ᠲᠣᠭᠤᠷᠢᠭ ᠤᠨ ᠨᠠᠮ ᠤᠨ ᠬᠤᠷᠢᠶᠠᠨ ᠤ ᠪᠥᠬᠦ ᠲᠠᠯ᠎ᠠ ᠪᠠᠷ ᠬᠠᠤᠯᠢ ᠪᠠᠷ ᠲᠤᠭᠤᠷᠢᠭ ᠢᠶᠠᠨ ᠵᠠᠰᠠᠬᠤ ᠬᠤᠷᠢᠶᠠᠨ ᠤ ᠬᠠᠤᠯᠢ ᠶᠢ ᠰᠠᠬᠢᠬᠤ ᠬᠠᠤᠯᠢ ᠶᠢ ᠲᠦᠭᠡᠮᠡᠯᠵᠢᠭᠦᠯᠬᠦ ᠵᠣᠬᠢᠴᠠᠭᠤᠯᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/5
      12 ᠰᠠᠷ᠎ᠠ ᠶᠢᠨ 3 ᠤ ᠡᠳᠦᠷ᠂ ᠤᠳᠠ ᠲᠣᠭᠤᠷᠢᠭ ᠤᠨ ᠨᠠᠮ ᠤᠨ ᠬᠤᠷᠢᠶᠠᠨ ᠤ ᠪᠥᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠬᠤᠷᠢᠶᠠᠨ ᠤ ᠬᠠᠤᠯᠢ ᠶᠢ ᠰᠠᠬᠢᠬᠤ ᠬᠠᠤᠯᠢ ᠶᠢ ᠲᠦᠭᠡᠮᠡᠯᠵᠢᠭᠦᠯᠬᠦ ᠵᠣᠬᠢᠴᠠᠭᠤᠯᠬᠤ ᠳᠤᠭᠤᠶᠢᠯᠠᠩ ᠤᠨ ᠬᠤᠷᠠᠯ ᠵᠢᠴᠢ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠭᠤᠯᠵᠤ᠂ ᠲᠣᠭᠤᠷᠢᠭ ᠤᠨ ᠤᠳᠤᠷᠢᠳᠤᠯᠭ᠎ᠠ ᠾᠧ ᠶᠢᠩ ᠬᠤᠷᠠᠯ ᠳᠤ ᠣᠷᠣᠯᠴᠠᠪᠠ᠃      ᠬᠤᠷᠠᠯ ᠠᠴᠠ ᠪᠥᠬᠦ ᠲᠤᠭᠤᠷᠢᠭ ᠤᠨ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠵᠦ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ᠂ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠯᠢᠶᠠᠩ ᠵᠢᠶᠠ ᠭᠸᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢᠶᠠᠨ ᠲᠠᠰ ᠳᠠᠷᠠᠭᠠᠯᠠᠨ ᠬᠠᠷᠢᠭᠤ ᠮᠡᠳᠡᠭᠦᠯᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠬᠠᠤᠯᠢ ᠲᠦᠭᠡᠮᠡᠯᠵᠢᠭᠦᠯᠬᠦ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠡᠨ ᠬᠠᠮᠢᠶᠠᠷᠪᠠᠯ ᠬᠡᠨ ᠬᠠᠤᠯᠢ ᠲᠦᠭᠡᠮᠡᠯᠵᠢᠭᠦᠯᠬᠦ︾ ︽ᠬᠡᠨ ᠦᠢᠯᠡᠴᠢᠯᠡᠬᠦ ᠨᠢ ᠬᠡᠨ ᠬᠠᠤᠯᠢ ᠲᠦᠭᠡᠮᠡᠯᠵᠢᠭᠦᠯᠬᠦ︾ ᠱᠠᠭᠠᠷᠳᠠᠯᠭ᠎ᠠ ᠶᠣᠰᠣᠭᠠᠷ᠂ ︽ᠬᠠᠤᠯᠢ ᠲᠦᠭᠡᠮᠡᠯᠵᠢᠭᠦᠯᠬᠦ︾ ᠠᠵᠢᠯ ᠤᠨ ᠪᠠᠶᠢᠷᠢᠰᠢᠯ ᠢ ᠢᠳᠡᠪᠬᠢᠲᠡᠢ ᠪᠠᠶᠢᠭᠤᠯᠵᠤ᠂ ᠬᠠᠤᠯᠢ ᠲᠦᠭᠡᠮᠡᠯᠵᠢᠭᠦᠯᠬᠦ ᠡᠯ᠎ᠡ ᠵᠦᠢᠯ ᠤᠨ ᠠᠵᠢᠯ ᠤᠨ ᠪᠣᠳᠠᠲᠠᠢ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ︽ᠲᠠᠪᠤᠨ ᠶᠡᠭᠡ ᠡᠭᠦᠷᠭᠡ︾ ᠶᠢ ᠰᠠᠶᠢᠲᠤᠷ ᠨᠠᠶᠢᠳᠠᠪᠤᠷᠢᠵᠢᠭᠤᠯᠬᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠣᠭᠤᠷᠢᠨ ᠳᠤ᠂ ᠪᠦᠬᠦ ᠠᠷᠠᠳ ᠢᠷᠭᠡᠳ ᠤᠨ ᠬᠠᠤᠯᠢ ᠴᠠᠭᠠᠵᠠ ᠶᠢᠨ ᠤᠬᠠᠮᠰᠠᠷ ᠪᠠ ᠬᠠᠤᠯᠢᠵᠢᠯ ᠤᠨ ᠬᠡᠪ ᠪᠣᠯᠪᠠᠰᠤᠷᠠᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠠᠷᠠᠳ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠭᠤᠯᠭ᠎ᠠ᠂ ᠬᠡᠯᠪᠡᠷᠢ ᠪᠠ ᠠᠷᠭ᠎ᠠ ᠵᠠᠮ ᠢ ᠲᠠᠰᠤᠷᠠᠯᠳᠠ ᠦᠭᠡᠢ ᠰᠢᠨᠡᠴᠢᠯᠡᠵᠦ᠂ ᠬᠠᠤᠯᠢᠵᠢᠯ ᠤᠨ ᠰᠣᠶᠣᠯ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠶᠡᠭᠡ ᠪᠠᠷ ᠪᠤᠶᠢᠵᠢᠭᠤᠯᠤᠨ ᠦᠢᠯᠡᠳᠦᠯᠭᠡᠵᠢᠭᠦᠯᠵᠦ᠂ ᠬᠠᠤᠯᠢᠵᠢᠯ ᠤᠨ ᠤᠬᠠᠭᠤᠯᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ ᠭᠡᠵᠠᠢ᠃   
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号