ᠤᠳᠠ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 144 ᠳ᠋ᠤᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/23
      12 ᠰᠠᠷ᠎ᠠ ᠶᠢᠨ 19 ᠤ ᠡᠳᠦᠷ᠂ ᠤᠳᠠ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 144 ᠳ᠋ᠤᠭᠡᠷ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠬᠤᠷᠢᠶᠠᠨ ᠤ ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ᠂ ᠴᠢᠬᠤᠯᠠ ᠵᠣᠬᠢᠶᠠᠯ᠂ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠵᠡᠷᠭᠡ ᠶᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠬᠤᠷᠠᠯ ᠢ ᠡᠷᠭᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠵᠤ᠂ ᠲᠠᠪᠤᠨ ︽ᠡᠷᠬᠡᠪᠰᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ︾ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠤᠢᠢᠯᠠᠭᠠᠨ ᠡᠵᠡᠮᠰᠢᠵᠦ᠂ ᠤᠳᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠬᠤᠷᠠᠯ ᠠᠴᠠ ᠲᠣᠭᠲᠠᠭᠠᠭᠰᠠᠨ ᠶᠢᠰᠦᠨ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠪᠣᠳᠠᠲᠠᠢ ᠪᠣᠳᠠᠲᠠᠢ ᠶᠠᠪᠤᠳᠠᠯ ᠪᠣᠯᠭᠠᠨ ᠬᠤᠪᠢᠷᠠᠭᠤᠯᠵᠤ᠂ ᠢᠳᠡᠪᠬᠢᠲᠡᠢ ᠪᠠᠷ ᠥᠭᠡᠳᠡᠯᠡᠨ ᠲᠠᠪᠰᠢᠵᠤ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠠᠰᠢᠭ ᠢ ᠭᠦᠢᠴᠡᠳ ᠪᠥᠭᠡᠳ ᠠᠮᠢᠳᠤᠯᠢᠭ ᠢᠶᠠᠷ ᠰᠠᠶᠢᠲᠤᠷ ᠬᠡᠷᠡᠭᠯᠡᠵᠦ᠂ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠨᠡᠩ ᠬᠦᠴᠦᠯᠡᠨ ᠴᠢᠷᠮᠠᠶᠢᠵᠤ᠂ ᠤᠳᠠ ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠶᠢᠨ ᠰᠠᠶᠢᠨ ᠪᠠᠶᠢᠳᠠᠯ ᠢ ᠴᠢᠷᠮᠠᠶᠢᠨ ᠪᠠᠲᠤᠯᠠᠬᠤ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠠᠴᠠ ᠰᠡᠳᠬᠢᠴᠡ ᠪᠠᠨ ᠡᠷᠢᠵᠦ᠂ ᠡᠭᠦᠷᠭᠡ ᠪᠠᠨ ᠳᠠᠭᠠᠭᠤᠯᠵᠤ᠂ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠴᠢᠨᠠᠭᠰᠢᠳᠠ ᠦᠢᠯᠡᠳᠦᠯᠭᠡᠵᠢᠭᠦᠯᠵᠦ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠬᠥᠳᠡᠭᠡ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠵᠠᠢ᠃      ᠬᠤᠷᠠᠯ ᠠᠴᠠ ᠤᠳᠠ ᠲᠣᠭᠤᠷᠢᠭ ᠤᠨ 2024 ᠣᠨ ᠤ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠪᠣᠯᠤᠨ 2025 ᠣᠨ ᠤ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠵᠢᠱᠢᠭᠰᠡᠨ ᠪᠠᠶᠢᠳᠠᠯ᠂ 2025 ᠣᠨ ᠤ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢᠨ ᠠᠵᠢᠯ ᠤᠨ ᠲᠥᠯᠥᠪᠯᠡᠭᠡ ᠶᠢ ᠰᠣᠨᠣᠰᠴᠠᠢ᠃ ᠪᠦᠬᠦ ᠲᠣᠭᠤᠷᠢᠭ ᠤᠨ ᠡᠯ᠎ᠡ ᠰᠠᠯᠠᠭ᠎ᠠ ᠮᠥᠴᠢᠷ ᠤᠨ ᠬᠢᠨ ᠬᠥᠭᠵᠢᠯᠲᠡ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠡᠷᠴᠢ ᠵᠣᠷᠢᠭ ᠢᠶᠠᠨ ᠬᠥᠪᠴᠢᠯᠡᠵᠦ᠂ ᠡᠷᠲᠡ ᠠᠴᠠ ᠲᠥᠯᠥᠪᠵᠢᠭᠦᠯᠵᠦ᠂ ᠡᠷᠲᠡ ᠠᠴᠠ ᠲᠤᠬᠢᠷᠠᠭᠤᠯᠵᠤ᠂ ᠡᠷᠲᠡ ᠠᠴᠠ ᠪᠠᠶᠢᠷᠢᠯᠠᠭᠤᠯᠵᠤ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠲᠣᠬᠢᠷᠠᠭᠤᠯᠬᠤ ᠤᠳᠠᠭ᠎ᠠ ᠪᠠᠨ ᠴᠢᠩᠭᠠᠳᠬᠠᠵᠤ᠂ ᠠᠵᠢᠯᠯᠠᠭᠠᠨ ᠤ ᠬᠢᠨᠠᠨ ᠬᠡᠮᠵᠢᠯᠲᠡ ᠪᠠᠨ ᠴᠢᠩᠭᠠᠳᠬᠠᠵᠤ᠂ ᠡᠯ᠎ᠡ ᠵᠦᠢᠯ ᠤᠨ ᠥᠷᠢᠰᠥᠯᠳᠦᠭᠡᠨ ᠢ ᠤᠷᠢᠳᠴᠢᠯᠠᠨ ᠮᠡᠳᠡᠬᠦ ᠴᠢᠨᠠᠷᠲᠠᠢ ᠪᠠᠷ ᠠᠷᠭᠠᠴᠠᠭᠠᠵᠤ᠂ ᠡᠯ᠎ᠡ ᠵᠦᠢᠯ ᠤᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠡᠯ᠎ᠡ ᠵᠦᠢᠯ ᠤᠨ ᠠᠰᠠᠭᠤᠳᠠᠯ ᠢ ᠰᠢᠢᠳᠪᠦᠷᠢᠯᠡᠵᠦ᠂ ᠳᠣᠲᠣᠷ᠎ᠠ ᠪᠠᠨ ᠲᠤᠭ᠎ᠠ ᠲᠠᠢ ᠪᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ ︽ᠨᠢᠭᠡ ᠠᠵᠤ ᠠᠬᠤᠶᠢᠯᠠᠯ ᠨᠢᠭᠡ ᠠᠷᠭ᠎ᠠ ᠪᠤᠳᠤᠯᠭ᠎ᠠ︾ ᠨᠢ ᠠᠵᠤ ᠠᠬᠤᠶᠢᠯᠠᠯ ᠤᠨ ᠦᠢᠯᠡᠳᠬᠦᠨ ᠤ ᠪᠦᠲᠦᠴᠡ ᠶᠢ ᠰᠢᠯᠢᠳᠡᠭᠵᠢᠭᠦᠯᠬᠦ᠂ ᠰᠢᠨᠵᠢᠯᠡᠬᠦ ᠤᠬᠠᠭᠠᠨᠴᠢ ᠪᠠᠷ ᠦᠢᠯᠡᠳᠪᠦᠷᠢᠯᠡᠬᠦ ᠶᠢ ᠬᠠᠨᠳᠤᠯᠭᠠᠲᠤ ᠴᠢᠨᠠᠷᠲᠠᠢ ᠪᠠᠷ ᠵᠢᠯᠣᠭᠤᠳᠴᠤ᠂ ᠬᠠᠮᠤᠭ ᠤᠨ ᠣᠬᠤᠷ ᠬᠤᠭᠤᠴᠠᠭ᠎ᠠ ᠪᠠ ᠬᠠᠮᠤᠭ ᠤᠨ ᠰᠢᠯᠢᠳᠡᠭ ᠦᠢᠯᠡᠴᠢᠯᠡᠭᠡ ᠪᠠᠷ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠬᠠᠩᠭᠠᠯᠭ᠎ᠠ ᠶᠢ ᠪᠠᠲᠤᠯᠠᠵᠤ ᠰᠠᠭᠠᠳ ᠦᠭᠡᠢ ᠪᠠᠶᠢᠬᠤ ᠶᠢ ᠪᠠᠲᠤᠯᠠᠵᠤ᠂ ᠨᠢᠭᠡ ᠬᠤᠶᠠᠷ ᠭᠤᠷᠪᠠᠳᠤᠭᠠᠷ ᠠᠵᠤ ᠦᠢᠯᠡᠰ ᠵᠡᠷᠭᠡ ᠪᠠᠷ ᠬᠦᠴᠦᠯᠡᠵᠦ᠂ 2025 ᠣᠨ ᠤ ᠨᠢᠭᠡᠳᠦᠭᠡᠷ ᠤᠯᠠᠷᠢᠯ ᠳᠤ ︽ᠰᠠᠶᠢᠨ ᠡᠬᠢᠯᠡᠯᠲᠡ︾ ᠶᠢ ᠲᠡᠮᠡᠴᠡᠨ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ 2024 ᠣᠨ ᠤ ᠲᠤᠭᠤᠷᠢᠭ ᠤᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠵᠥᠪᠯᠡᠯ ᠤᠨ ᠠᠵᠢᠯ ᠤᠨ ᠪᠠᠶᠢᠳᠠᠯ᠂ 2025 ᠣᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠠᠶᠢᠳᠠᠯ ᠪᠣᠯᠤᠨ ᠲᠤᠭ᠎ᠠ ᠪᠦᠷᠢᠳᠬᠡᠯ ᠤᠨ ᠠᠵᠢᠯ ᠤᠨ ᠪᠠᠶᠢᠳᠠᠯ ᠵᠡᠷᠭᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号