ᠶᠠᠨ ᠸᠧᠨ ᠯᠦᠩ ᠪᠥᠬᠦ ᠲᠤᠭᠤᠷᠢᠭ ᠤᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/12/25
12 ᠰᠠᠷ᠎ᠠ ᠶᠢᠨ 24 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠪᠥᠬᠦ ᠲᠤᠭᠤᠷᠢᠭ ᠤᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠤᠳᠤᠷᠢᠳᠤᠯᠭ᠎ᠠ ᠰᠢᠤᠢ ᠢ ᠱᠤ᠋ ᠣᠷᠣᠯᠴᠠᠪᠠ᠃
215.jpg     
      ᠤᠳᠠ ᠲᠣᠭᠤᠷᠢᠭ ᠤᠨ ᠲᠤᠷᠰᠢᠯᠲᠠ ᠶᠢᠨ ᠳᠤᠮᠳᠠᠳᠤ ᠰᠤᠷᠭᠠᠭᠤᠯᠢ ᠳᠤ᠂ ᠶᠠᠨ ᠸᠧᠨ ᠯᠦᠩ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢᠨ᠂ ᠤᠷᠠᠨ ᠪᠢᠴᠢᠯᠭᠡ ᠤᠷᠠᠨ ᠵᠢᠷᠤᠭ ᠤᠨ ᠦᠵᠡᠭᠦᠯᠦᠯᠭᠡ ᠶᠢᠨ ᠲᠢᠩᠬᠢᠮ ᠪᠣᠯᠤᠨ ᡁᠢ ᠶᠤᠸᠠᠨ ᠨᠣᠭᠤᠭᠠᠨ ᠲᠢᠪ ᠤᠨ ᠬᠢᠴᠢᠶᠡᠯ ᠤᠨ ᠲᠥᠪ ᠵᠡᠷᠭᠡ ᠲᠠᠯᠠᠪᠤᠷ ᠢ ᠪᠠᠶᠢᠴᠠᠭᠠᠨ ᠦᠵᠡᠵᠦ᠂ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠪᠣᠯᠤᠨ ᠰᠤᠷᠭᠠᠭᠤᠯᠢ ᠶᠢᠨ ᠬᠦᠷᠢᠶᠡᠨ ᠤ ᠦᠵᠡᠯ ᠰᠠᠨᠠᠭ᠎ᠠ ᠤᠯᠤᠰ ᠲᠦᠷᠦ ᠰᠣᠶᠣᠯ ᠤᠨ ᠠᠭᠤᠷ ᠠᠮᠢᠰᠬᠤᠯ ᠢ ᠪᠤᠢ ᠪᠣᠯᠭᠠᠬᠤ ᠵᠡᠷᠭᠡ ᠲᠠᠯ᠎ᠠ ᠶᠢᠨ ᠠᠷᠭ᠎ᠠ ᠬᠢᠳᠡᠯ ᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠬᠥᠮᠦᠨ ᠢ ᠬᠥᠮᠦᠵᠢᠭᠦᠯᠬᠦ ᠶᠢ ᠴᠥᠬᠦᠷᠡᠰᠢ ᠥᠬᠡᠶ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠦᠬᠦ ᠶᠠᠪᠤᠴᠠ ᠳᠤ ᠠᠭᠤᠰᠬᠠᠵᠤ᠂ ᠪᠠᠭᠰᠢ ᠶᠢᠨ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠭᠦᠢᠴᠡᠳ ᠪᠠᠳᠠᠷᠠᠭᠤᠯᠤᠨ᠂ ᠮᠡᠳᠡᠭᠡ ᠵᠠᠩᠭᠢ ᠶᠢᠨ ᠮᠡᠷᠭᠡᠵᠢᠯ ᠢ ᠢᠳᠡᠪᠬᠢᠲᠡᠶ ᠬᠡᠷᠡᠭᠯᠡᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠵᠢᠭᠠᠨ ᠰᠤᠷᠭᠠᠯᠲᠠ ᠶᠢᠨ ᠠᠭᠤᠯᠭ᠎ᠠ ᠪᠠ ᠠᠷᠭ᠎ᠠ ᠮᠠᠶ᠋ᠢᠭ ᠠᠷᠭ᠎ᠠ ᠪᠠᠷᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠵᠠᠯᠠᠭᠤᠴᠤᠳ ᠪᠠᠭᠠᠴᠤᠳ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠬᠡᠷᠡᠭᠴᠡᠭᠡ ᠶᠢ ᠨᠠᠩ ᠰᠠᠶᠢᠲᠤᠷ ᠬᠠᠩᠭᠠᠵᠤ᠂ ᠰᠤᠷᠭᠠᠭᠤᠯᠢ ᠨᠢ ᠰᠣᠳᠣᠨ ᠪᠦᠲᠦᠭᠡᠯᠲᠡ ᠲᠠᠢ᠂ ᠡᠭᠦᠳᠡ ᠡᠷᠦᠬᠡ ᠨᠢ ᠤᠯᠤᠰ ᠲᠥᠷᠥ ᠲᠠᠢ᠂ ᠬᠢᠴᠢᠶᠡᠯ ᠬᠢᠴᠢᠶᠡᠯ ᠨᠢ ᠥᠪᠡᠷᠮᠢᠴᠡ ᠣᠨᠴᠠᠯᠢᠭ ᠲᠠᠢ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ ᠬᠡᠷᠡᠭᠲᠡᠶ᠃ ᠦᠵᠡᠯ ᠰᠠᠨᠠᠭ᠎ᠠ ᠤᠯᠤᠰ ᠲᠥᠷᠥ ᠶᠢᠨ ᠵᠢᠵᠢᠭ ᠬᠢᠴᠢᠶᠡᠯ ᠤᠨ ᠲᠠᠩᠬᠢᠮ ᠪᠣᠯᠤᠨ ᠨᠡᠶᠢᠭᠡᠮ ᠤᠨ ᠶᠡᠭᠡ ᠬᠢᠴᠢᠶᠡᠯ ᠤᠨ ᠲᠠᠩᠬᠢᠮ ᠢ ᠤᠶᠠᠯᠳᠤᠭᠤᠯᠵᠤ᠂ ᠤᠳᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠦᠬᠦ ᠨᠡᠶᠢᠭᠡᠮ ᠤᠨ ᠬᠦᠴᠦᠨ ᠪᠣᠯᠤᠨ ᠡᠬᠢ ᠪᠠᠶᠠᠯᠢᠭ ᠢ ᠭᠦᠢᠴᠡᠳ ᠳᠠᠶᠢᠴᠢᠯᠠᠵᠤ᠂ ᠡᠯ᠎ᠡ ᠲᠥᠷᠥᠯ ᠤᠨ ᠦᠢᠯᠡᠳᠦᠯᠭᠡ ᠶᠢᠨ ᠲᠠᠪᠴᠠᠩ ᠢ ᠰᠠᠶᠢᠲᠤᠷ ᠬᠡᠷᠡᠭᠯᠡᠨ ᠠᠮᠢᠳᠤᠯᠢᠭ ᠬᠡᠷᠡᠭᠯᠡᠵᠦ᠂ ᠠᠮᠢᠳᠤᠯᠢᠭ ᠠᠷᠭ᠎ᠠ ᠬᠡᠯᠪᠡᠷᠢ᠂ ᠠᠮᠢᠳᠤᠯᠢᠭ ᠠᠭᠤᠷ ᠠᠮᠢᠰᠬᠤᠯ ᠪᠣᠯᠤᠨ ᠬᠠᠮᠤᠭ ᠤᠨ ᠳᠥᠭᠦᠮ ᠣᠶᠢᠯᠠᠭᠠᠮᠵᠢᠲᠠᠶ ᠦᠭᠡ ᠬᠡᠯᠡ ᠶᠢ ᠭᠦᠨᠵᠡᠭᠡᠶ ᠠᠭᠤᠳᠠᠯᠵᠤ᠂ ︽ᠶᠡᠭᠡ ᠶᠣᠰᠣ︾ ᠶᠢ ᠭᠦᠨᠵᠡᠭᠡᠶ ᠨᠡᠪᠲᠡᠷᠡᠲᠡᠯ᠎ᠡ ᠶᠠᠷᠢᠵᠤ ᠠᠮᠢᠳᠤᠯᠢᠭ ᠶᠠᠷᠢᠵᠤ᠂ ᠰᠤᠷᠤᠭᠴᠢᠳ ᠢ ᠰᠣᠨᠣᠰᠬᠤ ᠳᠤᠷᠠᠲᠠᠶ᠂ ᠴᠡᠭᠡᠵᠢᠯᠡᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠬᠠᠨᠳᠤᠯᠭᠠᠲᠤ ᠴᠢᠨᠠᠷ ᠪᠣᠯᠤᠨ ᠲᠠᠲᠠᠬᠤ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠬᠥᠮᠦᠨ ᠤ ᠠᠮᠢᠳᠤᠷᠠᠯ ᠤᠨ ︽ᠠᠩᠬᠠᠨ ᠤ ᠲᠣᠪᠴᠢ︾ ᠶᠢ ᠰᠠᠶᠢᠲᠤᠷ ᠪᠢᠴᠢᠭᠯᠡᠭᠦᠯᠵᠦ᠂ ᠨᠠᠮ ᠢ ᠰᠠᠨᠠᠭ᠎ᠠ ᠠᠮᠤᠷ᠂ ᠤᠯᠤᠰ ᠢᠶᠠᠨ ᠬᠠᠶᠢᠷᠠᠯᠠᠵᠤ ᠬᠤᠪᠢ ᠨᠡᠮᠡᠷᠢ ᠦᠵᠡᠭᠦᠯᠬᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠨ ᠢ ᠨᠡᠩ ᠣᠯᠠᠨ ᠬᠥᠮᠦᠵᠢᠭᠦᠯᠬᠦ ᠬᠡᠷᠡᠭᠲᠡᠶ᠃   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号