ᠤᠳᠠ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠪᠡ
ᠨᠡᠶᠢᠲᠡᠯᠡᠭᠰᠡᠨ ᠴᠠᠭ᠄
2024/12/26
      ᠮᠠᠨ ᠤ ᠲᠤᠭᠤᠷᠢᠭ ᠤᠨ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠠ ᠣᠳᠣᠨ ᠲᠠᠰ ᠤᠨ ᠬᠥᠳᠡᠭᠡ ᠲᠣᠰᠬᠤᠨ ᠤ ᠭᠥᠯᠢᠶᠡᠨ ᠠᠪᠬᠤ ᠡᠷᠦᠬᠡ ᠶᠢᠨ ᠠᠶᠤᠯᠭᠦᠶ ᠦᠢᠯᠡᠳᠪᠦᠷᠢᠯᠡᠯ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ 4 ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ᠂ ᠤᠳᠠ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠠᠩ ᠱᠧᠩ ᠯᠢ ᠪᠦᠯᠬᠦᠮ ᠳᠠᠭᠠᠭᠤᠯᠤᠨ᠂ ᠪᠥᠬᠦ ᠲᠤᠭᠤᠷᠢᠭ ᠤᠨ 1 ᠵᠢᠭᠤᠯᠴᠢᠯᠠᠯ ᠤᠨ ᠦᠵᠡᠮᠵᠢ ᠶᠢᠨ ᠣᠷᠣᠨ ᠪᠠ ᠬᠥᠳᠡᠭᠡ ᠲᠣᠰᠬᠤᠨ ᠤ 5 ᠵᠢᠭᠤᠯᠴᠢᠯᠠᠯ ᠤᠨ ᠭᠥᠯᠢᠶᠡᠨ ᠠᠪᠬᠤ ᠡᠷᠦᠬᠡ ᠶᠢᠨ ᠨᠡᠶᠢᠲᠡ 6 ᠵᠢᠭᠤᠯᠴᠢᠯᠠᠯ ᠤᠨ ᠡᠵᠡᠩᠨᠡᠯᠲᠡ ᠶᠢᠨ ᠲᠠᠯᠠᠪᠤᠷ ᠭᠠᠵᠠᠷ ᠲᠤ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠪᠠ ᠦᠢᠯᠡᠴᠢᠯᠡᠭᠡᠨ ᠤ ᠶᠠᠰᠤ ᠴᠢᠨᠠᠷ ᠤᠨ ᠪᠠᠶᠢᠳᠠᠯ ᠢ ᠣᠶᠢᠯᠠᠭᠠᠪᠠ᠃      ᠪᠠᠶᠢᠴᠠᠭᠠᠬᠤ ᠳᠤᠭᠤᠶᠢᠯᠠᠩ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠡᠬᠡ ᠲᠠᠩᠰᠠ ᠶᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠢᠭᠤᠯᠴᠢᠯᠠᠯ ᠤᠨ ᠦᠵᠡᠮᠵᠢ ᠶᠢᠨ ᠣᠷᠣᠨ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠭᠥᠯᠢᠶᠡᠨ ᠠᠪᠬᠤ ᠡᠷᠦᠬᠡ ᠶᠢᠨ ᠡᠵᠡᠩᠨᠡᠯᠲᠡ ᠶᠢᠨ ᠦᠨᠡᠮᠯᠡᠯ ᠦᠨᠡᠮᠯᠡᠯ᠂ ᠣᠳᠣᠨ ᠲᠠᠰ ᠤᠨ ᠫᠠᠶᠢᠰᠠ᠂ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠲᠣᠭᠲᠠᠭᠠᠯ᠂ ᠢᠳᠡᠭᠡᠨ ᠤ ᠠᠮᠤᠷ ᠲᠦᠪᠰᠢᠨ᠂ ᠡᠷᠡᠭᠦᠯ ᠬᠠᠮᠠᠭᠠᠯᠠᠯ ᠤᠨ ᠪᠠᠶᠢᠳᠠᠯ ᠵᠢᠴᠢ ᠦᠢᠯᠡᠴᠢᠯᠡᠭᠡᠨ ᠤ ᠬᠠᠲᠠᠭᠤ ᠲᠣᠨᠤᠭ ᠲᠥᠬᠦᠭᠡᠷᠦᠮᠵᠢ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠪᠥᠬᠦ ᠲᠠᠯ᠎ᠠ ᠶᠢᠨ ᠪᠠᠶᠢᠴᠠᠭᠠᠯᠲᠠ ᠬᠢᠪᠠ᠃ ᠲᠣᠰ ᠤᠳᠠᠭᠠᠨ ᠤ ᠪᠠᠶᠢᠴᠠᠭᠠᠯᠲᠠ ᠳᠤ ᠨᠡᠶᠢᠲᠡ 3 ᠬᠥᠮᠦᠨ ᠪᠠᠶᠢᠴᠠᠭᠠᠯᠲᠠ ᠬᠢᠵᠦ᠂ 5 ᠵᠦᠢᠯ ᠤᠨ ᠳᠠᠯᠳᠠ ᠬᠡᠮ ᠢ ᠢᠯᠡᠷᠡᠭᠦᠯᠵᠦ᠂ ᠪᠠᠶᠢᠴᠠᠭᠠᠬᠤ ᠳᠤᠭᠤᠶᠢᠯᠠᠩ ᠨᠢᠭᠡᠨᠲᠡ ᠲᠤᠬᠠᠶ ᠶᠢᠨ ᠲᠠᠯᠠᠪᠤᠷ ᠲᠤ ᠲᠠᠯᠠᠪᠤᠷ ᠭᠠᠵᠠᠷ ᠤᠨ ᠬᠠᠷᠢᠭᠤᠴᠠᠯᠭᠠᠲᠠᠨ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃      ᠪᠠᠶᠢᠴᠠᠭᠠᠬᠤ ᠳᠤᠭᠤᠶᠢᠯᠠᠩ ᠠᠴᠠ᠂ ᠨᠢᠭᠡ ᠳᠤ᠂ ᠬᠥᠳᠡᠭᠡ ᠲᠣᠰᠬᠤᠨ ᠤ ᠵᠤᠭᠠᠴᠠᠯ ᠤᠨ ᠬᠦᠯᠢᠶᠡᠨ ᠠᠪᠬᠤ ᠭᠠᠵᠠᠷ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠰᠠᠶᠢᠨ ᠰᠠᠶᠢᠬᠠᠨ ᠵᠤᠭᠠᠴᠠᠯ ᠤᠨ ᠬᠦᠯᠢᠶᠡᠨ ᠠᠪᠬᠤ ᠡᠵᠡᠩᠨᠡᠯᠲᠡ ᠶᠢᠨ ᠣᠷᠴᠢᠨ ᠲᠣᠭᠤᠷᠢᠨ ᠢ ᠪᠤᠢ ᠪᠣᠯᠭᠠᠨ᠎ᠠ︔ ᠬᠤᠶᠠᠷ ᠲᠤ᠂ ᠬᠥᠳᠡᠭᠡ ᠲᠣᠰᠬᠤᠨ ᠤ ᠵᠤᠭᠠᠴᠠᠯ ᠤᠨ ᠬᠦᠯᠢᠶᠡᠨ ᠠᠪᠬᠤ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠣᠳᠣᠨ ᠲᠡᠰ ᠤᠨ ᠦᠨᠡᠯᠡᠨ ᠲᠣᠭᠲᠠᠭᠠᠬᠤ ᠪᠠ ᠬᠠᠮᠢᠶᠠᠷᠤᠯᠲᠠ ᠶᠢᠨ ᠪᠠᠷᠢᠮᠵᠢᠶ᠎ᠠ ᠶᠣᠰᠣᠭᠠᠷ᠂ ᠲᠣᠭᠤᠭᠠᠨ ᠭᠡᠷ᠂ ᠬᠤᠭᠤᠯᠠᠨ ᠭᠡᠷ᠂ ᠵᠣᠴᠢᠳ ᠤᠨ ᠦᠷᠦᠭᠡ᠂ ᠵᠣᠷᠯᠣᠩ ᠵᠢᠴᠢ ᠵᠤᠭ᠎ᠠ ᠴᠡᠩᠭᠡᠯ ᠤᠨ ᠲᠥᠬᠦᠭᠡᠷᠦᠮᠵᠢ ᠵᠡᠷᠭᠡ ᠲᠠᠯ᠎ᠠ ᠪᠠᠷ ᠲᠡᠰ ᠳᠡᠪᠰᠢᠭᠦᠯᠦᠨ ᠥᠭᠡᠷᠡᠴᠢᠯᠡᠵᠦ᠂ ᠵᠤᠭᠠᠴᠠᠭᠰᠠᠳ ᠤᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠨ᠎ᠠ︔ ᠭᠤᠷᠪᠠ ᠳᠤ᠂ ᠬᠤᠯᠪᠣᠭᠳᠠᠯ ᠪᠦᠬᠦᠢ ᠪᠠᠷᠢᠮᠵᠢᠶ᠎ᠠ ᠶᠣᠰᠣᠭᠠᠷ ᠬᠥᠳᠡᠭᠡ ᠲᠣᠰᠬᠤᠨ ᠤ ᠵᠤᠭᠠᠴᠠᠯ ᠤᠨ ᠬᠦᠯᠢᠶᠡᠨ ᠠᠪᠬᠤ ᠭᠠᠵᠠᠷ ᠤᠨ ᠬᠦᠳᠦᠯᠦᠨ ᠵᠢᠯᠣᠭᠤᠳᠬᠤ ᠲᠡᠮᠳᠡᠭ ᠤᠨ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠡᠯ᠎ᠡ ᠵᠦᠢᠯ ᠤᠨ ᠬᠦᠳᠦᠯᠦᠨ ᠳᠠᠭᠠᠭᠤᠯᠬᠤ ᠴᠢᠨᠠᠷᠲᠠᠢ ᠫᠠᠶᠢᠰᠠ ᠲᠡᠮᠳᠡᠭ ᠢ ᠵᠢᠷᠤᠮᠵᠢᠭᠤᠯᠤᠨ ᠲᠤᠬᠢᠷᠠᠭᠤᠯᠵᠤ᠂ ᠵᠤᠭᠠᠴᠠᠭᠰᠠᠳ ᠲᠤ ᠪᠦᠷᠢᠨ ᠲᠡᠭᠦᠯᠳᠡᠷ ᠬᠦᠳᠦᠯᠦᠨ ᠵᠢᠯᠣᠭᠤᠳᠬᠤ ᠦᠢᠯᠡᠴᠢᠯᠡᠭᠡ ᠬᠠᠩᠭᠠᠨ᠎ᠠ᠃ ᠳᠥᠷᠪᠡ ᠳᠤ᠂ ᠬᠠᠮᠢᠶ᠎ᠠ ᠪᠥᠬᠦᠶ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠣᠰᠣᠭᠠᠷ᠂ ᠳᠡᠭᠡᠳᠦ ᠱᠠᠲᠤᠨ ᠤ ᠰᠠᠯᠠᠭ᠎ᠠ ᠮᠥᠴᠢᠷ ᠠᠴᠠ ᠴᠡᠭᠴᠡᠯᠡᠨ ᠰᠠᠶᠢᠵᠢᠷᠠᠭᠤᠯᠤᠭᠰᠠᠨ ᠢᠶᠠᠷ ᠬᠦᠷᠦᠯᠴᠡᠬᠦ ᠥᠬᠡᠶ ᠣᠳᠣᠨ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠥᠯᠢᠶᠡᠨ ᠠᠪᠬᠤ ᠴᠡᠭ ᠲᠤ ᠣᠳᠣᠨ ᠲᠠᠰ ᠤᠨ ᠠᠷᠭ᠎ᠠ ᠬᠡᠮᠵᠢᠶ᠎ᠡ ᠶᠢ ᠭᠤᠶᠤᠴᠢᠯᠠᠨ ᠠᠪᠴᠤ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠭᠥᠯᠢᠶᠡᠨ ᠠᠪᠬᠤ ᠭᠠᠵᠠᠷ ᠤᠨ ᠡᠵᠡᠩᠨᠡᠯᠲᠡ ᠶᠢᠨ ᠠᠵᠢᠯᠯᠠᠭ᠎ᠠ ᠶᠢ ᠲᠠᠰᠤᠷᠠᠯᠲᠠ ᠥᠬᠡᠶ ᠬᠥᠲᠥᠯᠦᠨ ᠵᠢᠯᠣᠭᠤᠳᠴᠤ ᠵᠢᠷᠤᠮᠵᠢᠭᠤᠯᠤᠨ᠂ ᠤᠳᠠ ᠲᠣᠭᠤᠷᠢᠭ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃   
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号