ᠤᠷᠠᠨ ᠭᠠᠷ ᠢᠶᠠᠷ ᠢᠶᠠᠨ ᠴᠡᠴᠡᠭᠲᠦ ᠳ᠋ᠧᠩ ᠤᠨ ᠰᠣᠶᠣᠯ ᠢ ᠬᠠᠮᠲᠤ ᠪᠠᠷ ᠣᠯᠠᠮᠵᠢᠯᠠᠨ᠎ᠠ
ᠨᠡᠶᠢᠲᠡᠯᠡᠭᠰᠡᠨ ᠴᠠᠭ᠄
2024/3/1
      ᠴᠠᠭᠠᠨ ᠰᠠᠷ᠎ᠠ ᠰᠠᠶ᠋ᠢᠬᠠᠨ ᠥᠩᠭᠡᠷᠡᠵᠦ᠂ ᠵᠢᠯ ᠤᠨ ᠦᠨᠦᠷ ᠠᠮᠲᠠ ᠬᠠᠷᠠᠬᠠᠨ ᠠᠷᠢᠯᠤᠭᠠᠳᠤᠶ ᠪᠠᠶᠢᠵᠤ᠂ ᠨᠡᠶᠢᠭᠡᠮ ᠲᠣᠭᠤᠷᠢᠭ ᠤᠨ ᠬᠡᠤᠬᠡᠳ ᠤᠳ ᠲᠤ ᠤᠯᠠᠮᠵᠢᠯᠠᠯᠲᠤ ᠪᠠᠶᠠᠷ ᠤᠨ ᠡᠳᠦᠷ ᠤᠨ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠣᠯᠭᠠᠬᠤ ᠶᠢᠨ ᠲᠥᠯᠥᠭᠡ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠮᠡᠳᠡᠷᠡᠬᠦ ᠰᠡᠳᠬᠢᠯᠭᠡ ᠶᠢ ᠨᠡᠮᠡᠭᠳᠡᠭᠦᠯᠵᠦ᠂ ᠣᠶᠢᠷ᠎ᠠ ᠳᠤ᠂ ᠶᠦᠩ ᠴᠠᠩ ᠵᠢᠶᠠ ᠶᠤᠸᠠᠨ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ︽ᠤᠷᠠᠨ ᠭᠠᠷ ᠢᠶᠠᠷ ᠢᠶᠠᠨ ᠴᠡᠴᠡᠭᠲᠦ ᠳ᠋ᠧᠩ ᠤᠨ ᠰᠣᠶᠣᠯ ᠢ ᠬᠠᠮᠲᠤ ᠪᠠᠷ ᠤᠯᠠᠮᠵᠢᠯᠠᠬᠤ︾ ᠪᠠᠷ ᠭᠤᠤᠯ ᠰᠡᠳᠦᠪ ᠪᠣᠯᠭᠠᠵᠤ᠂ ᠨᠢᠭᠡ ᠤᠳᠠᠭᠠᠨ ᠤ ᠪᠦᠲᠦᠭᠡᠯᠴᠢ ᠰᠡᠳᠬᠢᠮᠵᠢ ᠲᠠᠢ ᠦᠷ᠎ᠡ ᠬᠡᠤᠬᠡᠳ ᠤᠨ ᠠᠵᠢᠯᠯᠠᠭ᠎ᠠ ᠶᠢ ᠡᠷᠭᠢᠯᠡᠵᠦ᠂ ᠨᠡᠶᠢᠲᠡ 10 ᠭᠠᠷᠤᠶ ᠬᠡᠷ ᠪᠦᠯᠢ ᠠᠵᠢᠯᠯᠠᠭ᠎ᠠ ᠳᠤ ᠣᠷᠣᠯᠴᠠᠵᠠᠶ᠃      ᠴᠡᠴᠡᠭᠲᠦ ᠳ᠋ᠧᠩ ᠪᠠᠰᠠ ᠳ᠋ᠧᠩᠯᠦ ᠪᠣᠯ ᠳᠤᠮᠳᠠᠳᠤ ᠤᠯᠤᠰ ᠤᠨ ᠤᠯᠠᠮᠵᠢᠯᠠᠯᠲᠤ ᠲᠠᠷᠢᠶᠠᠯᠠᠩ ᠤᠨ ᠴᠠᠭ ᠦᠶ᠎ᠡ ᠶᠢᠨ ᠰᠣᠶᠣᠯ ᠤᠨ ᠪᠦᠲᠦᠭᠡᠭᠳᠡᠬᠦᠨ ᠪᠣᠯᠤᠨ᠎ᠠ᠂ ᠠᠮᠢᠳᠤᠷᠠᠯ ᠤᠨ ᠴᠢᠳᠠᠮᠵᠢ ᠪᠣᠯᠤᠨ ᠤᠷᠠᠯᠢᠭ ᠤᠨ ᠣᠨᠴᠠᠯᠢᠭ ᠲᠠᠢ ᠪᠠᠶᠢᠵᠤ᠂ ᠲᠡᠷᠡ ᠨᠢ ᠠᠷᠠᠳ ᠤᠨ ᠰᠣᠶᠣᠯ ᠤᠨ ᠥᠪᠡᠷᠮᠢᠴᠡ ᠷᠢᠳᠢ ᠰᠢᠳᠢ ᠶᠢ ᠢᠯᠡᠷᠡᠭᠦᠯᠦᠭᠰᠡᠨ ᠢᠶᠠᠷ ᠪᠠᠷᠠᠬᠤ ᠦᠭᠡᠢ ᠪᠠᠰᠠ ᠬᠥᠮᠦᠰ ᠤᠨ ᠤᠯᠠᠮᠵᠢᠯᠠᠯᠲᠤ ᠰᠣᠶᠣᠯ ᠢ ᠬᠠᠶᠢᠷᠠᠯᠠᠬᠤ ᠪᠠ ᠤᠯᠠᠮᠵᠢᠯᠠᠨ ᠵᠠᠯᠭᠠᠮᠵᠢᠯᠠᠬᠤ ᠶᠢ ᠢᠯᠡᠳᠬᠡᠵᠡᠶ᠃      ᠠᠵᠢᠯᠯᠠᠭ᠎ᠠ ᠶᠢᠨ ᠲᠤᠬᠠᠶ ᠶᠢᠨ ᠡᠳᠦᠷ᠂ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠠᠵᠢᠯ ᠨᠢ ᠭᠡᠷ ᠤᠨ ᠠᠬᠠᠮᠠᠳ ᠪᠣᠯᠤᠨ ᠬᠡᠤᠬᠡᠳ ᠤᠳ ᠲᠤ ᠬᠤᠸᠠᠷ ᠤᠨ ᠳ᠋ᠧᠩ ᠤᠨ ᠲᠤᠬᠠᠶ ᠳᠣᠮᠤᠭ ᠦᠯᠢᠭᠡᠷ ᠵᠢᠴᠢ ᠤᠯᠠᠮᠵᠢᠯᠠᠯᠲᠤ ᠠᠷᠠᠳ ᠤᠨ ᠵᠠᠩ ᠦᠢᠯᠡ ᠶᠢ ᠶᠠᠷᠢᠵᠤ ᠥᠭᠴᠡᠶ᠂ ᠭᠠᠷ ᠤᠷᠠᠯᠠᠯ ᠤᠨ ᠭᠤᠭᠴᠤᠭ᠎ᠠ ᠳᠤ᠂ ᠬᠡᠤᠬᠡᠳ ᠤᠳ ᠬᠡᠷ ᠤᠨ ᠠᠬᠠᠮᠠᠳ ᠪᠣᠯᠤᠨ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠵᠢᠯᠣᠭᠤᠳᠣᠯᠭ᠎ᠠ ᠳᠣᠤᠷ᠎ᠠ᠂ ᠡᠯ᠎ᠡ ᠵᠦᠢᠯ ᠤᠨ ᠭᠠᠷ ᠤᠷᠠᠯᠠᠯ ᠤᠨ ᠮᠠᠲ᠋ᠧᠷᠢᠶᠠᠯ ᠢ ᠠᠰᠢᠭᠯᠠᠨ᠂ ᠡᠰᠬᠡᠬᠦ᠂ ᠨᠠᠭᠠᠬᠤ ᠵᠡᠷᠭᠡ ᠠᠷᠭ᠎ᠠ ᠪᠠᠷ ᠥᠪᠡᠷ ᠤᠨ ᠬᠤᠸᠠᠷ ᠤᠨ ᠳ᠋ᠧᠩ ᠢᠶᠠᠨ ᠬᠢᠵᠦ ᠥᠭᠪᠡ᠃ ᠵᠣᠬᠢᠶᠠᠵᠤ ᠳᠠᠭᠤᠰᠤᠭᠰᠠᠨ ᠤ ᠳᠠᠷᠠᠭ᠎ᠠ᠂ ᠬᠡᠦᠬᠡᠳ ᠤᠳ ᠥᠪᠡᠷ ᠤᠨ ᠪᠦᠲᠦᠭᠡᠯ ᠢᠶᠠᠨ ᠳᠡᠯᠭᠡᠨ ᠦᠵᠡᠭᠦᠯᠵᠦ᠂ ᠬᠤᠭᠤᠷᠣᠨᠳᠣ ᠪᠠᠨ ᠬᠠᠷᠢᠯᠴᠠᠨ ᠰᠣᠨᠢᠷᠬᠠᠵᠤ᠂ ᠰᠤᠷᠤᠯᠴᠠᠬᠤ ᠪᠠ ᠰᠣᠯᠢᠯᠴᠠᠵᠤ᠂ ᠣᠯᠠᠨ ᠢᠶᠠᠷ ᠢᠶᠠᠨ ᠤᠯᠠᠮᠵᠢᠯᠠᠯᠲᠤ ᠰᠣᠶᠣᠯ ᠤᠨ ᠥᠪᠡᠷᠮᠢᠴᠡ ᠷᠢᠳᠢ ᠰᠢᠳᠢ ᠶᠢ ᠬᠠᠮᠲᠤ ᠪᠠᠷ ᠮᠡᠳᠡᠷᠡᠵᠦ᠂ ᠲᠡᠭᠦᠰ ᠲᠡᠭᠦᠯᠳᠡᠷ ᠪᠠᠶᠠᠷ ᠪᠠᠶᠠᠰᠤᠯ ᠪᠠ ᠬᠠᠯᠠᠭᠤᠨ ᠳᠤᠯᠠᠭᠠᠨ ᠢ ᠣᠯᠤᠭᠰᠠᠨ ᠪᠠᠶᠢᠨ᠎ᠠ᠃      ᠤᠯᠠᠮᠵᠢᠯᠠᠯᠲᠤ ᠪᠠᠶᠠᠷ ᠤᠨ ᠡᠳᠦᠷ ᠵᠢᠴᠢ ᠠᠷᠠᠳ ᠤᠨ ᠵᠠᠩ ᠳᠠᠳᠬᠠᠯ ᠪᠣᠯ ᠳᠤᠮᠳᠠᠳᠤ ᠶᠢᠨ ᠦᠨᠳᠦᠰᠦᠲᠡᠨ ᠤ ᠦᠨᠳᠦᠰᠦᠲᠡᠨ ᠤ ᠵᠣᠷᠢᠭ ᠰᠠᠨᠠᠭ᠎ᠠ᠂ ᠦᠨᠳᠦᠰᠦᠲᠡᠨ ᠤ ᠬᠠᠶᠢᠷ᠎ᠠ ᠰᠡᠳᠬᠢᠯᠭᠡ ᠰᠢᠩᠭᠡᠵᠦ᠂ ᠳᠤᠮᠳᠠᠳᠤ ᠶᠢᠨ ᠦᠨᠳᠦᠰᠦᠲᠡᠨ ᠤ ᠰᠣᠶᠣᠯ ᠤᠨ ᠴᠢᠰᠤᠨ ᠰᠤᠳᠠᠰᠤ ᠪᠠ ᠦᠵᠡᠯ ᠰᠠᠨᠠᠭᠠᠨ ᠤ ᠣᠬᠢ ᠰᠣᠳᠣ ᠶᠢ ᠠᠴᠢᠶᠠᠯᠠᠵᠤ ᠪᠠᠶᠢᠳᠠᠭ᠃ ᠲᠣᠰ ᠤᠳᠠᠭᠠᠨ ᠤ ᠠᠵᠢᠯᠯᠠᠭ᠎ᠠ ᠶᠢ ᠡᠷᠬᠢᠯᠡᠭᠰᠡᠨ ᠨᠢ ᠬᠠᠷᠢᠶᠠᠲᠤ ᠣᠷᠣᠨ ᠤ ᠬᠡᠦᠬᠡᠳ ᠤᠳ ᠲᠤ ᠤᠯᠠᠮᠵᠢᠯᠠᠯᠲᠤ ᠪᠠᠶᠠᠷ ᠤᠨ ᠡᠳᠦᠷ ᠤᠨ ᠰᠣᠶᠣᠯ ᠤᠨ ᠦᠨᠦᠷ ᠠᠮᠲᠠ ᠶᠢ ᠭᠦᠨᠵᠡᠭᠡᠶ ᠣᠶᠢᠯᠠᠭᠠᠭᠤᠯᠵᠤ᠂ ᠲᠡᠳᠡᠨ ᠤ ᠤᠯᠠᠮᠵᠢᠯᠠᠯᠲᠤ ᠰᠣᠶᠣᠯ ᠢ ᠬᠦᠨᠳᠦᠳᠬᠡᠬᠦ᠂ ᠤᠯᠠᠮᠵᠢᠯᠠᠨ ᠵᠠᠯᠭᠠᠮᠵᠢᠯᠠᠬᠤ ᠪᠠ ᠪᠠᠳᠠᠷᠠᠭᠤᠯᠬᠤ ᠤᠬᠠᠮᠰᠠᠷ ᠪᠠ ᠢᠲᠡᠭᠡᠯ ᠢ ᠬᠥᠮᠦᠵᠢᠭᠦᠯᠵᠦ ᠥᠭᠴᠡᠶ᠃ ᠳᠠᠷᠠᠭᠠᠴᠢ ᠶᠢᠨ ᠠᠯᠬᠤᠮ ᠳᠤ᠂ ᠶᠦᠩ ᠴᠠᠩ ᠵᠢᠶᠠ ᠶᠤᠸᠠᠨ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠬᠢᠨ ᠰᠤᠷᠭᠠᠨ ᠬᠥᠮᠦᠵᠢᠯ ᠤᠨ ᠠᠴᠢ ᠬᠤᠯᠪᠣᠭᠳᠠᠯ ᠲᠠᠢ ᠡᠯ᠎ᠡ ᠵᠦᠢᠯ ᠤᠨ ᠡᠴᠢᠭᠡ ᠡᠬᠡ ᠦᠷ᠎ᠡ ᠬᠡᠦᠬᠡᠳ ᠤᠨ ᠠᠵᠢᠯᠯᠠᠭ᠎ᠠ ᠶᠢ ᠦᠷᠭᠦᠯᠵᠢᠯᠡᠨ ᠡᠷᠬᠢᠯᠡᠵᠦ᠂ ᠬᠠᠷᠢᠶ᠎ᠠ ᠣᠷᠣᠨ ᠤ ᠬᠡᠦᠬᠡᠳ ᠤᠳ ᠢ ᠰᠢᠯᠢᠳᠡᠭ ᠤᠯᠠᠮᠵᠢᠯᠠᠯᠲᠤ ᠰᠣᠶᠣᠯ ᠤᠨ ᠭᠡᠷᠡᠯ ᠰᠠᠴᠤᠷᠠᠩᠭᠤᠢ ᠳᠤᠮᠳᠠ ᠪᠡᠶ᠎ᠡ ᠤᠬᠢᠶᠠᠵᠤ᠂ ᠢᠳᠡᠷᠡᠭᠦᠨ ᠢᠶᠠᠷ ᠦᠰᠦᠨ ᠪᠤᠶᠢᠵᠢᠭᠤᠯᠬᠤ ᠪᠠᠷ ᠪᠠᠶᠢᠨ᠎ᠠ᠃
 
ᠢᠷᠡᠯᠲᠡ᠄ ᠣᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号