ᠯᠠ ᠰᠠᠷ᠎ᠠ ᠶᠢᠨ ᠬᠤᠷᠢᠨ ᠵᠢᠷᠭᠤᠭᠠᠨ ᠭᠠᠭ᠋ᠠᠢ ᠠᠯᠠᠵᠤ ᠵᠢᠯ ᠤᠨ ᠮᠢᠬ᠎ᠠ ᠪᠡᠯᠡᠳᠭᠡᠬᠦ
ᠨᠡᠶᠢᠲᠡᠯᠡᠭᠰᠡᠨ ᠴᠠᠭ᠄
2024/3/12
    ᠯᠠ ᠰᠠᠷ᠎ᠠ ᠶᠢᠨ ᠬᠤᠷᠢᠨ ᠵᠢᠷᠭᠤᠭᠠᠨ ᠤ ᠡᠳᠦᠷ ᠭᠠᠭ᠋ᠠᠢ ᠠᠯᠠᠵᠤ ᠮᠢᠬ᠎ᠠ ᠪᠡᠯᠡᠳᠬᠡᠵᠦ‌ᠵᠢᠯ ᠤᠨ ᠪᠠᠷᠠᠭ᠎ᠠ ᠶᠢ ᠡᠬᠢᠯᠡᠨ ᠬᠤᠳᠠᠯᠳᠤᠨ ᠠᠪᠤᠨ᠎ᠠ᠃ ᠡᠯ᠎ᠡ ᠭᠠᠵᠠᠷ ᠤᠨ ᠬᠥᠳᠡᠭᠡ ᠲᠣᠰᠬᠤᠨ ᠳᠤ᠂ ᠡᠨᠡ ᠡᠳᠦᠷ ᠪᠣᠯ ᠶᠡᠭᠡ ᠴᠤᠭᠯᠠᠭ᠎ᠠ ᠮᠠᠶᠢᠮᠠᠢ ᠶᠢᠨ ᠡᠳᠦᠷ ᠪᠣᠯᠣᠨ᠎ᠠ᠂ ᠴᠤᠭᠯᠠᠭ᠎ᠠ ᠮᠠᠶᠢᠮᠠᠢ ᠶᠢᠨ ᠡᠷᠬᠢᠨ ᠲᠣᠭᠤᠷᠢᠨ ᠤ ᠡᠯ᠎ᠡ ᠲᠣᠰᠬᠤᠨ ᠤ ᠠᠷᠠᠳ ᠤᠳ ᠴᠤᠭᠯᠠᠭ᠎ᠠ ᠮᠠᠶᠢᠮᠠᠢ ᠳᠤ ᠬᠦᠷᠴᠦ ᠴᠠᠭᠠᠨ ᠰᠠᠷ᠎ᠠ ᠶᠢᠨ ᠪᠠᠷᠠᠭ᠎ᠠ᠂ ᠲᠠᠮᠠᠬᠢ᠂ ᠠᠷᠢᠬᠢ᠂ ᠵᠢᠭᠠᠰᠤ᠂ ᠮᠢᠬ᠎ᠠ᠂ ᠫᠤᠤᠵᠢᠩ ᠵᠡᠷᠭᠡ ᠶᠢ ᠬᠤᠳᠠᠯᠳᠤᠨ ᠠᠪᠬᠤ ᠪᠠᠷ ᠣᠴᠢᠵᠤ᠂ ᠢᠷᠡᠬᠦ ᠵᠢᠯ ᠤᠨ ᠠᠮᠢᠳᠤᠷᠠᠯ ᠬᠦᠷ ᠬᠥᠭᠵᠢᠶᠡᠨ ᠲᠠᠢ᠂ ᠪᠠᠶᠠᠨ ᠴᠢᠨᠡᠭᠡᠯᠢᠭ ᠪᠠᠶᠢᠬᠤ ᠶᠢ ᠢᠯᠡᠳᠬᠡᠵᠡᠢ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号