ᠶᠡᠷᠦᠩᠬᠡᠢ ᠪᠡᠯᠡ ᠣᠷᠣᠭᠤᠯᠤᠯᠲᠠ ᠨᠢ 43 ᠳ᠋ᠦᠩᠰᠢᠭᠤᠷ ᠲᠥᠭᠦᠷᠢᠭ ᠲᠤ ᠬᠦᠷᠦᠭᠰᠡᠨ ᠥᠪᠥᠷ ᠮᠣᠩᠭᠤᠯ ᠤᠨ ᠵᠢᠶᠦ᠋ᠨ ᠵᠧᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 300 ᠲᠦᠮᠡᠨ ᠲᠣᠨ/ᠵᠢᠯ ᠤᠨ ᠬᠡᠦᠷᠰᠢᠭᠦᠯᠦᠯᠲᠡ ᠶᠢ ᠡᠮᠬᠢᠯᠡᠨ ᠨᠡᠶᠢᠯᠡᠭᠦᠯᠵᠦ ᠲᠠᠰ ᠳᠡᠪᠰᠢᠭᠦᠯᠬᠦ ᠢᠵᠢ ᠪᠦᠷᠢᠳᠦᠭᠦᠯᠬᠦ ᠲᠥᠷᠥᠯ ᠵᠦᠢᠯ 3 ᠬᠡᠦᠷᠡᠰᠦᠨ ᠵᠤᠤᠬ᠎ᠠ ᠶᠢ ᠠᠮᠵᠢᠯᠲᠠ ᠲᠠᠢ ᠪᠠᠷ ᠬᠡᠦᠷᠰᠢᠭᠦᠯᠪᠡ
ᠨᠡᠶᠢᠲᠡᠯᠡᠭᠰᠡᠨ ᠴᠠᠭ᠄
2024/2/28
    ᠥᠪᠥᠷ ᠮᠣᠩᠭᠤᠯ ᠤᠨ ᠵᠢᠶᠦ᠋ᠨ ᠵᠧᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 300 ᠲᠦᠮᠡᠨ ᠲᠣᠨ/ᠵᠢᠯ ᠳᠤ ᠬᠡᠦᠷᠰᠢᠭᠦᠯᠦᠨ ᠨᠡᠶᠢᠯᠡᠭᠦᠯᠵᠦ ᠲᠠᠰ ᠳᠡᠪᠰᠢᠭᠦᠯᠬᠦ ᠢᠵᠢ ᠪᠦᠷᠢᠳᠦᠭᠦᠯᠬᠦ ᠲᠥᠷᠥᠯ ᠵᠦᠢᠯ ᠳᠤ ᠨᠡᠶᠢᠲᠡ 43 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠳᠡᠯᠡᠬᠡᠢ ᠳᠡᠭᠡᠷᠡᠬᠢ ᠬᠡᠲᠦ ᠶᠡᠭᠡ ᠪᠠᠭᠲᠠᠭᠠᠮᠵᠢ ᠲᠠᠢ ᠬᠡᠦᠷᠰᠢᠭᠦᠯᠬᠦ ᠵᠤᠤᠬ᠎ᠠ ᠶᠢᠨ ᠮᠠᠰᠢᠨ ᠮᠧᠬᠠᠨᠢᠭ ᠤᠨ ᠬᠠᠮᠤᠭ ᠤᠨ ᠲᠡᠷᠢᠭᠦᠨ ᠤ ᠮᠡᠷᠭᠡᠵᠢᠯ ᠢ ᠬᠡᠷᠡᠭᠯᠡᠨ᠂ ᠨᠡᠭᠦᠷᠡᠰᠦᠵᠢᠭᠦᠯᠬᠦ ᠲᠠᠰᠤᠭ ᠤᠨ ᠥᠨᠳᠥᠷ ᠤᠨ ᠬᠡᠮᠵᠢᠶ᠎ᠡ ᠨᠢ 6.78 ᠮᠧᠲᠷ 4×65 ᠨᠦᠬᠡ ᠲᠠᠢ 300 ᠲᠦᠮᠡᠨ ᠲᠣᠨ ᠬᠡᠦᠷᠰᠢᠭᠦᠯᠬᠦ ᠵᠤᠤᠬ᠎ᠠ ᠶᠢ ᠪᠦᠲᠦᠭᠡᠨ ᠪᠠᠶᠢᠭᠤᠯᠵᠤ᠂ ᠲᠥᠬᠦᠭᠡᠷᠦᠮᠵᠢ ᠶᠢᠨ ᠨᠡᠭᠦᠷᠡᠰᠦ ᠳᠠᠮᠵᠢᠭᠤᠯᠬᠤ ᠰᠢᠰᠲ᠋ᠧᠮ᠂ ᠨᠡᠭᠦᠷᠡᠰᠦᠨ ᠬᠡᠢ ᠶᠢ ᠴᠡᠪᠡᠷᠰᠢᠭᠦᠯᠬᠦ ᠰᠢᠰᠲ᠋ᠧᠮ᠂ ᠬᠦᠬᠦᠷ ᠦᠭᠡᠶᠢᠳᠡᠭᠦᠯᠬᠦ ᠱᠡᠦ ᠦᠭᠡᠶᠢᠳᠡᠭᠦᠯᠬᠦ ᠰᠢᠰᠲ᠋ᠧᠮ᠂ ᠪᠣᠬᠢᠷ ᠤᠰᠤ ᠶᠢ ᠰᠢᠢᠳᠪᠦᠷᠢᠯᠡᠬᠦ ᠰᠢᠰᠲ᠋ᠧᠮ ᠵᠡᠷᠭᠡ ᠲᠥᠬᠦᠭᠡᠷᠦᠮᠵᠢ ᠶᠢ ᠢᠵᠢ ᠪᠦᠷᠢᠳᠦᠭᠦᠯᠦᠨ ᠪᠠᠶᠢᠭᠤᠯᠤᠨ᠎ᠠ᠃      ᠣᠲᠣ ᠪᠣᠯᠲᠠᠯ᠎ᠠ᠂ ᠨᠢᠭᠡᠨᠲᠡ 45 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠨᠢᠭᠡᠨᠲᠡ ᠪᠦᠷᠢᠨ ᠭᠦᠢᠴᠡᠳ ᠪᠣᠯᠵᠤ᠂ 4 ᠬᠡᠦᠷᠡᠰᠦᠨ ᠵᠤᠤᠬ᠎ᠠ ᠶᠢ 2023 ᠣᠨ ᠤ 12 ᠰᠠᠷ᠎ᠠ ᠶᠢᠨ 11 ᠤ ᠡᠳᠦᠷ ᠬᠡᠦᠷᠡᠰᠦ ᠭᠠᠷᠭᠠᠪᠠ︔ 3 ᠬᠡᠦᠷᠡᠰᠦᠨ ᠵᠤᠤᠬ᠎ᠠ ᠶᠢ 2024 ᠣᠨ ᠤ 2 ᠰᠠᠷ᠎ᠠ ᠶᠢᠨ 18 ᠤ ᠡᠳᠦᠷ ᠵᠢᠩᠬᠢᠨᠢ ᠪᠠᠷ ᠨᠡᠭᠦᠷᠡᠰᠦ ᠣᠷᠣᠭᠤᠯᠵᠤ᠂ 2 ᠰᠠᠷ᠎ᠠ ᠶᠢᠨ 20 ᠤ ᠡᠳᠦᠷ ᠬᠡᠦᠷᠡᠰᠦ ᠭᠠᠷᠭᠠᠪᠠ᠂ ᠤᠳᠤ ᠨᠢᠭᠡᠨᠲᠡ 33493 ᠲᠣᠨ ᠬᠡᠦᠷᠡᠰᠦ ᠭᠠᠷᠭᠠᠪᠠ︔ 2 ᠬᠡᠦᠷᠡᠰᠦᠨ ᠵᠤᠤᠬ᠎ᠠ ᠶᠢ 3 ᠰᠠᠷ᠎ᠠ ᠶᠢᠨ ᠰᠡᠭᠦᠯᠴᠢ ᠪᠠᠷ ᠨᠡᠭᠦᠷᠡᠰᠦ ᠣᠷᠣᠭᠤᠯᠬᠤ ᠪᠠᠷ ᠵᠢᠱᠢᠵᠦ ᠪᠤᠢ᠂ 1 ᠬᠡᠦᠷᠡᠰᠦᠨ ᠵᠤᠤᠬ᠎ᠠ ᠶᠢ 4 ᠰᠠᠷ᠎ᠠ ᠶᠢᠨ ᠰᠡᠭᠦᠯᠴᠢ ᠪᠠᠷ ᠨᠡᠭᠦᠷᠡᠰᠦ ᠣᠷᠣᠭᠤᠯᠬᠤ ᠪᠠᠷ ᠵᠢᠱᠢᠵᠦ ᠪᠤᠢ᠃ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠪᠥᠬᠦ ᠱᠤᠭᠤᠮ ᠢᠶᠠᠷ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠯ ᠤᠨ ᠦᠢᠯᠡᠳᠬᠦᠨ ᠤ ᠥᠷᠲᠡᠭ ᠢ 40 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠢᠯ ᠤᠨ ᠠᠰᠢᠭ ᠭᠠᠶᠢᠯᠢ ᠶᠢ 1.8 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠵᠢᠯ ᠤᠨ ᠪᠠᠶᠢᠷᠢ ᠶᠢ 800 ᠬᠠᠩᠭᠠᠨ᠎ᠠ᠃ ᠲᠣᠰ ᠲᠥᠷᠥᠯ ᠤᠨ ᠪᠦᠲᠦᠭᠡᠨ ᠪᠠᠶᠢᠭᠤᠯᠤᠯᠲᠠ ᠨᠢ ᠥᠪᠥᠷ ᠮᠣᠩᠭᠤᠯ ᠤᠨ ᠵᠢᠶᠦ᠋ᠨ ᠵᠧᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠡᠭᠦᠷᠡᠰᠦᠨ ᠤ ᠬᠡᠦᠷᠡᠰᠦᠨ ᠬᠢᠮᠢ ᠶᠢᠨ ᠠᠵᠤ ᠦᠢᠯᠡᠳᠪᠦᠷᠢ ᠬᠢᠭᠡᠳ ᠡᠲ᠋ᠢᠨ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠦᠢᠯᠡᠰ ᠤᠨ ᠬᠤᠯᠪᠣᠯᠳᠤᠨ ᠲᠠᠰ ᠳᠡᠪᠰᠢᠬᠦ ᠳᠤ ᠠᠰᠢᠭᠲᠠᠢ ᠪᠠᠶᠢᠵᠤ᠂ ᠡᠬᠢ ᠪᠠᠶᠠᠯᠢᠭ᠂ ᠡᠨᠧᠷᠭᠢ ᠶᠢᠨ ᠰᠤᠷᠪᠤᠯᠵᠢ ᠶᠢ ᠬᠠᠮᠤᠭ ᠤᠨ ᠶᠡᠭᠡ ᠪᠠᠷ ᠠᠰᠢᠭᠯᠠᠬᠤ ᠶᠢ ᠪᠡᠶᠡᠯᠡᠭᠦᠯᠦᠨ᠂ ᠤᠳᠠ ᠲᠤᠭᠤᠷᠢᠭ ᠤᠨ ᠤᠯᠠᠮᠵᠢᠯᠠᠯᠲᠤ ᠠᠵᠤ ᠦᠢᠯᠡᠰ ᠤᠨ ︽ᠦᠢᠷᠡᠯᠲᠡ︾ ᠶᠢ ᠲᠦᠷᠭᠡᠳᠬᠡᠵᠦ᠂ ᠭᠠᠵᠠᠷ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠳᠤ ᠠᠰᠢᠭᠲᠠᠢ ᠶᠤᠮ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号