ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠬᠤᠯᠠᠴᠢᠯᠠᠵᠤ ᠦᠬᠠᠢ ᠶᠢᠨ BDO ᠨᠢᠭᠡ ᠴᠤᠬᠴᠠᠵᠢᠭᠤᠯᠤᠬᠰᠠᠨ ᠦᠢᠯᠡᠳᠪᠦᠷᠢᠯᠡᠯ ᠤᠨ ᠰᠠᠭᠤᠷᠢᠨ ᠢ ᠪᠠᠶᠢᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/12/24
ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠬᠤᠯᠠᠴᠢᠯᠠᠵᠤ ᠦᠬᠠᠢ ᠶᠢᠨ BDO ᠨᠢᠭᠡ ᠴᠤᠬᠴᠠᠵᠢᠭᠤᠯᠤᠬᠰᠠᠨ ᠦᠢᠯᠡᠳᠪᠦᠷᠢᠯᠡᠯ ᠤᠨ ᠰᠠᠭᠤᠷᠢᠨ ᠢ ᠪᠠᠶᠢᠭᠤᠯᠬᠤ ᠳᠤ ᠬᠦᠴᠦᠨ ᠨᠡᠮᠡᠷᠢᠯᠡᠨ᠎ᠡ— ᠥᠪᠥᠷ ᠮᠣᠩᠭᠤᠯ ᠤᠨ ᠰᠠᠨ ᠸᠧᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠢᠨᠵᠧᠨᠧᠷ ᠳ᠋ᠧᠩ ᠴᠢ
eebd5dbe-7c4e-45d2-bd4f-9e21e5d58fd7.jpg.jpg
           10 ᠰᠠᠷ᠎ᠠ ᠶᠢᠨ 22 ᠤᠨ ᠡᠳᠦᠷ᠂ ᠥᠪᠥᠷ ᠮᠣᠩᠭᠤᠯ ᠤᠨ ᠰᠠᠨ ᠸᠧᠶ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠢᠨᠵᠧᠨᠧᠷ ᠳ᠋ᠧᠩ ᠴᠢ 2024 ᠳᠤᠮᠳᠠᠳᠤ ᠤᠯᠤᠰ ︵ᠦᠬᠠᠶ︶ ᠤᠨ ᠭᠤᠷᠪᠠᠳᠤᠭᠠᠷ ᠬᠤᠭᠤᠴᠠᠭᠠᠨ ᠤ BDO ᠵᠢᠴᠢ ᠵᠠᠳᠠᠷᠠᠵᠤ ᠪᠣᠯᠬᠤ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠤᠨ ᠡᠬᠢᠯᠡᠯᠲᠡ ᠶᠢᠨ ᠶᠣᠰᠣᠯᠠᠯ ᠤᠨ ᠲᠤᠬᠠᠶ ᠶᠢᠨ ᠲᠠᠯᠠᠪᠠᠶ ᠳᠤ ᠰᠤᠷᠪᠤᠯᠵᠢᠯᠠᠭᠴᠢ ᠶᠢᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠭᠰᠡᠨ ᠨᠢ᠂ ᠲᠤᠰ ᠤᠳᠠᠭᠠᠨ ᠤ ᠶᠡᠭᠡ ᠬᠤᠷᠠᠯ ᠨᠢ ᠠᠵᠤ ᠠᠬᠤᠶᠢᠯᠠᠯ ᠤᠨ ᠰᠡᠳᠬᠢᠴᠡ ᠪᠠᠨ ᠤᠯᠠᠮ ᠨᠢᠭᠡ ᠠᠯᠬᠤᠮ ᠥᠷᠭᠡᠳᠬᠡᠵᠦ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠂ ᠡᠨᠡ ᠪᠣᠯ ᠠᠮᠵᠢᠯᠲᠠ ᠲᠠᠢ ᠪᠥᠭᠡᠳ ᠪᠣᠳᠠᠲᠤ ᠠᠴᠢ ᠬᠤᠯᠪᠣᠭᠳᠠᠯ ᠲᠠᠢ ᠶᠡᠭᠡ ᠬᠤᠷᠠᠯ ᠮᠥᠨ ᠭᠡᠵᠠᠢ᠃      ᠳ᠋ᠧᠩ ᠴᠢ ᠬᠡᠯᠡᠭᠰᠡᠨ ᠨᠢ᠂ ᠣᠳᠣᠬᠠᠨ ᠤ ᠵᠠᠬ᠎ᠠ ᠳᠡᠯᠭᠡᠭᠦᠷ ᠤᠨ ᠪᠣᠳᠠᠲᠠᠶ ᠪᠠᠶᠢᠳᠠᠯ ᠤᠨ ᠡᠮᠦᠨ᠎ᠡ᠂ ᠺᠣᠮᠫᠠᠨᠢ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠲᠣᠨᠣᠭᠯᠠᠯ ᠤᠨ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠭᠰᠠᠨ ᠤᠷᠢᠲᠠᠯ ᠳᠣᠤᠷ᠎ᠠ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠥᠬᠡᠶ ᠪᠦᠷᠢᠨᠰᠢᠬᠦᠯᠦᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ ᠪᠠᠷ ᠲᠡᠭᠦᠯᠳᠡᠷᠵᠢᠭᠰᠡᠨ ᠨᠢᠭᠡ ᠴᠣᠭᠴᠠᠵᠢᠭᠰᠠᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠬᠦᠴᠦᠯᠡᠨ ᠪᠠᠶᠢᠭᠤᠯᠵᠤ᠂ ᠰᠢᠨ᠎ᠡ ᠶᠢ ᠡᠭᠦᠳᠴᠦ ᠰᠤᠳᠤᠯᠤᠨ ᠨᠡᠭᠡᠭᠡᠬᠦ ᠶᠢ ᠴᠢᠬᠤᠯᠠᠴᠢᠯᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠡᠭᠡᠷ᠎ᠡ ᠬᠦᠴᠦ ᠲᠠᠯᠪᠢᠵᠤ᠂ BDO ᠵᠢᠴᠢ ᠳᠣᠤᠷᠠᠳᠤ ᠤᠷᠤᠰᠬᠠᠯ ᠤᠨ ᠦᠢᠯᠡᠳᠬᠦᠨ ᠤ ᠰᠢᠨ᠎ᠡ ᠶᠢ ᠡᠭᠦᠳᠬᠦ ᠬᠡᠷᠡᠭᠯᠡᠯᠲᠡ ᠶᠢ ᠬᠠᠶᠢᠨ ᠰᠦᠪᠡᠭᠴᠢᠯᠡᠵᠦ᠂ ᠦᠢᠯᠡᠳᠬᠦᠨ ᠤ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠲᠣᠪᠤᠶᠢᠮ᠎ᠠ ᠰᠠᠶᠢᠵᠢᠷᠠᠭᠤᠯᠬᠤ ᠦᠢᠯᠡᠳᠦᠯ ᠢ ᠳᠣᠪᠤᠶᠢᠯᠭᠠᠨ᠎ᠠ᠃ ᠡᠭᠦᠨ ᠤ ᠬᠠᠮᠲᠤ᠂ ᠺᠣᠮᠫᠠᠨᠢ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠪᠣᠳᠠᠰ ᠢ ᠭᠦᠢᠴᠡᠳ ᠬᠡᠷᠡᠭᠯᠡᠬᠦ᠂ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠵᠠᠷᠴᠢᠮ ᠶᠣᠰᠣᠭᠠᠷ᠂ ᠰᠠᠭᠤᠷᠢ ᠶᠢ ᠴᠢᠩᠭᠠᠳᠬᠠᠨ ᠦᠨᠳᠦᠰᠦ ᠶᠢ ᠪᠠᠬᠢᠵᠢᠭᠦᠯᠵᠦ᠂ ᠮᠡᠷᠭᠡᠵᠢᠯ ᠢ ᠰᠤᠳᠤᠯᠤᠨ ᠨᠡᠭᠡᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠦᠢᠯᠡᠳᠪᠦᠷᠢᠯᠡᠯ ᠤᠨ ᠥᠪᠡᠷ ᠤᠨ ᠦᠷᠳᠡᠭ ᠢ ᠪᠠᠭᠤᠷᠠᠭᠤᠯᠵᠤ᠂ ᠠᠵᠤ ᠠᠬᠤᠶᠢᠯᠠᠯ ᠤᠨ ᠠᠶᠤᠯ ᠲᠦᠭᠰᠢᠭᠦᠷᠢ ᠶᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠠᠮᠵᠢᠯᠠᠯᠲᠤ ᠠᠵᠤ ᠦᠢᠯᠡᠰ ᠤᠨ ᠳᠠᠪᠬᠤᠴᠠᠨ ᠳᠡᠰ ᠳᠡᠪᠰᠢᠵᠦ᠂ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠵᠠᠭᠠᠶᠢᠷᠠᠭᠤᠯᠤᠨ ᠪᠤᠶᠢᠵᠢᠭᠤᠯᠵᠤ᠂ ᠣᠶᠢᠷ᠎ᠠ ᠶᠢᠨ ᠵᠢᠯ ᠳᠤ᠂ ᠦᠬᠠᠢ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠵᠠᠯᠭᠠᠭ᠎ᠠ ᠪᠠᠷ ᠨᠡᠶᠢᠲᠡᠯᠡᠵᠦ BDO ᠠᠵᠤ ᠠᠬᠤᠶᠢᠯᠠᠯ ᠳᠤ ᠬᠦᠴᠦᠨ ᠨᠡᠮᠡᠷᠢᠯᠡᠪᠡ᠂ ᠮᠠᠨ ᠤ ᠡᠯ᠎ᠡ ᠠᠵᠤ ᠠᠬᠤᠶᠢᠯᠠᠯ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠲᠦᠷᠦᠯ ᠤᠨ ᠥᠪᠡᠷ ᠢ ᠪᠠᠨ ᠱᠠᠭᠠᠷᠳᠠᠬᠤ ᠶᠢ ᠪᠦᠷᠢᠯᠳᠦᠭᠦᠯᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠦᠬᠠᠢ ᠶᠢᠨ BDO ᠠᠵᠤ ᠦᠢᠯᠡᠰ ᠤᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠦᠬᠠᠢ ᠶᠢᠨ BDO ᠨᠢᠭᠡ ᠴᠤᠬᠴᠠᠵᠢᠭᠤᠯᠤᠬᠰᠠᠨ ᠦᠢᠯᠡᠳᠪᠦᠷᠢᠯᠡᠯ ᠤᠨ ᠰᠠᠭᠤᠷᠢᠨ ᠢ ᠪᠠᠶᠢᠭᠤᠯᠬᠤ ᠳᠤ ᠬᠦᠴᠦᠨ ᠨᠡᠮᠡᠷᠢᠯᠡᠨ᠎ᠡ ᠭᠡᠵᠠᠢ᠃   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号