠋ᠢ ᠬᠡᠯᠡᠭᠰᠡᠨ ᠨᠢ᠂ ᠦᠬᠠᠢ BDO ᠲᠦᠭᠦᠬᠡᠢ ᠮᠠᠲ᠋ᠧᠷᠢᠶᠠᠯ ᠤᠨ ᠡᠬᠢ ᠪᠠᠶᠠᠯᠢᠭ ᠭᠦᠢᠴᠡᠳ ᠪᠠᠶᠢᠨ᠎ᠠ᠂ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠦᠢᠯᠡᠳᠪᠦᠷᠢᠯᠡᠯ ᠤᠨ ᠥᠪᠡᠷ ᠤᠨ ᠦᠷᠳᠡᠭ ᠢ ᠪᠠᠭᠤᠷᠠᠭᠤᠯᠵᠤ᠂ ᠦᠢᠯᠡᠳᠬᠦᠨ ᠤ ᠳᠡᠭᠡᠭᠰᠢᠯᠡᠯᠲᠡ ᠶᠢ ᠠᠬᠢᠭᠤᠯᠬᠤ ᠶᠢᠨ ᠬᠠᠮᠲᠤ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠢᠨ ᠥᠪᠡᠷᠲᠡᠭᠡᠨ ᠵᠠᠰᠠᠬᠤ ᠣᠷᠣᠨ᠂ ᠦᠬᠠᠢ ᠬᠤᠳᠠ ᠶᠢᠨ BDO ᠠᠵᠤ ᠠᠬᠤᠶᠢᠯᠠᠯ ᠳᠤ ᠬᠠᠩᠭᠠᠬᠤ ᠲᠦᠷᠦ ᠶᠢᠨ ᠪᠤᠳᠤᠯᠭ᠎ᠠ ᠶᠢᠨ ᠳᠠᠪᠠᠭᠤᠯᠢᠭ ᠢᠶᠠᠨ ᠭᠦᠢᠴᠡᠳ ᠠᠰᠢᠭᠯᠠᠵᠤ᠂ ᠠᠵᠤ ᠠᠬᠤᠶᠢᠯᠠᠯ ᠤᠨ ᠬᠥᠭᠵᠢᠯᠲᠡ ᠳᠤ ︽ᠵᠢᠷᠦᠬᠡ ᠴᠢᠩᠭᠠᠷᠠᠭᠤᠯᠬᠤ ᠡᠮ︾ ᠣᠷᠣᠭᠤᠯᠬᠤ ᠬᠡᠷᠡᠭᠲᠡᠢ ᠬᠡᠵᠡᠢ᠃ ᠣᠳᠣᠬᠠᠨ ᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠤ ᠡᠮᠦᠨ᠎ᠡ᠂ BDO ᠠᠵᠤ ᠠᠬᠤᠶᠢᠯᠠᠯ ᠤᠳ ᠲᠣᠰ ᠪᠡᠶ᠎ᠡ ᠶᠢᠨ ᠲᠣᠨᠣᠭᠯᠠᠯ ᠪᠠ ᠦᠢᠯᠡᠳᠬᠦᠨ ᠤ ᠳᠣᠤᠷᠠᠳᠤ ᠤᠷᠤᠰᠬᠠᠯ ᠤᠨ ᠬᠡᠷᠡᠭᠯᠡᠭᠡᠨ ᠤ ᠣᠨᠴᠠᠯᠢᠭ ᠢᠶᠠᠨ ᠦᠨᠳᠦᠰᠦᠯᠡᠨ᠂ ᠠᠦ᠋ᠲ᠋ᠣᠴᠢᠯᠠᠭᠰᠠᠨ ᠬᠠᠮᠢᠶᠠᠷᠤᠯᠲᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠰᠢᠨ᠎ᠡ ᠮᠡᠷᠭᠡᠵᠢᠯ ᠲᠠᠢ ᠤᠶᠠᠯᠳᠤᠭᠤᠯᠤᠨ᠂ ᠦᠢᠯᠡᠳᠪᠦᠷᠢᠯᠡᠯ ᠤᠨ ᠴᠤᠪᠤᠷᠠᠯ ᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠤᠨ᠂ ᠦᠢᠯᠡᠳᠬᠦᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢᠨ ᠬᠠᠮᠲᠤ ᠲᠣᠰ ᠪᠡᠶ᠎ᠡ ᠶᠢᠨ ᠬᠥᠭᠵᠢᠯᠲᠡ ᠳᠤ ᠳᠣᠭᠢᠷᠠᠬᠤ ᠳᠣᠤᠷᠠᠳᠤ ᠤᠷᠤᠰᠬᠠᠯ ᠤᠨ ᠦᠢᠯᠡᠳᠬᠦᠨ ᠤ ᠬᠡᠷᠡᠭᠯᠡᠯᠲᠡ ᠶᠢ ᠠᠩᠬᠠᠷᠴᠤ᠂ ᠨᠠᠷᠢᠯᠢᠬᠵᠢᠭᠰᠠᠨ᠂ ᠲᠡᠮᠳᠡᠭᠴᠢᠯᠡᠭᠰᠡᠨ ᠰᠢᠨ᠎ᠡ ᠲᠥᠷᠥᠯ ᠵᠦᠢᠯ ᠢ ᠨᠡᠭᠡᠭᠡᠨ ᠬᠥᠭᠵᠢᠭᠦᠯᠬᠦ ᠶᠢᠨ ᠬᠠᠮᠲᠤ᠂ ᠳᠣᠤᠷᠠᠳᠤ ᠤᠷᠤᠰᠬᠠᠯ ᠤᠨ ᠦᠢᠯᠡᠳᠬᠦᠨ ᠤ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠣᠨᠴᠠᠯᠢᠭ ᠢᠶᠠᠨ ᠭᠦᠢᠴᠡᠳ ᠢᠯᠡᠷᠡᠭᠦᠯᠦᠭᠰᠡᠨ᠂ ᠲᠤᠰᠬᠠᠶ ᠬᠡᠷᠡᠭᠯᠡᠭᠡᠨ ᠤ ᠦᠢᠯᠡᠳᠬᠦᠨ ᠢ ᠨᠡᠭᠡᠭᠡᠨ ᠬᠥᠭᠵᠢᠭᠦᠯᠵᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ ᠭᠡᠵᠠᠢ᠃   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号