1-11 ᠰᠠᠷ᠎ᠠ ᠪᠣᠯᠲᠠᠯ᠎ᠠ ᠤᠳᠠ ᠲᠤᠭᠤᠷᠢᠭ ᠤᠨ ᠠᠷᠠᠯᠵᠢᠶᠠᠨ ᠤ ᠲᠤᠭ᠎ᠠ ᠪᠠᠷᠢᠮᠲᠠ ᠶᠢᠨ ᠪᠠᠶᠢᠳᠠᠯ ᠤᠨ ᠵᠠᠳᠠᠯᠤᠯᠲᠠ
ᠨᠡᠶᠢᠲᠡᠯᠡᠭᠰᠡᠨ ᠴᠠᠭ᠄
2024/12/23
1-11 ᠰᠠᠷ᠎ᠠ ᠪᠣᠯᠲᠠᠯ᠎ᠠ ᠤᠳᠠ ᠲᠤᠭᠤᠷᠢᠭ ᠤᠨ ᠠᠷᠠᠯᠵᠢᠶᠠᠨ ᠤ ᠲᠤᠭ᠎ᠠ ᠪᠠᠷᠢᠮᠲᠠ ᠶᠢᠨ ᠪᠠᠶᠢᠳᠠᠯ ᠤᠨ ᠵᠠᠳᠠᠯᠤᠯᠲᠠ      ᠨᠢᠭᠡ᠂ ᠬᠢᠵᠠᠭᠠᠷᠯᠠᠬᠤ ᠪᠠ ᠠᠵᠤ ᠠᠬᠤᠶᠢᠯᠠᠯ ᠢ ᠪᠡᠶᠡᠯᠡᠭᠦᠯᠦᠭᠰᠡᠨ ᠪᠠᠶᠢᠳᠠᠯ      1-11 ᠰᠠᠷ᠎ᠠ ᠳᠤ ᠤᠳᠠ ᠲᠣᠭᠤᠷᠢᠭ ᠤᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠠᠸᠠᠷ ᠤᠨ ᠪᠣᠷᠣᠯᠠᠭᠤᠯᠤᠯᠲᠠ ᠶᠢᠨ ᠬᠡᠮᠵᠢᠶ᠎ᠡ 109.3 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 41.7% ᠪᠠᠷ ᠨᠡᠮᠡᠭᠳᠡᠪᠡ᠂ ᠡᠭᠦᠨ ᠳᠤ ᠪᠥᠭᠡᠮ ᠢᠶᠠᠷ ᠬᠤᠳᠠᠯᠳᠤᠬᠤ ᠦᠢᠯᠡᠰ 108.1 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 42.2% ᠢᠶᠠᠷ ᠨᠡᠮᠡᠭᠳᠡᠪᠡ︔ ᠵᠢᠵᠢᠭᠯᠡᠨ ᠬᠤᠳᠠᠯᠳᠤᠬᠤ ᠦᠢᠯᠡᠰ 1.2 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9.7% ᠪᠠᠷ ᠨᠡᠮᠡᠭᠳᠡᠪᠡ᠃      ᠬᠤᠨᠣᠭᠯᠠᠬᠤ ᠢᠳᠡᠭᠡᠨ ᠤᠮᠳᠠᠭᠠᠨ ᠤ ᠦᠢᠯᠡᠰ ᠤᠨ ᠲᠠᠯ᠎ᠠ ᠪᠠᠷ᠂ 1-11 ᠳ᠋ᠦ᠋ᠭᠡᠷ ᠰᠠᠷ᠎ᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠨᠣᠭᠯᠠᠬᠤ ᠦᠢᠯᠡᠰ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠲᠤᠭ᠎ᠠ 565 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.0% ᠢᠶᠠᠷ ᠪᠠᠭᠤᠷᠠᠪᠠ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠢᠳᠡᠭᠡᠨ ᠤᠮᠳᠠᠭᠠᠨ ᠤ ᠦᠢᠯᠡᠰ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠬᠡᠮᠵᠢᠶ᠎ᠡ 2755 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.5% ᠪᠠᠷ ᠨᠡᠮᠡᠭᠳᠡᠪᠡ᠃      ᠬᠤᠶᠠᠷ᠂ ᠭᠤᠣᠯ ᠭᠦᠢᠴᠡᠳᠬᠡᠯ ᠲᠤᠭ᠎ᠠ ᠶᠢᠨ ᠠᠵᠢᠯᠯᠠᠭᠠᠨ ᠤ ᠪᠠᠶᠢᠳᠠᠯ ᠤᠨ ᠵᠠᠳᠠᠯᠤᠯᠲᠠ      ︵ᠨᠢᠭᠡ︶ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠦᠢᠯᠡᠰ ᠤᠨ ᠨᠡᠮᠡᠭᠳᠡᠯ ᠤᠨ ᠬᠤᠷᠳᠤᠴᠠ ᠨᠡᠯᠢᠶᠡᠳ ᠲᠦᠷᠭᠡᠨ      ᠮᠠᠨ ᠤ ᠲᠤᠭᠤᠷᠢᠭ ᠤᠨ ᠨᠡᠭᠦᠷᠡᠰᠦ ᠵᠢᠴᠢ ᠪᠦᠲᠦᠭᠡᠭᠳᠡᠬᠦᠨ ᠤ ᠲᠥᠷᠥᠯ ᠪᠣᠯ ᠪᠣᠷᠣᠯᠠᠭᠤᠯᠤᠯᠲᠠ ᠶᠢᠨ ᠬᠡᠮᠵᠢᠶ᠎ᠡ ᠶᠢᠨ ᠨᠡᠮᠡᠭᠳᠡᠯ ᠢ ᠳᠠᠶᠢᠴᠢᠯᠠᠬᠤ ᠭᠤᠤᠯ ᠬᠦᠴᠦᠨ ᠮᠥᠨ᠂ 1-11 ᠳ᠋ᠦ᠋ᠭᠡᠷ ᠰᠠᠷ᠎ᠠ ᠶᠢᠨ ᠪᠣᠷᠣᠯᠠᠭᠤᠯᠤᠯᠲᠠ ᠶᠢᠨ ᠬᠡᠮᠵᠢᠶ᠎ᠡ ᠨᠢ 91.1 ᠳ᠋ᠦᠩᠰᠢᠭᠤᠷ ᠲᠥᠭᠦᠷᠢᠭ ︵ᠪᠥᠬᠦ ᠲᠤᠭᠤᠷᠢᠭ ᠤᠨ ᠪᠥᠭᠡᠮ ᠢᠶᠠᠷ ᠬᠤᠳᠠᠯᠳᠤᠬᠤ ᠦᠢᠯᠡᠰ ᠤᠨ 84.3% ᠶᠢ ᠡᠵᠡᠯᠡᠪᠡ︶ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 71.8% ᠪᠠᠷ ᠨᠡᠮᠡᠭᠳᠡᠵᠦ᠂ ᠡᠨᠡ ᠵᠢᠯ ᠰᠢᠨ᠎ᠡ ᠪᠠᠷ ᠣᠷᠣᠵᠤ ᠢᠷᠡᠭᠰᠡᠨ ᠠᠵᠤ ᠠᠬᠤᠶᠢᠯᠠᠯ ᠤᠨ ᠰᠢᠤᠢ ᠶᠠᠩ ᠾᠧᠩ ᠱᠧᠩ᠂ ᠲᠢᠶᠠᠨ ᠶᠢᠨ ᠷᠦᠢ ᠠᠳᠠᠯᠢ ᠬᠤᠭᠤᠴᠠᠭᠠᠨ ᠳᠤ ᠰᠢᠨ᠎ᠡ ᠪᠠᠷ ᠣᠷᠣᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠦᠢᠯᠡᠰ ᠤᠨ ᠲᠠᠸᠠᠷ ᠤᠨ ᠪᠣᠷᠣᠯᠠᠭᠤᠯᠤᠯᠲᠠ ᠶᠢᠨ ᠬᠡᠮᠵᠢᠶ᠎ᠡ ᠨᠢ 51.7 ᠵᠠᠭᠤᠨ ᠤ ᠨᠢᠭᠡᠴᠢ ᠨᠡᠮᠡᠭᠳᠡᠵᠦ᠂ ᠳᠠᠶᠢᠴᠢᠯᠠᠬᠤ ᠦᠷ᠎ᠡ ᠪᠦᠲᠦᠮᠵᠢ ᠨᠢ ᠢᠯᠡᠷᠬᠡᠶ ᠪᠠᠶᠢᠨ᠎ᠠ᠃ ᠪᠤᠰᠤᠳ ᠴᠢᠬᠤᠯᠠ ᠲᠠᠸᠠᠷ ᠤᠨ ᠪᠣᠷᠣᠯᠠᠭᠤᠯᠭ᠎ᠠ ᠶᠢᠨ ᠢᠯᠡᠷᠡᠯ ᠢᠶᠠᠷ ᠠᠨᠠᠶ ᠪᠠᠶᠢᠵᠤ᠂1-11 ᠳ᠋ᠦ᠋ᠭᠡᠷ ᠰᠠᠷ᠎ᠠ ᠳᠤ᠂ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠤᠨ ᠲᠠᠸᠠᠷ ᠤᠨ ᠪᠣᠷᠣᠯᠠᠭᠤᠯᠤᠯᠲᠠ ᠶᠢᠨ ᠬᠡᠮᠵᠢᠶ᠎ᠡ 0.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 43.2% ᠢᠶᠠᠷ ᠪᠠᠭᠤᠷᠠᠪᠠ︔ ᠬᠢᠮᠢ ᠶᠢᠨ ᠠᠵᠤ ᠦᠢᠯᠡᠳᠪᠦᠷᠢ ᠶᠢᠨ ᠮᠠᠲ᠋ᠧᠷᠢᠶᠠᠯ ᠵᠢᠴᠢ ᠪᠦᠲᠦᠭᠡᠭᠳᠡᠬᠦᠨ ᠤ ᠲᠥᠷᠥᠯ ᠤᠨ ᠪᠣᠷᠣᠯᠠᠭᠤᠯᠤᠯᠲᠠ ᠶᠢᠨ ᠬᠡᠮᠵᠢᠶ᠎ᠡ 13.2 ᠳ᠋ᠦᠩᠰᠢᠭᠤᠷ ᠲᠥᠭᠦᠷᠢᠭ ︵ᠪᠥᠬᠦ ᠲᠤᠭᠤᠷᠢᠭ ᠤᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠠᠸᠠᠷ ᠤᠨ ᠪᠣᠷᠣᠯᠠᠭᠤᠯᠤᠯᠲᠠ ᠶᠢᠨ ᠲᠣᠭᠠᠨ ᠤ 12.2% ᠢ ᠡᠵᠡᠯᠡᠪᠡ︶ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 18.2% ᠢᠶᠠᠷ ᠪᠠᠭᠤᠷᠠᠪᠠ᠃      ︵ᠬᠤᠶᠠᠷ︶ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠢᠳᠡᠭᠡᠨ ᠤᠮᠳᠠᠭᠠᠨ ᠤ ᠦᠢᠯᠡᠰ ᠤᠨ ᠨᠡᠮᠡᠭᠳᠡᠯ ᠤᠨ ᠬᠤᠷᠳᠤᠴᠠ ᠯᠠᠪᠳᠠᠭᠤᠨ ᠢᠶᠠᠷ ᠳᠡᠭᠡᠭᠰᠢᠯᠡᠪᠡ      1-11 ᠰᠠᠷ᠎ᠠ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠨᠤᠭᠯᠠᠬᠤ ᠦᠢᠯᠡᠰ ᠠᠳᠠᠯᠢ ᠬᠤᠭᠤᠴᠠᠭᠠᠨ ᠤ ᠬᠢ ᠠᠴᠠ 8.0% ᠢᠶᠠᠷ ᠪᠠᠭᠤᠷᠠᠪᠠ᠂ ᠭᠡᠪᠡᠴᠦ1-10 ᠳ᠋ᠤᠭᠠᠷ ᠰᠠᠷ᠎ᠠ ᠶᠢᠨ ᠬᠢ ᠠᠴᠠ 5.86 ᠵᠠᠭᠤᠨ ᠤ ᠨᠢᠭᠡᠴᠢ ᠪᠠᠭᠤᠷᠠᠪᠠ︔ ᠬᠡᠰᠡᠭ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠨᠢᠳᠤᠨᠤᠨ ᠤ ᠳᠡᠯᠭᠡᠭᠦᠷ ᠢᠶᠠᠨ ᠵᠠᠰᠠᠨ ᠴᠢᠮᠡᠭᠯᠡᠬᠦ ᠳᠤ᠂ ᠡᠨᠡ ᠵᠢᠯ ᠤᠨ ᠰᠡᠳᠬᠢᠯ ᠲᠠᠯᠪᠢᠨ ᠡᠵᠡᠩᠨᠡᠭᠰᠡᠨ ᠨᠥᠯᠥᠭᠡ ᠪᠠᠷ᠂1-11ᠳ᠋ᠦ᠋ᠭᠡᠷ ᠰᠠᠷ᠎ᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠢᠳᠡᠭᠡᠨ ᠤᠮᠳᠠᠭᠠᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 8.5% ᠪᠠᠷ ᠨᠡᠮᠡᠭᠳᠡᠵᠦ᠂ ᠥᠰᠥᠯᠲᠡ ᠶᠢᠨ ᠬᠡᠮᠵᠢᠶ᠎ᠡ ᠨᠢ 1-9 ᠳ᠋ᠦ᠋ᠭᠡᠷ ᠰᠠᠷ᠎ᠠ ᠠᠴᠠ 0.9 ᠵᠠᠭᠤᠨ ᠤ ᠴᠡᠭ ᠳᠡᠭᠡᠭᠰᠢᠯᠡᠵᠡᠢ᠃   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号