ᠪᠦᠬᠦ ᠤᠯᠤᠰ ᠤᠨ ᠠᠯᠳᠠᠷᠲᠤ ᠣᠨᠴᠠ ᠳᠡᠰ ᠤᠨ ᠪᠠᠭᠰᠢ ᠤᠳᠠ ᠲᠤᠭᠤᠷᠢᠭ ᠲᠤ ᠢᠷᠡᠵᠦ ᠲᠤᠬᠠᠢ ᠶᠢᠨ ᠭᠠᠵᠠᠷ ᠤᠨ ᠬᠢᠴᠢᠶᠡᠯ ᠬᠥᠮᠦᠵᠢᠯ ᠤᠨ ᠰᠣᠯᠢᠯᠴᠠᠭ᠎ᠠ ᠬᠢᠪᠡ
ᠨᠡᠶᠢᠲᠡᠯᠡᠭᠰᠡᠨ ᠴᠠᠭ᠄
2024/3/1
    ᠰᠢᠨ᠎ᠡ ᠬᠢᠴᠢᠶᠡᠯ ᠤᠨ ᠪᠠᠷᠢᠮᠵᠢᠶ᠎ᠠ ᠶᠢᠨ ᠣᠶᠢᠯᠠᠭᠠᠭᠳᠠᠬᠤᠨ ᠢ ᠪᠥᠬᠦ ᠲᠠᠯ᠎ᠠ ᠪᠠᠷ ᠡᠵᠡᠮᠳᠡᠵᠦ᠂ ᠬᠢᠴᠢᠶᠡᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠪᠠᠭᠰᠢ ᠶᠢᠨ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠳᠡᠭᠡᠭᠰᠢᠯᠡᠭᠦᠯᠵᠦ᠂ ᠰᠣᠷᠣᠭᠴᠢ ᠶᠢᠨ ᠭᠤᠣᠯᠯᠠᠬᠤ ᠬᠡᠪ ᠪᠣᠯᠪᠠᠰᠤᠷᠠᠯ ᠢ ᠨᠠᠶᠢᠳᠠᠪᠤᠷᠢᠵᠢᠭᠤᠯᠤᠨ᠂ ᠪᠠᠭᠰᠢ ᠶᠢ ᠬᠥᠲᠥᠯᠥᠨ ᠵᠢᠯᠤᠭᠤᠳᠴᠤ ᠪᠠᠶᠢᠭᠠᠳ ᠡᠳᠦᠷ ᠲᠤᠲᠤᠮ ᠤᠨ ᠵᠢᠭᠠᠨ ᠰᠤᠷᠭᠠᠯᠲᠠ ᠶᠢᠨ ᠳᠤᠮᠳᠠ ᠵᠢᠭᠠᠨ ᠰᠤᠷᠭᠠᠯᠲᠠ ᠶᠢ ᠰᠠᠶᠢᠵᠢᠷᠠᠭᠤᠯᠤᠨ᠂ ᠶᠠᠰᠤ ᠴᠢᠨᠠᠷ ᠢ ᠨᠢ ᠳᠡᠭᠡᠭᠰᠢᠯᠡᠭᠦᠯᠬᠦ ᠶᠢᠨ ᠲᠥᠯᠥᠭᠡ᠂ 2024 ᠣᠨ ᠤ 2 ᠰᠠᠷ᠎ᠠ ᠶᠢᠨ 27 ᠤ ᠡᠳᠦᠷ᠂ ᠤᠳᠠ ᠲᠣᠭᠤᠷᠢᠭ ᠤᠨ ᠬᠢᠨ ︽ᠠᠰᠠᠭᠤᠳᠠᠯ᠂ ᠰᠡᠳᠬᠢᠬᠦᠢ᠂ ᠬᠡᠪ ᠪᠣᠯᠪᠠᠰᠤᠷᠠᠯ︾ ᠭᠡᠬᠦ ᠭᠤᠣᠯ ᠰᠡᠳᠦᠪᠲᠦ ᠲᠣᠭᠠᠨ ᠤ ᠤᠬᠠᠭᠠᠨ ᠤ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢ ᠰᠤᠳᠤᠯᠤᠨ ᠶᠠᠷᠢᠯᠴᠠᠵᠤ ᠰᠣᠯᠢᠯᠴᠠᠬᠤ ᠠᠵᠢᠯᠯᠠᠭ᠎ᠠ ᠥᠷᠨᠢᠭᠦᠯᠵᠦ᠂ ᠪᠥᠬᠦ ᠤᠯᠤᠰ ᠤᠨ ᠨᠠᠷᠠᠲᠤ ᠣᠨᠴᠠ ᠲᠠᠰ ᠤᠨ ᠪᠠᠭᠰᠢ ᠦ᠋ ᠵᠧᠩ ᠰᠢᠶᠠᠨ ᠪᠠᠭᠰᠢ᠂ ᠣᠨᠴᠠ ᠲᠠᠰ ᠤᠨ ᠪᠠᠭᠰᠢ ᠦ᠋ ᠸᠧᠢ ᠮᠢᠨ ᠪᠠᠭᠰᠢ ᠶᠢ ᠤᠷᠢᠵᠤ ᠵᠢᠭᠠᠨ ᠵᠢᠯᠣᠭᠤᠳᠤᠭᠤᠯᠪᠠ᠃ ᠪᠦᠬᠦ ᠬᠤᠳᠠ ᠶᠢᠨ ᠬᠠᠮᠢᠶ᠎ᠠ ᠪᠦᠬᠦᠢ ᠵᠢᠭᠠᠨ ᠰᠤᠳᠤᠯᠤᠭᠴᠢ ᠵᠢᠴᠢ ᠰᠤᠷᠭᠠᠭᠤᠯᠢ ᠶᠢᠨ ᠵᠠᠬᠢᠷᠤᠯ᠂ ᠳᠡᠳ᠋ ᠵᠠᠬᠢᠷᠤᠯ᠂ ᠲᠣᠭᠠᠨ ᠤ ᠤᠬᠠᠭᠠᠨ ᠤ ᠪᠠᠭᠰᠢ ᠠᠵᠢᠯᠯᠠᠭ᠎ᠠ ᠳᠤ ᠣᠷᠣᠯᠴᠠᠪᠠ᠃
     ᠠᠵᠢᠯᠯᠠᠭ᠎ᠠ ᠶᠢᠨ ᠳᠤᠮᠳᠠ᠂ ᠤᠳᠠ ᠲᠣᠭᠤᠷᠢᠭ ᠠᠴᠠ 3 ᠪᠠᠭᠰᠢ ᠶᠢ ᠰᠣᠩᠭᠤᠨ ᠲᠣᠮᠢᠯᠠᠵᠤ ᠦ᠋ ᠵᠧᠩ ᠰᠢᠶᠠᠨ ᠪᠠᠭᠰᠢ ᠲᠠᠢ ᠠᠳᠠᠯᠢ ᠬᠢᠴᠢᠶᠡᠯ ᠤᠨ ᠣᠨᠳᠣᠣ ᠪᠦᠲᠦᠴᠡ ᠲᠠᠢ ᠪᠣᠯᠭᠠᠬᠤ ᠶᠢ ᠥᠷᠨᠢᠭᠦᠯᠵᠡᠢ᠃ ᠬᠢᠴᠢᠶᠡᠯ ᠤᠨ ᠳᠠᠷᠠᠭ᠎ᠠ᠂ ᠦ᠋ ᠵᠧᠩ ᠰᠢᠶᠠᠨ ᠪᠠᠭᠰᠢ ᠪᠦᠬᠦᠯᠢ ᠴᠣᠭᠴᠠ ᠶᠢᠨ ᠬᠠᠷᠠᠭᠠᠰᠤ ᠠᠴᠠ ᠲᠣᠭᠠᠨ ᠤ ᠤᠬᠠᠭᠠᠨ ᠤ ᠵᠢᠭᠠᠬᠤ ᠮᠠᠲ᠋ᠧᠷᠢᠶᠠᠯ ᠢ ᠲᠠᠶᠢᠯᠪᠤᠷᠢᠯᠠᠬᠤ ᠶᠢᠨ ᠬᠠᠮᠲᠤ ᠪᠠᠭᠰᠢ ᠨᠠᠷ ᠲᠠᠢ ᠠᠰᠠᠭᠤᠯᠲᠠ ᠬᠠᠷᠢᠭᠤᠯᠲᠠ ᠶᠢᠨ ᠬᠡᠯᠪᠡᠷᠢ ᠪᠠᠷ ᠬᠠᠷᠢᠯᠴᠠᠵᠤ᠂ ᠪᠠᠭᠰᠢ ᠨᠠᠷ ᠢ ᠬᠡᠦᠬᠡᠳ ᠤᠨ ᠵᠣᠭᠰᠣᠯᠲᠠ ᠳᠤ ᠵᠣᠭᠰᠣᠵᠤ᠂ ᠥᠨᠳᠥᠷ ᠪᠠᠶᠢᠷᠢᠨ ᠳᠤ ᠵᠣᠭᠰᠣᠵᠤ ᠲᠣᠭᠠᠨ ᠤ ᠤᠬᠠᠭᠠᠨ ᠤ ᠮᠡᠳᠡᠯᠭᠡ ᠶᠢᠨ ᠮᠥᠨ ᠴᠢᠨᠠᠷ ᠲᠤ ᠬᠠᠨᠳᠤᠭᠠᠷᠠᠢ ᠭᠡᠵᠦ ᠵᠣᠷᠢᠭᠵᠢᠭᠤᠯᠪᠠ᠃      ᠲᠤᠰ ᠤᠳᠠᠭᠠᠨ ᠤ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠰᠣᠯᠢᠯᠴᠠᠭ᠎ᠠ ᠪᠠ ᠰᠤᠳᠤᠯᠤᠨ ᠶᠠᠷᠢᠯᠴᠠᠬᠤ ᠪᠠᠭᠰᠢ ᠨᠠᠷ ᠵᠢᠭᠠᠨ ᠰᠤᠷᠭᠠᠯᠲᠠ ᠶᠢᠨ ᠠᠷᠭ᠎ᠠ ᠶᠢᠨ ᠲᠤᠬᠠᠢ ᠭᠦᠨᠵᠡᠭᠡᠢ ᠰᠡᠳᠬᠢᠨ ᠪᠣᠳᠣᠯᠬᠢᠯᠠᠬᠤ᠂ ᠵᠢᠭᠠᠨ ᠰᠤᠷᠭᠠᠯᠲᠠ ᠶᠢᠨ ᠠᠭᠤᠯᠭ᠎ᠠ ᠶᠢ ᠭᠦᠨᠵᠡᠭᠡᠢ ᠠᠭᠤᠳᠠᠯᠬᠤ ᠪᠠ ᠰᠤᠷᠭᠠᠨ ᠬᠥᠮᠦᠵᠢᠯ ᠤᠨ ᠲᠤᠬᠠᠢ ᠥᠪᠡᠷ ᠢ ᠪᠠᠨ ᠬᠢᠨᠠᠨ ᠰᠢᠨᠵᠢᠬᠦ ᠪᠠᠨ ᠳᠡᠭᠡᠭᠰᠢᠯᠡᠭᠦᠯᠵᠦ᠂ ᠬᠡᠦᠬᠡᠳ ᠤᠨ ᠵᠣᠭᠰᠣᠯᠲᠠ ᠠᠴᠠ ᠵᠢᠭᠠᠨ ᠰᠤᠷᠭᠠᠯᠲᠠ ᠶᠢ ᠰᠡᠳᠬᠢᠬᠦ ᠤᠬᠠᠮᠰᠠᠷ ᠢᠶᠠᠨ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠰᠤᠷᠤᠯᠴᠠᠵᠤ᠂ ᠬᠠᠷᠢᠯᠴᠠᠨ ᠰᠣᠯᠢᠯᠴᠠᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠦᠷ᠎ᠡ ᠠᠰᠢᠭ ᠢ ᠨᠡᠮᠡᠭᠳᠡᠭᠦᠯᠦᠨ ᠶᠠᠰᠤ ᠴᠢᠨᠠᠷ ᠢ ᠳᠡᠭᠡᠭᠰᠢᠯᠡᠭᠦᠯᠬᠦ ᠰᠢᠨ᠎ᠡ ᠠᠷᠭ᠎ᠠ ᠶᠢ ᠢᠳᠡᠪᠬᠢᠲᠡᠢ ᠰᠦᠪᠡᠭᠴᠢᠯᠡᠵᠦ᠂ ᠰᠢᠯᠢᠳᠡᠭ ᠬᠢᠴᠢᠶᠡᠯ ᠢᠶᠠᠷ ᠰᠤᠷᠤᠭᠴᠢᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠬᠤ ᠪᠠᠷ ᠵᠣᠷᠢᠭ ᠰᠢᠭᠤᠳᠴᠠᠢ᠃
     ᠳᠠᠷᠠᠭᠠᠴᠢ ᠶᠢᠨ ᠠᠯᠬᠤᠮ ᠳᠤ᠂ ᠤᠳᠠ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠦᠷᠭᠦᠯᠵᠢᠯᠡᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠬᠠᠷᠠᠯᠲᠠ ᠶᠢ ᠲᠣᠭᠲᠠᠭᠠᠵᠤ᠂ ᠪᠣᠭᠤᠮᠢ ᠶᠢ ᠰᠢᠪᠲᠤᠯᠵᠤ᠂ ᠳᠠᠪᠠᠭᠤᠯᠢᠭ ᠢ ᠲᠥᠪᠯᠡᠷᠡᠭᠦᠯᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠰᠢᠯᠢᠳᠡᠭᠵᠢᠭᠦᠯᠬᠦ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠭᠠᠷᠳᠠᠴᠠ ᠪᠣᠯᠭᠠᠵᠤ᠂ ᠰᠤᠷᠭᠠᠨ ᠬᠥᠮᠦᠵᠢᠯ ᠤᠨ ᠵᠠᠩᠭᠢᠯᠠᠭ᠎ᠠ ᠶᠢ ᠨᠠᠪᠲᠠᠷᠡᠭᠦᠯᠵᠦ᠂ ᠰᠤᠷᠭᠠᠨ ᠬᠥᠮᠦᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠪᠦᠬᠦ ᠲᠤᠭᠤᠷᠢᠭ ᠤᠨ ᠰᠤᠷᠭᠠᠨ ᠬᠥᠮᠦᠵᠢᠯ ᠤᠨ ᠠᠵᠢᠯ ᠤᠨ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号