ᠯᠢᠦ ᠬᠤ᠋ ᠭᠤᠣᠯᠳᠠᠯᠭ᠎ᠠ ᠲᠠᠢ ᠲᠥᠷᠥᠯ ᠵᠦᠢᠯ ᠤᠨ ᠲᠤᠬᠠᠢ ᠶᠢᠨ ᠲᠠᠯᠠᠪᠤᠷ ᠲᠤ ᠭᠦᠨᠵᠡᠭᠡᠶᠢᠷᠡᠨ ︽ᠲᠣᠭᠤᠷᠢᠭ ᠤᠨ ᠳᠠᠷᠤᠭ᠎ᠠ ᠶᠢᠨ ᠦᠢᠯᠡᠴᠢᠯᠡᠭᠡᠨ ᠤ ᠡᠳᠦᠷ︾ ᠢ ᠰᠤᠷᠪᠤᠯᠵᠢᠯᠠᠨ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/1
     2 ᠰᠠᠷ᠎ᠠ ᠶᠢᠨ 29 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠯᠢᠦ ᠬᠤ᠋ ᠭᠤᠣᠯᠳᠠᠯᠭ᠎ᠠ ᠲᠠᠢ ᠲᠥᠷᠥᠯ ᠵᠦᠢᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠲᠤᠬᠠᠢ ᠶᠢᠨ ᠲᠠᠯᠠᠪᠤᠷ ᠲᠤ ᠬᠦᠷᠴᠦ᠂ ︽ᠲᠣᠭᠤᠷᠢᠭ ᠤᠨ ᠳᠠᠷᠤᠭ᠎ᠠ ᠶᠢᠨ ᠦᠢᠯᠡᠴᠢᠯᠡᠭᠡᠨ ᠤ ᠡᠳᠦᠷ︾ ᠤᠨ ᠠᠵᠢᠯᠯᠠᠭ᠎ᠠ ᠥᠷᠨᠢᠭᠦᠯᠵᠦ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠳᠤ ᠬᠦᠴᠦᠨ ᠨᠡᠮᠡᠷᠢᠯᠡᠪᠡ᠃ ᠲᠣᠭᠤᠷᠢᠭ ᠤᠨ ᠤᠳᠤᠷᠢᠳᠤᠯᠭ᠎ᠠ ᠦ᠋ ᠪᠢᠩ ᠶᠦᠨ᠂ ᠬᠤ᠋ ᠲᠢᠶᠠᠨ ᠸᠧᠢ ᠣᠷᠣᠯᠴᠠᠵᠠᠢ᠃
     ᠸᠠᠨ ᠢ ᠳ᠋ᠡ ᠨᠡᠭᠦᠷᠡᠰᠦᠨ ᠤ ᠶᠡᠷᠦᠩᠬᠡᠶᠢᠯᠡᠭᠰᠡᠨ ᠠᠵᠤ ᠦᠢᠯᠡᠰ ᠤᠨ ᠬᠦᠷᠢᠶᠡᠯᠡᠩ᠂ ᠱᠧᠩ ᠳ᠋ᠣᠣ ᠡᠮᠴᠢᠯᠡᠭᠡ ᠰᠤᠪᠢᠯᠠᠯᠲᠠ ᠡᠷᠡᠭᠦᠯ ᠮᠡᠨᠳᠦ ᠶᠢ ᠨᠢᠭᠡ ᠴᠣᠭᠴᠠᠵᠢᠭᠤᠯᠬᠤ ᠵᠡᠷᠭᠡ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠯᠢᠦ ᠬᠤ᠋ ᠲᠦᠷᠦᠯ ᠵᠦᠢᠯ ᠤᠨ ᠬᠥᠭᠵᠢᠯᠲᠡ ᠶᠢᠨ ᠲᠥᠯᠦᠪᠵᠢᠭᠦᠯᠭᠡ᠂ ᠭᠠᠷᠳᠠᠮ ᠢ ᠭᠦᠢᠴᠡᠳᠬᠡᠭᠰᠡᠨ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠠᠢ ᠠᠵᠤ ᠠᠬᠤᠶᠢᠯᠠᠯ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠳᠠᠷᠠᠭᠠᠴᠢ ᠶᠢᠨ ᠱᠠᠲᠤᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃
     ᠲᠡᠷᠡ ᠬᠡᠯᠡᠭᠰᠡᠨ ᠨᠢ᠂ ︽ᠲᠡᠷᠢᠭᠦᠨ ᠳᠤ ᠣᠷᠣᠬᠤ ᠪᠠᠷ ᠴᠢᠷᠮᠠᠶᠢᠵᠤ᠂ ᠮᠦᠷᠦᠶᠢᠴᠡᠬᠦ︾ ᠡᠷᠴᠢ ᠵᠣᠷᠢᠭ ᠭᠠᠷᠭᠠᠵᠤ᠂ ᠡᠭᠦᠷᠭᠡ ᠬᠠᠷᠠᠯᠲᠠ ᠪᠠᠨ ᠲᠣᠭᠲᠠᠭᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠤᠷᠢᠳᠴᠢᠯᠠᠨ ᠦᠢᠯᠡᠴᠢᠯᠡᠵᠦ᠂ ᠠᠵᠤ ᠠᠬᠤᠶᠢᠯᠠᠯ ᠤᠨ ᠬᠡᠷᠡᠭᠴᠡᠭᠡ ᠶᠢ ᠣᠶᠢᠯᠠᠭᠠᠵᠤ᠂ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠲᠦᠷᠦᠯ ᠵᠦᠢᠯ ᠤᠨ ᠤᠷᠢᠳᠠᠴᠢ ᠭᠠᠷᠳᠠᠮ ᠤᠨ ᠲᠣᠭᠤᠷᠢᠨ ᠳᠤ ᠲᠦᠷᠦᠭᠦᠯᠡᠨ ᠡᠮᠬᠢᠯᠡᠵᠦ᠂ ᠰᠢᠢᠳᠪᠦᠷᠢᠯᠡᠬᠦ ᠠᠷᠭ᠎ᠠ ᠵᠠᠮ ᠢ ᠡᠷᠢᠨ ᠣᠯᠵᠤ᠂ ᠠᠵᠤ ᠠᠬᠤᠶᠢᠯᠠᠯ ᠪᠣᠯᠣᠨ ᠳᠡᠭᠡᠳᠦ ᠱᠠᠲᠤᠨ ᠤ ᠨᠢᠭᠡᠴᠡ ᠯᠦᠭᠡ ᠶᠢᠨ ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠬᠦᠴᠦᠨ ᠢᠶᠠᠨ ᠲᠥᠪᠯᠡᠷᠡᠭᠦᠯᠦᠨ ᠲᠦᠷᠦᠯ ᠵᠦᠢᠯ ᠤᠨ ᠲᠥᠯᠦᠪᠵᠢᠭᠦᠯᠭᠡ᠂ ᠣᠷᠴᠢᠨ ᠲᠣᠭᠤᠷᠢᠨ ᠤ ᠦᠨᠡᠯᠡᠯᠲᠡ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ ᠵᠡᠷᠭᠡ ᠭᠠᠷᠳᠠᠮ ᠢ ᠭᠦᠢᠴᠡᠳᠬᠡᠬᠦ ᠠᠵᠢᠯ ᠢ ᠠᠬᠢᠭᠤᠯᠵᠤ᠂ ᠬᠡᠰᠡᠭ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠯᠠᠪᠳᠠᠭᠤᠨ ᠪᠠᠲᠤᠲᠠᠢ ᠪᠢᠰᠢ᠂ ᠠᠬᠢᠴᠠ ᠤᠳᠠᠭᠠᠨ ᠪᠠᠶᠢᠬᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠴᠠᠭ ᠬᠤᠭᠤᠴᠠᠭᠠᠨ ᠤ ᠦᠵᠡᠯᠲᠡ ᠪᠠ ᠲᠡᠷᠢᠭᠦᠨ ᠤ ᠪᠣᠯᠬᠤ ᠪᠠᠷ ᠴᠢᠷᠮᠠᠶᠢᠬᠤ ᠤᠬᠠᠮᠰᠠᠷ ᠢᠶᠠᠨ ᠴᠢᠩᠭᠠᠳᠬᠠᠵᠤ᠂ ᠲᠥᠷᠥᠯ ᠵᠦᠢᠯ ᠤᠨ ᠠᠵᠢᠯ ᠡᠬᠢᠯᠡᠭᠦᠯᠦᠭᠰᠡᠨ ᠨᠣᠷᠮ᠎ᠠ᠂ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ᠂ ᠪᠡᠯᠡ ᠮᠥᠩᠭᠦ ᠶᠢ ᠪᠣᠳᠠᠲᠠᠶᠢᠵᠢᠭᠤᠯᠤᠭᠰᠠᠨ ᠨᠣᠷᠮ᠎ᠠ ᠶᠢᠨ ᠲᠣᠬᠢᠷᠠᠭᠤᠯᠤᠯᠲᠠ ᠶᠢ ᠴᠢᠩᠭᠠᠳᠬᠠᠵᠤ᠂ ᠲᠥᠯᠥᠪᠯᠡᠭᠡ ᠶᠢ ᠤᠷᠤᠭᠰᠢ ᠶᠠᠪᠤᠭᠳᠠᠭᠤᠯᠵᠤ᠂ ᠪᠡᠯᠡ ᠣᠷᠣᠭᠤᠯᠤᠯᠲᠠ ᠶᠢ ᠤᠷᠤᠭᠰᠢ ᠠᠬᠢᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠠᠮᠤᠷ ᠲᠦᠪᠰᠢᠨ ᠤ ᠪᠣᠭᠤᠮᠲᠠ᠂ ᠶᠠᠰᠤ ᠴᠢᠨᠠᠷ ᠤᠨ ᠪᠣᠭᠤᠮᠲᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠣᠭᠤᠮᠲᠠ ᠶᠢ ᠴᠢᠩᠭ᠎ᠠ ᠠᠳᠬᠤᠭᠰᠠᠨ ᠤᠷᠢᠲᠠᠯ ᠳᠣᠣᠷ᠎ᠠ᠂ ᠲᠣᠭᠲᠠᠭᠰᠠᠨ ᠬᠠᠷᠠᠯᠲᠠ ᠪᠣᠯᠣᠨ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂ ᠪᠠᠷᠢᠯᠭ᠎ᠠ ᠶᠢᠨ ᠲᠥᠰᠥᠯ ᠢ ᠰᠢᠯᠢᠳᠡᠭᠵᠢᠭᠦᠯᠵᠦ᠂ ᠪᠠᠷᠢᠯᠭ᠎ᠠ ᠶᠢᠨ ᠠᠵᠢᠯ ᠤᠨ ᠬᠦᠴᠦᠨ ᠢ ᠴᠢᠩᠭᠠᠳᠬᠠᠵᠤ᠂ ᠪᠠᠷᠢᠯᠭ᠎ᠠ ᠶᠢᠨ ᠬᠤᠭᠤᠴᠠᠭ᠎ᠠ ᠶᠢ ᠭᠡᠳᠡᠷᠭᠦ ᠪᠠᠶᠢᠷᠢᠯᠠᠭᠤᠯᠵᠤ᠂︽ᠵᠢᠷᠤᠭ ᠡᠯᠭᠦᠨ ᠪᠠᠶᠢᠯᠳᠤᠬᠤ︾ ᠶᠢ ᠠᠬᠢᠭᠤᠯᠵᠤ᠂ ᠲᠦᠷᠦᠯ ᠵᠦᠢᠯ ᠢ ᠡᠷᠲᠡ ᠪᠠᠶᠢᠭᠤᠯᠵᠤ᠂ ᠡᠷᠲᠡ ᠠᠰᠢᠭᠯᠠᠯᠲᠠ ᠳᠤ ᠣᠷᠣᠭᠤᠯᠵᠤ᠂ ᠡᠷᠲᠡ ᠦᠷ᠎ᠡ ᠪᠦᠲᠦᠮᠵᠢ ᠣᠯᠬᠤ ᠶᠢ ᠪᠠᠲᠤᠯᠠᠵᠤ᠂ ᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠬᠤᠷᠠᠮᠳᠤᠭᠤᠯᠤᠨ ᠬᠦᠴᠦᠨ ᠴᠢᠳᠠᠯ ᠣᠯᠭᠤᠬᠤ ᠬᠡᠷᠡᠭᠲᠡᠢ ᠭᠡᠵᠠᠢ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号