ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠵᠤ ᠤᠷᠲᠤ ᠬᠤᠭᠤᠴᠠᠭ᠎ᠠ ᠪᠦᠲᠦᠮᠵᠢᠲᠡᠶ | ᠪᠠᠶᠢᠯᠭᠠᠬᠤ ᠶᠢ ᠠᠬᠢᠭᠤᠯᠬᠤ ᠶᠢᠨ ᠲᠥᠯᠥᠭᠡ᠂ 12 ᠰᠠᠷ᠎ᠠ ᠶᠢᠨ 31 ᠤ ᠡᠳᠦᠷ᠂ ᠤᠳᠠ ᠲᠣᠭᠤᠷᠢᠭ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃ | ᠬᠤᠷᠠᠯ ᠳᠡᠭᠡᠷ᠎ᠡ᠂ ᠦᠬᠠᠢ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠰᠠᠭᠤᠷᠢ ᠤᠨᠤᠯ ᠤᠨ | ᠵᠢᠭᠠᠨ ᠰᠤᠳᠤᠯᠬᠤ ᠲᠠᠰᠤᠭ ᠤᠨ ᠯᠧᠺᠲ᠋ᠣᠷ᠂ ᠬᠤᠳᠠ ᠶᠢᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠨ | ᠪᠦᠷᠢᠯᠳᠦᠬᠦᠨ ᠵᠠᠩ ᠢᠦᠢ ᠸᠧᠢ ᠪᠠᠭᠰᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ | ᠥᠩᠭᠡᠷᠡᠯᠲᠡ ᠵᠢᠴᠢ ᠲᠡᠦᠬᠡ ᠶᠢᠨ ᠲᠤᠷᠰᠢᠯᠭ᠎ᠠ︾ ᠪᠠᠷ ᠭᠤᠣᠯ ᠰᠡᠳᠦᠪ ᠪᠣᠯᠭᠠᠨ ᠲᠤᠰᠬᠠᠢ ᠰᠡᠳᠦᠪᠲᠦ ᠬᠠᠪᠰᠤᠷᠤᠨ | ᠵᠢᠯᠤᠭᠤᠳᠤᠯᠭ᠎ᠠ ᠬᠢᠵᠦ᠂ ᠦᠨᠡᠨ ᠪᠣᠳᠠᠲᠠᠢ ᠬᠡᠷᠡᠭ ᠤᠨ ᠵᠢᠱᠢᠶ᠎ᠡ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ | ᠵᠠᠭᠤᠨ ᠵᠢᠯ ᠤᠨ ᠥᠩᠭᠡᠷᠡᠯᠲᠡ ᠵᠢᠴᠢ ᠲᠡᠦᠬᠡ ᠶᠢᠨ ᠲᠤᠷᠰᠢᠯᠭ᠎ᠠ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠶᠠᠷᠢᠵᠤ᠂ | ᠪᠦᠬᠦ ᠲᠤᠭᠤᠷᠢᠭ ᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠳᠤᠮᠳᠠᠳᠤ ᠤᠯᠤᠰ ᠤᠨ ᠡᠪ ᠬᠠᠮᠲᠤ | ᠨᠠᠮ ᠤᠨ ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠶᠢ ᠪᠦᠬᠦ ᠲᠠᠯ᠎ᠠ ᠪᠠᠷ ᠣᠶᠢᠯᠠᠭᠠᠬᠤ ᠳᠤ ᠡᠷᠬᠢᠮ ᠨᠠᠨᠳᠢᠨ | ᠬᠠᠷᠠᠭᠠᠰᠤ ᠬᠠᠩᠭᠠᠵᠠᠢ᠃ ᠬᠤᠷᠠᠯ ᠤᠨ ᠳᠠᠷᠠᠭ᠎ᠠ ᠣᠯᠠᠨ ᠢᠶᠠᠷ ᠢᠶᠠᠨ᠂ ᠬᠤᠶᠢᠰᠢᠳᠠ ᠶᠢᠨ ᠠᠵᠢᠯ ᠪᠠ ᠰᠤᠷᠤᠯᠴᠠᠯᠭ᠎ᠠ ᠶᠢᠨ | ᠳᠤᠮᠳᠠ᠂ ᠨᠠᠮ ᠤᠨ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠬᠤᠪᠢᠰᠬᠠᠯ ᠤᠨ ᠭᠧᠨ ᠢ | ᠤᠯᠠᠮᠵᠢᠯᠠᠵᠤ᠂ ᠤᠳᠠ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ | ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ | |