ᠲᠤᠭᠤᠷᠢᠭ ᠤᠨ ᠵᠠᠰᠠᠭ ᠤᠨ ᠣᠷᠳᠣᠨ ᠤ 2024 ᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/2/29
    2 ᠰᠠᠷ᠎ᠠ ᠶᠢᠨ 28 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠯᠢᠦ ᠬᠤ᠋ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ 4 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠂ ᠦᠬᠠᠢ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠤᠨ ᠲᠣᠬᠢᠷᠠᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠤᠳᠠ ᠲᠣᠭᠤᠷᠢᠭ ᠤᠨ ᠬᠤᠲᠠ ᠪᠠᠯᠭᠠᠰᠤᠨ ᠤ ᠢᠯᠴᠢ ᠳᠤᠯᠠᠭᠠᠯᠠᠭ᠎ᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠥᠯ ︵ᠬᠦᠷᠭᠡᠨ ᠬᠢᠨᠠᠭᠤᠯᠬᠤ ᠨᠣᠣᠷᠠᠭ︶︾ ᠵᠡᠷᠭᠡ ᠶᠠᠪᠤᠳᠠᠯ ᠢ ᠰᠤᠳᠤᠯᠵᠤ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠪᠥᠬᠦ ᠤᠯᠤᠰ ᠤᠨ ᠬᠤᠶᠠᠷ ᠬᠤᠷᠠᠯ ᠤᠨ ᠵᠠᠬᠢᠳᠠᠯ ᠰᠣᠷᠪᠤᠯᠵᠢᠯᠠᠭ᠎ᠠ ᠶᠢᠨ ᠠᠮᠤᠷ ᠲᠦᠪᠰᠢᠨ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠵᠠᠬᠢᠳᠠᠯ ᠰᠣᠷᠪᠤᠯᠵᠢᠯᠠᠭ᠎ᠠ ᠶᠢᠨ ᠮᠡᠳᠡᠭᠡ ᠵᠠᠩᠭᠢ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠂ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ᠂ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ᠂ ᠵᠥᠷᠢᠴᠡᠯ ᠢ ᠨᠠᠮᠳᠠᠭᠤᠯᠬᠤ᠂ ᠰᠣᠷᠪᠤᠯᠵᠢᠯᠠᠭ᠎ᠠ ᠶᠢ ᠭᠥᠯᠢᠶᠡᠨ ᠠᠪᠴᠤ ᠳᠣᠷᠣᠭᠰᠢ ᠪᠠᠭᠤᠵᠤ ᠰᠤᠷᠪᠤᠯᠵᠢᠯᠠᠬᠤ᠂ ᠵᠢᠵᠢᠭᠦᠷᠯᠡᠨ ᠰᠣᠷᠪᠤᠯᠵᠢᠯᠠᠭ᠎ᠠ ᠶᠢ ᠭᠥᠯᠢᠶᠡᠨ ᠠᠪᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠵᠠᠬᠢᠳᠠᠯ ᠰᠣᠷᠪᠤᠯᠵᠢᠯᠠᠭ᠎ᠠ ᠶᠢᠨ ᠡᠮᠬᠢ ᠳᠢᠭᠯᠢᠮ ᠤᠨ ᠲᠣᠭᠲᠠᠭᠤᠨ ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ ᠪᠠᠬᠢᠵᠢᠭᠦᠯᠦᠨ᠎ᠡ᠃ ᠬᠤᠳᠠ ᠪᠠᠯᠭᠠᠰᠤᠨ ᠤ ᠢᠯᠴᠢ ᠬᠠᠩᠭᠠᠬᠤ ᠲᠤᠯᠠᠭᠠᠴᠠᠯᠭ᠎ᠠ ᠶᠢᠨ ᠢᠨᠵᠧᠨᠧᠷᠢᠩ ᠢ ᠲᠦᠷᠭᠡᠨ ᠡᠷᠬᠢᠯᠡᠵᠤ ᠰᠠᠶᠢᠲᠤᠷ ᠬᠡᠷᠡᠭᠵᠢᠭᠦᠯᠬᠦ ᠶᠢ ᠴᠢᠩᠭ᠎ᠠ ᠠᠳᠬᠤᠵᠤ᠂ ᠢᠯᠴᠢ ᠶᠢᠨ ᠡᠬᠢ ᠰᠤᠷᠪᠤᠯᠵᠢ ᠶᠢᠨ ᠪᠠᠲᠤᠯᠠᠭ᠎ᠠ᠂ ᠢᠯᠴᠢ ᠶᠢᠨ ᠲᠣᠣᠷ ᠤᠨ ᠰᠢᠨᠡᠴᠢᠯᠡᠯᠲᠡ᠂ ᠣᠶᠤᠨᠴᠢᠯᠠᠯᠲᠠ ᠶᠢᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ᠂ ᠰᠤᠯᠠ ᠨᠡᠭᠦᠷᠡᠰᠦ ᠶᠢ ᠵᠠᠰᠠᠬᠤ ᠵᠡᠷᠭᠡ ᠬᠤᠳᠠ ᠪᠠᠯᠭᠠᠰᠤᠨ ᠤ ᠢᠯᠴᠢ ᠬᠠᠩᠭᠠᠬᠤ ᠬᠦᠷᠢᠶ᠎ᠡ ᠶᠢ ᠴᠢᠩᠭ᠎ᠠ ᠠᠩᠬᠠᠷᠴᠤ᠂ ᠠᠰᠠᠭᠤᠳᠠᠯ ᠢ ᠪᠠᠶᠢᠴᠠᠭᠠᠨ ᠳᠤᠲᠠᠭᠤᠳᠠᠯ ᠢ ᠨᠥᠬᠦᠪᠦᠷᠢᠯᠡᠵᠦ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠰᠡᠳᠬᠢᠯ ᠲᠠᠯᠪᠢᠵᠤ ᠬᠦᠴᠦ ᠣᠷᠣᠭᠤᠯᠤᠨ ︽ᠲᠤᠯᠠᠭᠠᠨ︾ᠦᠰᠦᠭ ᠢ ᠨᠠᠷᠢᠨ ᠪᠣᠳᠠᠲᠠᠢ ᠪᠢᠴᠢᠵᠦ᠂ ᠤᠯᠠᠨ ᠲᠦᠮᠡᠨ ᠤ ᠬᠠᠨᠤᠮᠵᠢᠲᠠᠢ ᠪᠠᠶᠢᠬᠤ ᠪᠠᠷ ᠪᠠᠷᠢᠮᠵᠢᠶ᠎ᠠ ᠪᠣᠯᠭᠠᠵᠤ᠂ ᠤᠯᠠᠨ ᠲᠦᠮᠡᠨ ᠤ ᠳᠤᠯᠠᠭᠠᠯᠭ᠎ᠠ ᠶᠢᠨ ᠠᠰᠠᠭᠤᠳᠠᠯ ᠢ ᠰᠢᠰᠲ᠋ᠧᠮᠵᠢᠲᠦ ᠴᠢᠨᠠᠷᠲᠠᠢ ᠪᠠᠷ ᠰᠠᠶᠢᠲᠤᠷ ᠰᠢᠢᠳᠪᠦᠷᠢᠯᠡᠵᠦ᠂ ᠥᠷᠭᠡᠨ ᠤᠯᠠᠨ ᠲᠦᠮᠡᠨ ᠤ ᠳᠤᠯᠠᠭᠠᠨ ᠣᠷᠣᠨ ᠰᠠᠭᠤᠴᠠ ᠶᠢ ᠨᠡᠩ ᠳᠤᠯᠠᠭᠠᠴᠠᠭᠤᠯᠬᠤ ᠬᠡᠷᠡᠭᠲᠡᠢ ᠭᠡᠵᠠᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号