︽ᠤᠳᠠ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠶᠡᠷᠦᠩᠬᠡᠶᠢᠯᠡᠭᠰᠡᠨ ᠬᠢᠨᠠᠨ | ᠰᠢᠯᠭᠠᠵᠤ ᠱᠠᠩᠨᠠᠵᠤ ᠲᠣᠷᠭᠠᠬᠤ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠤᠳᠠ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠤ ᠮᠡᠳᠡᠭᠳᠡᠯ | ᠤᠯᠠᠭᠠᠨᠨᠠᠭᠤᠷ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ | ᠨᠢᠭᠡᠴᠡ ᠳᠤ᠄ | ︽ᠤᠳᠠ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠶᠡᠷᠦᠩᠬᠡᠶᠢᠯᠡᠭᠰᠡᠨ | ᠬᠢᠨᠠᠨ ᠰᠢᠯᠭᠠᠵᠤ ᠱᠠᠩᠨᠠᠵᠤ ᠲᠣᠷᠭᠠᠬᠤ ᠠᠷᠭ᠎ᠠ︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ | ᠲᠤᠭᠤᠰᠢᠯᠠᠭᠤᠯᠤᠨ ᠬᠡᠷᠡᠭᠵᠢᠭᠦᠯᠲᠦᠭᠡᠢ᠃ | 2024 ᠣᠨ ᠤ 3 ᠰᠠᠷ᠎ᠠ ᠶᠢᠨ 1 ᠤ ᠡᠳᠦᠷ | ᠤᠳᠠ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠶᠡᠷᠦᠩᠬᠡᠶᠢᠯᠡᠭᠰᠡᠨ ᠬᠢᠨᠠᠨ | ᠰᠢᠯᠭᠠᠵᠤ ᠱᠠᠩᠨᠠᠵᠤ ᠲᠣᠷᠭᠠᠬᠤ ᠠᠷᠭ᠎ᠠ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ | ᠠᠷᠢᠯᠭᠠᠵᠤ᠂ ᠠᠶᠤᠯᠭᠦᠶ ᠦᠢᠯᠡᠳᠪᠦᠷᠢᠯᠡᠯ ᠤᠨ ᠡᠯ᠎ᠡ ᠵᠦᠢᠯ ᠤᠨ ᠳᠦᠷᠢᠮ᠂ ᠠᠷᠭ᠎ᠠ ᠬᠡᠮᠵᠢᠶ᠎ᠡ ᠶᠢᠨ | ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠤᠳᠤᠷᠢᠳᠬᠤ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ ᠠᠵᠤ | ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠥᠭᠡᠳ ᠪᠣᠳᠠᠲᠠᠶ ᠪᠠᠷ | ᠨᠠᠶᠢᠳᠠᠪᠤᠷᠢᠵᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ | ᠦᠢᠯᠡᠳᠪᠦᠷᠢᠯᠡᠯ ᠤᠨ ᠬᠠᠤᠯᠢ︾︽ᠠᠶᠤᠯᠭᠦᠶ ᠦᠢᠯᠡᠳᠪᠦᠷᠢᠯᠡᠯ ᠤᠨ ᠬᠦᠷᠢᠶᠡᠨ ᠳᠠᠬᠢ ᠥᠭᠡᠷᠡᠴᠢᠯᠡᠯᠲᠡ ᠬᠥᠭᠵᠢᠯᠲᠡ ᠶᠢ | ᠲᠦᠯᠬᠢᠨ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ | ᠺᠠᠲᠷ ᠤᠨ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ︾︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠶᠤᠯᠭᠦᠶ ᠦᠢᠯᠡᠳᠪᠦᠷᠢᠯᠡᠯ ᠤᠨ ᠳᠦᠷᠢᠮ︾︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠶᠤᠯᠭᠦᠶ ᠦᠢᠯᠡᠳᠪᠦᠷᠢᠯᠡᠯ ᠤᠨ ᠤᠳᠤᠷᠢᠳᠬᠤ ᠺᠠᠲᠷ ᠤᠨ ᠠᠶᠤᠯᠭᠦᠶ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠲᠣᠭᠲᠠᠭᠠᠯ ᠤᠨ ᠨᠠᠷᠢᠨ ᠳᠦᠷᠢᠮ︾︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠬᠢᠨᠠᠨ | ᠰᠢᠯᠭᠠᠬᠤ ᠱᠠᠩᠨᠠᠵᠤ ᠲᠣᠷᠭᠠᠬᠤ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠂ ᠲᠣᠭᠲᠠᠭᠠᠯ ᠶᠣᠰᠣᠭᠠᠷ᠂ | ᠮᠠᠨ ᠤ ᠲᠤᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠣᠰ ᠠᠷᠭ᠎ᠠ ᠨᠢ ᠲᠤᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ | ᠡᠯ᠎ᠡ ᠪᠦᠷᠢᠯᠳᠦᠬᠦᠨ ᠨᠢᠭᠡᠴᠡ ᠵᠢᠴᠢ ᠠᠵᠤ ᠠᠬᠤᠶᠢᠯᠠᠯ ᠳᠤ ᠠᠶᠤᠯ ᠦᠭᠡᠢ ᠦᠢᠯᠡᠳᠪᠦᠷᠢᠯᠡᠯ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠬᠤ᠂ ᠠᠶᠤᠯ ᠦᠭᠡᠢ ᠦᠢᠯᠡᠳᠪᠦᠷᠢᠯᠡᠯ ᠤᠨ ᠬᠠᠤᠯᠢ ᠲᠣᠭᠲᠠᠭᠠᠯ ᠢ ᠲᠤᠤᠱᠯᠠᠭᠤᠯᠬᠤ ᠳᠤ | ᠲᠣᠬᠢᠷᠠᠨ᠎ᠠ᠃ | ᠬᠤᠶᠠᠳᠤᠭᠠᠷ ᠪᠦᠯᠦᠭ ᠬᠢᠨᠠᠨ ᠰᠢᠯᠭᠠᠬᠤ ᠠᠷᠭ᠎ᠠ | ᠭᠤᠷᠪᠠᠳᠤᠭᠠᠷ ᠵᠦᠢᠯ ᠰᠢᠯᠭᠠᠨ ᠬᠢᠨᠠᠬᠤ ᠠᠵᠢᠯ ᠳᠤ ᠡᠳᠦᠷ ᠲᠤᠲᠤᠮ ᠤᠨ ᠰᠢᠯᠭᠠᠨ ᠬᠢᠨᠠᠬᠤ ᠪᠠ ᠵᠢᠯ ᠤᠨ | ᠡᠴᠦᠰ ᠤᠨ ᠰᠢᠯᠭᠠᠨ ᠬᠢᠨᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠶᠢ ᠬᠡᠷᠡᠭᠵᠢᠭᠦᠯᠵᠦ᠂ ᠰᠢᠯᠭᠠᠨ ᠬᠢᠨᠠᠬᠤ ᠶᠢ | ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠤᠳᠠ ᠲᠣᠭᠤᠷᠢᠭ ᠤᠨ | ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠠᠴᠠ ᠬᠠᠷᠢᠭᠤᠴᠠᠨ ᠵᠣᠬᠢᠶᠠᠨ ᠪᠠᠶᠢᠭᠤᠯᠵᠤ᠂ ᠲᠤᠭᠤᠷᠢᠭ ᠤᠨ ᠠᠶᠤᠯ | ᠦᠭᠡᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠠᠴᠠ ᠪᠣᠳᠠᠲᠠᠢ ᠬᠡᠷᠡᠭᠵᠢᠭᠦᠯᠵᠦ᠂ ᠳᠣᠣᠷᠠᠬᠢ ᠲᠠᠰ | ᠳᠠᠷᠠᠭᠠᠯᠠᠯ ᠢᠶᠠᠷ ᠬᠡᠷᠡᠭᠵᠢᠭᠦᠯᠦᠨ᠎ᠡ᠄ | ︵ᠨᠢᠭᠡ︶ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠠᠴᠠ | ᠲᠤᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠤ ᠮᠡᠳᠡᠭᠦᠯᠦᠨ ᠳᠠᠩᠰᠠᠯᠠᠭᠤᠯᠬᠤ ᠪᠠᠷ | ᠭᠤᠶᠤᠴᠢᠯᠠᠵᠤ᠂ ᠵᠥᠪᠰᠢᠶᠡᠷᠡᠭᠦᠯᠦᠭᠰᠡᠨ ᠤ ᠳᠠᠷᠠᠭ᠎ᠠ ᠲᠤᠬᠠᠢ ᠶᠢᠨ ᠲᠠᠯᠠᠪᠤᠷ ᠤᠨ ᠰᠢᠯᠭᠠᠨ ᠬᠢᠨᠠᠬᠤ ᠠᠵᠢᠯ ᠢ | ᠡᠬᠢᠯᠡᠭᠦᠯᠦᠨ᠎ᠡ︔ | ︵ᠬᠤᠶᠠᠷ︶ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠮᠡᠳᠡᠭᠳᠡᠯ | ᠳᠠᠷᠤᠮᠠᠯᠯᠠᠨ ᠲᠠᠷᠬᠠᠭᠠᠵᠤ᠂ ᠣᠨ ᠤ ᠰᠢᠯᠭᠠᠨ ᠬᠢᠨᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠤᠨ᠎ᠠ︔ | ︵ᠭᠤᠷᠪᠠ︶ ᠰᠢᠯᠭᠠᠨ ᠬᠢᠨᠠᠭᠳᠠᠬᠤ ᠰᠠᠯᠠᠭ᠎ᠠ ᠮᠥᠴᠢᠷ ᠰᠢᠯᠭᠠᠨ ᠬᠢᠨᠠᠭᠰᠠᠨ ᠮᠡᠳᠡᠭᠳᠡᠯ ᠢ ᠣᠯᠣᠭᠰᠠᠨ ᠤ ᠳᠠᠷᠠᠭ᠎ᠠ᠂ | ᠰᠢᠯᠭᠠᠨ ᠬᠢᠨᠠᠭᠰᠠᠨ ᠨᠠᠷᠢᠨ ᠳᠦᠷᠢᠮ ᠲᠠᠢ ᠬᠠᠷᠢᠴᠠᠭᠤᠯᠤᠨ ᠰᠢᠯᠭᠠᠨ ᠬᠢᠨᠠᠭᠰᠠᠨ ᠮᠠᠲ᠋ᠧᠷᠢᠶᠠᠯ ᠢᠶᠠᠨ ᠪᠡᠯᠡᠳᠬᠡᠬᠦ ᠶᠢᠨ | ᠬᠠᠮᠲᠤ ᠥᠪᠡᠷ ᠢᠶᠠᠨ ᠪᠠᠶᠢᠴᠠᠭᠠᠬᠤ ᠶᠢ ᠥᠷᠨᠢᠭᠦᠯᠵᠦ᠂ ᠥᠪᠡᠷ ᠢᠶᠠᠨ ᠪᠠᠶᠢᠴᠠᠭᠠᠭᠰᠠᠨ ᠮᠡᠳᠡᠭᠦᠯᠦᠯᠲᠡ ᠶᠢ ᠪᠣᠶ ᠪᠣᠯᠭᠠᠵᠤ᠂ | ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠲᠤ ᠮᠡᠳᠡᠭᠦᠯᠦᠨ᠎ᠡ︔ | ︵ᠳᠥᠷᠪᠡ︶ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠰᠢᠯᠭᠠᠨ ᠬᠢᠨᠠᠬᠤ | ᠳᠤᠭᠤᠶᠢᠯᠠᠩ ᠪᠠᠶᠢᠭᠤᠯᠵᠤ᠂ ᠰᠢᠯᠭᠠᠨ ᠬᠢᠨᠠᠭᠳᠠᠬᠤ ᠰᠠᠯᠠᠭ᠎ᠠ ᠮᠥᠴᠢᠷ ᠪᠠ ᠨᠢᠭᠡᠴᠡ ᠶᠢᠨ ᠥᠪᠡᠷ ᠢ ᠪᠠᠨ ᠦᠨᠡᠯᠡᠭᠰᠡᠨ | ᠪᠠᠶᠢᠳᠠᠯ ᠢ ᠦᠨᠳᠦᠰᠦᠯᠡᠨ᠂ ᠰᠢᠯᠭᠠᠨ ᠬᠢᠨᠠᠭᠳᠠᠬᠤ ᠨᠢᠭᠡᠴᠡ ᠳᠤ ᠭᠦᠨᠵᠡᠭᠡᠶᠢᠷᠡᠵᠦ᠂ ᠬᠠᠷᠢᠭᠤ ᠮᠡᠳᠡᠭᠦᠯᠦᠯᠲᠡ ᠶᠢ | ᠰᠣᠨᠣᠰᠬᠤ᠂ ᠶᠠᠷᠢᠯᠴᠠᠨ ᠰᠣᠯᠢᠯᠴᠠᠬᠤ᠂ ᠮᠠᠲ᠋ᠧᠷᠢᠶᠠᠯ ᠪᠠᠶᠢᠴᠠᠭᠠᠨ ᠦᠵᠡᠬᠦ᠂ ᠢᠯᠡ ᠪᠠᠷ ᠪᠠᠶᠢᠴᠠᠭᠠᠵᠤ ᠳᠠᠯᠳᠠᠭᠤᠷ | ᠰᠤᠷᠪᠤᠯᠵᠢᠯᠠᠬᠤ᠂ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠬᠤ ᠵᠡᠷᠭᠡ ᠠᠷᠭ᠎ᠠ ᠮᠠᠶ᠋ᠢᠭ ᠢ ᠠᠪᠴᠤ ᠲᠤᠬᠠᠢ ᠶᠢᠨ | ᠲᠠᠯᠠᠪᠤᠷ ᠲᠤᠨᠢ ᠬᠠᠷᠭᠤᠭᠤᠯᠤᠨ ᠪᠠᠶᠢᠴᠠᠭᠠᠬᠤ ᠶᠢᠨ ᠬᠠᠮᠲᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠡᠰᠡᠭ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢ ᠲᠠᠰᠢᠷᠠᠮ ᠳᠠᠭᠠᠤ ᠰᠣᠩᠭᠤᠨ ᠭᠠᠷᠭᠠᠨ᠎ᠠ︔ | ︵ᠲᠠᠪᠤ︶ ᠰᠢᠯᠭᠠᠨ ᠬᠢᠨᠠᠵᠤ ᠳᠠᠭᠤᠰᠬᠤ ᠠᠴᠠ ᠡᠮᠦᠨ᠎ᠡ᠂ ᠰᠢᠯᠭᠠᠨ ᠬᠢᠨᠠᠬᠤ ᠳᠤᠭᠤᠶᠢᠯᠠᠩ ᠠᠴᠠ ᠰᠢᠯᠭᠠᠨ | ᠬᠢᠨᠠᠭᠳᠠᠬᠤ ᠨᠢᠭᠡᠴᠡ ᠳᠤ ᠠᠩᠬ᠎ᠠ ᠠᠯᠬᠤᠮ ᠤᠨ ᠰᠢᠯᠭᠠᠨ ᠬᠢᠨᠠᠭᠰᠠᠨ ᠪᠠᠶᠢᠳᠠᠯ ᠢᠶᠠᠨ ᠬᠠᠷᠢᠭᠤ ᠲᠤᠰᠬᠠᠵᠤ᠂ | ᠣᠷᠣᠰᠢᠵᠤ ᠪᠠᠶᠢᠭ᠎ᠠ ᠠᠰᠠᠭᠤᠳᠠᠯ ᠢ ᠵᠢᠭᠠᠨ ᠭᠠᠷᠭᠠᠵᠤ᠂ ᠬᠠᠮᠢᠶ᠎ᠠ ᠪᠦᠬᠦᠢ ᠰᠠᠨᠠᠭᠤᠯᠭ᠎ᠠ ᠳᠤᠷᠠᠳᠤᠨ᠎ᠠ︔ | ︵ᠵᠢᠷᠭᠤᠭ᠎ᠠ︶ ᠰᠢᠯᠭᠠᠨ ᠬᠢᠨᠠᠵᠤ ᠳᠠᠭᠤᠰᠤᠭᠰᠠᠨ ᠤ ᠳᠠᠷᠠᠭ᠎ᠠ᠂ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ | ᠵᠥᠪᠯᠡᠯ ᠤᠨ ᠠᠯᠪᠠᠨ ᠭᠡᠷ ᠠᠴᠠ ᠢᠯᠡᠷᠡᠭᠦᠯᠦᠭᠰᠡᠨ ᠠᠰᠠᠭᠤᠳᠠᠯ ᠢ ᠪᠥᠬᠦ ᠲᠤᠭᠤᠷᠢᠭ ᠲᠤ ᠵᠠᠷᠯᠠᠨ ᠮᠡᠳᠡᠭᠳᠡᠵᠦ᠂ | ᠰᠢᠯᠭᠠᠨ ᠬᠢᠨᠠᠭᠳᠠᠬᠤ ᠨᠢᠭᠡᠴᠡ ᠨᠢ ᠨᠢᠭᠡ ᠠᠴᠠ ᠵᠦᠢᠴᠢᠯᠡᠵᠦ ᠭᠤᠷᠪᠠ ᠶᠢ ᠴᠡᠭᠴᠡᠯᠡᠨ ᠰᠠᠶᠢᠵᠢᠷᠠᠭᠤᠯᠬᠤ ᠶᠢ | ᠨᠠᠶᠢᠳᠠᠪᠤᠷᠢᠵᠢᠭᠤᠯᠤᠨ᠂ ᠵᠠᠷᠯᠠᠨ ᠨᠡᠶᠢᠲᠡᠯᠡᠬᠦ ᠶᠢ ᠳᠠᠷᠤᠮᠠᠯᠯᠠᠨ ᠲᠠᠷᠬᠠᠭᠠᠭᠰᠠᠨ ᠨᠢᠭᠡ ᠰᠠᠷ᠎ᠠ ᠶᠢᠨ ᠳᠣᠲᠣᠷ᠎ᠠ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠴᠢᠩᠭ᠎ᠠ ᠨᠠᠶᠢᠳᠠᠪᠤᠷᠢᠵᠢᠭᠤᠯᠵᠤ᠂ ᠲᠤᠭᠤᠷᠢᠭ ᠤᠨ | ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠲᠤ ᠪᠢᠴᠢᠭ ᠢᠶᠠᠷ ᠲᠤᠰᠢᠶᠠᠨ᠎ᠠ᠃ | ᠳᠥᠷᠪᠡᠳᠦᠭᠡᠷ ᠵᠦᠢᠯ ᠬᠢᠨᠠᠨ ᠰᠢᠯᠭᠠᠬᠤ ᠳᠤ ᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠠᠵᠢᠯ ᠤᠨ ᠡᠭᠦᠷᠭᠡ ᠪᠠᠷ ᠭᠤᠣᠯᠳᠠᠯᠭ᠎ᠠ ᠪᠣᠯᠭᠠᠵᠤ᠂ ᠥᠪᠡᠰᠦᠪᠡᠨ ᠪᠠᠶᠢᠴᠠᠭᠠᠵᠤ ᠥᠪᠡᠰᠦᠪᠡᠨ ᠦᠨᠡᠯᠡᠬᠦ ᠪᠠ ᠰᠠᠯᠠᠭ᠎ᠠ | ᠮᠥᠴᠢᠷ ᠤᠨ ᠳᠠᠬᠢᠨ ᠦᠨᠡᠯᠡᠬᠦ ᠶᠢ ᠬᠠᠷᠢᠯᠴᠠᠨ ᠤᠶᠠᠯᠳᠤᠭᠤᠯᠬᠤ᠂ ᠡᠳᠦᠷ ᠲᠤᠲᠤᠮ ᠤᠨ ᠰᠢᠯᠭᠠᠨ ᠬᠢᠨᠠᠬᠤ ᠪᠠ | ᠲᠤᠬᠠᠢ ᠶᠢᠨ ᠲᠠᠯᠠᠪᠤᠷ ᠤᠨ ᠰᠢᠯᠭᠠᠨ ᠬᠢᠨᠠᠬᠤ ᠶᠢ ᠬᠠᠷᠢᠯᠴᠠᠨ ᠤᠶᠠᠯᠳᠤᠭᠤᠯᠬᠤ᠂ ᠮᠠᠲ᠋ᠧᠷᠢᠶᠠᠯ ᠪᠠᠶᠢᠴᠠᠭᠠᠨ ᠦᠵᠡᠬᠦ ᠪᠠ | ᠠᠵᠤ ᠠᠬᠤᠶᠢᠯᠠᠯ ᠢ ᠰᠤᠭᠤᠴᠢᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ᠂ ᠬᠤᠪᠢ ᠬᠠᠰᠤᠬᠤ ᠭᠦᠢᠴᠡᠳᠬᠡᠯ | ᠲᠤᠭ᠎ᠠ ᠪᠠ ᠬᠤᠪᠢ ᠨᠡᠮᠡᠬᠦ ᠭᠦᠢᠴᠡᠳᠬᠡᠯ ᠲᠤᠭ᠎ᠠ ᠶᠢ ᠬᠠᠷᠢᠯᠴᠠᠨ ᠤᠶᠠᠯᠳᠤᠭᠤᠯᠬᠤ᠂ ᠪᠥᠬᠦ ᠲᠠᠯ᠎ᠠ ᠶᠢ ᠬᠠᠮᠤᠷᠬᠤ ᠪᠠ | ᠲᠥᠷᠥᠯ ᠬᠤᠪᠢᠶᠠᠨ ᠰᠢᠯᠭᠠᠨ ᠬᠢᠨᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠎ᠠ᠃ ᠪᠤᠰᠤᠳᠴᠢ ᠪᠥᠭᠡᠳ | ᠲᠥᠪ ᠭᠤᠣᠯᠴᠢ᠂ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ᠂ ᠢᠯᠡ ᠲᠣᠳᠣ᠂ ᠪᠣᠳᠠᠲᠤ ᠦᠷ᠎ᠡ ᠪᠦᠲᠦᠮᠵᠢ ᠶᠢ | ᠴᠢᠬᠤᠯᠠᠴᠢᠯᠠᠬᠤ ᠵᠠᠷᠴᠢᠮ ᠢ ᠪᠠᠷᠢᠮᠲᠠᠯᠠᠵᠤ᠂ ᠬᠠᠷᠠᠯᠲᠠ ᠶᠢᠨ ᠤᠳᠤᠷᠢᠳᠤᠮᠵᠢ᠂ ᠠᠰᠠᠭᠤᠳᠠᠯ ᠤᠨ ᠤᠳᠤᠷᠢᠳᠤᠮᠵᠢ᠂ ᠦᠷ᠎ᠡ | ᠳ᠋ᠦᠩ ᠤᠨ ᠤᠳᠤᠷᠢᠳᠤᠮᠵᠢ ᠶᠢ ᠲᠣᠪᠤᠶᠢᠯᠭᠠᠨ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ | ᠲᠠᠪᠤᠳᠤᠭᠠᠷ ᠵᠦᠢᠯ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠎ᠡ᠃ ᠶᠡᠷᠦᠩᠬᠡᠢ ᠱᠦᠵᠢ | ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠶᠤᠯᠭᠦᠢ | ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠲᠣᠭᠲᠠᠮᠠᠯ | ᠬᠤᠭᠤᠴᠠᠭ᠎ᠠ ᠲᠠᠢ ᠪᠠᠷ ᠰᠤᠳᠤᠯᠤᠨ ᠵᠠᠳᠠᠯᠵᠤ᠂ ᠠᠶᠤᠯᠭᠦᠢ ᠦᠢᠯᠡᠳᠪᠦᠷᠢᠯᠡᠯ ᠤᠨ ᠳᠤᠮᠳᠠᠬᠢ ᠴᠢᠬᠤᠯᠠ ᠶᠡᠭᠡ | ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ ᠰᠢᠢᠳᠪᠦᠷᠢᠯᠡᠨ᠎ᠡ᠃ ᠲᠣᠭᠲᠠᠮᠠᠯ ᠬᠤᠭᠤᠴᠠᠭ᠎ᠠ ᠲᠠᠢ ᠪᠠᠷ ᠠᠮᠤᠷ | ᠲᠦᠪᠰᠢᠨ ᠤ ᠬᠤᠷᠠᠯ ᠬᠤᠷᠠᠯᠳᠤᠭᠤᠯᠵᠤ᠂ ᠳᠡᠭᠡᠳᠦ ᠱᠠᠲᠤᠨ ᠤ ᠠᠶᠤᠯᠭᠦᠢ ᠦᠢᠯᠡᠳᠪᠦᠷᠢᠯᠡᠯ ᠤᠨ ᠵᠣᠷᠢᠭ ᠰᠠᠨᠠᠭ᠎ᠠ | ᠪᠣᠯᠤᠨ ᠱᠠᠭᠠᠷᠳᠠᠯᠭ᠎ᠠ ᠶᠢ ᠤᠯᠠᠮᠵᠢᠯᠠᠨ ᠲᠤᠭᠤᠰᠢᠯᠠᠭᠤᠯᠵᠤ᠂ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠲᠠᠢ | ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠤᠨ | ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ | ᠵᠢᠷᠭᠤᠳᠤᠭᠠᠷ ᠵᠦᠢᠯ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠤᠭᠰᠠᠨ ᠪᠠ ᠬᠡᠷᠡᠭᠵᠢᠭᠦᠯᠦᠭᠰᠡᠨ ᠪᠠᠶᠢᠳᠠᠯ᠃ | ᠤᠳᠤᠷᠢᠳᠬᠤ ᠺᠠᠲᠷ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ᠂ ᠠᠶᠤᠯᠭᠦᠢ ᠦᠢᠯᠡᠳᠪᠦᠷᠢᠯᠡᠯ ᠤᠨ | ᠲᠤᠰᠬᠠᠢ ᠪᠠ ᠲᠤᠰᠢᠶᠠᠯ ᠬᠠᠪᠰᠤᠷᠭᠠᠭᠰᠠᠨ ᠠᠵᠢᠯᠳᠠᠨ ᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠵᠢᠯ ᠤᠨ ᠡᠬᠢᠨ ᠳᠤ | ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠬᠤ ᠶᠢᠨ ᠬᠠᠮᠲᠤ | ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠬᠢᠨᠠᠨ ᠰᠢᠯᠭᠠᠯᠲᠠ ᠬᠢᠨ᠎ᠡ᠃ ︽ᠨᠠᠮ | ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ | ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ︽ᠠᠵᠢᠯ | ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ | ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ | ᠲᠦᠪᠰᠢᠨ ᠢ ᠬᠠᠮᠢᠶᠠᠷᠬᠤ︾ ᠶᠢ ᠪᠠᠷᠢᠮᠲᠠᠯᠠᠵᠤ᠂ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠤᠳᠤᠷᠢᠳᠬᠤ | ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ | ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠯᠢᠬᠵᠢᠭᠤᠯᠤᠨ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ | ᠬᠠᠮᠢᠶᠠᠷᠤᠯᠲᠠ ᠶᠢ ᠴᠢᠩᠭᠠᠳᠬᠠᠨ᠎ᠠ᠃ | ᠳᠣᠯᠣᠳᠤᠭᠠᠷ ᠵᠦᠢᠯ ᠬᠠᠤᠯᠢ ᠶᠣᠰᠣᠭᠠᠷ ᠵᠠᠰᠠᠬᠤ ᠶᠢ ᠲᠦᠯᠬᠢᠨ ᠠᠬᠢᠭᠤᠯᠤᠨ᠎ᠠ᠃ ᠬᠠᠤᠯᠢ ᠶᠢ ᠵᠠᠪᠠᠯ ᠵᠢᠷᠤᠮᠯᠠᠬᠤ᠂ | ᠬᠠᠤᠯᠢ ᠶᠢ ᠵᠠᠪᠠᠯ ᠴᠢᠩᠭ᠎ᠠ ᠬᠡᠷᠡᠭᠵᠢᠭᠦᠯᠬᠦ᠂ ᠬᠠᠤᠯᠢ ᠠᠴᠠ ᠵᠥᠷᠢᠴᠡᠪᠡᠯ ᠵᠠᠪᠠᠯ ᠨᠡᠬᠡᠮᠵᠢᠯᠡᠬᠦ ᠶᠢ ᠪᠠᠷᠢᠮᠲᠠᠯᠠᠵᠤ᠂ ᠠᠶᠤᠯ | ᠦᠭᠡᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠶᠤᠯ ᠦᠭᠡᠢ | ᠦᠢᠯᠡᠳᠪᠦᠷᠢᠯᠡᠯ ᠤᠨ ᠳᠦᠷᠢᠮ ᠲᠣᠭᠲᠠᠭᠠᠯ ᠪᠠ ᠪᠠᠷᠢᠮᠵᠢᠶ᠎ᠠ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠠᠶᠤᠯ ᠦᠭᠡᠢ ᠦᠢᠯᠡᠳᠪᠦᠷᠢᠯᠡᠯ ᠤᠨ ᠬᠠᠤᠯᠢ ᠪᠤᠰᠤ ᠬᠠᠤᠯᠢ ᠠᠴᠠ ᠵᠥᠷᠢᠴᠡᠭᠰᠡᠨ | ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠦᠢᠯᠡᠳᠪᠦᠷᠢᠯᠡᠯ ᠡᠵᠡᠩᠨᠡᠯᠲᠡ ᠶᠢᠨ | ᠨᠢᠭᠡᠴᠡ ᠶᠢᠨ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠳᠤ ᠴᠢᠩᠭ᠎ᠠ ᠪᠠᠶᠢᠴᠠᠭᠠᠯᠲᠠ ᠬᠢᠬᠦ ᠶᠢᠨ ᠬᠠᠮᠲᠤ ᠳᠠᠯᠳᠠ | ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠡᠬᠡ ᠲᠠᠩᠰᠠ ᠪᠠᠶᠢᠭᠤᠯᠵᠤ᠂ ᠳᠠᠯᠳᠠ ᠬᠡᠮ ᠢ ᠴᠡᠭᠴᠡᠯᠡᠨ | ᠰᠠᠶᠢᠵᠢᠷᠠᠭᠤᠯᠬᠤ ᠳᠤ ᠪᠢᠲᠡᠭᠦᠦ ᠴᠠᠭᠠᠷᠢᠭ ᠪᠣᠶ ᠪᠣᠯᠭᠠᠬᠤ ᠶᠢ ᠦᠨᠡᠨᠬᠦ ᠪᠠᠲᠤᠯᠠᠨ᠎ᠠ᠃ ᠠᠶᠤᠯ ᠦᠭᠡᠢ | ᠦᠢᠯᠡᠳᠪᠦᠷᠢᠯᠡᠯ ᠤᠨ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠰᠢᠳᠬᠡᠨ ᠲᠣᠷᠭᠠᠵᠤ᠂ | ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠬᠠᠤᠯᠢ ᠪᠤᠰᠤ ᠪᠠ ᠬᠠᠤᠯᠢ ᠠᠴᠠ ᠵᠥᠷᠢᠴᠡᠭᠰᠡᠨ ᠦᠢᠯᠡᠳᠪᠦᠷᠢᠯᠡᠯ | ᠡᠵᠡᠩᠨᠡᠯᠲᠡ ᠶᠢᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ᠨᠠᠢᠮᠠᠳᠤᠭᠠᠷ ᠵᠦᠢᠯ ᠤᠬᠠᠭᠤᠯᠭ᠎ᠠ ᠬᠥᠮᠦᠵᠢᠯ ᠪᠣᠯᠪᠠᠰᠤᠷᠠᠭᠤᠯᠤᠯ ᠢ ᠥᠷᠨᠢᠭᠦᠯᠦᠭᠰᠡᠨ ᠪᠠᠶᠢᠳᠠᠯ᠃ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠳᠤ ᠠᠶᠤᠯ ᠦᠭᠡᠢ ᠦᠢᠯᠡᠳᠪᠦᠷᠢᠯᠡᠯ ᠤᠨ ᠮᠡᠳᠡᠯᠭᠡ ᠶᠢ ᠭᠦᠨᠵᠡᠭᠡᠢ | ᠤᠬᠠᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠶᠤᠯ | ᠦᠭᠡᠢ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠮᠡᠳᠡᠯᠭᠡ ᠶᠢ ᠲᠦᠭᠡᠮᠡᠯᠵᠢᠭᠦᠯᠵᠦ᠂ ᠠᠵᠢᠯᠲᠠᠨ ᠤ ᠠᠶᠤᠯ ᠦᠭᠡᠢ | ᠦᠢᠯᠡᠳᠪᠦᠷᠢᠯᠡᠯ ᠤᠨ ᠬᠡᠪ ᠴᠢᠨᠠᠷ ᠢ ᠳᠡᠭᠡᠭᠰᠢᠯᠡᠭᠦᠯᠦᠨ᠎ᠡ᠃ | ᠶᠢᠰᠦᠳᠦᠭᠡᠷ ᠵᠦᠢᠯ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠶᠤᠯ ᠦᠭᠡᠶ ᠦᠢᠯᠡᠳᠪᠦᠷᠢᠯᠡᠯ ᠤᠨ | ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠪᠣᠯᠤᠨ ᠪᠠᠴᠢᠮ ᠪᠠᠶᠢᠳᠠᠯ ᠢ ᠠᠷᠭᠠᠴᠠᠨ ᠠᠪᠤᠷᠠᠨ | ᠲᠤᠰᠠᠯᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠦᠨᠳᠦᠰᠦᠨ ᠱᠠᠲᠤᠨ ᠤ ᠬᠢᠨᠠᠯᠲᠠ | ᠬᠠᠮᠢᠶᠠᠷᠤᠯᠲᠠ ᠶᠢᠨ ᠬᠦᠴᠦᠨ ᠢ ᠴᠢᠩᠭᠠᠷᠠᠭᠤᠯᠤᠨ᠂ ᠬᠢᠨᠠᠯᠲᠠ ᠬᠠᠮᠢᠶᠠᠷᠤᠯᠲᠠ ᠶᠢᠨ ᠵᠠᠷᠤᠳᠠᠯ᠂ ᠲᠣᠨᠤᠭ ᠲᠥᠬᠦᠭᠡᠷᠦᠮᠵᠢ | ᠪᠣᠯᠤᠨ ᠠᠵᠢᠯᠲᠠᠨ ᠤ ᠣᠷᠣᠨ ᠲᠤᠭ᠎ᠠ ᠶᠢ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢᠨ | ᠰᠢᠨ᠎ᠡ ᠶᠢ ᠡᠭᠦᠳᠴᠦ᠂ ᠠᠶᠤᠯ ᠦᠭᠡᠶ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠬᠦ ᠬᠦᠴᠦᠨ ᠴᠢᠳᠠᠪᠤᠷᠢ ᠪᠣᠯᠤᠨ | ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠡᠳᠡᠭᠡᠯᠡᠬᠦ᠂ ᠰᠡᠷᠡᠮᠵᠢᠯᠡᠭᠦᠯᠬᠦ᠂ | ᠪᠣᠯᠵᠣᠨ ᠶᠠᠷᠢᠯᠴᠠᠬᠤ᠂ ᠰᠢᠯᠭᠠᠨ ᠬᠢᠨᠠᠬᠤ᠂ ᠲᠣᠭᠤᠷᠢᠨ ᠪᠠᠶᠢᠴᠠᠭᠠᠬᠤ᠂ ᠰᠢᠮᠳᠠᠭᠤᠯᠤᠨ ᠭᠦᠢᠴᠡᠳᠬᠡᠯᠭᠡᠬᠦ᠂ ᠢᠯᠡᠴᠢᠯᠡᠨ | ᠮᠡᠳᠡᠭᠦᠯᠦᠭᠰᠡᠨ ᠢ ᠱᠠᠩᠨᠠᠬᠤ ᠵᠡᠷᠭᠡ ᠳᠦᠷᠢᠮ ᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠠᠶᠤᠯ ᠦᠭᠡᠶ | ᠦᠢᠯᠡᠳᠪᠦᠷᠢᠯᠡᠯ ᠢ ᠤᠷᠮᠠᠰᠢᠭᠤᠯᠬᠤ ᠪᠠ ᠬᠢᠵᠠᠭᠠᠷᠯᠠᠬᠤ ᠲᠣᠭᠲᠠᠴᠠ ᠶᠢᠨ ᠦᠢᠯᠡᠳᠦᠯ ᠢ ᠪᠦᠲᠦᠮᠵᠢᠲᠡᠶ ᠪᠠᠳᠠᠷᠠᠭᠤᠯᠤᠨ᠎ᠠ᠃ | | ᠠᠷᠪᠠᠳᠤᠭᠠᠷ ᠵᠦᠢᠯ ᠠᠶᠤᠯ ᠦᠭᠡᠢ ᠶᠢᠨ ᠰᠡᠷᠭᠡᠶᠢᠯᠡᠯᠲᠡ ᠶᠢ ᠴᠢᠩᠭᠠᠳᠬᠠᠨ᠎ᠠ᠃ ᠡᠬᠢ ᠡᠭᠦᠰᠦᠯ ᠠᠴᠠ ᠨᠢ | ᠵᠠᠰᠠᠬᠤ᠂ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠨᠠᠷᠢᠯᠢᠭ ᠣᠨᠣᠴᠠᠲᠠᠢ ᠪᠠᠷ ᠵᠠᠰᠠᠬᠤ ᠳᠤ ᠠᠮᠤᠷ ᠲᠦᠪᠰᠢᠨ ᠤ | ᠲᠦᠭᠰᠢᠭᠦᠷᠢ ᠶᠢ ᠲᠠᠰ ᠬᠤᠪᠢᠶᠠᠨ ᠬᠠᠮᠢᠶᠠᠷᠤᠨ ᠡᠵᠡᠮᠳᠡᠬᠦ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ | ᠳᠠᠪᠬᠤᠷ ᠤᠷᠢᠳᠴᠢᠯᠠᠨ ᠰᠡᠷᠭᠡᠶᠢᠯᠡᠬᠦ ᠠᠵᠢᠯ ᠤᠨ ᠲᠣᠭᠲᠠᠴᠠ ᠶᠢ ᠪᠠᠶᠢᠭᠤᠯᠤᠨ ᠨᠠᠶᠢᠳᠠᠪᠤᠷᠢᠵᠢᠭᠤᠯᠵᠤ᠂ ᠠᠵᠤ | ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠪᠠ ᠮᠡᠳᠡᠭᠡ ᠵᠠᠩᠭᠢᠵᠢᠯᠲᠠ᠂ | ᠣᠶᠤᠨᠴᠢᠯᠠᠯᠲᠠ ᠶᠢᠨ ᠥᠭᠡᠷᠡᠴᠢᠯᠡᠯᠲᠡ ᠶᠢᠨ ᠮᠥᠨ ᠴᠢᠨᠠᠷ ᠤᠨ ᠠᠮᠤᠷ ᠲᠦᠪᠰᠢᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠶᠢ ᠭᠦᠨᠵᠡᠭᠡᠢ ᠲᠦᠯᠬᠢᠨ ᠠᠬᠢᠭᠤᠯᠤᠨ᠎ᠠ᠃ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠠᠬᠢ | ᠠᠶᠤᠯᠭᠦᠢ ᠦᠢᠯᠡᠳᠪᠦᠷᠢᠯᠡᠯ ᠤᠨ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠦᠨ᠂ | ᠠᠶᠤᠯᠭᠦᠢ ᠶᠢᠨ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠬᠤ ᠪᠠ ᠲᠣᠰ | ᠨᠢᠭᠡᠴᠡ ᠶᠢᠨ ᠢᠶᠠᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠡᠯᠡᠳᠬᠡᠯ ᠲᠥᠰᠥᠯ ᠢ ᠴᠠᠭ ᠲᠤᠬᠠᠢ ᠳᠤᠨᠢ | ᠨᠠᠶᠢᠷᠠᠭᠤᠯᠤᠨ ᠵᠣᠬᠢᠶᠠᠬᠤ ᠪᠠ ᠵᠠᠰᠠᠪᠤᠷᠢ ᠣᠷᠣᠭᠤᠯᠬᠤ ᠶᠢᠨ ᠬᠠᠮᠲᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠪᠡᠯᠡᠳᠬᠡᠯ ᠲᠥᠰᠥᠯ ᠤᠨ | ᠴᠢᠭᠯᠡᠭᠦᠯᠦᠯᠲᠦ ᠴᠢᠨᠠᠷ ᠪᠠ ᠪᠦᠲᠦᠮᠵᠢᠲᠦ ᠴᠢᠨᠠᠷ ᠢ ᠰᠢᠯᠭᠠᠨ ᠪᠠᠶᠢᠴᠠᠭᠠᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠠᠵᠢᠯᠲᠠᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ | ᠬᠡᠷᠡᠭᠲᠡᠢ᠃ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ | ᠮᠠᠭᠠᠳᠯᠠᠵᠤ ᠵᠠᠳᠠᠯᠤᠨ ᠰᠢᠨᠵᠢᠯᠡᠵᠦ᠂ ᠭᠤᠣᠯ ᠠᠶᠤᠯᠲᠠᠢ ᠬᠥᠨᠥᠭᠡᠯ ᠲᠠᠢ ᠬᠦᠴᠦᠨ ᠵᠦᠢᠯ ᠢ ᠢᠯᠭᠠᠨ ᠲᠠᠨᠢᠵᠤ᠂ | ᠦᠨᠡᠯᠡᠨ ᠵᠢᠱᠢᠬᠦ ᠶᠢᠨ ᠬᠠᠮᠲᠤ ᠦᠨᠡᠯᠡᠨ ᠵᠢᠱᠢᠭᠰᠡᠨ ᠦᠷ᠎ᠡ ᠳ᠋ᠦᠩ ᠢ ᠦᠨᠳᠦᠰᠦᠯᠡᠨ ᠬᠠᠮᠢᠶᠠᠷᠤᠨ ᠡᠵᠡᠮᠳᠡᠬᠦ ᠠᠷᠭ᠎ᠠ | ᠬᠡᠮᠵᠢᠶ᠎ᠡ ᠲᠣᠭᠲᠠᠭᠠᠵᠤ᠂ ᠲᠦᠭᠰᠢᠭᠦᠷᠢ ᠶᠢ ᠰᠤᠳᠤᠯᠤᠨ ᠮᠠᠭᠠᠳᠯᠠᠭᠰᠠᠨ ᠮᠡᠳᠡᠭᠦᠯᠦᠯᠲᠡ ᠪᠠ ᠠᠮᠤᠷ ᠲᠦᠪᠰᠢᠨ ᠤ | ᠲᠦᠭᠰᠢᠭᠦᠷᠢ ᠶᠢᠨ ᠨᠠᠷᠢᠨ ᠬᠠᠭᠤᠳᠠᠰᠤ ᠶᠢ ᠪᠣᠶ ᠪᠣᠯᠭᠠᠨ᠎ᠠ᠃ ᠬᠦᠨᠳᠦ ᠶᠡᠭᠡ ᠠᠮᠤᠷ ᠲᠦᠪᠰᠢᠨ ᠤ ᠠᠶᠤᠯ | ᠲᠦᠭᠰᠢᠭᠦᠷᠢ ᠶᠢᠨ ᠬᠤᠪᠢᠷᠠᠯᠲᠠ ᠭᠠᠷᠪᠠᠯ᠂ ᠴᠠᠭ ᠲᠤᠬᠠᠢ ᠳᠤᠨᠢ ᠠᠶᠤᠯ ᠲᠦᠭᠰᠢᠭᠦᠷᠢ ᠶᠢᠨ ᠦᠨᠡᠯᠡᠨ ᠵᠢᠱᠢᠯᠲᠡ | ᠬᠢᠬᠦ ᠶᠢᠨ ᠬᠠᠮᠲᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠨ᠎ᠠ᠃ | ᠠᠷᠪᠠᠨ ᠨᠢᠭᠡᠳᠦᠭᠡᠷ ᠵᠣᠷᠪᠤᠰ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠣᠷᠣᠭᠤᠯᠤᠯᠲᠠ ᠪᠠᠨ | ᠨᠡᠮᠡᠭᠳᠡᠭᠦᠯᠦᠨ᠂ ᠠᠶᠤᠯ ᠦᠭᠡᠶ ᠦᠢᠯᠡᠳᠪᠦᠷᠢᠯᠡᠯ ᠤᠨ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠳᠡᠯᠭᠡᠷᠡᠭᠦᠯᠦᠨ | ᠬᠡᠷᠡᠭᠯᠡᠵᠦ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠠᠶᠤᠯ ᠦᠭᠡᠶ ᠦᠢᠯᠡᠳᠪᠦᠷᠢᠯᠡᠯ ᠤᠨ ᠬᠢᠨᠠᠨ | ᠬᠡᠮᠵᠢᠵᠦ ᠰᠡᠷᠡᠮᠵᠢᠯᠡᠭᠦᠯᠬᠦ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ | ᠪᠣᠯᠤᠨ ᠮᠡᠳᠡᠭᠡ ᠵᠠᠩᠭᠢᠵᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠮᠤᠷ ᠲᠦᠪᠰᠢᠨ ᠤ ᠤᠬᠠᠭᠤᠯᠭ᠎ᠠ | ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠠᠵᠢᠯ ᠤᠨ | ᠲᠣᠭᠲᠠᠴᠠ ᠶᠢ ᠪᠦᠷᠢᠨᠰᠢᠬᠦᠯᠵᠤ᠂ ᠪᠦᠬᠦ ᠠᠷᠠᠳ ᠤᠨ ᠠᠮᠤᠷ ᠲᠦᠪᠰᠢᠨ ᠤ ᠤᠬᠠᠮᠰᠠᠷ ᠪᠣᠯᠤᠨ ᠴᠢᠳᠠᠪᠤᠷᠢ ᠶᠢ | ᠳᠡᠭᠡᠭᠰᠢᠯᠡᠭᠦᠯᠦᠨ᠎ᠡ᠃ ᠠᠶᠤᠯ ᠦᠭᠡᠶ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠶᠤᠯ ᠶᠡᠬᠡᠲᠡᠶ ᠠᠵᠢᠯ ᠲᠥᠷᠥᠯ ᠤᠨ ᠬᠦᠷᠢᠶᠡᠨ ᠳᠤ ᠠᠶᠤᠯ ᠦᠭᠡᠶ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠠᠭᠠᠳᠬᠠᠯ ᠢ ᠪᠦᠬᠦ ᠲᠠᠯ᠎ᠠ ᠪᠠᠷ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ | ᠠᠶᠤᠯ ᠦᠭᠡᠶ ᠶᠢᠨ ᠦᠨᠡᠯᠡᠯᠲᠡ ᠵᠡᠷᠭᠡ ᠲᠤᠰᠬᠠᠶ ᠦᠢᠯᠡᠴᠢᠯᠡᠭᠡᠨ ᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ ᠪᠠ ᠵᠢᠷᠦᠮᠵᠢᠭᠦᠯᠦᠨᠡ᠃ ᠠᠶᠤᠯ ᠦᠭᠡᠶ ᠦᠢᠯᠡᠳᠪᠦᠷᠢᠯᠡᠯ ᠤᠨ ᠢᠲᠡᠭᠡᠮᠵᠢ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠠᠶᠤᠯ ᠦᠭᠡᠶ ᠦᠢᠯᠡᠳᠪᠦᠷᠢᠯᠡᠯ ᠤᠨ ᠬᠦᠷᠢᠶᠡᠨ ᠤ | ᠬᠠᠮᠲᠤᠷᠠᠨ ᠵᠠᠯᠬᠠᠭᠠᠨ ᠴᠡᠭᠡᠷᠯᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠦᠨ᠎ᠡ᠃ | ᠠᠷᠪᠠᠨ ᠬᠤᠶᠠᠳᠤᠭᠠᠷ ᠵᠦᠢᠯ ᠡᠳᠦᠷ ᠲᠤᠲᠤᠮ ᠤᠨ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ | ᠪᠠᠶᠢᠳᠠᠯ᠃ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ᠂ ᠲᠤᠭᠤᠷᠢᠭ ᠤᠨ | ᠠᠶᠤᠯᠭᠦᠢ ᠶᠢᠨ ᠵᠥᠪᠯᠡᠯ ᠪᠠ ᠲᠤᠭᠤᠷᠢᠭ ᠤᠨ ᠠᠶᠤᠯᠭᠦᠢ ᠶᠢᠨ ᠵᠥᠪᠯᠡᠯ ᠤᠨ ᠠᠯᠪᠠᠨ ᠭᠡᠷ ᠤᠨ ᠪᠠᠭᠤᠯᠭᠠᠭᠰᠠᠨ | ᠪᠤᠰᠤᠳ ᠠᠶᠤᠯᠭᠦᠢ ᠶᠢᠨ ᠦᠢᠯᠡᠳᠪᠦᠷᠢᠯᠡᠯ ᠤᠨ ᠠᠵᠢᠯ ᠤᠨ ᠡᠭᠦᠷᠭᠡ ᠶᠢ ᠪᠡᠶᠡᠯᠡᠭᠦᠯᠦᠨ᠎ᠡ᠃ | ᠠᠷᠪᠠᠨ ᠭᠤᠷᠪᠠᠳᠤᠭᠠᠷ ᠵᠦᠢᠯ ᠠᠳᠡᠯ ᠢ ᠰᠡᠷᠭᠡᠶᠢᠯᠡᠨ ᠬᠤᠷᠢᠭᠯᠠᠨ᠎ᠠ᠃ ᠭᠤᠣᠯᠳᠠᠯᠭ᠎ᠠ ᠲᠠᠢ ᠠᠵᠢᠯ ᠲᠦᠷᠦᠯ ᠤᠨ | ᠬᠦᠷᠢᠶᠡᠨ ᠳᠠᠬᠢ ᠠᠳᠡᠯ ᠢ ᠰᠡᠷᠭᠡᠶᠢᠯᠡᠬᠦ ᠠᠵᠢᠯ ᠢ ᠴᠢᠩᠭᠠᠳᠬᠠᠵᠤ᠂ ᠡᠩ ᠤᠨ ᠠᠳᠡᠯ ᠢ ᠪᠠᠭᠠᠰᠬᠠᠵᠤ᠂ ᠨᠡᠯᠢᠶᠡᠳ ᠶᠡᠭᠡ | ᠠᠳᠡᠯ ᠢ ᠪᠦᠲᠦᠮᠵᠢᠲᠡᠶ ᠪᠠᠷ ᠬᠢᠵᠠᠭᠠᠷᠯᠠᠵᠤ᠂ ᠬᠦᠨᠳᠦ ᠶᠡᠭᠡ ᠣᠨᠴᠠ ᠶᠡᠭᠡ ᠠᠳᠡᠯ ᠢ ᠡᠷᠡᠰ ᠬᠤᠷᠢᠭᠯᠠᠨ᠎ᠠ᠃ | ᠠᠷᠪᠠᠨ ᠳᠥᠷᠪᠡᠳᠦᠭᠡᠷ ᠵᠦᠢᠯ ᠪᠥᠬᠦ ᠵᠢᠯ ᠤᠨ ᠠᠵᠢᠯ ᠤᠨ ᠰᠢᠯᠭᠠᠨ ᠬᠢᠨᠠᠵᠤ ᠬᠤᠪᠢ ᠲᠣᠭᠲᠠᠭᠠᠬᠤ | ᠪᠠᠷᠢᠮᠵᠢᠶ᠎ᠠ ᠶᠢ ᠵᠠᠭᠤᠨ ᠤ ᠬᠤᠪᠢ ᠶᠢᠨ ᠳᠦᠷᠢᠮ ᠢᠶᠠᠷ ᠬᠤᠪᠢ ᠲᠣᠭᠲᠠᠭᠠᠵᠤ᠂ ᠡᠳᠦᠷ ᠲᠤᠲᠤᠮ ᠤᠨ ᠰᠢᠯᠭᠠᠨ ᠬᠢᠨᠠᠬᠤ | ᠨᠢ ᠪᠥᠬᠦ ᠵᠢᠯ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠰᠢᠯᠭᠠᠨ ᠬᠢᠨᠠᠬᠤ ᠶᠢᠨ 50% ︵ᠰᠢᠮᠳᠠᠭᠤᠯᠤᠨ | ᠪᠠᠶᠢᠴᠠᠭᠠᠵᠤ ᠰᠢᠯᠭᠠᠨ ᠬᠢᠨᠠᠬᠤ ᠶᠢ ᠪᠠᠭᠲᠠᠭᠠᠨ᠎ᠠ︶ ᠶᠢ ᠡᠵᠡᠯᠡᠵᠦ᠂ ᠵᠢᠯ ᠤᠨ ᠡᠴᠦᠰ ᠤᠨ ᠰᠢᠯᠭᠠᠨ ᠬᠢᠨᠠᠬᠤ ᠨᠢ | 50% ᠶᠢ ᠡᠵᠡᠯᠡᠨ᠎ᠡ᠃ | ᠠᠷᠪᠠᠨ ᠲᠠᠪᠤᠳᠤᠭᠠᠷ ᠵᠦᠢᠯ ᠰᠢᠯᠭᠠᠨ ᠬᠢᠨᠠᠬᠤ ᠳᠤ ᠬᠤᠪᠢ ᠨᠡᠮᠡᠬᠦ ᠵᠦᠢᠯ ᠢ ᠲᠣᠭᠲᠠᠭᠠᠬᠤ ᠳᠤ᠂ ᠬᠠᠮᠤᠭ | ᠥᠨᠳᠥᠷ ᠲᠡᠭᠡᠨ 5 ᠬᠤᠪᠢ ᠪᠠᠶᠢᠵᠤ᠂ ᠶᠡᠷᠦᠩᠬᠡᠢ ᠬᠤᠪᠢ ᠳᠤ ᠪᠤᠳᠤᠵᠤ ᠣᠷᠣᠭᠤᠯᠤᠨ᠎ᠠ᠃ ᠳᠣᠣᠷᠠᠬᠢ ᠪᠠᠶᠢᠳᠠᠯ ᠤᠨ | ᠨᠢᠭᠡ ᠨᠢ ᠪᠠᠶᠢᠪᠠᠯ᠂ ᠲᠤᠭᠤᠷᠢᠭ ᠤᠨ ᠠᠶᠤᠯ ᠦᠭᠡᠢ ᠶᠢᠨ ᠵᠥᠪᠯᠡᠯ ᠠᠴᠠ ᠮᠠᠭᠠᠳᠯᠠᠨ ᠲᠣᠭᠲᠠᠭᠠᠵᠤ᠂ ᠬᠤᠪᠢ ᠨᠡᠮᠡᠨ᠎ᠡ᠄ | ︵ᠨᠢᠭᠡ︶ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠳᠡᠭᠡᠳᠦ | ᠱᠠᠲᠤᠨ ᠠᠴᠠ ᠲᠤᠷᠰᠢᠯᠭ᠎ᠠ ᠶᠢᠨ ᠬᠤᠪᠢ ᠪᠠᠷ ᠳᠡᠯᠭᠡᠷᠡᠭᠦᠯᠦᠭᠰᠡᠨ ᠪᠠᠶᠢᠪᠠᠯ᠂ ᠵᠦᠢᠯ ᠪᠦᠷᠢ ᠳᠤ 0.5 ᠬᠤᠪᠢ ᠨᠡᠮᠡᠵᠦ᠂ | ᠬᠠᠮᠤᠭ ᠥᠨᠳᠥᠷ ᠲᠡᠭᠡᠨ 2 ᠬᠤᠪᠢ ᠣᠯᠭᠤᠨ᠎ᠠ᠃ | ︵ᠬᠤᠶᠠᠷ︶ ᠠᠶᠤᠯ ᠦᠭᠡᠢ ᠦᠢᠯᠡᠳᠪᠦᠷᠢᠯᠡᠯ ᠤᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠬᠦ᠂ ᠬᠦᠨᠳᠦ ᠶᠡᠭᠡ | ᠠᠳᠡᠯ ᠤᠨ ᠳᠠᠯᠳᠠ ᠬᠡᠮ ᠢ ᠵᠠᠰᠠᠬᠤ᠂ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ | ᠢᠯᠡᠳᠲᠡ ᠠᠮᠵᠢᠯᠲᠠ ᠣᠯᠣᠭᠰᠠᠨ ᠪᠥᠭᠡᠳ ᠳᠡᠭᠡᠳᠦ ᠱᠠᠲᠤᠨ ᠤ ᠬᠥᠬᠢᠭᠦᠯᠦᠯ ᠱᠠᠩᠨᠠᠯ ᠢ ᠭᠥᠷᠳᠡᠭᠰᠡᠨ᠂ ᠠᠳᠡᠯ ᠠᠴᠠ | ᠠᠪᠤᠷᠠᠨ ᠲᠤᠰᠠᠯᠠᠬᠤ ᠳᠤᠮᠳᠠ ᠲᠣᠪᠣᠶᠢᠮ᠎ᠠ ᠢᠯᠡᠷᠡᠯ ᠲᠠᠢ ᠪᠠᠶᠢᠪᠠᠯ᠂ ᠵᠦᠢᠯ ᠪᠦᠷᠢ ᠳᠤ 0.5 ᠬᠤᠪᠢ ᠨᠡᠮᠡᠵᠦ᠂ ᠬᠠᠮᠤᠭ | ᠥᠨᠳᠥᠷ ᠲᠡᠭᠡᠨ 3 ᠬᠤᠪᠢ ᠣᠯᠭᠤᠨ᠎ᠠ᠃ | ᠠᠷᠪᠠᠨ ᠵᠢᠷᠭᠤᠳᠤᠭᠠᠷ ᠵᠦᠢᠯ ᠰᠢᠯᠭᠠᠨ ᠬᠢᠨᠠᠭᠰᠠᠨ ᠦᠷ᠎ᠡ ᠳ᠋ᠦᠩ ᠢ ᠣᠯᠣᠭᠰᠠᠨ ᠬᠤᠪᠢ ᠪᠠᠷ ᠨᠢ 4 ᠲᠠᠰ | ᠬᠤᠪᠢᠶᠠᠨ᠎ᠠ᠄ ᠣᠯᠣᠭᠰᠠᠨ ᠬᠤᠪᠢ ᠨᠢ 90 ᠬᠤᠪᠢ ᠠᠴᠠ ᠳᠡᠭᠡᠭᠰᠢ ᠪᠣᠯ ᠰᠢᠯᠢᠳᠡᠭ ︵ᠰᠠᠯᠠᠭ᠎ᠠ ᠮᠥᠴᠢᠷ ᠤᠨ | ᠰᠢᠯᠢᠳᠡᠭ ᠬᠠᠷᠢᠴᠠᠯ ᠢ 50% ᠠᠴᠠ ᠬᠡᠲᠦᠷᠡᠭᠦᠯᠬᠦ ᠦᠭᠡᠢ᠂ ᠣᠯᠣᠭᠰᠠᠨ ᠬᠤᠪᠢ ᠶᠢ ᠥᠨᠳᠥᠷ ᠠᠴᠠ ᠳᠣᠣᠷ᠎ᠠ ᠲᠠᠰ | ᠳᠠᠷᠠᠭᠠᠯᠠᠯ ᠢᠶᠠᠷ ᠵᠢᠭᠰᠠᠭᠠᠨ᠎ᠠ︶︔ ᠣᠯᠣᠭᠰᠠᠨ ᠬᠤᠪᠢ ᠨᠢ 80 ᠬᠤᠪᠢ ︵ᠪᠠᠭᠲᠠᠨ᠎ᠠ︶ ᠵᠢᠴᠢ ᠲᠡᠭᠦᠨ ᠠᠴᠠ ᠳᠡᠭᠡᠭᠰᠢ | 90 ᠬᠤᠪᠢ ᠠᠴᠠ ᠳᠣᠷᠣᠭᠰᠢ ᠪᠠᠶᠢᠪᠠᠯ ᠰᠠᠶᠢᠨ︔ ᠣᠯᠣᠭᠰᠠᠨ ᠬᠤᠪᠢ ᠨᠢ 60 ᠬᠤᠪᠢ ︵ᠪᠠᠭᠲᠠᠨ᠎ᠠ︶ ᠵᠢᠴᠢ | ᠲᠡᠭᠦᠨ ᠠᠴᠠ ᠳᠡᠭᠡᠭᠰᠢ 80 ᠬᠤᠪᠢ ᠠᠴᠠ ᠳᠣᠷᠣᠭᠰᠢ ᠪᠠᠶᠢᠪᠠᠯ ᠬᠢᠷᠢ ᠲᠡᠩᠴᠡᠭᠰᠡᠨ ᠳᠤ ᠲᠣᠭᠠᠴᠠᠨ᠎ᠠ︔ 60 | ᠬᠤᠪᠢ ᠠᠴᠠ ᠳᠣᠷᠣᠭᠰᠢ ᠬᠤᠪᠢ ᠣᠯᠣᠭᠰᠠᠨ ᠢ ᠬᠢᠷᠢ ᠲᠡᠩᠴᠡᠭᠰᠡᠨ ᠦᠭᠡᠢ ᠳᠤ ᠲᠣᠭᠠᠴᠠᠨ᠎ᠠ᠃ | ᠠᠷᠪᠠᠨ ᠳᠣᠯᠣᠳᠤᠭᠠᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠣᠨ ᠤ ᠠᠶᠤᠯ | ᠦᠭᠡᠢ ᠦᠢᠯᠡᠳᠪᠦᠷᠢᠯᠡᠯ ᠤᠨ ᠠᠵᠢᠯ ᠤᠨ ︽ᠨᠢᠭᠡ ᠫᠢᠶᠣᠣ ᠪᠠᠷ ᠦᠭᠡᠶᠢᠰᠬᠡᠬᠦ︾ ᠳᠦᠷᠢᠮ ᠢ ᠬᠡᠷᠡᠭᠵᠢᠭᠦᠯᠵᠦ᠂ ᠣᠨ ᠤ | ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠢ ᠪᠠᠷ ᠰᠢᠢᠳᠪᠦᠷᠢᠯᠡᠨ᠎ᠡ᠄ | ︵ᠨᠢᠭᠡ︶ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠡᠨᠧᠷᠭᠢ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ᠂ ᠭᠠᠯ ᠤᠨᠲᠠᠷᠠᠭᠠᠬᠤ | ᠵᠡᠷᠭᠡ ᠰᠠᠯᠠᠭ᠎ᠠ ᠮᠥᠴᠢᠷ ᠤᠨ ᠠᠶᠤᠯ ᠥᠬᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠶᠢᠨ ᠬᠡᠪᠴᠢᠶᠡᠨ ᠳᠤ 2 ᠤᠳᠠᠭ᠎ᠠ ᠨᠡᠯᠢᠶᠡᠳ ᠶᠡᠭᠡ ᠵᠢᠴᠢ ᠲᠡᠭᠦᠨ ᠠᠴᠠ ᠳᠡᠭᠡᠭᠰᠢᠬᠢ ᠠᠳᠡᠯ ᠬᠡᠷᠡᠭ︔ | | ︵ᠬᠤᠶᠠᠷ︶ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠡᠨᠧᠷᠭᠢ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ᠂ ᠭᠠᠯ ᠤᠨᠲᠠᠷᠠᠭᠠᠬᠤ | ᠵᠡᠷᠭᠡ ᠰᠠᠯᠠᠭ᠎ᠠ ᠮᠥᠴᠢᠷ ᠠᠴᠠ ᠭᠠᠳᠠᠨ᠎ᠠ᠂ ᠪᠤᠰᠤᠳ ᠰᠠᠯᠠᠭ᠎ᠠ ᠮᠥᠴᠢᠷ ᠤᠨ ᠬᠢᠨᠠᠨ ᠬᠠᠮᠢᠶᠠᠷᠴᠤ ᠪᠠᠶᠢᠭ᠎ᠠ ᠠᠵᠢᠯ | ᠲᠥᠷᠥᠯ ᠤᠨ ᠬᠦᠷᠢᠶᠡᠨ ᠳᠤ ᠡᠩ ᠤᠨ ᠠᠳᠡᠯ ᠭᠠᠷᠤᠭᠰᠠᠨ ᠪᠠᠶᠢᠨ᠎ᠠ︔ | ︵ᠭᠤᠷᠪᠠ︶ ᠠᠶᠤᠯ ᠦᠭᠡᠢ ᠦᠢᠯᠡᠳᠪᠦᠷᠢᠯᠡᠯ ᠢᠶᠠᠷ ᠦᠬᠦᠭᠰᠡᠨ ᠠᠳᠡᠯ ᠭᠠᠷᠤᠭᠰᠠᠨ ᠤ ᠳᠠᠷᠠᠭ᠎ᠠ ᠬᠤᠳᠠᠯ ᠢᠶᠠᠷ | ᠮᠡᠳᠡᠭᠦᠯᠵᠦ᠂ ᠳᠠᠷᠤᠭᠠᠳ ᠮᠡᠳᠡᠭᠦᠯᠬᠦ ᠦᠭᠡᠢ ᠪᠠᠶᠢᠵᠦ ᠪᠣᠯᠬᠤ ᠦᠭᠡᠢ︔ | ︵ᠳᠥᠷᠪᠡ︶ ᠬᠦᠨᠳᠦ ᠶᠡᠭᠡ ᠳᠠᠯᠳᠠ ᠭᠡᠮ ᠣᠷᠣᠰᠢᠵᠤ ᠴᠡᠭᠴᠡᠯᠡᠨ ᠰᠠᠶᠢᠵᠢᠷᠠᠭᠤᠯᠤᠭᠰᠠᠨ ᠨᠢ ᠬᠦᠴᠦᠨ ᠦᠭᠡᠢ︔ | | ︵ᠲᠠᠪᠤ︶ ᠲᠣᠭᠤᠷᠢᠭ ᠤᠨ ᠠᠮᠤᠷ ᠲᠦᠪᠰᠢᠨ ᠤ ᠵᠥᠪᠯᠡᠯ ᠠᠴᠠ ︽ᠨᠢᠭᠡ ᠪᠢᠯᠧᠲ ᠢᠶᠠᠷ ᠦᠭᠡᠶᠢᠰᠬᠡᠬᠦ︾ | ᠴᠢᠬᠤᠯᠠᠲᠠᠢ ᠭᠡᠵᠦ ᠦᠵᠡᠭᠰᠡᠨ ᠪᠤᠰᠤᠳ ᠪᠠᠶᠢᠳᠠᠯ᠃ | ᠠᠷᠪᠠᠨ ᠨᠠᠢᠮᠠᠳᠤᠭᠠᠷ ᠵᠦᠢᠯ ᠠᠶᠤᠯ ᠦᠭᠡᠢ ᠦᠢᠯᠡᠳᠪᠦᠷᠢᠯᠡᠯ ᠳᠤ ︽ᠨᠢᠭᠡ ᠪᠢᠯᠧᠲ ᠢᠶᠠᠷ ᠦᠭᠡᠶᠢᠰᠬᠡᠬᠦ︾ | ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠡ ᠨᠦᠭᠦᠳ ᠰᠢᠯᠭᠠᠨ ᠬᠢᠨᠠᠭᠰᠠᠨ ᠦᠷ᠎ᠡ | ᠳ᠋ᠦᠩ ᠢ ᠮᠡᠳᠡᠭᠡᠯᠡᠭᠰᠡᠨ ᠤ ᠳᠠᠷᠠᠭ᠎ᠠ ᠨᠢᠭᠡ ᠰᠠᠷ᠎ᠠ ᠶᠢᠨ ᠳᠣᠲᠣᠷ᠎ᠠ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ | ᠲᠣᠭᠲᠠᠭᠠᠵᠤ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠪᠢᠴᠢᠭ ᠢᠶᠠᠷ ᠮᠡᠳᠡᠭᠦᠯᠦᠨ᠎ᠡ᠃ ᠡᠭᠦᠨ ᠤ ᠬᠠᠮᠲᠤ᠂ | ᠨᠢᠭᠡ ᠵᠢᠯ ᠤᠨ ᠳᠣᠲᠣᠷ᠎ᠠ ᠬᠠᠮᠢᠶ᠎ᠠ ᠪᠥᠬᠦᠶ ᠲᠣᠭᠤᠷᠢᠭ ᠤᠨ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠤᠨ | ᠪᠦᠷᠢᠯᠳᠦᠬᠦᠨ ᠨᠢᠭᠡᠴᠢ ᠶᠢᠨ ᠠᠶᠤᠯ ᠥᠬᠡᠶ ᠦᠢᠯᠡᠳᠪᠦᠷᠢᠯᠡᠯ ᠤᠨ ᠨᠢᠭᠡᠳᠦᠭᠡᠷ ᠬᠠᠷᠢᠭᠤᠴᠠᠯᠭᠠᠲᠠᠨ᠂ ᠬᠤᠪᠢᠳᠠᠨ | ᠬᠠᠮᠢᠶᠠᠷᠴᠤ ᠪᠥᠬᠦᠶ ᠬᠠᠷᠢᠭᠤᠴᠠᠯᠭᠠᠲᠠᠨ᠂ ᠰᠢᠭᠤᠳ ᠬᠠᠷᠢᠭᠤᠴᠠᠯᠭᠠᠲᠠᠨ ᠵᠢᠴᠢ ᠬᠠᠮᠢᠶ᠎ᠠ ᠪᠥᠬᠦᠶ ᠬᠠᠷᠢᠭᠤᠴᠠᠯᠭᠠᠲᠠᠨ ᠤ | ᠲᠡᠷᠢᠭᠦᠨ ᠤ ᠬᠢ ᠶᠢ ᠰᠢᠯᠭᠠᠷᠠᠭᠤᠯᠬᠤ᠂ ᠰᠢᠯᠢᠳᠡᠭ ᠢ ᠰᠢᠯᠭᠠᠷᠠᠭᠤᠯᠬᠤ᠂ ᠳᠡᠪᠰᠢᠭᠦᠯᠬᠦ ᠬᠢᠷᠢ ᠬᠡᠮ ᠢ ᠬᠦᠴᠦᠨ ᠥᠬᠡᠶ | ᠪᠣᠯᠭᠠᠨ᠎ᠠ᠃ | ᠠᠷᠪᠠ ᠶᠢᠰᠦᠳᠦᠭᠡᠷ ᠵᠦᠢᠯ ᠰᠢᠯᠭᠠᠨ ᠬᠢᠨᠠᠵᠤ ᠳᠠᠭᠤᠰᠤᠭᠰᠠᠨ ᠤ ᠳᠠᠷᠠᠭᠠᠬᠢ ᠨᠢᠭᠡ ᠰᠠᠷ᠎ᠠ ᠶᠢᠨ ᠳᠣᠲᠣᠷ᠎ᠠ᠂ | ᠰᠢᠯᠭᠠᠨ ᠬᠢᠨᠠᠬᠤ ᠶᠠᠪᠤᠴᠠ ᠳᠤ ᠣᠯᠵᠤ ᠮᠡᠳᠡᠭᠰᠡᠨ ᠬᠤᠪᠢ ᠬᠠᠰᠤᠬᠤ ᠠᠭᠤᠯᠭ᠎ᠠ ᠳᠤ ᠴᠡᠭᠴᠡᠯᠡᠨ ᠰᠠᠶᠢᠵᠢᠷᠠᠭᠤᠯᠬᠤ | ᠠᠷᠭ᠎ᠠ ᠬᠡᠮᠵᠢᠶ᠎ᠡ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠪᠠ ᠬᠠᠷᠢᠭᠤᠴᠠᠯᠭᠠᠲᠠᠨ ᠢ | ᠲᠣᠳᠣᠷᠬᠠᠶᠢᠯᠠᠨ᠂ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠳᠡᠭᠡᠭᠰᠢ | ᠮᠡᠳᠡᠭᠦᠯᠵᠦ᠂ ᠴᠡᠭᠴᠡᠯᠡᠨ ᠰᠠᠶᠢᠵᠢᠷᠠᠭᠤᠯᠵᠤ ᠳᠠᠭᠤᠰᠲᠠᠯ᠎ᠠ ᠮᠡᠳᠡᠭᠦᠯᠦᠨ᠎ᠡ᠃ | ᠬᠤᠷᠢᠳᠤᠭᠠᠷ ᠵᠦᠢᠯ ᠰᠢᠯᠭᠠᠨ ᠬᠢᠨᠠᠭᠰᠠᠨ ᠦᠷ᠎ᠡ ᠳ᠋ᠦᠩ ᠢ ᠲᠤᠭᠤᠷᠢᠭ ᠤᠨ ᠠᠶᠤᠯ ᠦᠭᠡᠢ | ᠦᠢᠯᠡᠳᠪᠦᠷᠢᠯᠡᠯ ᠤᠨ ᠵᠥᠪᠯᠡᠯ ᠢᠶᠠᠷ ᠬᠢᠨᠠᠨ ᠲᠣᠭᠲᠠᠭᠠᠯᠭᠠᠵᠤ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ | ᠵᠠᠰᠠᠭ ᠤᠨ ᠣᠷᠳᠣᠨ ᠤ ᠣᠨ ᠤ ᠰᠢᠯᠭᠠᠨ ᠬᠢᠨᠠᠬᠤ ᠠᠵᠢᠯ ᠤᠨ ᠤᠳᠤᠷᠢᠳᠬᠤ ᠳᠤᠭᠤᠶᠢᠯᠠᠩ ᠳᠤ ᠮᠡᠳᠡᠭᠦᠯᠵᠦ | ᠵᠥᠪᠰᠢᠶᠡᠷᠡᠭᠦᠯᠦᠭᠰᠡᠨ ᠤ ᠳᠠᠷᠠᠭ᠎ᠠ᠂ ᠲᠤᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠠᠴᠠ ᠡᠯ᠎ᠡ ᠠᠶᠤᠯ | ᠦᠭᠡᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠡ ᠳᠤ ᠮᠡᠳᠡᠭᠳᠡᠬᠦ ᠶᠢᠨ ᠬᠠᠮᠲᠤ ᠲᠤᠭᠤᠷᠢᠭ ᠤᠨ | ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠤ ᠬᠠᠭᠤᠯᠤᠨ ᠢᠯᠡᠭᠡᠬᠦ ᠶᠢᠨ ᠬᠠᠮᠲᠤ ᠨᠡᠶᠢᠭᠡᠮ ᠳᠤ ᠢᠯᠡ | ᠪᠣᠯᠭᠠᠨ᠎ᠠ᠃ | ᠬᠤᠷᠢᠨ ᠨᠢᠭᠡᠳᠦᠭᠡᠷ ᠵᠦᠢᠯ ︽ᠨᠢᠭᠡ ᠪᠢᠯᠧᠲ ᠢᠶᠠᠷ ᠦᠭᠡᠶᠢᠰᠬᠡᠬᠦ︾ ᠠᠵᠢᠯᠯᠠᠭ᠎ᠠ ᠡᠭᠦᠰᠦᠭᠰᠡᠨ ᠨᠢᠭᠡᠴᠡ ᠶᠢᠨ | ᠭᠤᠣᠯ ᠬᠠᠷᠢᠭᠤᠴᠠᠯᠭᠠᠲᠠᠨ ᠪᠠ ᠬᠠᠮᠢᠶ᠎ᠠ ᠪᠦᠬᠦᠢ ᠬᠠᠷᠢᠭᠤᠴᠠᠯᠭ᠎ᠠ ᠶᠢ ᠡᠭᠦᠷᠭᠡᠯᠡᠭᠰᠡᠨ ᠤᠳᠤᠷᠢᠳᠬᠤ ᠪᠠᠭ ᠤᠨ | ᠪᠦᠷᠢᠯᠳᠦᠭᠦᠨ ᠢ ᠵᠠᠷᠴᠢᠮ ᠳᠡᠭᠡᠷ᠎ᠡ ᠪᠠᠨ 1 ᠵᠢᠯ ᠤᠨ ᠳᠣᠲᠣᠷ᠎ᠠ ᠰᠢᠯᠢᠳᠡᠭ ᠢ ᠰᠢᠯᠭᠠᠨ ᠬᠢᠨᠠᠬᠤ ᠪᠠ ᠡᠯ᠎ᠡ ᠲᠥᠷᠥᠯ ᠤᠨ | ᠲᠡᠷᠢᠭᠦᠨ ᠤ ᠬᠢᠷᠢ ᠬᠡᠮ ᠢ ᠰᠢᠯᠭᠠᠷᠠᠭᠤᠯᠬᠤ ᠶᠢ ᠬᠦᠴᠦᠨ ᠦᠭᠡᠢ ᠪᠣᠯᠭᠠᠵᠤ᠂ ᠲᠤᠰᠢᠶᠠᠯ᠂ ᠵᠡᠷᠭᠡ ᠳᠡᠰ ᠢ ᠳᠡᠪᠰᠢᠭᠦᠯᠬᠦ | ᠪᠤᠶᠤ ᠬᠦᠨᠳᠦ ᠪᠠᠷ ᠲᠤᠰᠢᠶᠠᠯ ᠡᠭᠦᠷᠭᠡᠯᠡᠭᠦᠯᠵᠦ ᠪᠣᠯᠬᠤ ᠦᠭᠡᠢ᠃ ᠬᠠᠷᠢᠭᠤᠴᠠᠯᠭᠠᠲᠤ ᠨᠢᠭᠡᠴᠡ ᠨᠢ ᠲᠤᠭᠤᠷᠢᠭ ᠤᠨ | ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠭᠰᠠᠨ ᠬᠠᠮᠢᠶ᠎ᠠ ᠪᠦᠬᠦᠢ ᠰᠢᠯᠭᠠᠨ | ᠬᠢᠨᠠᠬᠤ ᠳᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠳᠤ ᠬᠤᠯᠪᠣᠭᠳᠠᠪᠠᠯ᠂ ᠵᠣᠬᠢᠬᠤ ᠬᠡᠮᠵᠢᠭᠳᠡᠯ ᠢ | ᠨᠢ ︽0︾ ᠬᠤᠪᠢ ᠪᠠᠷ ᠲᠣᠭᠲᠠᠭᠠᠨ᠎ᠠ᠃ | ᠭᠤᠷᠪᠠᠳᠤᠭᠠᠷ ᠪᠦᠯᠦᠭ ᠱᠠᠩᠨᠠᠨ ᠬᠥᠬᠢᠭᠦᠯᠬᠦ ᠠᠷᠭ᠎ᠠ | ᠬᠤᠷᠢᠨ ᠬᠤᠶᠠᠳᠤᠭᠠᠷ ᠵᠦᠢᠯ ᠪᠥᠬᠦ ᠬᠤᠲᠠ ᠶᠢᠨ ᠣᠨ ᠤ ᠠᠶᠤᠯ ᠦᠭᠡᠢ ᠦᠢᠯᠡᠳᠪᠦᠷᠢᠯᠡᠯ ᠤᠨ ᠡᠵᠡᠮᠳᠡᠬᠦ | ᠭᠦᠢᠴᠡᠳᠬᠡᠯ ᠲᠤᠭ᠎ᠠ ᠠᠴᠠ ᠬᠡᠲᠦᠷᠡᠭᠡᠳᠦᠢ ᠪᠠᠶᠢᠪᠠᠯ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠲᠣᠰ | ᠵᠢᠯ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠨ ᠰᠢᠯᠭᠠᠯᠲᠠ ᠶᠢᠨ ᠬᠢᠷᠢ ᠪᠦᠲᠦᠮᠵᠢ ᠪᠠᠷ ᠰᠢᠯᠢᠳᠡᠭ | ᠭᠤᠣᠯᠳᠠᠯᠭ᠎ᠠ ᠲᠠᠢ ᠡᠭᠦᠷᠭᠡ ᠬᠠᠷᠢᠭᠤᠴᠠᠯᠭ᠎ᠠ ᠶᠢᠨ ᠨᠢᠭᠡᠴᠡ᠂ ᠡᠩ ᠤᠨ ᠡᠭᠦᠷᠭᠡ ᠬᠠᠷᠢᠭᠤᠴᠠᠯᠭ᠎ᠠ ᠶᠢᠨ ᠨᠢᠭᠡᠴᠡ᠂ ᠡᠯ᠎ᠡ | ᠲᠥᠷᠥᠯ ᠤᠨ ᠲᠤᠰᠠᠯᠠᠬᠤ ᠨᠢᠭᠡᠴᠡ ᠪᠠ ᠢᠯᠡᠷᠡᠯ ᠢᠶᠠᠷ ᠲᠣᠪᠣᠶᠢᠮ᠎ᠠ ᠠᠵᠤ ᠠᠬᠤᠶᠢᠯᠠᠯ᠂ ᠡᠭᠡᠯᠵᠢ ᠳᠤᠭᠤᠶᠢᠯᠠᠩ ᠢ | ᠱᠠᠩᠨᠠᠨ ᠬᠥᠬᠢᠭᠦᠯᠦᠨ᠎ᠡ᠃ ᠡᠯ᠎ᠡ ᠨᠢᠭᠡᠴᠡ ᠶᠢᠨ ᠣᠯᠣᠭᠰᠠᠨ ᠱᠠᠩᠨᠠᠯ ᠤᠨ ᠮᠥᠩᠭᠦ ᠶᠢ ᠡᠯ᠎ᠡ ᠨᠢᠭᠡᠴᠡ ᠶᠢᠨ ᠠᠶᠤᠯ | ᠦᠭᠡᠢ ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ᠂ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠬᠠᠷᠢᠭᠤᠴᠠᠵᠤ ᠪᠠᠶᠢᠭ᠎ᠠ ᠬᠤᠪᠢ ᠬᠥᠮᠥᠨ ᠢ | ᠱᠠᠩᠨᠠᠬᠤ ᠳᠤ ᠬᠡᠷᠡᠭᠯᠡᠵᠦ᠂ ᠪᠣᠳᠠᠲᠠᠢ ᠱᠠᠩᠨᠠᠬᠤ ᠪᠠᠷᠢᠮᠵᠢᠶ᠎ᠠ ᠶᠢ ᠡᠯ᠎ᠡ ᠨᠢᠭᠡᠴᠡ ᠠᠴᠠ ᠲᠣᠰ ᠲᠣᠰ ᠤᠨ ᠠᠵᠢᠯ ᠤᠨ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠭᠲᠠᠭᠠᠨ᠎ᠠ᠃ | ︵ᠨᠢᠭᠡ︶ ᠠᠶᠤᠯ ᠦᠭᠡᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠭᠰᠡᠨ | ᠨᠢᠭᠡᠴᠡ ᠳᠤ᠂ ᠣᠨ ᠤ ᠠᠶᠤᠯ ᠦᠭᠡᠢ ᠦᠢᠯᠡᠳᠪᠦᠷᠢᠯᠡᠯ ᠤᠨ ᠰᠢᠯᠭᠠᠨ ᠬᠢᠨᠠᠭᠰᠠᠨ ᠬᠢᠷᠢ ᠪᠦᠲᠦᠮᠵᠢ ᠶᠢᠨ ᠨᠡᠷᠡᠰ ᠤᠨ | ᠵᠢᠭᠰᠠᠭᠠᠯᠲᠠ ᠪᠠᠷ ᠡᠮᠦᠨ᠎ᠡ 5 ᠨᠢᠭᠡᠴᠡ ᠶᠢ ᠱᠠᠩᠨᠠᠨ ᠬᠥᠬᠢᠭᠦᠯᠵᠦ᠂ ᠨᠢᠭᠡᠴᠡ ᠨᠢᠭᠡᠪᠦᠷᠢ ᠶᠢ 2 ᠲᠦᠮᠡᠨ | ᠲᠥᠭᠦᠷᠢᠭ ᠢᠶᠠᠷ ᠱᠠᠩᠨᠠᠨ ᠬᠥᠬᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ᠂ ᠦᠬᠠᠢ ᠬᠤᠲᠠ ᠶᠢᠨ ᠠᠶᠤᠯ | ᠦᠭᠡᠢ ᠦᠢᠯᠡᠳᠪᠦᠷᠢᠯᠡᠯ ᠤᠨ ᠬᠥᠬᠢᠭᠦᠯᠦᠯ ᠢ ᠭᠥᠷᠳᠡᠭᠰᠡᠨ ᠪᠠᠶᠢᠪᠠᠯ᠂ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠨᠢ ᠪᠠᠶᠢᠳᠠᠯ ᠢ ᠦᠵᠡᠵᠦ ᠪᠠᠶᠢᠭᠠᠳ ᠱᠠᠩᠨᠠᠯ ᠤᠨ ᠪᠡᠯᠡ ᠮᠥᠩᠭᠦ ᠶᠢ ᠨᠡᠮᠡᠨ᠎ᠡ᠃ ᠤᠳᠠ ᠲᠣᠭᠤᠷᠢᠭ ᠤᠨ ᠬᠢᠨ | ᠪᠦᠬᠦ ᠬᠤᠳᠠ ᠶᠢᠨ ᠣᠨ ᠤ ᠠᠶᠤᠯᠭᠦᠢ ᠦᠢᠯᠡᠳᠪᠦᠷᠢᠯᠡᠯ ᠤᠨ ᠬᠢᠨᠠᠨ ᠰᠢᠯᠭᠠᠯᠲᠠ ᠳᠤ ᠨᠢᠭᠡᠳᠦᠭᠡᠷ ᠲᠤ ᠣᠷᠣᠵᠤ᠂ | ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ︵ᠲᠣᠭᠤᠷᠢᠭ ᠤᠨ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ︶ ᠤᠨ ᠱᠠᠩᠨᠠᠯ ᠤᠨ ᠮᠥᠩᠭᠦ ᠶᠢ 10 ᠲᠦᠮᠡᠨ ᠲᠥᠭᠦᠷᠢᠭ ᠨᠡᠮᠡᠪᠡ︔ | ᠬᠤᠶᠠᠳᠤᠭᠠᠷ ᠲᠤ ᠣᠷᠣᠵᠤ᠂ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ | ︵ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ︶ ᠤᠨ ᠱᠠᠩᠨᠠᠯ ᠢ 8 ᠲᠦᠮᠡᠨ | ᠲᠥᠭᠦᠷᠢᠭ ᠨᠡᠮᠡᠪᠡ᠃ | ︵ᠬᠤᠶᠠᠷ︶ ᠠᠶᠤᠯᠭᠦᠢ ᠦᠢᠯᠡᠳᠪᠦᠷᠢᠯᠡᠯ ᠤᠨ ᠡᠩ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭ᠎ᠠ | ᠨᠢᠭᠡᠴᠢ ᠳᠤ᠂ ᠣᠨ ᠤ ᠠᠶᠤᠯᠭᠦᠢ ᠦᠢᠯᠡᠳᠪᠦᠷᠢᠯᠡᠯ ᠤᠨ ᠬᠢᠨᠠᠨ ᠰᠢᠯᠭᠠᠭᠰᠠᠨ ᠬᠢᠷᠢ ᠪᠦᠲᠦᠮᠵᠢ ᠶᠢᠨ ᠨᠡᠷᠡᠰ ᠤᠨ | ᠶᠣᠰᠣᠭᠠᠷ ᠲᠦᠷᠦᠭᠦᠦ 5 ᠨᠢᠭᠡᠴᠡ ᠶᠢ ᠱᠠᠩᠨᠠᠵᠤ᠂ ᠡᠭᠦᠨ ᠳᠤ ᠪᠠᠯᠭᠠᠰᠤ᠂ ᠡᠯ᠎ᠡ ᠬᠡᠷᠡᠭ ᠡᠷᠬᠢᠯᠡᠬᠦ ᠭᠠᠵᠠᠷ 2 ᠣᠷᠣᠨ | ᠲᠤᠭ᠎ᠠ ᠶᠢ ᠡᠵᠡᠯᠡᠵᠦ᠂ ᠨᠢᠭᠡᠴᠢ ᠪᠦᠷᠢ ᠳᠤ 1 ᠲᠦᠮᠡᠨ ᠲᠥᠭᠦᠷᠢᠭ ᠱᠠᠩᠨᠠᠨ᠎ᠠ᠃ | ︵ᠭᠤᠷᠪᠠ︶ ᠡᠯ᠎ᠡ ᠲᠥᠷᠥᠯ ᠤᠨ ᠲᠤᠰᠠᠯᠠᠬᠤ ᠨᠢᠭᠡᠴᠡ ᠶᠢ ᠣᠨ ᠤ ᠠᠶᠤᠯ ᠦᠭᠡᠢ ᠦᠢᠯᠡᠳᠪᠦᠷᠢᠯᠡᠯ ᠤᠨ | ᠰᠢᠯᠭᠠᠨ ᠬᠢᠨᠠᠭᠰᠠᠨ ᠬᠢᠷᠢ ᠪᠦᠲᠦᠮᠵᠢ ᠶᠢᠨ ᠨᠡᠷᠡᠰ ᠤᠨ ᠵᠢᠭᠰᠠᠭᠠᠯᠲᠠ ᠪᠠᠷ ᠡᠮᠦᠨ᠎ᠡ 5 ᠨᠢᠭᠡᠴᠡ ᠶᠢ ᠱᠠᠩᠨᠠᠵᠤ᠂ | ᠨᠢᠭᠡᠴᠡ ᠨᠢᠭᠡᠪᠦᠷᠢ ᠶᠢ 5 ᠮᠢᠩᠭᠠᠨ ᠲᠥᠭᠦᠷᠢᠭ ᠢᠶᠠᠷ ᠱᠠᠩᠨᠠᠨ᠎ᠠ᠃ | ︵ᠲᠦᠷᠪᠡ︶ ᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠢᠨᠠᠨ ᠰᠢᠯᠭᠠᠯᠲᠠ ᠳᠤ ᠰᠢᠯᠢᠳᠡᠭ ᠢᠶᠠᠷ | ᠦᠨᠡᠯᠡᠭᠳᠡᠭᠰᠡᠨ 5 ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢ ᠬᠥᠬᠢᠭᠦᠯᠦᠨ ᠱᠠᠩᠨᠠᠵᠤ᠂ ᠡᠷᠦᠬᠡ ᠪᠦᠷᠢ ᠶᠢᠨ | ᠰᠢᠯᠢᠳᠡᠭ ᠨᠢᠭᠡᠴᠡ ᠶᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ 2 ᠲᠦᠮᠡᠨ ᠲᠥᠭᠦᠷᠢᠭ ᠢᠶᠠᠷ | ᠱᠠᠩᠨᠠᠵᠤ᠂ ᠪᠦᠬᠦᠨ ᠢ ᠠᠵᠤ ᠠᠬᠤᠶᠢᠯᠠᠯ ᠤᠨ ᠠᠵᠢᠯᠲᠠᠨ ᠢ ᠱᠠᠩᠨᠠᠬᠤ ᠳᠤ ᠬᠡᠷᠡᠭᠯᠡᠪᠡ︔ 20 ᠰᠢᠯᠢᠳᠡᠭ ᠠᠵᠤ | ᠠᠬᠤᠶᠢᠯᠠᠯ ᠤᠨ ᠠᠩᠭᠢ ᠳᠤᠭᠤᠶᠢᠯᠠᠩ ᠢ ᠰᠢᠯᠭᠠᠷᠠᠭᠤᠯᠵᠤ᠂ ᠠᠩᠭᠢ ᠳᠤᠭᠤᠶᠢᠯᠠᠩ ᠢ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠠᠴᠠ 5 ᠮᠢᠩᠭᠠᠨ ᠲᠥᠭᠦᠷᠢᠭ ᠢᠶᠠᠷ ᠱᠠᠩᠨᠠᠵᠤ᠂ ᠱᠠᠩᠨᠠᠯ ᠤᠨ ᠮᠥᠩᠭᠦ ᠶᠢ ᠪᠦᠬᠦᠨ ᠢ ᠠᠵᠤ | ᠠᠬᠤᠶᠢᠯᠠᠯ ᠤᠨ ᠠᠵᠢᠯᠲᠠᠨ ᠠᠵᠢᠯᠴᠢᠨ ᠢ ᠱᠠᠩᠨᠠᠬᠤ ᠳᠤ ᠬᠡᠷᠡᠭᠯᠡᠨ᠎ᠡ᠃ | ︵ᠲᠠᠪᠤ︶ ᠠᠵᠤ ᠠᠬᠤᠶᠢᠯᠠᠯ ᠨᠢ ᠲᠤᠰ ᠠᠷᠭ᠎ᠠ ᠶᠢ ᠦᠨᠳᠦᠰᠦᠯᠡᠨ ᠲᠤᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠱᠠᠩᠨᠠᠯ ᠤᠨ ᠪᠡᠯᠡ ᠮᠥᠩᠭᠦ ᠶᠢ ᠵᠦᠢ ᠵᠣᠬᠢᠰᠲᠠᠶ ᠬᠡᠷᠡᠭᠯᠡᠬᠦ ᠶᠢᠨ ᠬᠠᠮᠲᠤ᠂ ᠲᠤᠰ ᠨᠢᠭᠡᠴᠡ ᠶᠢᠨ ᠢᠶᠠᠨ | ᠠᠶᠤᠯ ᠦᠭᠡᠶ ᠦᠢᠯᠡᠳᠪᠦᠷᠢᠯᠡᠯ ᠤᠨ ᠱᠠᠩᠨᠠᠬᠤ ᠠᠷᠭ᠎ᠠ ᠶᠢ ᠪᠠᠶᠢᠭᠤᠯᠤᠨ᠎ᠠ᠃ | ︵ᠵᠢᠷᠭᠤᠭ᠎ᠠ︶ ᠬᠠᠷᠢᠶ᠎ᠠ ᠣᠷᠣᠨ ᠤ ᠠᠵᠤ ᠠᠬᠤᠶᠢᠯᠠᠯ ᠨᠢ ᠠᠶᠤᠯ ᠦᠭᠡᠢ ᠦᠢᠯᠡᠳᠪᠦᠷᠢᠯᠡᠯ ᠤᠨ | ᠪᠠᠷᠢᠮᠵᠢᠶᠠᠵᠢᠭᠤᠯᠤᠯᠲᠠ ᠶᠢᠨ ᠭᠤᠷᠪᠠᠳᠤᠭᠠᠷ ᠳᠡᠰ ᠤᠨ ᠪᠠᠷᠢᠮᠵᠢᠶ᠎ᠠ ᠳᠤ ᠬᠦᠷᠭᠡᠵᠦ ᠪᠠᠶᠢᠭᠰᠠᠨ ᠠᠴᠠ ᠨᠢ ᠬᠤᠶᠠᠳᠤᠭᠠᠷ | ᠳᠡᠰ ᠤᠨ ᠪᠠᠷᠢᠮᠵᠢᠶ᠎ᠠ ᠳᠤ ᠬᠦᠷᠭᠡᠵᠦ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ 5 ᠲᠦᠮᠡᠨ ᠠᠵᠤ | ᠠᠬᠤᠶᠢᠯᠠᠯ ᠤᠳ ᠠᠶᠤᠯ ᠦᠭᠡᠢ ᠦᠢᠯᠡᠳᠪᠦᠷᠢᠯᠡᠯ ᠤᠨ ᠨᠥᠬᠦᠴᠡᠯ ᠢᠶᠠᠨ ᠰᠠᠨᠠᠭᠠᠴᠢᠯᠠᠭ᠎ᠠ ᠠᠴᠠ ᠪᠠᠨ ᠰᠠᠶᠢᠵᠢᠷᠠᠭᠤᠯᠵᠤ᠂ | ᠪᠥᠬᠦ ᠲᠤᠭᠤᠷᠢᠭ ᠲᠤ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠲᠠᠢ ᠪᠠᠶᠢᠪᠠᠯ᠂ ᠲᠤᠭᠤᠷᠢᠭ ᠤᠨ | ᠠᠷᠠᠳ ᠤᠨ ᠵᠠᠰᠠᠭ ᠤᠨ ᠣᠷᠳᠣᠨ ᠠᠴᠠ 5 ︱ 10 ᠲᠦᠮᠡᠨ ᠲᠥᠭᠦᠷᠢᠭ ᠢᠶᠠᠷ ᠱᠠᠩᠨᠠᠨ᠎ᠠ᠃ | ᠳᠥᠷᠪᠡᠳᠦᠭᠡᠷ ᠪᠦᠯᠦᠭ ᠨᠡᠪᠲᠡᠷᠡᠭᠦᠯᠬᠦ ᠠᠷᠭ᠎ᠠ | ᠬᠤᠷᠢᠨ ᠭᠤᠷᠪᠠᠳᠤᠭᠠᠷ ᠵᠦᠢᠯ ᠲᠤᠭᠤᠷᠢᠭ ᠤᠨ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠪᠤᠶᠤ | ᠲᠤᠭᠤᠷᠢᠭ ᠤᠨ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠤᠨ ᠬᠤᠯᠪᠣᠭᠳᠠᠯ ᠪᠥᠬᠦᠶ ᠪᠦᠷᠢᠯᠳᠦᠬᠦᠨ | ᠨᠢᠭᠡᠴᠡ ᠨᠦᠭᠦᠳ ᠠᠳᠡᠯ᠂ ᠴᠢᠬᠤᠯᠠ ᠠᠵᠢᠯ ᠤᠨ ᠡᠭᠦᠷᠭᠡ ᠶᠢ ᠪᠠᠶᠢᠷᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ᠂ | ᠲᠡᠷᠢᠭᠦᠨ ᠤ ᠠᠵᠢᠯ ᠤᠨ ᠲᠤᠷᠰᠢᠯᠭ᠎ᠠ᠂ ᠲᠣᠪᠤᠶᠢᠮ᠎ᠠ ᠠᠮᠵᠢᠯᠲᠠ ᠵᠢᠴᠢ ᠬᠠᠤᠯᠢ ᠬᠡᠷᠡᠭᠵᠢᠭᠦᠯᠦᠭᠰᠡᠨ ᠨᠡᠶᠢᠲᠡᠯᠢᠭ | ᠬᠡᠷᠡᠭ ᠤᠨ ᠵᠢᠱᠢᠶ᠎ᠡ ᠶᠢ ᠪᠢᠴᠢᠭ ᠮᠠᠲ᠋ᠧᠷᠢᠶᠠᠯ᠂ ᠬᠤᠷᠠᠯ ᠪᠤᠶᠤ ᠰᠣᠨᠢᠨ ᠮᠡᠳᠡᠭᠡᠨ ᠤ ᠤᠬᠠᠭᠤᠯᠭ᠎ᠠ ᠵᠡᠷᠭᠡ ᠠᠷᠭ᠎ᠠ | ᠮᠠᠶ᠋ᠢᠭ ᠢᠶᠠᠷ ᠵᠠᠷᠯᠠᠨ ᠮᠡᠳᠡᠭᠳᠡᠬᠦ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠠᠳᠡᠯ ᠭᠠᠷᠤᠭᠰᠠᠨ ᠤ ᠳᠠᠷᠠᠭ᠎ᠠ᠂ ᠲᠣᠭᠤᠷᠢᠭ ᠤᠨ ᠠᠶᠤᠯ ᠦᠭᠡᠶ | ᠦᠢᠯᠡᠳᠪᠦᠷᠢᠯᠡᠯ ᠤᠨ ᠵᠥᠪᠯᠡᠯ ᠤᠨ ᠬᠤᠯᠪᠣᠭᠳᠠᠯ ᠪᠦᠬᠦᠢ ᠪᠦᠷᠢᠯᠳᠦᠬᠦᠨ ᠨᠢᠭᠡᠴᠡ ᠠᠴᠠ ᠪᠦᠬᠦ ᠲᠤᠭᠤᠷᠢᠭ ᠤᠨ ᠠᠵᠢᠯ | ᠲᠥᠷᠥᠯ ᠤᠨ ᠬᠦᠷᠢᠶᠡᠨ ᠤ ᠬᠡᠪᠴᠢᠶᠡᠨ ᠳᠣᠲᠣᠷ᠎ᠠ ᠨᠡᠪᠲᠡᠷᠡᠭᠦᠯᠦᠨ᠎ᠡ᠃ ᠮᠡᠳᠡᠭᠡᠯᠡᠬᠦ ᠠᠭᠤᠯᠭ᠎ᠠ ᠳᠤ ᠠᠳᠡᠯ ᠤᠨ | ᠥᠩᠭᠡᠷᠡᠯᠲᠡ᠂ ᠠᠩᠬ᠎ᠠ ᠠᠯᠬᠤᠮ ᠤᠨ ᠰᠢᠯᠲᠠᠭᠠᠨ᠂ ᠠᠳᠡᠯ ᠤᠨ ᠰᠤᠷᠭᠠᠮᠵᠢ ᠵᠢᠴᠢ ᠬᠠᠨᠳᠤᠯᠭᠠᠲᠤ ᠴᠢᠨᠠᠷᠲᠠᠶ ᠠᠷᠭ᠎ᠠ | ᠬᠡᠮᠵᠢᠶ᠎ᠡ ᠵᠡᠷᠭᠡ ᠠᠭᠤᠯᠭ᠎ᠠ ᠪᠠᠭᠲᠠᠨ᠎ᠠ᠃ | ᠨᠡᠶᠢᠲᠡᠯᠢᠭ ᠠᠳᠡᠯ᠂ ᠴᠢᠬᠤᠯᠠ ᠰᠡᠷᠭᠡᠭ ᠴᠠᠭ ᠦᠶ᠎ᠡ ᠳᠤ ᠡᠭᠦᠰᠦᠭᠰᠡᠨ ᠠᠳᠡᠯ᠂ ᠪᠥᠬᠦ ᠲᠤᠭᠤᠷᠢᠭ ᠤᠨ | ᠴᠢᠨᠠᠷᠲᠠᠢ ᠴᠢᠬᠤᠯᠠ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠰᠠᠶᠢᠨ | ᠲᠤᠷᠰᠢᠯᠭ᠎ᠠ᠂ ᠰᠠᠶᠢᠨ ᠠᠷᠭ᠎ᠠ ᠬᠢᠳᠡᠯ᠂ ᠲᠣᠪᠣᠶᠢᠮ᠎ᠠ ᠠᠮᠵᠢᠯᠲᠠ ᠵᠡᠷᠭᠡ ᠶᠢ ᠲᠤᠭᠤᠷᠢᠭ ᠤᠨ ᠠᠶᠤᠯᠭᠦᠢ | ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠠᠴᠠ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ | ᠪᠦᠷᠢᠯᠳᠦᠭᠦᠨ ᠨᠢᠭᠡᠴᠡ ᠳᠤ ᠮᠡᠳᠡᠭᠡᠯᠡᠬᠦ ᠪᠤᠶᠤ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ | ᠣᠷᠳᠣᠨ ᠤ ᠤᠳᠤᠷᠢᠳᠤᠯᠭ᠎ᠠ ᠶᠢᠨ ᠱᠠᠭᠠᠷᠳᠠᠯᠭ᠎ᠠ ᠶᠣᠰᠣᠭᠠᠷ ᠮᠡᠳᠡᠭᠡᠯᠡᠨ᠎ᠡ᠃ | ᠬᠤᠷᠢᠨ ᠲᠠᠪᠤᠳᠤᠭᠠᠷ ᠵᠦᠢᠯ ᠲᠤᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠪᠦᠬᠦ | ᠲᠤᠭᠤᠷᠢᠭ ᠤᠨ ᠤᠯᠠᠷᠢᠯ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠬᠤᠷᠠᠯ ᠳᠡᠭᠡᠷ᠎ᠡ ᠤᠯᠠᠷᠢᠯ ᠤᠨ ᠠᠶᠤᠯ | ᠦᠭᠡᠢ ᠦᠢᠯᠡᠳᠪᠦᠷᠢᠯᠡᠯ ᠤᠨ ᠶᠡᠷᠦᠩᠬᠡᠢ ᠪᠠᠶᠢᠳᠠᠯ ᠢ ᠮᠡᠳᠡᠭᠳᠡᠵᠦ᠂ ᠡᠭᠦᠨ ᠳᠤ ᠪᠥᠬᠦ ᠲᠤᠭᠤᠷᠢᠭ ᠤᠨ ᠠᠳᠡᠯ ᠤᠨ | ᠪᠦᠷᠢᠳᠬᠡᠯ ᠤᠨ ᠲᠤᠭ᠎ᠠ ᠪᠠᠷᠢᠮᠲᠠ ᠶᠢ ᠪᠠᠭᠲᠠᠭᠠᠵᠤ᠂ ᠭᠠᠵᠠᠷ ᠣᠷᠣᠨ᠂ ᠠᠵᠢᠯ ᠲᠥᠷᠥᠯ ᠬᠤᠪᠢᠶᠠᠭᠰᠠᠨ ᠠᠳᠡᠯ ᠤᠨ | ᠪᠦᠷᠢᠳᠬᠡᠯ ᠤᠨ ᠲᠤᠭ᠎ᠠ ᠪᠠᠷᠢᠮᠲᠠ ᠶᠢ ᠪᠠᠭᠲᠠᠭᠠᠵᠤ᠂ ᠠᠵᠢᠯ ᠲᠥᠷᠥᠯ᠂ ᠭᠠᠵᠠᠷ ᠣᠷᠣᠨ ᠢᠶᠠᠷ ᠠᠶᠤᠯ ᠦᠭᠡᠢ | ᠦᠢᠯᠡᠳᠪᠦᠷᠢᠯᠡᠯ ᠤᠨ ᠪᠠᠶᠢᠳᠠᠯ ᠪᠠ ᠵᠢᠮ᠎ᠡ ᠶᠣᠰᠣᠨ ᠤ ᠣᠨᠴᠠᠯᠢᠭ ᠢ ᠵᠠᠳᠠᠯᠵᠤ᠂ ᠣᠷᠣᠰᠢᠵᠤ ᠪᠠᠶᠢᠭ᠎ᠠ ᠠᠰᠠᠭᠤᠳᠠᠯ ᠪᠠ | ᠬᠦᠷᠦᠯᠴᠡᠬᠦ ᠦᠭᠡᠢ ᠲᠠᠯ᠎ᠠ ᠶᠢ ᠡᠷᠢᠵᠦ᠂ ᠲᠠᠷᠠᠭᠠᠴᠢ ᠶᠢᠨ ᠱᠠᠲᠤᠨ ᠤ ᠪᠥᠬᠦ ᠲᠤᠭᠤᠷᠢᠭ ᠤᠨ ᠠᠶᠤᠯ ᠦᠭᠡᠢ | ᠦᠢᠯᠡᠳᠪᠦᠷᠢᠯᠡᠯ ᠤᠨ ᠭᠤᠣᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠨ᠎ᠡ᠃ | ᠬᠤᠷᠢᠨ ᠵᠢᠷᠭᠤᠳᠤᠭᠠᠷ ᠵᠦᠢᠯ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠯᠪᠣᠭᠳᠠᠯ | ᠪᠦᠬᠦᠢ ᠪᠦᠷᠢᠯᠳᠦᠬᠦᠨ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠵᠠᠷᠯᠠᠯ ᠢ ᠲᠤᠭᠤᠷᠢᠭ ᠤᠨ ᠨᠠᠮ ᠤᠨ | ᠬᠤᠷᠢᠶᠠᠨ ᠤ ᠠᠯᠪᠠᠨ ᠭᠡᠷ᠂ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠵᠢᠴᠢ ᠲᠤᠭᠤᠷᠢᠭ ᠤᠨ ᠠᠶᠤᠯᠭᠦᠢ | ᠦᠢᠯᠡᠳᠪᠦᠷᠢᠯᠡᠯ ᠤᠨ ᠵᠥᠪᠯᠡᠯ ᠤᠨ ᠡᠷᠬᠢᠯᠡᠭᠴᠢ᠂ ᠪᠠᠶᠢᠩᠭᠤ ᠶᠢᠨ ᠳᠡᠳ᠋ ᠡᠷᠬᠢᠯᠡᠭᠴᠢ᠂ ᠬᠤᠪᠢᠳᠠᠨ ᠬᠠᠮᠢᠶᠠᠷᠬᠤ ᠳᠡᠳ᠋ | ᠡᠷᠬᠢᠯᠡᠭᠴᠢ ᠵᠢᠴᠢ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠲᠤ ᠬᠠᠭᠤᠯᠤᠨ | ᠬᠦᠷᠭᠡᠨ᠎ᠡ᠃ | ᠬᠤᠷᠢᠨ ᠳᠣᠯᠣᠳᠤᠭᠠᠷ ᠵᠦᠢᠯ ᠲᠤᠭᠤᠷᠢᠭ ᠤᠨ ᠠᠶᠤᠯ ᠦᠭᠡᠢ ᠶᠢᠨ ᠵᠥᠪᠯᠡᠯ ᠤᠨ ᠬᠤᠯᠪᠣᠭᠳᠠᠯ ᠪᠦᠬᠦᠢ | ᠪᠦᠷᠢᠯᠳᠦᠭᠦᠨ ᠨᠢᠭᠡᠴᠡ ᠨᠦᠭᠦᠳ ᠲᠣᠰ ᠠᠵᠢᠯ ᠲᠥᠷᠥᠯ ᠤᠨ ᠬᠦᠷᠢᠶᠡᠨ ᠳᠠᠬᠢ ᠠᠳᠡᠯ ᠢ ᠨᠡᠪᠲᠡᠷᠡᠭᠦᠯᠬᠦ ᠳᠡᠭᠡᠨ | ᠰᠢᠮᠳᠠᠭᠤᠯᠤᠨ ᠪᠠᠶᠢᠴᠠᠭᠠᠬᠤ᠂ ᠲᠣᠭᠤᠷᠢᠨ ᠪᠠᠶᠢᠴᠠᠭᠠᠬᠤ᠂ ᠪᠣᠯᠵᠣᠨ ᠶᠠᠷᠢᠯᠴᠠᠬᠤ ᠪᠠ ᠣᠨ ᠤ ᠰᠢᠯᠭᠠᠨ ᠬᠢᠨᠠᠬᠤ ᠵᠡᠷᠭᠡ | ᠯᠦᠭᠡ ᠬᠠᠷᠢᠯᠴᠠᠨ ᠤᠶᠠᠯᠳᠤᠭᠤᠯᠵᠤ᠂ ᠨᠡᠪᠲᠡᠷᠡᠭᠦᠯᠬᠦ ᠶᠢ ᠴᠠᠭ ᠲᠤᠬᠠᠢ ᠳᠤᠨᠢ᠂ ᠰᠡᠷᠭᠡᠶᠢᠯᠡᠬᠦ ᠠᠷᠭ᠎ᠠ ᠬᠡᠮᠵᠢᠶ᠎ᠡ ᠶᠢ | ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ | ᠲᠠᠪᠤᠳᠤᠭᠠᠷ ᠪᠦᠯᠦᠭ ᠰᠡᠷᠡᠮᠵᠢᠯᠡᠭᠦᠯᠬᠦ ᠠᠷᠭ᠎ᠠ | ᠬᠤᠷᠢᠨ ᠨᠠᠢᠮᠠᠳᠤᠭᠠᠷ ᠵᠦᠢᠯ ᠲᠤᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠪᠤᠶᠤ | ᠲᠤᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠡᠭᠦᠰᠦᠭᠰᠡᠨ ᠠᠳᠡᠯ ᠪᠤᠶᠤ ᠣᠷᠣᠨ | ᠪᠦᠰᠡ ᠶᠢᠨ ᠴᠢᠨᠠᠷᠲᠠᠶ᠂ ᠠᠵᠢᠯ ᠲᠥᠷᠥᠯ ᠤᠨ ᠴᠢᠨᠠᠷᠲᠠᠶ ᠠᠶᠤᠯ ᠦᠭᠡᠢ ᠦᠢᠯᠡᠳᠪᠦᠷᠢᠯᠡᠯ ᠤᠨ ᠠᠰᠠᠭᠤᠳᠠᠯ ᠢ | ᠦᠨᠳᠦᠰᠦᠯᠡᠨ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ᠂ ᠲᠤᠭᠤᠷᠢᠭ ᠤᠨ ᠠᠶᠤᠯ | ᠦᠭᠡᠢ ᠦᠢᠯᠡᠳᠪᠦᠷᠢᠯᠡᠯ ᠤᠨ ᠵᠥᠪᠯᠡᠯ ᠤᠨ ᠬᠤᠯᠪᠣᠭᠳᠠᠯ ᠪᠦᠬᠦᠢ ᠪᠦᠷᠢᠯᠳᠦᠬᠦᠨ ᠨᠢᠭᠡᠴᠡ ᠳᠤ ᠲᠣᠰ ᠲᠣᠰ | ᠰᠡᠷᠡᠮᠵᠢᠯᠡᠭᠦᠯᠬᠦ ᠴᠢᠨᠠᠷᠲᠠᠶ ᠰᠡᠷᠡᠮᠵᠢ ᠪᠠ ᠰᠡᠷᠡᠮᠵᠢ ᠥᠭᠴᠦ ᠮᠡᠳᠡᠭᠳᠡᠨ᠎ᠡ᠃ ᠲᠤᠭᠤᠷᠢᠭ ᠤᠨ ᠠᠶᠤᠯ ᠦᠭᠡᠶ | ᠦᠢᠯᠡᠳᠪᠦᠷᠢᠯᠡᠯ ᠤᠨ ᠵᠥᠪᠯᠡᠯ ᠤᠨ ᠡᠯ᠎ᠡ ᠬᠤᠯᠪᠣᠭᠳᠠᠯ ᠪᠦᠬᠦᠢ ᠪᠦᠷᠢᠯᠳᠦᠬᠦᠨ ᠨᠢᠭᠡᠴᠡ ᠨᠦᠭᠦᠳ ᠪᠦᠬᠦ | ᠲᠤᠭᠤᠷᠢᠭ ᠤᠨ ᠲᠤᠰ ᠠᠵᠢᠯ ᠲᠥᠷᠥᠯ ᠤᠨ ᠬᠦᠷᠢᠶ᠎ᠡ ᠵᠢᠴᠢ ᠠᠵᠤ ᠠᠬᠤᠶᠢᠯᠠᠯ ᠳᠤ ᠰᠡᠷᠡᠮᠵᠢᠯᠡᠭᠦᠯᠦᠨ | ᠨᠡᠪᠲᠡᠷᠡᠭᠦᠯᠦᠨ᠎ᠡ᠃ ᠰᠡᠷᠡᠮᠵᠢᠯᠡᠭᠦᠯᠵᠦ ᠵᠠᠷᠯᠠᠨ ᠨᠡᠶᠢᠲᠡᠯᠡᠬᠦ ᠳᠤ ᠠᠳᠡᠯ ᠤᠨ ᠥᠩᠭᠡᠷᠡᠯᠲᠡ᠂ ᠠᠩᠬ᠎ᠠ ᠠᠯᠬᠤᠮ ᠤᠨ | ᠰᠢᠯᠲᠠᠭᠠᠨ᠂ ᠠᠳᠡᠯ ᠤᠨ ᠰᠤᠷᠭᠠᠮᠵᠢ ᠵᠢᠴᠢ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠵᠡᠷᠭᠡ ᠠᠭᠤᠯᠭ᠎ᠠ ᠪᠠᠭᠲᠠᠨ᠎ᠠ᠃ | ᠬᠤᠷᠢ ᠶᠢᠰᠦᠳᠦᠭᠡᠷ ᠵᠦᠢᠯ ᠰᠡᠷᠡᠮᠵᠢᠯᠡᠭᠦᠯᠬᠦ ᠠᠭᠤᠯᠭ᠎ᠠ ᠳᠤ ᠳᠣᠣᠷᠠᠬᠢ ᠵᠦᠢᠯᠡᠰ ᠪᠠᠭᠲᠠᠨ᠎ᠠ᠄ | ︵ᠨᠢᠭᠡ︶ ᠠᠵᠢᠯ ᠲᠥᠷᠥᠯ ᠤᠨ ᠴᠢᠨᠠᠷᠲᠠᠶ᠂ ᠣᠷᠣᠨ ᠪᠦᠰᠡ ᠶᠢᠨ ᠴᠢᠨᠠᠷᠲᠠᠶ ᠠᠳᠡᠯ ᠤᠨ ᠳᠠᠯᠳᠠ ᠬᠡᠮ ᠪᠠ | ᠲᠣᠪᠤᠶᠢᠮ᠎ᠠ ᠠᠰᠠᠭᠤᠳᠠᠯ ᠣᠷᠣᠰᠢᠵᠤ ᠪᠠᠶᠢᠬᠤ︔ | ︵ᠬᠤᠶᠠᠷ︶ ᠠᠶᠤᠯᠭᠦᠢ ᠦᠢᠯᠡᠳᠪᠦᠷᠢᠯᠡᠯ ᠤᠨ ᠠᠵᠢᠯ ᠢ ᠪᠣᠳᠠᠲᠠᠶᠢᠵᠢᠭᠤᠯᠤᠭᠰᠠᠨ ᠦᠭᠡᠢ᠂ ᠬᠢᠨᠠᠯᠲᠠ | ᠬᠠᠮᠢᠶᠠᠷᠤᠯᠲᠠ ᠶᠢᠨ ᠪᠠᠯᠠᠢ ᠣᠷᠣᠨ ᠭᠠᠷᠤᠭᠰᠠᠨ ᠪᠤᠶᠤ ᠬᠠᠤᠯᠢ ᠪᠤᠰᠤ ᠪᠠ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠤᠷᠳᠤ ᠬᠤᠭᠤᠴᠠᠭ᠎ᠠ ᠪᠠᠷ ᠣᠷᠣᠰᠢᠵᠤ ᠪᠠᠶᠢᠬᠤ︔ | ︵ᠭᠤᠷᠪᠠ︶ 60 ᠡᠳᠦᠷ ᠤᠨ ᠳᠣᠲᠣᠷ᠎ᠠ ᠠᠳᠠᠯᠢ ᠲᠦᠷᠦᠯ ᠤᠨ ᠠᠳᠡᠯ ᠲᠠᠬᠢᠨ ᠳᠠᠪᠲᠠᠨ ᠭᠠᠷᠬᠤ︔ | ︵ᠳᠥᠷᠪᠡ︶ ᠠᠳᠡᠯ ᠢ ᠰᠠᠶᠢᠲᠤᠷ ᠬᠢᠵᠠᠭᠠᠷᠯᠠᠭᠰᠠᠨ ᠦᠭᠡᠢ︔ | ︵ᠲᠠᠪᠤ︶ ᠠᠳᠡᠯ ᠤᠨ ᠬᠠᠷᠢᠭᠤᠴᠠᠯᠭ᠎ᠠ ᠶᠢ ᠨᠡᠬᠡᠮᠵᠢᠯᠡᠬᠦ ᠶᠢ ᠬᠠᠭᠠᠰ ᠵᠢᠯ ᠬᠡᠲᠦᠷᠡᠲᠡᠯ᠎ᠡ ᠦᠯᠦ | ᠨᠠᠶᠢᠳᠡᠪᠦᠷᠢᠵᠢᠭᠤᠯᠬᠤ︔ | ︵ᠵᠢᠷᠭᠤᠭ᠎ᠠ︶ ᠳᠡᠭᠡᠳᠦ ᠱᠠᠲᠤᠨ ᠤ ᠴᠢᠬᠤᠯᠠ ᠶᠡᠭᠡ ᠠᠵᠢᠯ ᠤᠨ ᠪᠠᠶᠢᠷᠢᠯᠠᠭᠤᠯᠤᠯᠲᠠ ᠶᠢ ᠱᠠᠭᠠᠷᠳᠠᠯᠭ᠎ᠠ | ᠶᠣᠰᠣᠭᠠᠷ ᠦᠯᠦ ᠪᠡᠶᠡᠯᠡᠭᠦᠯᠬᠦ︔ | ︵ᠲᠤᠯᠤᠭ᠎ᠠ︶ ᠰᠡᠷᠡᠮᠵᠢᠯᠡᠭᠦᠯᠦᠨ ᠮᠡᠳᠡᠭᠳᠡᠬᠦ ᠴᠢᠬᠤᠯᠠᠲᠠᠢ ᠪᠤᠰᠤᠳ ᠪᠠᠶᠢᠳᠠᠯ︔ | ᠭᠤᠴᠢᠳᠤᠭᠠᠷ ᠵᠦᠢᠯ ᠰᠡᠷᠡᠮᠵᠢᠯᠡᠭᠦᠯᠦᠨ ᠮᠡᠳᠡᠭᠳᠡᠬᠦ ᠪᠠᠶᠢᠳᠠᠯ ᠳᠤ ᠨᠡᠶᠢᠴᠡᠪᠡᠯ᠂ ᠲᠣᠭᠤᠷᠢᠭ ᠤᠨ ᠠᠶᠤᠯᠭᠦᠢ | ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠠᠴᠠ ᠰᠡᠷᠡᠮᠵᠢᠯᠡᠭᠦᠯᠦᠨ ᠮᠡᠳᠡᠭᠳᠡᠬᠦ ᠮᠡᠳᠡᠭᠳᠡᠯ ᠲᠤᠭᠤᠷᠪᠢᠵᠤ᠂ | ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠤᠳᠤᠷᠢᠳᠤᠯᠭ᠎ᠠ ᠳᠤ ᠮᠡᠳᠡᠭᠦᠯᠦᠨ ᠬᠢᠨᠠᠨ | ᠲᠣᠭᠲᠠᠭᠠᠯᠭᠠᠵᠤ ᠭᠠᠷ ᠤᠨ ᠦᠰᠦᠭ ᠵᠢᠷᠤᠭᠤᠯᠵᠤ ᠶᠠᠪᠤᠭᠤᠯᠬᠤ ᠶᠢᠨ ᠬᠠᠮᠲᠤ ᠲᠣᠭᠤᠷᠢᠭ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ᠂ | ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠲᠣᠭᠤᠷᠢᠭ ᠤᠨ ᠵᠠᠰᠠᠭ ᠤᠨ ᠣᠷᠳᠣᠨ ᠤ | ᠠᠯᠪᠠᠨ ᠭᠡᠷ ᠲᠤ ᠬᠠᠭᠤᠯᠤᠨ ᠬᠦᠷᠭᠡᠨ᠎ᠡ᠃ | ᠭᠤᠴᠢᠨ ᠨᠢᠭᠡᠳᠦᠭᠡᠷ ᠵᠦᠢᠯ ᠰᠡᠷᠡᠮᠵᠢᠯᠡᠭᠦᠯᠦᠨ ᠮᠡᠳᠡᠭᠳᠡᠭᠰᠡᠨ ᠨᠢᠭᠡᠴᠡ ᠰᠡᠷᠡᠮᠵᠢᠯᠡᠬᠦᠯᠬᠦ ᠮᠡᠳᠡᠭᠳᠡᠯ ᠢ | ᠣᠯᠤᠭᠰᠠᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ᠂ ᠣᠷᠣᠰᠢᠵᠤ ᠪᠠᠶᠢᠭ᠎ᠠ ᠭᠤᠤᠯ ᠠᠰᠠᠭᠤᠳᠠᠯ ᠵᠢᠴᠢ | ᠰᠢᠯᠲᠠᠭᠠᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠪᠢᠴᠢᠭ ᠤᠨ | ᠬᠡᠯᠪᠡᠷᠢ ᠪᠠᠷ ᠲᠤᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠲᠤ ᠮᠡᠳᠡᠭᠦᠯᠦᠨ᠎ᠡ᠃ | ᠵᠢᠷᠭᠤᠳᠤᠭᠠᠷ ᠪᠦᠯᠦᠭ ᠪᠣᠯᠵᠣᠨ ᠶᠠᠷᠢᠯᠴᠠᠬᠤ ᠠᠷᠭ᠎ᠠ | ᠭᠤᠴᠢᠨ ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠠᠶᠤᠯ ᠦᠭᠡᠢ ᠦᠢᠯᠡᠳᠪᠦᠷᠢᠯᠡᠯ ᠤᠨ | ᠪᠣᠯᠵᠣᠨ ᠶᠠᠷᠢᠯᠴᠠᠬᠤ ᠭᠡᠳᠡᠭ ᠨᠢ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠷᠬᠢᠯᠡᠭᠴᠢ᠂ ᠳᠡᠳ᠋ | ᠡᠷᠬᠢᠯᠡᠭᠴᠢ ᠵᠢᠴᠢ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ᠂ ᠲᠤᠭᠤᠷᠢᠭ ᠤᠨ | ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ | ᠡᠭᠦᠷᠭᠡ ᠬᠠᠷᠢᠭᠤᠴᠠᠯᠭ᠎ᠠ ᠲᠠᠢ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠨ ᠲᠠᠢ ᠠᠭᠤᠯᠵᠠᠵᠤ᠂ ᠲᠤᠭᠤᠷᠢᠭ ᠤᠨ | ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠯᠪᠣᠭᠳᠠᠯ ᠪᠦᠬᠦᠢ ᠪᠦᠷᠢᠯᠳᠦᠭᠦᠨ ᠨᠢᠭᠡᠴᠡ ᠶᠢᠨ ᠭᠤᠣᠯ | ᠬᠠᠷᠢᠭᠤᠴᠠᠯᠭᠠᠲᠠᠨ᠂ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠲᠠᠢ ᠠᠭᠤᠯᠵᠠᠵᠤ᠂ ᠠᠶᠤᠯᠭᠦᠢ ᠦᠢᠯᠡᠳᠪᠦᠷᠢᠯᠡᠯ ᠤᠨ | ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠰᠡᠷᠡᠮᠵᠢᠯᠡᠭᠦᠯᠦᠨ ᠰᠠᠨᠠᠭᠤᠯᠵᠤ᠂ ᠰᠡᠷᠡᠮᠵᠢᠯᠡᠭᠦᠯᠦᠨ ᠵᠢᠯᠤᠭᠤᠳᠴᠤ᠂ | ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠬᠤ ᠶᠠᠷᠢᠯᠴᠠᠭ᠎ᠠ ᠶᠢ ᠵᠢᠭᠠᠨ᠎ᠠ᠃ | ᠭᠤᠴᠢᠨ ᠭᠤᠷᠪᠠᠳᠤᠭᠠᠷ ᠵᠦᠢᠯ ᠠᠶᠤᠯ ᠦᠭᠡᠢ ᠦᠢᠯᠡᠳᠪᠦᠷᠢᠯᠡᠯ ᠤᠨ ᠠᠵᠢᠯ ᠨᠢ ᠬᠦᠴᠦᠨ ᠦᠭᠡᠢ ᠳᠣᠣᠷᠠᠬᠢ | ᠪᠠᠶᠢᠳᠠᠯ ᠤᠨ ᠨᠢᠭᠡ ᠨᠢ ᠪᠠᠶᠢᠪᠠᠯ᠂ ᠲᠣᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠡᠷᠬᠢᠯᠡᠭᠴᠢ | ᠪᠤᠶᠤ ᠳᠡᠳ᠋ ᠡᠷᠬᠢᠯᠡᠭᠴᠢ ᠠᠴᠠ ᠲᠣᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠬᠤᠯᠪᠣᠭᠳᠠᠯ | ᠪᠦᠬᠦᠢ ᠪᠦᠷᠢᠯᠳᠦᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠨ᠎ᠠ᠄ | ︵ᠨᠢᠭᠡ︶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠪᠠ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠪᠠ ᠬᠤᠲᠠ ᠶᠢᠨ ᠵᠠᠰᠠᠭ ᠤᠨ | ᠣᠷᠳᠣᠨ ᠵᠢᠴᠢ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠠᠶᠤᠯᠭᠦᠢ | ᠦᠢᠯᠡᠳᠪᠦᠷᠢᠯᠡᠯ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠤᠭᠰᠠᠨ ᠨᠢ ᠡᠷᠡᠰ ᠰᠢᠭᠤᠷᠬᠠᠢ ᠪᠢᠰᠢ᠂ ᠪᠣᠳᠠᠲᠠᠶᠢᠵᠢᠭᠤᠯᠤᠭᠰᠠᠨ ᠦᠭᠡᠢ︔ | ︵ᠬᠤᠶᠠᠷ︶ ᠬᠠᠷᠢᠶᠠᠯᠠᠯ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠨᠡᠯᠢᠶᠡᠳ ᠶᠡᠭᠡ ᠪᠤᠶᠤ | ᠲᠡᠭᠦᠨ ᠠᠴᠠ ᠳᠡᠭᠡᠭᠰᠢ ᠠᠳᠡᠯ ᠭᠠᠷᠤᠭᠰᠠᠨ︔ | ︵ᠭᠤᠷᠪᠠ︶ ᠪᠠᠴᠢᠮ ᠪᠠᠶᠢᠳᠠᠯ ᠢ ᠰᠠᠶᠢᠲᠤᠷ ᠠᠷᠭᠠᠴᠠᠨ ᠰᠢᠢᠳᠪᠦᠷᠢᠯᠡᠭᠰᠡᠨ ᠦᠭᠡᠢ ᠠᠴᠠ ᠪᠣᠯᠵᠤ ᠠᠳᠡᠯ ᠤᠨ | ᠦᠬᠦᠯ ᠰᠢᠷᠬᠠᠲᠤᠯ ᠤᠨ ᠬᠤᠬᠢᠷᠠᠯ ᠢ ᠥᠷᠭᠡᠳᠬᠡᠵᠦ᠂ ᠨᠡᠯᠢᠶᠡᠳ ᠶᠡᠭᠡ ᠵᠢᠴᠢ ᠲᠡᠭᠦᠨ ᠠᠴᠠ ᠳᠡᠭᠡᠭᠰᠢ ᠡ᠊ᠨᠳᠡᠯ ᠳᠤ | ᠬᠦᠷᠦᠭᠦᠯᠦᠭᠰᠡᠨ︔ | ︵ᠳᠥᠷᠪᠡ︶ ᠨᠡᠯᠢᠶᠡᠳ ᠶᠡᠭᠡ ᠵᠢᠴᠢ ᠲᠡᠭᠦᠨ ᠠᠴᠠ ᠳᠡᠭᠡᠭᠰᠢᠬᠢ ᠠᠳᠡᠯ ᠤᠨ ᠪᠠᠶᠢᠴᠠᠭᠠᠯᠲᠠ ᠶᠢᠨ | ᠮᠡᠳᠡᠭᠦᠯᠦᠯᠲᠡ ᠳᠤ ᠳᠤᠷᠠᠳᠤᠭᠰᠠᠨ ᠬᠠᠷᠢᠭᠤᠴᠠᠯᠭ᠎ᠠ ᠨᠡᠬᠡᠮᠵᠢᠯᠡᠬᠦ᠂ ᠰᠡᠷᠭᠡᠶᠢᠯᠡᠬᠦ ᠪᠠ ᠴᠡᠭᠴᠡᠯᠡᠨ ᠰᠠᠶᠢᠵᠢᠷᠠᠭᠤᠯᠬᠤ | ᠠᠷᠭ᠎ᠠ ᠬᠡᠮᠵᠢᠶ᠎ᠡ ᠶᠢ ᠱᠠᠭᠠᠷᠳᠠᠯᠭ᠎ᠠ ᠶᠣᠰᠣᠭᠠᠷ ᠨᠠᠶᠢᠳᠠᠪᠤᠷᠢᠵᠢᠭᠤᠯᠤᠭᠰᠠᠨ ᠦᠭᠡᠢ︔ | ︵ᠲᠠᠪᠤ︶ ᠪᠣᠯᠵᠣᠨ ᠶᠠᠷᠢᠯᠴᠠᠬᠤ ᠴᠢᠬᠤᠯᠠᠲᠠᠢ ᠪᠤᠰᠤᠳ ᠪᠠᠶᠢᠳᠠᠯ︔ | ᠭᠤᠴᠢᠨ ᠳᠥᠷᠪᠡᠳᠦᠭᠡᠷ ᠵᠦᠢᠯ ᠠᠶᠤᠯ ᠦᠭᠡᠢ ᠦᠢᠯᠡᠳᠪᠦᠷᠢᠯᠡᠯ ᠤᠨ ᠠᠵᠢᠯ ᠨᠢ ᠬᠦᠴᠦᠨ ᠦᠭᠡᠢ᠂ ᠳᠣᠣᠷ᠎ᠠ | ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠲᠤᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ | ᠳᠡᠳ᠋ ᠡᠷᠬᠢᠯᠡᠭᠴᠢ ᠪᠤᠶᠤ ᠲᠡᠭᠦᠨ ᠤ ᠨᠠᠶᠢᠳᠠᠭᠰᠠᠨ ᠲᠤᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ | ᠠᠯᠪᠠᠨ ᠭᠡᠷ ᠤᠨ ᠬᠠᠷᠢᠭᠤᠴᠠᠯᠭᠠᠲᠠᠨ ᠠᠴᠠ ᠲᠤᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ | ᠪᠦᠷᠢᠯᠳᠦᠬᠦᠨ ᠨᠢᠭᠡᠴᠢ ᠶᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠨ᠎ᠠ᠄ | ︵ᠨᠢᠭᠡ︶ ᠬᠠᠷᠢᠶᠠᠯᠠᠬᠤ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠤ 30 ᠡᠳᠦᠷ ᠤᠨ ᠳᠣᠲᠣᠷ᠎ᠠ ᠡᠩ ᠤᠨ | ᠠᠳᠡᠯ 2 ᠤᠳᠠᠭ᠎ᠠ ︵ᠪᠠᠭᠲᠠᠨ᠎ᠠ︶ ᠭᠠᠷᠤᠭᠰᠠᠨ︔ | ︵ᠬᠤᠶᠠᠷ︶ ᠬᠠᠤᠯᠢ ᠪᠤᠰᠤ ᠪᠠᠷ ᠦᠢᠯᠡᠳᠪᠦᠷᠢᠯᠡᠯ ᠡᠵᠡᠩᠨᠡᠯᠲᠡ ᠪᠦᠲᠦᠭᠡᠨ ᠪᠠᠶᠢᠭᠤᠯᠤᠯᠲᠠ ᠬᠢᠭᠡᠳ ᠡ᠊ᠨᠳᠡᠯ | ᠭᠠᠷᠭᠠᠭᠰᠠᠨ᠂ ᠡᠰᠡᠬᠦᠯ᠎ᠡ ᠰᠢᠨᠵᠢ ᠴᠢᠨᠠᠷ ᠤᠨ ᠲᠠᠯ᠎ᠠ ᠪᠠᠷ ᠬᠦᠨᠳᠦ ᠨᠣᠴᠢᠲᠠᠢ ᠨᠥᠯᠥᠭᠡ ᠦᠵᠡᠭᠦᠯᠦᠭᠰᠡᠨ ᠪᠤᠰᠤᠳ | ᠮᠠᠭᠤ ᠠᠳᠡᠯ ᠭᠠᠷᠭᠠᠭᠰᠠᠨ︔ | ︵ᠭᠤᠷᠪᠠ︶ ᠪᠠᠴᠢᠮ ᠪᠠᠶᠢᠳᠠᠯ ᠢ ᠰᠠᠶᠢᠲᠤᠷ ᠠᠷᠭᠠᠴᠠᠨ ᠰᠢᠢᠳᠪᠦᠷᠢᠯᠡᠭᠰᠡᠨ ᠦᠭᠡᠢ ᠠᠴᠠ ᠪᠣᠯᠵᠤ ᠠᠳᠡᠯ ᠤᠨ | ᠦᠬᠦᠯ ᠰᠢᠷᠬᠠᠲᠤᠯ ᠤᠨ ᠬᠤᠬᠢᠷᠠᠯ ᠢ ᠥᠷᠭᠡᠳᠬᠡᠵᠦ᠂ ᠨᠡᠯᠢᠶᠡᠳ ᠶᠡᠭᠡ ᠠᠳᠡᠯ ᠳᠤ ᠬᠦᠷᠦᠭᠦᠯᠦᠭᠰᠡᠨ︔ | ︵ᠳᠥᠷᠪᠡ︶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ᠂ | ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ᠂ ᠬᠤᠲᠠ ᠶᠢᠨ ᠠᠶᠤᠯ ᠦᠭᠡᠢ | ᠦᠢᠯᠡᠳᠪᠦᠷᠢᠯᠡᠯ ᠤᠨ ᠵᠥᠪᠯᠡᠯ᠂ ᠲᠤᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠰᠢᠮᠳᠠᠭᠤᠯᠤᠨ | ᠰᠢᠢᠳᠪᠦᠷᠢᠯᠡᠭᠦᠯᠦᠭᠰᠡᠨ ᠠᠳᠡᠯ ᠤᠨ ᠲᠤᠰᠢᠶᠠᠨ ᠰᠢᠢᠳᠪᠦᠷᠢᠯᠡᠭᠦᠯᠦᠭᠰᠡᠨ ᠢᠯᠡᠴᠢᠯᠡᠨ ᠮᠡᠳᠡᠭᠦᠯᠦᠭᠰᠡᠨ ᠬᠡᠷᠡᠭ ᠢ | ᠲᠣᠭᠲᠠᠭᠠᠯ ᠶᠣᠰᠣᠭᠠᠷ ᠪᠠᠶᠢᠴᠠᠭᠠᠬᠤ ᠪᠤᠶᠤ ᠬᠠᠷᠭᠤᠭᠤᠯᠤᠨ ᠪᠠᠶᠢᠴᠠᠭᠠᠬᠤ ᠶᠢ ᠪᠡᠶᠡᠯᠡᠭᠦᠯᠦᠭᠰᠡᠨ ᠦᠭᠡᠢ᠂ ᠡᠰᠡᠬᠦᠯ᠎ᠡ | ᠬᠠᠷᠢᠭᠤᠴᠠᠯᠭ᠎ᠠ ᠨᠡᠬᠡᠮᠵᠢᠯᠡᠬᠦ᠂ ᠰᠡᠷᠭᠡᠶᠢᠯᠡᠬᠦ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠦᠭᠡᠢ︔ | ︵ᠲᠠᠪᠤ︶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ᠂ | ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ᠂ ᠬᠤᠲᠠ ᠶᠢᠨ | ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ᠂ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ | ᠵᠥᠪᠯᠡᠯ ᠤᠨ ᠠᠯᠪᠠᠨ ᠭᠡᠷ ᠤᠨ ᠰᠢᠪᠠᠳᠠᠨ ᠰᠢᠢᠳᠪᠦᠷᠢᠯᠡᠭᠦᠯᠦᠭᠰᠡᠨ ᠳᠠᠯᠳᠠ ᠬᠡᠮ ᠤᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠱᠠᠭᠠᠷᠳᠠᠯᠭ᠎ᠠ ᠶᠣᠰᠣᠭᠠᠷ ᠪᠡᠶᠡᠯᠡᠭᠦᠯᠦᠭᠰᠡᠨ ᠦᠭᠡᠢ︔ | ︵ᠵᠢᠷᠭᠤᠭ᠎ᠠ︶ ᠣᠨ ᠤ ᠠᠶᠤᠯ ᠦᠭᠡᠢ ᠦᠢᠯᠡᠳᠪᠦᠷᠢᠯᠡᠯ ᠤᠨ ᠬᠢᠨᠠᠨ ᠰᠢᠯᠭᠠᠯᠲᠠ ᠶᠢᠨ ᠦᠷ᠎ᠡ ᠳ᠋ᠦᠩ ᠨᠢ ᠬᠢᠷᠢ | ᠲᠡᠩᠴᠡᠭᠰᠡᠨ ᠦᠭᠡᠢ︔ | ︵ᠲᠤᠯᠤᠭ᠎ᠠ︶ ᠪᠣᠯᠵᠣᠨ ᠶᠠᠷᠢᠯᠴᠠᠬᠤ ᠴᠢᠬᠤᠯᠠ ᠲᠠᠢ ᠪᠤᠰᠤᠳ ᠪᠠᠶᠢᠳᠠᠯ ᠤᠳ︔ | ᠭᠤᠴᠢᠨ ᠲᠠᠪᠤᠳᠤᠭᠠᠷ ᠵᠦᠢᠯ ᠠᠶᠤᠯ ᠦᠭᠡᠢ ᠦᠢᠯᠡᠳᠪᠦᠷᠢᠯᠡᠯ ᠤᠨ ᠠᠵᠢᠯ ᠨᠢ ᠬᠦᠴᠦᠨ ᠦᠭᠡᠢ ᠪᠣᠯ | ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠲᠣᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ | ᠠᠯᠪᠠᠨ ᠭᠡᠷ ᠤᠨ ᠭᠤᠣᠯ ᠬᠠᠷᠢᠭᠤᠴᠠᠯᠭᠠᠲᠠᠨ ᠪᠤᠶᠤ ᠲᠣᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ | ᠵᠥᠪᠯᠡᠯ ᠤᠨ ᠬᠤᠯᠪᠣᠭᠳᠠᠯ ᠪᠦᠬᠦᠢ ᠪᠦᠷᠢᠯᠳᠦᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠠᠴᠠ ᠬᠤᠯᠪᠣᠭᠳᠠᠯ | ᠪᠦᠬᠦᠢ ᠨᠢᠭᠡᠴᠡ ᠶᠢᠨ ᠭᠤᠣᠯ ᠬᠠᠷᠢᠭᠤᠴᠠᠯᠭᠠᠲᠠᠨ ᠳᠤ ︽ᠬᠤᠶᠠᠷ ᠢ ᠪᠣᠯᠵᠣᠨ ᠶᠠᠷᠢᠯᠴᠠᠬᠤ︾᠄ | ︵ᠨᠢᠭᠡ︶ ᠴᠢᠬᠤᠯᠠ ᠰᠡᠷᠭᠡᠭ ᠬᠤᠭᠤᠴᠠᠭᠠᠨ ᠳᠤ ᠡ᠊ᠨᠳᠡᠯ ᠭᠠᠷᠤᠭᠰᠠᠨ︔ | ︵ᠬᠤᠶᠠᠷ︶ ᠰᠢᠨᠵᠢ ᠴᠢᠨᠠᠷ ᠨᠢ ᠬᠦᠨᠳᠦ ᠨᠣᠴᠢᠲᠠᠢ᠂ ᠨᠡᠶᠢᠭᠡᠮ ᠤᠨ ᠨᠥᠯᠥᠭᠡ ᠪᠠᠷ ᠲᠤᠶᠢᠯ ᠤᠨ ᠮᠠᠭᠤ ᠡ᠊ᠨᠳᠡᠯ | ᠭᠠᠷᠤᠭᠰᠠᠨ︔ | ︵ᠭᠤᠷᠪᠠ︶ ᠪᠠᠴᠢᠮ ᠪᠠᠶᠢᠳᠠᠯ ᠢ ᠰᠠᠶᠢᠲᠤᠷ ᠠᠷᠭᠠᠴᠠᠨ ᠰᠢᠢᠳᠪᠦᠷᠢᠯᠡᠭᠰᠡᠨ ᠦᠭᠡᠢ ᠠᠴᠠ ᠪᠣᠯᠵᠤ ᠡ᠊ᠨᠳᠡᠯ ᠤᠨ | ᠦᠬᠦᠯ ᠰᠢᠷᠬᠠᠲᠤᠯ ᠤᠨ ᠬᠤᠬᠢᠷᠠᠯ ᠢ ᠶᠡᠬᠡᠳᠬᠡᠭᠰᠡᠨ︔ | ︵ᠳᠥᠷᠪᠡ︶ ᠪᠣᠯᠵᠣᠨ ᠶᠠᠷᠢᠯᠴᠠᠬᠤ ᠴᠢᠬᠤᠯᠠᠲᠠᠢ ᠪᠤᠰᠤᠳ ᠪᠠᠶᠢᠳᠠᠯ︔ | ᠭᠤᠴᠢᠨ ᠵᠢᠷᠭᠤᠳᠤᠭᠠᠷ ᠵᠦᠢᠯ ᠠᠶᠤᠯ ᠦᠭᠡᠶ ᠦᠢᠯᠡᠳᠪᠦᠷᠢᠯᠡᠯ ᠤᠨ ᠠᠵᠢᠯ ᠨᠢ ᠬᠦᠴᠦᠨ ᠦᠭᠡᠶ᠂ ᠳᠣᠤᠷᠠᠬᠢ | ᠪᠠᠶᠢᠳᠠᠯ ᠤᠨ ᠨᠢᠭᠡ ᠨᠢ ᠪᠠᠶᠢᠪᠠᠯ᠂ ᠲᠤᠭᠤᠷᠢᠭ ᠤᠨ ᠠᠶᠤᠯ ᠦᠭᠡᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ | ᠭᠤᠤᠯ ᠬᠠᠷᠢᠭᠤᠴᠠᠯᠭᠠᠲᠠᠨ ᠪᠤᠶᠤ ᠵᠢᠭᠠᠨ ᠲᠣᠭᠲᠠᠭᠠᠭᠰᠠᠨ ᠬᠠᠷᠢᠭᠤᠴᠠᠯᠭᠠᠲᠠᠨ᠂ ᠡᠰᠡᠬᠦᠯ᠎ᠡ ᠣᠷᠣᠨ ᠤ ᠠᠶᠤᠯ ᠦᠭᠡᠶ | ᠦᠢᠯᠡᠳᠪᠦᠷᠢᠯᠡᠯ ᠤᠨ ᠵᠥᠪᠯᠡᠯ ᠤᠨ ᠬᠤᠯᠪᠣᠭᠳᠠᠯ ᠪᠦᠬᠦᠢ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠠᠴᠠ | ᠬᠤᠯᠪᠣᠭᠳᠠᠯ ᠪᠦᠬᠦᠢ ᠨᠢᠭᠡᠴᠡ ᠶᠢᠨ ᠭᠤᠤᠯ ᠬᠠᠷᠢᠭᠤᠴᠠᠯᠭᠠᠲᠠᠨ ᠪᠤᠶᠤ ᠬᠤᠪᠢᠳᠠᠨ ᠬᠠᠮᠢᠶᠠᠷᠬᠤ | ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠨ᠎ᠠ᠃ | ︵ᠨᠢᠭᠡ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ᠂ ᠲᠤᠭᠤᠷᠢᠭ ᠤᠨ ᠠᠶᠤᠯᠭᠦᠢ | ᠦᠢᠯᠡᠳᠪᠦᠷᠢᠯᠡᠯ ᠤᠨ ᠵᠥᠪᠯᠡᠯ ᠤᠨ ᠲᠤᠬᠢᠷᠠᠭᠤᠯᠤᠨ ᠪᠠᠶᠢᠷᠢᠯᠠᠭᠤᠯᠤᠭᠰᠠᠨ ᠠᠶᠤᠯᠭᠦᠢ ᠦᠢᠯᠡᠳᠪᠦᠷᠢᠯᠡᠯ ᠤᠨ | ᠭᠤᠣᠯᠳᠠᠯᠭ᠎ᠠ ᠲᠠᠢ ᠠᠵᠢᠯ ᠤᠨ ᠠᠬᠢᠴᠠ ᠤᠳᠠᠭᠠᠨ᠂ ᠡᠭᠦᠷᠭᠡ ᠪᠠᠨ ᠪᠡᠶᠡᠯᠡᠭᠦᠯᠦᠭᠰᠡᠨ ᠦᠭᠡᠢ︔ | ︵ᠬᠤᠶᠠᠷ︶ ᠲᠤᠭᠤᠷᠢᠭ ᠤᠨ ᠱᠠᠲᠤᠨ ᠤ ᠤᠳᠤᠷᠢᠳᠤᠯᠭ᠎ᠠ ᠶᠢᠨ ᠴᠣᠬᠤᠯᠠᠪᠤᠷᠢ᠂ ᠭᠤᠤᠯ ᠤᠷᠤᠰᠬᠠᠯ ᠤᠨ | ᠵᠠᠭᠤᠴᠢᠯᠠᠭᠤᠷ ᠤᠳ ᠢᠯᠡᠴᠢᠯᠡᠭᠰᠡᠨ ᠪᠠ ᠣᠯᠠᠨ ᠲᠦᠮᠡᠨ ᠤ ᠲᠤᠰᠬᠠᠯ ᠢᠶᠠᠷ ᠴᠢᠩᠭ᠎ᠠ ᠬᠤᠤᠷ ᠬᠥᠨᠥᠭᠡᠯ ᠤᠨ | ᠬᠡᠮᠵᠢᠶ᠎ᠡ ᠨᠢ ᠥᠨᠳᠥᠷ᠂ ᠨᠡᠶᠢᠭᠡᠮ ᠤᠨ ᠨᠥᠯᠥᠭᠡ ᠪᠠᠷ ᠮᠠᠭᠤ ᠲᠦᠭᠰᠢᠭᠦᠷᠢ ᠳᠤ ᠬᠤᠯᠪᠣᠭᠳᠠᠭᠰᠠᠨ ᠠᠳᠡᠯ ᠪᠠ ᠬᠡᠷᠡᠭ | ᠭᠠᠷᠤᠭᠰᠠᠨ︔ | ︵ᠭᠤᠷᠪᠠ︶ ᠬᠠᠤᠯᠢ ᠪᠤᠰᠤ ᠪᠠ ᠬᠠᠤᠯᠢ ᠶᠢ ᠵᠥᠷᠢᠴᠡᠭᠰᠡᠨ ᠦᠢᠯᠡᠳᠪᠦᠷᠢᠯᠡᠯ ᠡᠵᠡᠩᠨᠡᠯᠲᠡ ᠪᠦᠲᠦᠭᠡᠨ | ᠪᠠᠶᠢᠭᠤᠯᠤᠯᠲᠠ ᠶᠢᠨ ᠠᠰᠠᠭᠤᠳᠠᠯ ᠲᠣᠪᠣᠶᠢᠮ᠎ᠠ ᠪᠠᠶᠢᠵᠤ᠂ ᠠᠶᠤᠯᠭᠦᠢ ᠦᠢᠯᠡᠳᠪᠦᠷᠢᠯᠡᠯ ᠤᠨ ᠢᠯᠡᠴᠢᠯᠡᠨ | ᠮᠡᠳᠡᠭᠦᠯᠦᠯᠲᠡ ᠶᠢ ᠬᠢᠨᠠᠮᠠᠭᠠᠢ ᠰᠢᠢᠳᠪᠦᠷᠢᠯᠡᠭᠰᠡᠨ ᠦᠭᠡᠢ ᠠᠴᠠ ᠪᠣᠯᠵᠤ ᠬᠦᠨᠳᠦ ᠨᠣᠴᠢᠲᠠᠢ ᠮᠠᠭᠤ ᠨᠥᠯᠥᠭᠡ | ᠭᠠᠷᠭᠠᠭᠰᠠᠨ︔ | ︵ᠳᠥᠷᠪᠡ︶ ᠠᠳᠡᠯ ᠢ ᠮᠡᠳᠡᠭᠦᠯᠬᠦ ᠦᠭᠡᠢ ᠨᠢᠭᠤᠭᠰᠠᠨ᠂ ᠪᠠᠴᠢᠮ ᠪᠠᠶᠢᠳᠠᠯ ᠢ ᠴᠠᠭ ᠲᠤᠬᠠᠢ ᠳᠤᠨᠢ ᠠᠷᠭᠠᠴᠠᠨ | ᠰᠢᠢᠳᠪᠦᠷᠢᠯᠡᠭᠰᠡᠨ ᠦᠭᠡᠢ ᠠᠴᠠ ᠪᠣᠯᠵᠤ ᠠᠳᠡᠯ ᠢ ᠥᠷᠭᠡᠳᠬᠡᠭᠰᠡᠨ ᠪᠤᠶᠤ ᠠᠳᠡᠯ ᠢ ᠪᠠᠶᠢᠴᠠᠭᠠᠨ ᠰᠢᠢᠳᠪᠦᠷᠢᠯᠡᠬᠦ | ᠰᠠᠨᠠᠯ ᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ ᠪᠠᠶᠢᠬᠤ︔ | ︵ᠲᠠᠪᠤ︶ ᠪᠣᠯᠵᠣᠨ ᠶᠠᠷᠢᠯᠴᠠᠬᠤ ᠴᠢᠬᠤᠯᠠᠲᠠᠢ ᠪᠤᠰᠤᠳ ᠪᠠᠶᠢᠳᠠᠯ︔ | ᠭᠤᠴᠢᠨ ᠳᠣᠯᠣᠳᠤᠭᠠᠷ ᠵᠦᠢᠯ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠣᠯᠵᠣᠨ | ᠶᠠᠷᠢᠯᠴᠠᠬᠤ ᠳᠤ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠠᠴᠠ ᠰᠠᠨᠠᠭᠤᠯᠭ᠎ᠠ | ᠳᠤᠷᠠᠳᠴᠤ᠂ ᠲᠤᠭᠤᠷᠢᠭ ᠤᠨ ᠤᠳᠤᠷᠢᠳᠤᠯᠭ᠎ᠠ ᠳᠤ ᠮᠡᠳᠡᠭᠦᠯᠦᠨ ᠬᠢᠨᠠᠨ ᠲᠣᠭᠲᠠᠭᠠᠯᠭᠠᠭᠰᠠᠨ ᠤ ᠳᠠᠷᠠᠭ᠎ᠠ᠂ ᠪᠣᠯᠵᠣᠨ | ᠶᠠᠷᠢᠯᠴᠠᠬᠤ ᠲᠡᠰ ᠳᠠᠷᠠᠭᠠᠯᠠᠯ ᠢ ᠡᠬᠢᠯᠡᠭᠦᠯᠦᠨ᠎ᠡ︔ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ | ᠠᠯᠪᠠᠨ ᠭᠡᠷ ᠤᠨ ᠪᠣᠯᠵᠣᠨ ᠶᠠᠷᠢᠯᠴᠠᠬᠤ ᠳᠤ᠂ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ | ᠬᠤᠯᠪᠣᠭᠳᠠᠯ ᠪᠦᠬᠦᠢ ᠪᠦᠷᠢᠯᠳᠦᠭᠦᠨ ᠨᠢᠭᠡᠴᠡ ᠠᠴᠠ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ | ᠰᠠᠨᠠᠭᠤᠯᠭ᠎ᠠ ᠳᠤᠷᠠᠳᠴᠤ᠂ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠭᠤᠣᠯ | ᠬᠠᠷᠢᠭᠤᠴᠠᠯᠭᠠᠲᠠᠨ ᠳᠤ ᠮᠡᠳᠡᠭᠦᠯᠦᠨ ᠬᠢᠨᠠᠨ ᠲᠣᠭᠲᠠᠭᠠᠯᠭᠠᠭᠰᠠᠨ ᠤ ᠳᠠᠷᠠᠭ᠎ᠠ᠂ ᠪᠣᠯᠵᠣᠨ ᠶᠠᠷᠢᠯᠴᠠᠬᠤ ᠲᠠᠰ | ᠳᠠᠷᠠᠭᠠᠯᠠᠯ ᠢ ᠡᠬᠢᠯᠡᠭᠦᠯᠦᠨ᠎ᠡ︔ ᠲᠤᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠭᠦᠨ | ᠨᠢᠭᠡᠴᠡ ᠶᠢᠨ ᠪᠣᠯᠵᠣᠨ ᠶᠠᠷᠢᠯᠴᠠᠬᠤ ᠳᠤ᠂ ᠲᠣᠰ ᠨᠢᠭᠡᠴᠡ ᠶᠢᠨ ᠬᠤᠯᠪᠣᠭᠳᠠᠯ ᠪᠦᠬᠦᠢ ᠳᠣᠲᠣᠭᠠᠳᠤ ᠰᠠᠯᠠᠭ᠎ᠠ ᠲᠠᠰᠤᠭ | ᠠᠴᠠ ᠰᠠᠨᠠᠭᠤᠯᠭ᠎ᠠ ᠳᠤᠷᠠᠳᠴᠤ᠂ ᠲᠣᠰ ᠨᠢᠭᠡᠴᠡ ᠶᠢᠨ ᠭᠤᠣᠯ ᠬᠠᠷᠢᠭᠤᠴᠠᠯᠭᠠᠲᠠᠨ ᠳᠤ ᠮᠡᠳᠡᠭᠦᠯᠦᠨ | ᠵᠥᠪᠰᠢᠶᠡᠷᠡᠭᠦᠯᠦᠭᠰᠡᠨ ᠤ ᠳᠠᠷᠠᠭ᠎ᠠ᠂ ᠲᠤᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠠᠯᠪᠠᠨ | ᠭᠡᠷ ᠲᠤ ᠬᠠᠭᠤᠯᠤᠨ ᠬᠦᠷᠭᠡᠵᠦ᠂ ᠪᠣᠯᠵᠣᠨ ᠶᠠᠷᠢᠯᠴᠠᠬᠤ ᠲᠠᠰ ᠳᠠᠷᠠᠭᠠᠯᠠᠯ ᠢ ᠡᠬᠢᠯᠡᠭᠦᠯᠦᠨ᠎ᠡ︔ ᠪᠣᠯᠵᠣᠨ ᠶᠠᠷᠢᠯᠴᠠᠬᠤ ᠶᠢ | ᠬᠠᠮᠲᠤ ᠪᠠᠷ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠪᠠᠶᠢᠪᠠᠯ᠂ ᠪᠣᠯᠵᠣᠨ ᠶᠠᠷᠢᠯᠴᠠᠬᠤ ᠶᠢ ᠡᠭᠦᠰᠬᠡᠭᠰᠡᠨ ᠨᠢᠭᠡᠴᠢ ᠨᠢ | ᠪᠣᠯᠵᠣᠨ ᠶᠠᠷᠢᠯᠴᠠᠬᠤ ᠳᠤ ᠣᠷᠣᠯᠴᠠᠭᠰᠠᠨ ᠨᠢᠭᠡᠴᠢ ᠲᠠᠢ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠬᠦ ᠶᠢᠨ ᠬᠠᠮᠲᠤ | ᠪᠣᠯᠵᠣᠨ ᠶᠠᠷᠢᠯᠴᠠᠬᠤ ᠤᠴᠢᠷ ᠶᠠᠪᠤᠳᠠᠯ ᠤᠨ ᠲᠠᠯ᠎ᠠ ᠪᠠᠷ ᠰᠠᠨᠠᠯ ᠨᠢᠭᠡᠳᠬᠦ ᠬᠡᠷᠡᠭᠲᠡᠢ᠃ | ᠭᠤᠴᠢᠨ ᠨᠠᠢᠮᠠᠳᠤᠭᠠᠷ ᠵᠦᠢᠯ ᠭᠡᠷ᠎ᠡ ᠶᠢᠨ ᠬᠡᠯᠡᠯᠴᠡᠭᠡ ᠶᠢ ᠵᠥᠪᠰᠢᠶᠡᠷᠡᠭᠰᠡᠨ ᠤ ᠲᠠᠷᠠᠭ᠎ᠠ᠂ ᠪᠣᠯᠵᠣᠨ ᠶᠠᠷᠢᠯᠴᠠᠬᠤ | ᠲᠠᠯ᠎ᠠ ᠨᠢ ᠪᠣᠯᠵᠣᠨ ᠶᠠᠷᠢᠯᠴᠠᠭᠳᠠᠭᠴᠢ ᠲᠠᠯ᠎ᠠ ᠳᠤ ᠪᠢᠴᠢᠭ ᠢᠶᠠᠷ ᠮᠡᠳᠡᠭᠳᠡᠵᠦ᠂ ᠪᠣᠯᠵᠣᠨ ᠶᠠᠷᠢᠯᠴᠠᠭᠳᠠᠭᠴᠢ ᠲᠠᠯ᠎ᠠ ᠳᠤ | ᠪᠣᠯᠵᠣᠨ ᠶᠠᠷᠢᠯᠴᠠᠬᠤ ᠤᠴᠢᠷ ᠰᠢᠯᠲᠠᠭᠠᠨ᠂ ᠴᠠᠭ᠂ ᠭᠠᠵᠠᠷ᠂ ᠵᠢᠷᠤᠮ᠂ ᠣᠷᠣᠯᠴᠠᠭᠴᠢ ᠵᠢᠴᠢ ᠲᠤᠰᠢᠶᠠᠬᠤ ᠴᠢᠬᠤᠯᠠᠲᠠᠢ | ᠮᠠᠲ᠋ᠧᠷᠢᠶᠠᠯ ᠵᠡᠷᠭᠡ ᠤᠴᠢᠷ ᠶᠠᠪᠤᠳᠠᠯ ᠢ ᠬᠡᠯᠡᠵᠦ ᠥᠭᠭᠦᠨ᠎ᠡ᠂ ᠪᠣᠯᠵᠣᠨ ᠶᠠᠷᠢᠯᠴᠠᠭᠳᠠᠭᠴᠢ ᠲᠠᠯ᠎ᠠ ᠳᠤ ᠪᠣᠯᠵᠣᠨ | ᠶᠠᠷᠢᠯᠴᠠᠬᠤ ᠤᠴᠢᠷ ᠰᠢᠯᠲᠠᠭᠠᠨ᠂ ᠴᠠᠭ ᠬᠤᠭᠤᠴᠠᠭ᠎ᠠ᠂ ᠭᠠᠵᠠᠷ ᠣᠷᠣᠨ᠂ ᠵᠢᠷᠤᠮ᠂ ᠣᠷᠣᠯᠴᠠᠭᠴᠢ ᠵᠢᠴᠢ ᠲᠤᠰᠢᠶᠠᠬᠤ | ᠴᠢᠬᠤᠯᠠᠲᠠᠢ ᠮᠠᠲ᠋ᠧᠷᠢᠶᠠᠯ ᠵᠡᠷᠭᠡ ᠤᠴᠢᠷ ᠶᠠᠪᠤᠳᠠᠯ ᠢ ᠬᠡᠯᠡᠵᠦ ᠥᠭᠭᠦᠨ᠎ᠡ᠃ | ᠭᠤᠴᠢ ᠶᠢᠰᠦᠳᠦᠭᠡᠷ ᠵᠦᠢᠯ ᠪᠣᠯᠵᠣᠨ ᠶᠠᠷᠢᠯᠴᠠᠭᠳᠠᠭᠴᠢ ᠲᠠᠯ᠎ᠠ ᠨᠢ ᠪᠣᠯᠵᠣᠨ ᠶᠠᠷᠢᠯᠴᠠᠭᠰᠠᠨ ᠤᠴᠢᠷ | ᠰᠢᠯᠲᠠᠭᠠᠨ ᠢ ᠦᠨᠳᠦᠰᠦᠯᠡᠨ ᠪᠢᠴᠢᠭ ᠤᠨ ᠮᠠᠲ᠋ᠧᠷᠢᠶᠠᠯ ᠪᠡᠯᠡᠳᠬᠡᠬᠦ ᠬᠡᠷᠡᠭᠲᠡᠢ᠂ ᠡᠭᠦᠨ ᠳᠤ ᠭᠤᠣᠯᠳᠠᠭᠤ ᠦᠨᠳᠦᠰᠦᠨ | ᠪᠠᠶᠢᠳᠠᠯ᠂ ᠰᠢᠯᠲᠠᠭᠠᠨ ᠤ ᠵᠠᠳᠠᠯᠤᠯᠲᠠ᠂ ᠭᠤᠣᠯ ᠰᠤᠷᠭᠠᠮᠵᠢ ᠵᠢᠴᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ | ᠵᠡᠷᠭᠡ ᠪᠠᠭᠲᠠᠨ᠎ᠠ᠃ | ᠳᠥᠴᠢᠳᠦᠭᠡᠷ ᠵᠦᠢᠯ ᠪᠣᠯᠵᠣᠨ ᠶᠠᠷᠢᠯᠴᠠᠭᠳᠠᠭᠴᠢ ᠡᠲᠡᠭᠡᠳ᠄ | ᠪᠣᠯᠵᠣᠨ ᠶᠠᠷᠢᠯᠴᠠᠭᠳᠠᠭᠴᠢ ᠨᠢ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠯᠪᠣᠭᠳᠠᠯ | ᠪᠦᠬᠦᠢ ᠪᠦᠷᠢᠯᠳᠦᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠴᠤ ᠪᠠᠶᠢᠭ᠎ᠠ | ᠬᠠᠷᠢᠭᠤᠴᠠᠯᠭᠠᠲᠠᠨ ᠵᠡᠷᠭᠡ ᠪᠣᠯᠣᠨ᠎ᠠ᠃ ᠪᠠᠶᠢᠳᠠᠯ ᠢ ᠦᠵᠡᠵᠦ ᠪᠠᠶᠢᠭᠠᠳ ᠬᠤᠯᠪᠣᠭᠳᠠᠯ ᠪᠦᠬᠦᠢ ᠰᠠᠯᠠᠭ᠎ᠠ ᠮᠥᠴᠢᠷ᠂ | ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠢ ᠪᠣᠯᠵᠣᠨ ᠶᠠᠷᠢᠯᠴᠠᠬᠤ ᠶᠢ ᠬᠦᠯᠢᠶᠡᠨ ᠠᠪᠤᠭᠤᠯᠬᠤ ᠪᠠᠷ | ᠱᠠᠭᠠᠷᠳᠠᠨ᠎ᠠ᠃ | ᠳᠥᠴᠢᠨ ᠨᠢᠭᠡᠳᠦᠭᠡᠷ ᠵᠦᠢᠯ ᠪᠣᠯᠵᠣᠨ ᠶᠠᠷᠢᠯᠴᠠᠬᠤ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠬᠤᠯᠪᠣᠭᠳᠠᠯ | ᠪᠦᠬᠦᠢ ᠲᠤᠰᠬᠠᠢ ᠮᠡᠷᠭᠡᠵᠢᠯᠲᠡᠨ᠂ ᠰᠣᠨᠢᠨ ᠮᠡᠳᠡᠭᠡᠨ ᠤ ᠵᠠᠭᠤᠴᠢᠯᠠᠭᠤᠷ᠂ ᠤᠯᠠᠨ ᠨᠡᠶᠢᠲᠡ ᠶᠢᠨ ᠲᠥᠯᠥᠭᠡᠯᠡᠭᠴᠢ | ᠵᠡᠷᠭᠡ ᠶᠢ ᠤᠷᠢᠵᠤ ᠪᠣᠯᠵᠣᠨ ᠶᠠᠷᠢᠯᠴᠠᠬᠤ ᠳᠤ ᠰᠤᠯᠠ ᠣᠷᠣᠯᠴᠠᠭᠤᠯᠵᠤ ᠪᠣᠯᠣᠨ᠎ᠠ᠃ | ᠳᠥᠴᠢᠨ ᠬᠤᠶᠠᠳᠤᠭᠠᠷ ᠵᠦᠢᠯ ᠭᠡᠷ᠎ᠡ ᠶᠢ ᠬᠡᠷᠡᠭᠵᠢᠭᠦᠯᠬᠦ ᠵᠢᠷᠤᠮ ᠤᠨ ᠲᠤᠬᠠᠢ ᠶᠠᠷᠢᠨ᠎ᠠ᠄ | ︵ᠨᠢᠭᠡ︶ ᠪᠣᠯᠵᠣᠨ ᠶᠠᠷᠢᠯᠴᠠᠬᠤ ᠲᠠᠯ᠎ᠠ ᠨᠢ ᠪᠣᠯᠵᠣᠨ ᠶᠠᠷᠢᠯᠴᠠᠬᠤ ᠤᠴᠢᠷ ᠰᠢᠯᠲᠠᠭᠠᠨ ᠪᠠ ᠵᠣᠷᠢᠯᠭ᠎ᠠ ᠪᠠᠨ | ᠲᠣᠳᠣᠷᠬᠠᠶᠢᠯᠠᠵᠤ᠂ ᠪᠣᠯᠵᠣᠨ ᠶᠠᠷᠢᠯᠴᠠᠭᠳᠠᠭᠴᠢ ᠶᠢᠨ ᠲᠠᠯ᠎ᠠ ᠳᠤ ᠣᠷᠣᠰᠢᠵᠤ ᠪᠠᠶᠢᠭ᠎ᠠ ᠠᠰᠠᠭᠤᠳᠠᠯ ᠢ ᠮᠡᠳᠡᠭᠳᠡᠨ᠎ᠡ︔ | ︵ᠬᠤᠶᠠᠷ︶ ᠪᠣᠯᠵᠣᠨ ᠶᠠᠷᠢᠯᠴᠠᠭᠳᠠᠭᠴᠢ ᠲᠠᠯ᠎ᠠ ᠨᠢ ᠪᠣᠯᠵᠣᠨ ᠶᠠᠷᠢᠯᠴᠠᠭᠰᠠᠨ ᠵᠦᠢᠯᠡᠰ ᠤᠨ ᠲᠤᠬᠠᠢ ᠲᠣᠭᠠᠴᠢᠨ | ᠲᠣᠳᠣᠷᠬᠠᠶᠢᠯᠠᠵᠤ᠂ ᠲᠠᠷᠠᠭᠠᠴᠢ ᠶᠢᠨ ᠠᠯᠬᠤᠮ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠤᠨ | ᠭᠠᠷᠭᠠᠨ᠎ᠠ︔ | ︵ᠭᠤᠷᠪᠠ︶ ᠶᠠᠷᠢᠯᠴᠠᠨ ᠵᠠᠳᠠᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠵᠢᠴᠢ ᠴᠠᠭ ᠤᠨ ᠬᠢᠵᠠᠭᠠᠷ ᠢ | ᠲᠣᠭᠲᠠᠭᠠᠨ᠎ᠠ︔ | ︵ᠳᠥᠷᠪᠡ︶ ᠪᠣᠯᠵᠣᠨ ᠶᠠᠷᠢᠯᠴᠠᠭᠰᠠᠨ ᠲᠣᠪᠴᠢ ᠲᠡᠮᠳᠡᠭᠯᠡᠯ ᠢ ᠪᠤᠢ ᠪᠣᠯᠭᠠᠨ᠎ᠠ᠃ ᠲᠤᠭᠤᠷᠢᠭ ᠤᠨ ᠠᠶᠤᠯᠭᠦᠢ | ᠦᠢᠯᠡᠳᠪᠦᠷᠢᠯᠡᠯ ᠤᠨ ᠵᠥᠪᠯᠡᠯ ᠤᠨ ᠬᠤᠯᠪᠣᠭᠳᠠᠯ ᠪᠦᠬᠦᠢ ᠪᠦᠷᠢᠯᠳᠦᠭᠦᠨ ᠨᠢᠭᠡᠴᠡ ᠶᠢᠨ ᠪᠣᠯᠵᠣᠨ ᠶᠠᠷᠢᠯᠴᠠᠭᠰᠠᠨ ᠪᠠ | ᠪᠣᠯᠵᠣᠨ ᠶᠠᠷᠢᠯᠴᠠᠭᠰᠠᠨ ᠲᠣᠪᠴᠢ ᠲᠡᠮᠳᠡᠭᠯᠡᠯ ᠢ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ | ᠠᠯᠪᠠᠨ ᠭᠡᠷ ᠲᠤ ᠬᠠᠭᠤᠯᠤᠨ ᠬᠦᠷᠭᠡᠨ᠎ᠡ︔ | ᠳᠥᠴᠢᠨ ᠭᠤᠷᠪᠠᠳᠤᠭᠠᠷ ᠵᠦᠢᠯ ᠪᠣᠯᠵᠣᠨ ᠶᠠᠷᠢᠯᠴᠠᠭᠳᠠᠭᠴᠢ ᠲᠠᠯ᠎ᠠ ᠨᠢ ᠪᠣᠯᠵᠣᠨ ᠲᠣᠭᠲᠠᠭᠰᠠᠨ | ᠬᠤᠭᠤᠴᠠᠭᠠᠨ ᠳᠣᠲᠣᠷ᠎ᠠ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ | ᠪᠣᠯᠵᠣᠨ ᠶᠠᠷᠢᠯᠴᠠᠭᠰᠠᠨ ᠲᠠᠯ᠎ᠠ ᠳᠤ ᠪᠢᠴᠢᠭ ᠢᠶᠠᠷ ᠮᠡᠳᠡᠭᠦᠯᠵᠦ᠂ ᠪᠣᠯᠵᠣᠨ ᠶᠠᠷᠢᠯᠴᠠᠭᠰᠠᠨ ᠲᠠᠯ᠎ᠠ ᠨᠢ ᠬᠠᠷᠢᠴᠠᠭᠤᠯᠤᠨ | ᠬᠢᠨᠠᠨ ᠬᠠᠷᠭᠤᠭᠤᠯᠬᠤ ᠶᠢᠨ ᠬᠠᠮᠲᠤ ᠵᠣᠬᠢᠰᠲᠠᠢ ᠠᠷᠭ᠎ᠠ ᠮᠠᠶ᠋ᠢᠭ ᠢᠶᠠᠷ ᠲᠤᠬᠠᠢ ᠶᠢᠨ ᠭᠠᠵᠠᠷ ᠲᠤᠨᠢ ᠬᠢᠨᠠᠨ ᠪᠠᠶᠢᠴᠠᠭᠠᠬᠤ | ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠨᠢ ᠬᠦᠴᠦᠨ ᠦᠭᠡᠢ᠂ | ᠵᠠᠯᠭᠠᠭᠠᠪᠡᠷ ᠠᠳᠡᠯ ᠭᠠᠷᠤᠭᠰᠠᠨ ᠪᠠᠶᠢᠪᠠᠯ᠂ ᠪᠣᠯᠵᠣᠨ ᠶᠠᠷᠢᠯᠴᠠᠭᠰᠠᠨ ᠲᠠᠯ᠎ᠠ ᠠᠴᠠ ᠵᠠᠷᠯᠠᠨ ᠮᠡᠳᠡᠭᠳᠡᠵᠦ᠂ ᠬᠠᠤᠯᠢ | ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠢ᠃ | ᠳᠥᠴᠢᠨ ᠳᠥᠷᠪᠡᠳᠦᠭᠡᠷ ᠵᠦᠢᠯ ᠪᠣᠯᠵᠣᠨ ᠶᠠᠷᠢᠯᠴᠠᠭᠳᠠᠭᠴᠢ ᠨᠢ ᠵᠢᠯ ᠤᠨ ᠠᠷᠠᠳᠴᠢᠯᠠᠭᠰᠠᠨ ᠠᠮᠢᠳᠤᠷᠠᠯ ᠤᠨ | ᠬᠤᠷᠠᠯ ᠳᠡᠭᠡᠷ᠎ᠡ ᠪᠣᠯᠵᠣᠨ ᠶᠠᠷᠢᠯᠴᠠᠭᠳᠠᠭᠰᠠᠨ ᠵᠦᠢᠯᠡᠰ ᠵᠢᠴᠢ ᠲᠡᠭᠦᠨ ᠢ ᠰᠢᠢᠳᠪᠦᠷᠢᠯᠡᠭᠰᠡᠨ ᠪᠠᠶᠢᠳᠠᠯ ᠢᠶᠠᠨ | ᠲᠣᠳᠣᠷᠬᠠᠶᠢᠯᠠᠬᠤ ᠬᠡᠷᠡᠭᠲᠡᠢ᠃ | ᠳᠣᠯᠣᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠳᠥᠴᠢᠨ ᠲᠠᠪᠤᠳᠤᠭᠠᠷ ᠵᠦᠢᠯ ᠬᠢᠨᠠᠨ ᠰᠢᠯᠭᠠᠭᠳᠠᠭᠰᠠᠨ ᠪᠦᠷᠢᠯᠳᠦᠭᠦᠨ ᠨᠢᠭᠡᠴᠢ ᠨᠦᠭᠦᠳ ᠬᠠᠷᠠᠯᠲᠠ ᠶᠢᠨ | ᠬᠢᠨᠠᠨ ᠰᠢᠯᠭᠠᠯᠲᠠ ᠳᠤ ᠬᠠᠩᠭᠠᠭᠰᠠᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠮᠠᠲ᠋ᠧᠷᠢᠶᠠᠯ ᠪᠠ ᠲᠡᠮᠳᠡᠭᠯᠡᠯ ᠤᠨ | ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠲᠤ ᠬᠠᠷᠢᠭᠤᠴᠠᠬᠤ ᠬᠡᠷᠡᠭᠲᠡᠢ᠃ ᠰᠢᠯᠭᠠᠨ ᠬᠢᠨᠠᠬᠤ ᠠᠵᠢᠯ ᠤᠨ ᠳᠤᠮᠳᠠ | ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ᠂ ᠬᠤᠳᠠᠯ ᠢᠶᠠᠷ ᠮᠡᠳᠡᠭᠦᠯᠵᠦ ᠮᠡᠳᠡᠭᠦᠯᠬᠦ ᠦᠭᠡᠢ ᠨᠢᠭᠤᠭᠰᠠᠨ | ᠨᠢᠭᠡᠴᠡ ᠶᠢ ᠦᠶᠯᠡ ᠪᠠᠶᠢᠳᠠᠯ ᠤᠨ ᠬᠦᠨᠳᠦ ᠬᠥᠩᠭᠡᠨ ᠢ ᠨᠢ ᠦᠵᠡᠵᠦ ᠪᠠᠶᠢᠭᠠᠳ ᠵᠠᠷᠯᠢᠭᠳᠠᠨ ᠵᠠᠯᠠᠷᠠᠭᠤᠯᠤᠭᠤᠯᠬᠤ᠂ | ᠵᠠᠷᠯᠠᠨ ᠰᠢᠭᠦᠮᠵᠢᠯᠡᠬᠦ᠂ ᠰᠢᠯᠭᠠᠨ ᠬᠢᠨᠠᠵᠤ ᠲᠠᠰ ᠪᠠᠭᠤᠷᠠᠭᠤᠯᠬᠤ ᠵᠡᠷᠭᠡ ᠪᠠᠷ ᠵᠠᠯᠬᠠᠭᠠᠨ ᠰᠢᠳᠭᠡᠵᠦ᠂ ᠮᠠᠭᠤ ᠨᠥᠯᠥᠭᠡ | ᠭᠠᠷᠭᠠᠭᠰᠠᠨ ᠪᠠᠶᠢᠪᠠᠯ ᠬᠠᠤᠯᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠬᠥᠮᠥᠰ ᠠᠴᠠ ᠬᠠᠷᠢᠭᠤᠴᠠᠯᠭ᠎ᠠ | ᠨᠡᠬᠡᠮᠵᠢᠯᠡᠨ᠎ᠡ᠃ | ᠳᠥᠴᠢᠨ ᠵᠢᠷᠭᠤᠳᠤᠭᠠᠷ ᠵᠦᠢᠯ ᠲᠣᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ | ᠬᠡᠷᠡᠭᠵᠢᠭᠦᠯᠵᠦ᠂ ︽︿ᠤᠳᠠ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠰᠢᠯᠭᠠᠨ ᠬᠢᠨᠠᠬᠤ ᠠᠷᠭ᠎ᠠ﹀ | ᠶᠢ ᠳᠠᠷᠤᠮᠠᠯᠯᠠᠨ ᠶᠠᠪᠤᠭᠤᠯᠬᠤ ᠲᠤᠬᠠᠢ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ | ︵ᠤᠳᠠ ᠲᠣᠭᠤᠷᠢᠭ ᠤᠨ ᠠᠷᠠᠳ ᠤᠨ ᠵᠠᠰᠠᠭ ᠲᠠᠷᠬᠠᠭᠠᠭᠰᠠᠨ ︹2019︺ 47 ᠳ᠋ᠤᠭᠠᠷ ᠲᠣᠭᠠᠲᠤ︶ ᠢ | ᠬᠠᠮᠲᠤ ᠳᠤᠨᠢ ᠬᠦᠴᠦᠨ ᠥᠬᠡᠶ ᠪᠣᠯᠭᠠᠨ᠎ᠠ᠃ | ᠳᠥᠴᠢᠨ ᠳᠣᠯᠣᠳᠤᠭᠠᠷ ᠵᠦᠢᠯ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠪᠠ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠲᠤᠭᠤᠷᠢᠭ ᠤᠨ ᠠᠶᠤᠯ ᠦᠭᠡᠢ | ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠨᠢ ᠴᠠᠭ ᠲᠤᠨᠢ ᠲᠣᠬᠢᠷᠠᠭᠤᠯᠤᠨ ᠲᠣᠰ ᠠᠷᠭ᠎ᠠ ᠶᠢᠨ ᠠᠭᠤᠯᠭ᠎ᠠ ᠳᠤ | ᠲᠣᠬᠢᠷᠠᠭᠤᠯᠤᠯᠲᠠ ᠬᠢᠨ᠎ᠡ᠃ | ᠳᠥᠴᠢᠨ ᠨᠠᠢᠮᠠᠳᠤᠭᠠᠷ ᠵᠦᠢᠯ ᠲᠤᠰ ᠠᠷᠭ᠎ᠠ ᠶᠢ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ | ᠵᠥᠪᠯᠡᠯ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠨ᠎ᠠ᠃ | | | | |