ᠤᠳᠠ ᠲᠣᠭᠤᠷᠢᠭ ᠤᠨ 2024 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ | —2024 ᠣᠨ ᠤ 1 ᠰᠠᠷ᠎ᠠ ᠶᠢᠨ 22 ᠤᠨ ᠡᠳᠦᠷ ᠤᠳᠠ ᠲᠣᠭᠤᠷᠢᠭ ᠤᠨ ᠠᠷᠪᠠᠨ ᠬᠤᠶᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ | ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠯᠢᠦ ᠬᠤ᠋ | ᠲᠥᠯᠥᠭᠡᠯᠡᠭᠴᠢᠳ ᠠ᠋᠄ | ᠤᠳᠤ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠲᠡᠭᠦᠨᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠰᠤᠯᠠ | ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2023 ᠣᠨ ᠤ ᠠᠵᠢᠯ ᠤᠨ ᠡᠷᠭᠢᠴᠡᠭᠦᠯᠦᠯ | ᠨᠢᠭᠡ ᠵᠢᠯ ᠤᠨ ᠲᠤᠷᠰᠢ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ | ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ | ᠪᠣᠯᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ | ᠬᠥᠭᠵᠢᠯᠲᠡ ᠪᠣᠯᠣᠨ ᠠᠮᠤᠷ ᠲᠦᠪᠰᠢᠨ ᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ ᠠᠵᠤ | ᠦᠢᠯᠡᠰ ᠤᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠬᠤᠳᠠ ᠶᠢᠨ ᠪᠦᠲᠦᠭᠡᠨ | ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠠᠮᠢ ᠠᠬᠤᠢ ᠶᠢᠨ ᠣᠷᠴᠢᠨ ᠲᠣᠭᠤᠷᠢᠨ ᠤ ᠰᠢᠰᠲ᠋ᠧᠮ ᠤᠨ | ᠵᠠᠰᠠᠯᠲᠠ᠂ ᠠᠷᠠᠳ ᠤᠨ ᠠᠮᠢᠳᠤᠷᠠᠯ ᠤᠨ ᠪᠠᠲᠤᠯᠠᠪᠤᠷᠢ ᠶᠢ ᠪᠠᠲᠤᠳᠬᠠᠨ ᠪᠠᠬᠢᠵᠢᠭᠦᠯᠬᠦ ᠶᠢ ᠪᠦᠬᠦ ᠬᠦᠴᠦᠨ ᠢᠶᠠᠷ ᠢᠶᠠᠨ | ᠠᠬᠢᠭᠤᠯᠵᠤ᠂ ᠣᠳᠣᠬᠢᠴᠢᠯᠠᠭᠰᠠᠨ ᠤᠳᠠ ᠶᠢᠨ ᠪᠦᠲᠦᠭᠡᠨ ᠪᠠᠶᠢᠭᠤᠯᠤᠯᠲᠠ ᠯᠠᠪᠳᠠᠭᠤᠨ ᠪᠠᠲᠤᠲᠠᠢ ᠠᠯᠬᠤᠮ ᠢ | ᠠᠯᠬᠤᠵᠠᠢ᠃ | ᠡᠨᠡ ᠨᠢᠭᠡ ᠵᠢᠯ ᠳᠤ᠂ ᠪᠢᠳᠡ ᠤᠨᠢᠨ ᠳᠡᠭᠡᠷ᠎ᠡ ᠨᠢ ᠲᠣᠬᠢᠷᠠᠭᠤᠯᠤᠯᠲᠠ ᠬᠢᠵᠦ᠂ ᠬᠦᠴᠢᠷ ᠢ ᠲᠤᠭᠤᠯᠤᠨ | ᠬᠦᠴᠢᠷ ᠢ ᠳᠠᠪᠠᠵᠤ᠂ ᠠᠵᠤ ᠠᠬᠤᠢ ᠶᠢᠨ ᠶᠠᠰᠤ ᠴᠢᠨᠠᠷ ᠦᠷ᠎ᠡ ᠠᠰᠢᠭ ᠢ ᠲᠣᠭᠲᠠᠪᠤᠷᠢᠵᠢᠭᠤᠯᠬᠤ ᠶᠢᠨ ᠵᠡᠷᠭᠡ ᠳᠤ | ᠰᠠᠶᠢᠵᠢᠷᠠᠭᠤᠯᠪᠠ᠃ ᠠᠵᠤ ᠠᠬᠤᠢ ᠶᠢᠨ ᠶᠡᠭᠡ ᠪᠠᠶᠢᠳᠠᠯ ᠤᠯᠠᠮ ᠲᠣᠭᠲᠠᠪᠤᠷᠢᠵᠢᠪᠠ᠃ ᠠᠵᠤ ᠠᠬᠤᠢ ᠶᠢᠨ | ᠪᠠᠭᠤᠷᠠᠯᠲᠠ ᠶᠢᠨ ᠳᠠᠷᠤᠯᠲᠠ ᠶᠢ ᠪᠥᠬᠦ ᠬᠦᠴᠦᠨ ᠢᠶᠠᠷ ᠢᠶᠠᠨ ᠲᠤᠯᠵᠤ᠂ ᠠᠵᠤ ᠠᠬᠤᠢ ᠶᠢᠨ ᠠᠵᠢᠯᠯᠠᠭᠠᠨ ᠳᠤ ᠨᠡᠪᠲᠡᠷᠬᠡᠢ | ᠲᠣᠬᠢᠷᠠᠭᠤᠯᠤᠯᠲᠠ ᠬᠢᠵᠦ ᠵᠠᠳᠠᠯᠤᠯᠲᠠ ᠬᠢᠵᠦ᠂ ᠴᠠᠭ ᠤᠨ ᠪᠠᠶᠢᠳᠠᠯ ᠢ ᠦᠨᠳᠦᠰᠦᠯᠡᠨ ᠠᠷᠭ᠎ᠠ ᠪᠣᠳᠣᠯᠭ᠎ᠠ ᠠᠷᠭ᠎ᠠ | ᠬᠡᠮᠵᠢᠶ᠎ᠡ ᠪᠠᠨ ᠲᠣᠬᠢᠷᠠᠭᠤᠯᠤᠨ᠂ ᠳ᠋ᠦᠩᠵᠢᠩ᠂ ᠵᠢᠶᠦ᠋ᠨ ᠵᠧᠩ ᠵᠡᠷᠭᠡ ᠭᠤᠣᠯᠯᠠᠭᠴᠢ ᠠᠵᠤ ᠠᠬᠤᠶᠢᠯᠠᠯ ᠤᠨ | ᠦᠢᠯᠡᠳᠪᠦᠷᠢᠯᠡᠬᠦ ᠴᠢᠳᠠᠪᠤᠷᠢ ᠶᠢ ᠲᠦᠷᠭᠡᠨ ᠪᠠᠳᠠᠷᠠᠭᠤᠯᠵᠤ᠂ ᠱᠧᠩ ᠲᠠᠢ᠂ ᠵᠢᠶᠠᠩ ᠵᠧᠩ ᠵᠡᠷᠭᠡ 8 ᠠᠵᠤ | ᠠᠬᠤᠶᠢᠯᠠᠯ ᠤᠨ ᠳᠦᠷᠢᠮ ᠢᠶᠠᠨ ᠳᠡᠭᠡᠭᠰᠢᠯᠡᠭᠦᠯᠦᠨ ᠨᠢᠭᠡᠳᠦᠯ ᠳᠤ ᠣᠷᠣᠵᠤ᠂ ᠠᠵᠤ ᠠᠬᠤᠢ ᠶᠢᠨ ᠠᠵᠢᠯᠯᠠᠭᠠᠨ ᠳᠤ | ᠤᠯᠠᠷᠢᠯ ᠳᠠᠷᠠᠭᠠᠯᠠᠨ ᠰᠠᠶᠢᠵᠢᠷᠠᠵᠤ᠂ ᠪᠠᠶᠢᠳᠠᠯ ᠢ ᠰᠥᠷᠦᠨ ᠳᠡᠭᠡᠭᠰᠢᠯᠡᠬᠦ ᠪᠠᠶᠢᠳᠠᠯ ᠢᠯᠡᠷᠡᠪᠡ᠃ ᠪᠥᠬᠦ ᠵᠢᠯ ᠳᠤ ᠭᠠᠵᠠᠷ | ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 177 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 5.9% ᠪᠠᠷ ᠨᠡᠮᠡᠭᠳᠡᠨ᠂ ᠭᠤᠷᠪᠠᠨ ᠣᠷᠣᠨ ᠤ ᠲᠡᠷᠢᠭᠦᠨ ᠳᠤ ᠣᠷᠣᠪᠠ︔ ᠡᠩ ᠤᠨ | ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 17.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 10.45% ᠪᠠᠷ ᠨᠡᠮᠡᠭᠳᠡᠪᠡ︔ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 50466 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 3.7% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠪᠥᠬᠦ ᠲᠤᠭ᠎ᠠ 14.47 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 4.8% ᠨᠡᠮᠡᠭᠳᠡᠪᠡ᠃ ᠳᠣᠲᠣᠭᠠᠳᠤ ᠶᠢᠨ ᠠᠮᠢᠳᠤᠯᠢᠭ ᠪᠠᠶᠢᠳᠠᠯ ᠨᠢ ᠨᠡᠩ ᠢᠳᠡᠷᠡᠭᠦᠨ ᠳᠣᠷᠪᠢᠲᠠᠢ ᠪᠣᠯᠪᠠ᠃ | ᠡᠷᠴᠢ ᠵᠣᠷᠢᠭ ᠢᠶᠠᠨ ᠰᠢᠪᠬᠠᠨ ᠲᠥᠷᠥᠯ ᠵᠦᠢᠯ ᠢ ᠠᠳᠬᠤᠵᠤ᠂ ᠣᠯᠠᠨ ᠲᠦᠮᠡᠨ ᠤ ᠰᠡᠳᠬᠢᠬᠦᠢ ᠪᠠᠷ ᠠᠷᠠᠯᠵᠢᠶᠠᠴᠢᠨ | ᠤᠷᠢᠬᠤ ᠶᠢ ᠠᠳᠬᠤᠬᠤ ᠶᠢ ᠪᠠᠷᠢᠮᠲᠠᠯᠠᠵᠤ᠂ ᠪᠥᠬᠦ ᠬᠤᠲᠠ ᠳᠤ ᠭᠤᠣᠯᠳᠠᠯᠭ᠎ᠠ ᠲᠠᠢ ᠲᠥᠷᠥᠯ ᠵᠦᠢᠯ ᠤᠨ | ︽ᠲᠡᠷᠢᠭᠦᠨ ᠳᠤ ᠣᠷᠣᠬᠤ ᠪᠠᠷ ᠴᠢᠷᠮᠠᠶᠢᠵᠤ᠂ ᠮᠣᠷᠢ ᠤᠷᠤᠯᠳᠤᠬᠤ︾ ᠦᠵᠡᠭᠦᠯᠦᠯᠭᠡ ᠶᠢᠨ ᠴᠤᠭᠯᠠᠭᠠᠨ ᠢ ᠤᠷᠢᠳᠠᠪᠠᠷ | ᠡᠷᠭᠢᠯᠡᠵᠦ᠂ 39 ᠬᠤᠲᠠ ᠶᠢᠨ ᠲᠠᠰ ᠤᠨ ᠭᠤᠣᠯᠳᠠᠯᠭ᠎ᠠ ᠲᠠᠢ ᠲᠥᠷᠥᠯ ᠵᠦᠢᠯ ᠪᠦᠬᠦᠨ ᠢᠶᠠᠷ ᠢᠶᠠᠨ ᠠᠵᠢᠯ ᠢᠶᠠᠨ | ᠰᠡᠷᠭᠦᠭᠡᠵᠦ᠂ 15 ᠤᠷᠲᠤᠳᠬᠠᠨ ᠨᠥᠬᠦᠪᠦᠷᠢᠯᠡᠬᠦ ᠲᠥᠷᠥᠯ ᠵᠦᠢᠯ ᠳᠤ ᠭᠡᠷ᠎ᠡ ᠲᠣᠭᠲᠠᠨ ᠡᠷᠦᠬᠡ ᠠᠮᠠ ᠣᠷᠣᠵᠤ᠂ 96 | ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠣᠷᠣᠭᠤᠯᠤᠨ ᠠᠪᠴᠢᠷᠠᠵᠤ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠬᠤᠶᠠᠷ ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ ︽ᠬᠠᠭᠠᠰ ᠵᠠᠭᠤᠨ︾ ᠤ ᠨᠡᠮᠡᠭᠳᠡᠯ ᠢ | ᠪᠠᠲᠤᠯᠠᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠭᠡᠷ᠎ᠡ ᠲᠣᠭᠲᠠᠭᠰᠠᠨ ᠲᠥᠷᠥᠯ ᠵᠦᠢᠯ ᠤᠨ ᠪᠡᠯᠡ | ᠣᠷᠣᠭᠤᠯᠤᠯᠲᠠ ᠶᠢᠨ ᠲᠤᠭ᠎ᠠ ᠬᠡᠮᠵᠢᠶ᠎ᠡ ᠴᠥᠮ ᠪᠥᠬᠦ ᠬᠤᠲᠠ ᠶᠢᠨ ᠲᠡᠷᠢᠭᠦᠨ ᠳᠤ ᠣᠷᠣᠪᠠ᠃ ᠵᠠᠬ᠎ᠠ ᠳᠡᠯᠭᠡᠭᠦᠷ ᠤᠨ | ᠭᠤᠣᠯ ᠴᠣᠭᠴᠠ ᠨᠡᠩ ᠢᠯᠡᠭᠦᠦ ᠠᠮᠢᠵᠢᠷᠠᠯ ᠤᠨ ᠲᠣᠭᠲᠠᠭᠤᠨ ᠢᠶᠠᠷ ᠨᠡᠮᠡᠭᠳᠡᠭᠦᠯᠬᠦ ᠬᠠᠮ ᠲᠦᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠬᠦᠴᠦᠲᠡᠢ ᠠᠬᠢᠭᠤᠯᠵᠤ᠂ ᠤᠯᠠᠨ ᠲᠠᠯ᠎ᠠ ᠪᠠᠷ ᠵᠠᠰᠠᠭ ᠤᠨ | ᠣᠷᠳᠣᠨ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠲᠠᠪᠴᠠᠩ ᠢ ᠪᠠᠶᠢᠭᠤᠯᠵᠤ᠂ 22.9 ᠳ᠋ᠦᠩᠰᠢᠭᠤᠷ | ᠲᠥᠭᠦᠷᠢᠭ ᠤᠨ ᠪᠡᠯᠡ ᠮᠥᠩᠭᠦ ᠬᠤᠷᠠᠮᠳᠤᠭᠤᠯᠵᠤ᠂ ᠭᠠᠶᠢᠯᠢ ᠶᠢᠨ ᠰᠦᠢᠳᠬᠡᠯ ᠢ 7.79 ᠳ᠋ᠦᠩᠰᠢᠭᠤᠷ ᠲᠥᠭᠦᠷᠢᠭ | ᠪᠤᠴᠠᠭᠠᠵᠤ᠂ ᠠᠵᠤ ᠠᠬᠤᠶᠢᠯᠠᠯ ᠤᠨ ᠬᠤᠳᠠᠯᠳᠤᠭᠠᠨ ᠤ ᠡᠷᠦᠬᠡ ᠳᠤ 1.5 ᠲᠦᠮᠡᠨ ᠤᠳᠠᠭ᠎ᠠ ᠠᠰᠢᠭ ᠬᠦᠷᠲᠡᠭᠡᠵᠦ᠂ | 1297 ᠵᠠᠬ᠎ᠠ ᠳᠡᠯᠭᠡᠭᠦᠷ ᠤᠨ ᠭᠤᠣᠯ ᠴᠣᠭᠴᠠ ᠶᠢ ᠰᠢᠨ᠎ᠡ ᠪᠠᠷ ᠨᠡᠮᠡᠭᠳᠡᠭᠦᠯᠪᠡ᠃ | ᠡᠨᠡ ᠨᠢᠭᠡ ᠵᠢᠯ ᠳᠤ᠂ ᠪᠢᠳᠡ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ | ᠬᠡᠯᠬᠢᠶᠡᠵᠢᠯ ᠤᠨ ᠪᠦᠯᠦᠭᠵᠢᠯ ᠢ ᠪᠣᠶᠢᠵᠢᠭᠤᠯᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠰᠢᠨᠡᠴᠢᠯᠡᠪᠡ᠃ | ᠬᠤᠶᠠᠷ ᠶᠡᠭᠡ ᠰᠠᠭᠤᠷᠢᠨ ᠭᠠᠵᠠᠷ ᠤᠨ ᠠᠵᠢᠯ ᠤᠨ ᠪᠠᠶᠢᠳᠠᠯ ᠢ ᠠᠶᠠᠷᠯᠠᠨ ᠡᠬᠢᠯᠡᠭᠦᠯᠪᠡ᠃ ᠵᠠᠳᠠᠷᠠᠵᠤ ᠪᠣᠯᠬᠤ | ᠰᠦᠯᠢᠶᠥᠦ ᠶᠢᠨ ᠠᠵᠤ ᠦᠢᠯᠡᠰ ᠤᠨ ᠬᠡᠯᠬᠢᠶ᠎ᠡ ᠶᠢᠨ ᠪᠦᠯᠦᠭ ᠦᠷᠭᠦᠯᠵᠢᠯᠡᠨ ᠪᠤᠵᠠᠭᠠᠶᠢᠷᠠᠵᠤ᠂ ᠭᠤᠸᠠᠩ ᠶᠤᠸᠠᠨ ᠤ | ᠵᠠᠳᠠᠷᠠᠵᠤ ᠪᠣᠯᠬᠤ ᠪᠦᠲᠦᠭᠡᠭᠳᠡᠬᠦᠨ ᠤ ᠲᠥᠷᠥᠯ ᠵᠦᠢᠯ ᠢ ᠭᠡᠷ᠎ᠡ ᠲᠣᠭᠲᠠᠨ ᠨᠠᠶᠢᠳᠠᠪᠤᠷᠢᠵᠢᠭᠤᠯᠵᠤ᠂ ᠵᠢᠲ᠋ᠧ ᠶᠢᠨ | ᠨᠣᠭᠤᠭᠠᠨ ᠡᠨᠧᠷᠭᠢ ᠶᠢᠨ ᠨᠥᠬᠦᠯᠲᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ | ᠡᠬᠢᠯᠡᠭᠦᠯᠵᠦ᠂ ᠵᠢᠶᠦ᠋ᠨ ᠵᠧᠩ ᠪᠥᠬᠦ ᠪᠥᠮᠪᠥᠷᠴᠡᠭ ᠤᠨ ᠲᠠᠩ ᠱᠤᠭᠤᠮ ᠤᠨ ᠦᠢᠯᠡᠳᠪᠦᠷᠢᠯᠡᠬᠦ ᠴᠢᠳᠠᠪᠤᠷᠢ ᠪᠠᠷ | ᠬᠠᠮᠤᠭ ᠤᠨ ᠶᠡᠭᠡ BDO ᠦᠢᠯᠡᠳᠪᠦᠷᠢᠯᠡᠬᠦ ᠲᠥᠬᠦᠭᠡᠷᠦᠮᠵᠢ ᠶᠢ ᠲᠦᠷᠭᠡᠪᠴᠢᠯᠡᠨ ᠪᠠᠶᠢᠭᠤᠯᠵᠤ᠂ ᠳ᠋ᠦᠩ ᠵᠢᠩ | BDO ᠪᠥᠬᠦ ᠠᠵᠤ ᠦᠢᠯᠡᠰ ᠤᠨ ᠬᠡᠯᠬᠢᠶᠡᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠵᠢᠩᠬᠢᠨᠢ ᠪᠠᠷ | ᠠᠰᠢᠭᠯᠠᠯᠲᠠ ᠳᠤ ᠣᠷᠣᠭᠤᠯᠵᠤ᠂ ᠶᠢᠨ ᠺᠧ ᠹᠠ ᠪᠥᠬᠦ ᠠᠮᠢᠳᠤ ᠪᠣᠳᠠᠰ ᠤᠨ ᠵᠠᠳᠠᠷᠠᠭᠤᠯᠬᠤ ᠦᠢᠯᠡᠳᠬᠦᠨ ᠢ ᠡᠷᠬᠢᠨ | ᠲᠣᠭᠤᠷᠢᠨ ᠤ ᠠᠶᠢᠮᠠᠭ ᠬᠤᠲᠠ ᠳᠤ ᠲᠤᠷᠰᠢᠨ ᠳᠡᠯᠭᠡᠷᠡᠭᠦᠯᠵᠦ᠂ ᠤᠯᠤᠰ ᠤᠨ ᠳᠣᠲᠣᠭᠠᠳᠤ ᠶᠢᠨ ᠠᠩᠬᠠᠳᠠᠭᠴᠢ | BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠳᠠ ᠳᠤ ᠫᠠᠶᠢᠰᠠ ᠰᠡᠬᠦᠵᠦ᠂ ᠪᠠᠶᠢᠭᠤᠯᠵᠤ | ᠳᠠᠭᠤᠰᠬᠠᠭᠰᠠᠨ ᠪᠠ ᠪᠠᠶᠢᠭᠤᠯᠵᠤ ᠪᠠᠶᠢᠭ᠎ᠠ BDO ᠦᠢᠯᠡᠳᠪᠦᠷᠢᠯᠡᠬᠦ ᠴᠢᠳᠠᠪᠤᠷᠢ 68 ᠲᠦᠮᠡᠨ ᠲᠣᠨ ᠳᠤ ᠬᠦᠷᠴᠦ᠂ | ᠪᠥᠬᠦ ᠤᠯᠤᠰ ᠤᠨ ᠬᠠᠮᠤᠭ ᠤᠨ ᠲᠣᠮᠣ ᠵᠠᠳᠠᠷᠠᠭᠤᠯᠵᠤ ᠪᠣᠯᠬᠤ ᠰᠦᠯᠢᠶᠥᠦ ᠶᠢᠨ ᠰᠠᠭᠤᠷᠢᠨ ᠭᠠᠵᠠᠷ ᠢ ᠲᠦᠷᠭᠡᠪᠴᠢᠯᠡᠨ | ᠪᠣᠶ ᠪᠣᠯᠭᠠᠪᠠ︔ ᠣᠷᠭᠠᠨᠢᠭ ᠴᠠᠬᠢᠭᠤᠷ ᠤᠨ ᠪᠦᠷᠢᠨ ᠲᠥᠬᠦᠷᠵᠢᠭᠰᠡᠨ ᠠᠵᠤ ᠦᠢᠯᠡᠰ ᠤᠨ ᠬᠡᠯᠬᠢᠶ᠎ᠡ ᠶᠢᠨ | ᠪᠦᠯᠦᠭᠵᠢᠯ ᠤᠨ ᠬᠤᠷᠳᠤᠴᠠ ᠶᠢ ᠳᠡᠭᠡᠭᠰᠢᠯᠡᠭᠦᠯᠦᠨ ᠪᠦᠲᠦᠭᠡᠨ ᠪᠠᠶᠢᠭᠤᠯᠵᠤ᠂ ᠰᠢᠩ ᠹᠠ ᠠᠵᠤ ᠦᠢᠯᠡᠳᠪᠦᠷᠢ ᠶᠢᠨ | ᠴᠠᠬᠢᠭᠤᠷ ᠤᠨ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠠᠬᠢᠭᠤᠯᠵᠤ᠂ ᠣᠷᠭᠠᠨᠢᠭ ᠴᠠᠬᠢᠭᠤᠷ ᠤᠨ ᠨᠢᠭᠡ | ᠴᠣᠭᠴᠠᠵᠢᠭᠰᠠᠨ ᠲᠦᠷᠦᠯ ᠵᠦᠢᠯ ᠢ ᠲᠣᠭᠲᠠᠭᠤᠨ ᠢᠶᠠᠷ ᠬᠡᠷᠡᠭᠵᠢᠭᠦᠯᠵᠦ᠂ ᠵᠠᠭᠤᠨ ᠲᠦᠮᠡᠨ ᠲᠣᠨ ᠤ ᠳᠡᠰ ᠤᠨ | ᠣᠷᠭᠠᠨᠢᠭ ᠴᠠᠬᠢᠭᠤᠷ ᠤᠨ ᠦᠢᠯᠡᠳᠪᠦᠷᠢᠯᠡᠯ ᠤᠨ ᠰᠠᠭᠤᠷᠢᠨ ᠢ ᠶᠠᠭ ᠬᠥᠭᠵᠢᠭᠦᠯᠦᠨ ᠮᠠᠨᠳᠤᠭᠤᠯᠵᠤ ᠪᠠᠶᠢᠨ᠎ᠠ︔ ᠳᠡᠭᠡᠳᠦ | ᠲᠡᠰ ᠤᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢᠨ ᠪᠦᠯᠦᠭᠵᠢᠯ ᠢ | ᠤᠷᠲᠤᠳᠬᠠᠨ ᠥᠷᠭᠡᠳᠬᠡᠵᠦ᠂ ᠬᠤᠩ ᠱᠢ ᠯᠢᠲ᠋ᠢ ᠶᠢᠨ ᠳᠠᠪᠤᠰᠤ᠂ ᠶᠢᠩ ᠯᠠᠢ ᠬᠤᠶᠠᠳᠤᠭᠠᠷ ᠬᠤᠭᠤᠴᠠᠭ᠎ᠠ ᠵᠡᠷᠭᠡ | ᠲᠦᠷᠦᠯ ᠵᠦᠢᠯ ᠤᠷᠤᠭᠰᠢᠲᠠᠢ ᠠᠬᠢᠵᠤ᠂ ᠯᠢᠶᠠᠨ ᠴᠢᠶᠦ᠋ᠨ᠂ ᠪᠸᠢᠵᠢᠶ᠋ᠥᠲᠸ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠰᠢᠨ᠎ᠡ ᠮᠠᠲ᠋ᠧᠷᠢᠶᠠᠯ ᠵᠡᠷᠭᠡ ᠲᠦᠷᠦᠯ ᠵᠦᠢᠯ ᠢ ᠲᠤᠷᠰᠢᠨ ᠦᠢᠯᠡᠳᠪᠦᠷᠢᠯᠡᠵᠦ᠂ ᠨᠠᠷᠢᠯᠢᠭ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ᠤᠨ ᠪᠦᠯᠦᠭᠵᠢᠯ ᠢ ᠤᠯᠤᠰ ᠤᠨ ᠲᠡᠰ ᠤᠨ ᠳᠤᠮᠳᠠ ᠪᠠᠭ᠎ᠠ ᠠᠵᠤ ᠠᠬᠤᠶᠢᠯᠠᠯ ᠤᠨ | ᠣᠨᠴᠠᠯᠢᠭᠲᠤ ᠠᠵᠤ ᠦᠢᠯᠡᠰ ᠤᠨ ᠪᠦᠯᠦᠭᠵᠢᠯ ᠳᠤ ᠠᠮᠵᠢᠯᠲᠠ ᠲᠠᠢ ᠪᠠᠷ ᠰᠣᠩᠭᠤᠭᠳᠠᠵᠠᠢ︔ ᠰᠢᠨ᠎ᠡ ᠡᠨᠧᠷᠭᠢ ᠶᠢᠨ | ᠰᠤᠷᠪᠤᠯᠵᠢ ᠶᠢᠨ ᠠᠵᠤ ᠦᠢᠯᠡᠰ ᠤᠨ ᠬᠡᠯᠬᠢᠶ᠎ᠡ ᠶᠢᠨ ᠪᠥᠭᠡᠮᠨᠡᠷᠡᠯ ᠢ ᠲᠦᠷᠭᠡᠪᠴᠢᠯᠡᠨ ᠬᠥᠭᠵᠢᠭᠦᠯᠵᠦ᠂ ᠭᠤᠸᠠᠩ | ᠶᠤᠸᠠᠨ ᠤ ᠴᠠᠬᠢᠭᠤᠷ ᠢᠶᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠤᠨ ᠵᠦᠢᠯᠡᠰ ᠢ ᠠᠵᠢᠯ ᠡᠬᠢᠯᠡᠭᠦᠯᠦᠨ ᠪᠦᠲᠦᠭᠡᠨ | ᠪᠠᠶᠢᠭᠤᠯᠵᠤ᠂ 20 ᠲᠦᠮᠡᠨ ᠺᠢᠯᠣᠸᠠᠲ ᠤᠨ ᠡᠨᠧᠷᠭᠢ ᠬᠠᠳᠠᠭᠠᠯᠠᠬᠤ ᠵᠦᠢᠯᠡᠰ ᠢ ᠡᠬᠢᠯᠡᠨ ᠪᠠᠶᠢᠷᠢᠯᠠᠭᠤᠯᠵᠤ᠂ ᠲᠦᠷᠦᠭᠦᠦ | ᠪᠦᠯᠦᠭ ᠤᠨ 46 ᠳ᠋ᠦᠩᠰᠢᠭᠤᠷ ᠭᠷᠡᠳᠦ᠋ᠰ ᠤᠨ ︽ᠠᠷᠠᠪ ᠤᠨ ᠴᠠᠬᠢᠯᠭᠠᠨ ᠢ ᠦᠺᠷᠠᠶᠢᠨ ᠳᠤ ᠣᠷᠣᠭᠤᠯᠬᠤ︾ | ᠬᠡᠯᠡᠯᠴᠡᠭᠡᠷ ᠢ ᠠᠮᠵᠢᠯᠲᠠ ᠲᠠᠢ ᠪᠠᠷ ᠲᠣᠭᠲᠠᠭᠠᠵᠤ᠂ ᠪᠣᠬᠢᠷᠲᠤᠯ ᠦᠭᠡᠢ ᠡᠨᠧᠷᠭᠢ ᠶᠢᠨ ᠰᠤᠷᠪᠤᠯᠵᠢ ᠶᠢ ᠰᠢᠩᠭᠡᠬᠡᠨ | ᠠᠪᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠪᠡ᠃ ᠤᠯᠠᠮᠵᠢᠯᠠᠯᠲᠤ ᠠᠵᠤ | ᠦᠢᠯᠡᠰ ᠢ ᠡᠮᠬᠢᠯᠡᠨ ᠨᠡᠶᠢᠯᠡᠭᠦᠯᠵᠦ ᠲᠠᠰ ᠳᠡᠪᠰᠢᠭᠦᠯᠪᠡ᠃ ᠹᠧᠢ ᠱᠢ 27 ᠠᠵᠤ ᠠᠬᠤᠶᠢᠯᠠᠯ ᠤᠨ ᠲᠣᠭᠠᠴᠢᠯᠠᠭᠰᠠᠨ | ᠳᠡᠰ ᠳᠡᠪᠰᠢᠯᠲᠡ ᠶᠢ ᠪᠡᠶᠡᠯᠡᠭᠦᠯᠬᠦ ᠳᠤ ᠬᠦᠴᠦ ᠨᠡᠮᠡᠷᠢᠯᠡᠵᠦ᠂ ᠮᠡᠷᠭᠡᠵᠢᠯ ᠤᠨ ᠥᠭᠡᠷᠡᠴᠢᠯᠡᠯᠲᠡ ᠶᠢ ᠳᠡᠭᠡᠭᠰᠢᠯᠡᠭᠦᠯᠬᠦ 12 | ᠲᠦᠷᠦᠯ ᠵᠦᠢᠯ ᠢ ᠪᠡᠶᠡᠯᠡᠭᠦᠯᠵᠦ᠂ ᠨᠡᠭᠦᠷᠡᠰᠦ ᠤᠬᠢᠶᠠᠬᠤ ᠬᠤᠴᠣᠷᠤᠩᠭᠤᠢ ᠠᠵᠤ ᠠᠬᠤᠶᠢᠯᠠᠯ ᠢ 4 ᠡᠷᠦᠭᠡ ᠶᠢ | ᠰᠢᠭᠰᠢᠭᠳᠡᠭᠦᠯᠵᠦ᠂ ᠵᠢᠶᠠᠨ ᠠᠨ ᠬᠤᠸᠠ ᠮᠥᠩᠭᠦᠨ ᠠᠭᠤᠷᠬᠠᠢ ᠶᠢᠨ ᠡᠷᠬᠡ ᠶᠢ ᠨᠡᠶᠢᠳᠬᠡᠬᠦ ᠲᠠᠯ᠎ᠠ ᠪᠠᠷ ᠪᠣᠳᠠᠲᠠᠢ | ᠰᠢᠪᠲᠤᠯᠤᠯᠲᠠ ᠲᠠᠢ ᠪᠣᠯᠵᠤ᠂ ᠭᠤᠸᠠᠩ ᠶᠤᠸᠠᠨ ᠨᠡᠭᠦᠷᠡᠰᠦᠨ ᠤ ᠶᠡᠷᠦᠩᠬᠡᠶᠢᠯᠡᠭᠰᠡᠨ ᠠᠵᠤ ᠦᠢᠯᠡᠰ ᠤᠨ | ᠬᠦᠷᠢᠶᠡᠯᠡᠩ ᠤᠨ ᠭᠤᠣᠯ ᠴᠣᠭᠴᠠ ᠶᠢ ᠪᠠᠶᠢᠭᠤᠯᠵᠤ᠂ ᠵᠢᠶᠦ᠋ᠨ ᠵᠧᠩ 300 ᠲᠦᠮᠡᠨ ᠲᠣᠨ ᠬᠡᠦᠷᠰᠢᠭᠦᠯᠬᠦ ᠲᠦᠷᠦᠯ | ᠵᠦᠢᠯ ᠤᠨ ᠬᠠᠭᠰᠠᠭᠠᠬᠤ ᠵᠤᠤᠬ᠎ᠠ ᠶᠢ ᠲᠤᠷᠰᠢᠨ ᠦᠢᠯᠡᠳᠪᠦᠷᠢᠯᠡᠵᠦ᠂ ᠦ᠋ ᠬᠤ᠋ ᠱᠠᠨ ᠤ 400 ᠲᠦᠮᠡᠨ ᠲᠣᠨ | ᠨᠡᠭᠦᠷᠡᠰᠦ ᠤᠬᠢᠶᠠᠬᠤ ᠦᠢᠯᠡᠳᠪᠦᠷᠢᠯᠡᠯ ᠤᠨ ᠱᠤᠭᠤᠮ ᠢ ᠠᠰᠢᠭᠯᠠᠯᠲᠠ ᠳᠤ ᠣᠷᠣᠭᠤᠯᠵᠤ᠂ ᠤᠯᠠᠮᠵᠢᠯᠠᠯᠲᠤ ᠠᠵᠤ | ᠦᠢᠯᠡᠰ ᠤᠨ ᠤᠷᠠᠯᠠᠯ ᠢ ᠪᠦᠬᠦ ᠲᠠᠯ᠎ᠠ ᠪᠠᠷ ᠳᠡᠭᠡᠭᠰᠢᠯᠡᠭᠦᠯᠬᠦ᠂ ᠬᠡᠯᠬᠢᠶ᠎ᠡ ᠶᠢ ᠤᠯᠠᠨ ᠬᠡᠮᠵᠢᠶ᠎ᠡ ᠪᠠᠷ ᠤᠷᠲᠤᠳᠬᠠᠬᠤ ᠶᠢ | ᠬᠦᠴᠦᠲᠡᠢ ᠠᠬᠢᠭᠤᠯᠪᠠ᠃ | ᠡᠨᠡ ᠨᠢᠭᠡ ᠵᠢᠯ ᠳᠤ᠂ ᠪᠢᠳᠡ ᠰᠢᠨ᠎ᠡ ᠶᠢ ᠡᠭᠦᠳᠴᠦ ᠴᠢᠳᠠᠪᠤᠷᠢ ᠣᠯᠭᠤᠵᠤ᠂ ᠥᠭᠡᠷᠡᠴᠢᠯᠡᠯᠲᠡ ᠶᠢᠨ ᠪᠣᠭᠤᠮᠲᠠ | ᠰᠢᠪᠲᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠰᠠᠶᠢᠵᠢᠷᠠᠬᠤ ᠶᠢᠨ ᠵᠡᠷᠭᠡ ᠳᠤ ᠰᠠᠶᠢᠵᠢᠷᠠᠪᠠ᠃ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠰ ᠤᠨ ᠠᠮᠵᠢᠯᠲᠠ ᠪᠦᠲᠦᠮᠵᠢ ᠶᠢ ᠰᠠᠶᠢᠰᠢᠶᠠᠭᠤᠰᠢᠲᠠᠢ ᠪᠠᠶᠢᠨ᠎ᠠ᠃ | ︽ᠬᠤᠶᠠᠷ ᠳᠠᠬᠢᠨ ᠢᠶᠠᠷ ᠨᠡᠮᠡᠭᠳᠡᠭᠦᠯᠵᠦ ᠬᠤᠶᠠᠷ ᠢ ᠳᠡᠭᠡᠭᠰᠢᠯᠡᠭᠦᠯᠬᠦ︾ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠵᠤ᠂ | ᠵᠠᠰᠠᠭ ᠤᠨ ᠣᠷᠳᠣᠨ ᠤ ᠰᠤᠳᠤᠯᠭᠠᠨ ᠪᠠ ᠲᠤᠷᠰᠢᠯᠲᠠ ᠶᠢᠨ ᠬᠥᠭᠵᠢᠯᠲᠡ ᠶᠢᠨ ᠵᠠᠷᠤᠳᠠᠯ ᠤᠨ ᠨᠡᠮᠡᠭᠳᠡᠯ ᠤᠨ | ᠬᠤᠷᠳᠤᠴᠠ ᠶᠢ 23% ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠥᠪᠥᠷ ᠮᠣᠩᠭᠤᠯ ᠤᠨ ᠪᠠᠷᠠᠭᠤᠨ ᠣᠷᠣᠨ ᠤ | ᠨᠡᠭᠦᠷᠡᠰᠦ ᠬᠢᠭᠡᠳ ᠬᠢᠮᠢ ᠶᠢᠨ ᠠᠵᠤ ᠦᠢᠯᠡᠳᠪᠦᠷᠢ ᠶᠢᠨ ᠮᠡᠷᠭᠡᠵᠢᠯ ᠤᠨ ᠰᠤᠳᠤᠯᠤᠨ ᠨᠡᠭᠡᠭᠡᠬᠦ ᠲᠥᠪ ᠢ ᠵᠢᠩᠬᠢᠨᠢ ᠪᠠᠷ | ᠪᠠᠶᠢᠭᠤᠯᠤᠨ ᠳᠠᠭᠤᠰᠬᠠᠵᠤ᠂ ᠰᠢᠩ ᠹᠠ ᠰᠢᠨᠵᠢᠯᠡᠬᠦ ᠤᠬᠠᠭᠠᠨ ᠮᠡᠷᠭᠡᠵᠢᠯ ᠢᠶᠠᠷ ᠤᠯᠤᠰ ᠤᠨ ᠳᠣᠲᠣᠭᠠᠳᠤ ᠶᠢᠨ | ᠠᠩᠬᠠᠳᠠᠭᠴᠢ ︽ᠲᠠᠪᠤ ᠶᠢ ᠨᠢᠭᠡ ᠨᠢᠭᠡᠳᠬᠡᠬᠦ︾ ᠣᠶᠤᠨᠲᠤ ᠦᠢᠯᠡᠳᠪᠦᠷᠢ ᠶᠢ ᠴᠣᠭᠴᠠᠯᠠᠨ ᠪᠠᠶᠢᠭᠤᠯᠵᠤ᠂ ᠥᠪᠡᠷᠲᠡᠭᠡᠨ | ᠵᠠᠰᠠᠬᠤ ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠢ 5 ᠪᠠᠶᠢᠭᠤᠯᠵᠤ᠂ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠢ 2᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ | ᠠᠬᠤᠶᠢᠯᠠᠯ ᠢ 13᠂ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 6ᠪᠣᠶᠢᠵᠢᠭᠤᠯᠪᠠ᠃ | ᠬᠥᠭᠵᠢᠯᠲᠡ ᠶᠢᠨ ᠣᠷᠴᠢᠨ ᠨᠥᠬᠦᠴᠡᠯ ᠦᠷᠭᠦᠯᠵᠢᠯᠡᠨ ᠰᠢᠯᠢᠳᠡᠭᠵᠢᠪᠡ᠃ ︽ᠱᠦᠵᠢ ᠶᠢᠨ ᠦᠢᠯᠡᠴᠢᠯᠡᠭᠡᠨ ᠤ ᠡᠳᠦᠷ︾ | ︽ᠲᠣᠭᠤᠷᠢᠭ ᠤᠨ ᠳᠠᠷᠤᠭ᠎ᠠ ᠶᠢᠨ ᠦᠢᠯᠡᠴᠢᠯᠡᠭᠡᠨ ᠤ ᠡᠳᠦᠷ︾᠂︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠢ ᠠᠬᠢᠭᠤᠯᠤᠨ ᠪᠣᠳᠠᠲᠠᠶᠢᠵᠢᠭᠤᠯᠵᠤ᠂ ᠳᠤᠲᠠᠭᠤ ᠶᠢ ᠭᠥᠯᠢᠶᠡᠨ ᠠᠪᠴᠤ ᠰᠢᠢᠳᠪᠦᠷᠢᠯᠡᠬᠦ᠂ | ᠠᠮᠠᠯᠠᠯᠲᠠ ᠶᠢ ᠮᠡᠳᠡᠭᠳᠡᠬᠦ᠂ ᠨᠡᠶᠢᠯᠡᠭᠦᠯᠦᠨ ᠬᠢᠨᠠᠨ ᠵᠥᠪᠰᠢᠶᠡᠷᠡᠬᠦ ᠶᠢ ᠪᠥᠬᠦ ᠲᠠᠯ᠎ᠠ ᠪᠠᠷ ᠳᠡᠯᠭᠡᠷᠡᠭᠦᠯᠵᠦ᠂︽1+8+22︾ | ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠢᠭᠰᠠᠭᠠᠯ ᠢ ᠪᠠᠶᠢᠭᠤᠯᠤᠨ ᠳᠠᠭᠤᠰᠬᠠᠵᠤ᠂ 1237 ᠵᠦᠢᠯ ᠤᠨ | ᠵᠦᠢᠯᠡᠰ ᠢ ︽ᠳᠠᠷᠤᠶᠢᠬᠠᠨ ᠭᠦᠢᠴᠡᠳᠬᠡᠬᠦ︾ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ | ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠨᠣᠷᠮ᠎ᠠ᠂ ᠪᠥᠬᠦ ᠶᠠᠪᠤᠴᠠ ᠶᠢᠨ ᠰᠦᠯᠵᠢᠶᠡᠨ ᠳᠡᠭᠡᠷ᠎ᠡ ᠭᠦᠢᠴᠡᠳᠬᠡᠬᠦ | ᠨᠣᠷᠮ᠎ᠠ ᠲᠣᠰ ᠲᠣᠰ 100%᠂ 98.3% ᠳᠤ ᠬᠦᠷᠴᠦ᠂ 2022 ᠣᠨ ᠤ ᠥᠪᠡᠷᠲᠡᠭᠡᠨ ᠵᠠᠰᠠᠬᠤ ᠣᠷᠣᠨ ᠤ | ᠬᠤᠰᠢᠭᠤ ᠰᠢᠶᠠᠨ ᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠦᠨᠡᠯᠡᠨ ᠵᠢᠱᠢᠯᠲᠡ ᠳᠤ | ᠲᠡᠷᠢᠭᠦᠨ ᠳᠤ ᠣᠷᠣᠪᠠ᠃ ᠭᠠᠳᠠᠭᠠᠳᠤ ᠠᠷᠠᠯᠵᠢᠶ᠎ᠠ ᠶᠢᠨ ᠭᠤᠣᠯ ᠴᠣᠭᠴᠠ ᠶᠢ ᠦᠷᠭᠦᠯᠵᠢᠯᠡᠨ ᠪᠣᠶᠢᠵᠢᠭᠤᠯᠤᠨ | ᠪᠤᠵᠠᠭᠠᠶᠢᠷᠠᠭᠤᠯᠵᠤ᠂ ᠭᠠᠳᠠᠭᠠᠳᠤ ᠪᠡᠯᠡ ᠶᠢ ᠪᠣᠳᠠᠲᠠᠢ ᠪᠠᠷ ᠠᠰᠢᠭᠯᠠᠨ ︽ᠲᠡᠭ ᠢ ᠡᠪᠳᠡᠬᠦ︾ ᠶᠢ ᠪᠡᠶᠡᠯᠡᠭᠦᠯᠵᠦ᠂ | ᠭᠠᠳᠠᠭᠠᠳᠤ ᠠᠷᠠᠯᠵᠢᠶ᠎ᠠ ᠶᠢᠨ ᠶᠡᠷᠦᠩᠬᠡᠢ ᠲᠤᠭ᠎ᠠ ᠶᠢ ᠪᠥᠬᠦ ᠬᠤᠲᠠ ᠳᠤ ᠨᠢᠭᠡᠳᠦᠭᠡᠷ ᠲᠤ ᠣᠷᠣᠭᠤᠯᠵᠤ᠂ᠠᠵᠤ | ᠦᠢᠯᠡᠰ ᠤᠨ ᠬᠦᠷᠢᠶᠡᠯᠡᠩ ᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ | ᠴᠣᠭᠴᠠᠵᠢᠭᠤᠯᠬᠤ ᠲᠤᠷᠰᠢᠯᠲᠠ ᠶᠢᠨ ᠰᠠᠭᠤᠷᠢᠨ ᠭᠠᠵᠠᠷ ᠢᠶᠠᠷ ᠵᠥᠪᠰᠢᠶᠡᠷᠡᠭᠦᠯᠦᠨ᠎ᠡ᠃ ᠠᠴᠢᠶᠠᠯᠠᠬᠤ ᠲᠠᠪᠴᠠᠩ ᠤᠨ | ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠦᠨ᠎ᠡ᠃ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠢ | ᠲᠥᠯᠦᠪᠵᠢᠭᠦᠯᠭᠡ᠂ ᠠᠵᠤ ᠦᠢᠯᠡᠰ ᠤᠨ ᠲᠥᠯᠦᠪᠵᠢᠭᠦᠯᠭᠡ ᠵᠡᠷᠭᠡ 9 ᠵᠦᠢᠯ ᠢ ᠨᠠᠶᠢᠷᠠᠭᠤᠯᠤᠨ ᠵᠣᠬᠢᠶᠠᠵᠤ ᠳᠠᠭᠤᠰᠬᠠᠨ᠂ | ᠬᠢᠮᠢ ᠶᠢᠨ ᠠᠵᠤ ᠦᠢᠯᠡᠳᠪᠦᠷᠢ ᠶᠢᠨ ᠵᠠᠮ ᠢ ᠪᠢᠲᠡᠭᠦᠮᠵᠢᠯᠡᠨ ᠬᠠᠮᠢᠶᠠᠷᠬᠤ ᠶᠢ ᠪᠡᠶᠡᠯᠡᠭᠦᠯᠵᠦ᠂ ᠵᠥᠩ ᠴᠧᠩ᠂ ᠯᠢᠶᠠᠨ | ᠰᠢᠨ ᠵᠡᠷᠭᠡ 7 ᠵᠤᠷᠪᠤᠰ ᠵᠠᠮ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠪᠡᠶᠡᠯᠡᠭᠦᠯᠵᠦ᠂ 3.2 | ᠺᠢᠯᠣᠮᠧᠲᠷ ᠤᠨ ᠣᠯᠠᠨ ᠨᠡᠶᠢᠲᠡ ᠶᠢᠨ ᠬᠤᠭᠤᠯᠠᠢ ᠶᠢᠨ ᠬᠤᠩᠭᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ | ᠣᠷᠣᠭᠤᠯᠤᠨ᠂ ᠨᠣᠭᠤᠭᠠᠷᠠᠭᠤᠯᠤᠯᠲᠠ ᠶᠢ 34 ᠲᠦᠮᠡᠨ ᠲᠡᠭᠰᠢ ᠳᠥᠷᠪᠡᠯᠵᠢᠨ ᠮᠧᠲᠷ ᠨᠡᠮᠡᠭᠳᠡᠭᠦᠯᠵᠦ᠂ 70 ᠲᠦᠮᠡᠨ | ᠲᠡᠭᠰᠢ ᠳᠥᠷᠪᠡᠯᠵᠢᠨ ᠮᠧᠲᠷ ᠢ ᠭᠤᠶᠣᠵᠢᠭᠤᠯᠤᠨ ᠭᠡᠷᠡᠯᠲᠦᠭᠦᠯᠵᠦ᠂ ᠠᠵᠤ ᠦᠢᠯᠡᠰ ᠤᠨ ᠬᠦᠷᠢᠶᠡᠯᠡᠩ ᠤᠨ ᠬᠢᠮᠢ ᠶᠢᠨ | ᠠᠵᠤ ᠦᠢᠯᠡᠳᠪᠦᠷᠢ ᠶᠢᠨ ᠲᠥᠪᠯᠡᠷᠡᠭᠰᠡᠨ ᠣᠷᠣᠨ ᠢ ᠠᠮᠵᠢᠯᠲᠠ ᠲᠠᠢ ᠪᠠᠷ ᠥᠷᠭᠡᠳᠬᠡᠨ᠂ ᠪᠥᠬᠦ ᠬᠤᠲᠠ ᠶᠢᠨ | ᠠᠩᠬᠠᠳᠠᠭᠴᠢ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠦᠭᠡᠢ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠲᠤ ᠰᠣᠩᠭᠤᠭᠳᠠᠪᠠ᠃ | ᠡᠨᠡ ᠨᠢᠭᠡ ᠵᠢᠯ ᠳᠤ ᠪᠢᠳᠡ ᠳᠣᠲᠣᠭᠠᠳᠤ ᠭᠠᠳᠠᠭᠠᠳᠤ ᠶᠢᠨ ᠬᠢᠨ ᠢ ᠵᠡᠷᠭᠡᠪᠡᠷ ᠰᠡᠯᠪᠢᠨ ᠵᠠᠰᠠᠵᠤ᠂ ᠪᠦᠲᠦᠭᠡᠨ | ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠭᠰᠠᠨ ᠢᠶᠠᠷ ᠬᠤᠳᠠ ᠶᠢᠨ ᠪᠦᠲᠦᠭᠡᠨ ᠪᠠᠶᠢᠭᠤᠯᠤᠯᠲᠠ ᠶᠢᠨ | ᠲᠠᠯ᠎ᠠ ᠪᠠᠷ ᠰᠢᠨ᠎ᠡ ᠠᠮᠵᠢᠯᠲᠠ ᠪᠦᠲᠦᠮᠵᠢ ᠣᠯᠪᠠ᠃ ᠬᠤᠲᠠ ᠶᠢᠨ ᠲᠣᠭᠤᠷᠢᠭ ᠤᠨ ᠰᠢᠨᠡᠴᠢᠯᠡᠯᠲᠡ ᠶᠢᠨ ᠬᠤᠷᠳᠤᠴᠠ | ᠪᠠ ᠶᠠᠰᠤ ᠴᠢᠨᠠᠷ ᠢ ᠠᠵᠢᠯ ᠦᠢᠯᠡᠰ ᠪᠠ ᠣᠷᠣᠰᠢᠨ ᠰᠠᠭᠤᠬᠤ ᠳᠤ ᠲᠣᠬᠢᠷᠠᠮᠵᠢᠲᠠᠢ ᠪᠠᠶᠢᠬᠤ ᠶᠢ ᠲᠣᠪᠤᠶᠢᠯᠭᠠᠨ᠂ ᠾᠧᠩ | ᠲᠠᠢ᠂ ᠷᠦ ᠢ ᠵᠡᠷᠭᠡ 7 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠵᠠᠰᠠᠬᠤ ᠶᠢ ᠥᠨᠳᠥᠷ ᠪᠠᠷᠢᠮᠵᠢᠶ᠎ᠠ ᠪᠠᠷ | ᠪᠡᠶᠡᠯᠡᠭᠦᠯᠵᠦ᠂ 1007 ᠢᠵᠢ ᠪᠠᠲᠤᠯᠠᠭ᠎ᠠ ᠶᠢᠨ ᠣᠷᠣᠨ ᠰᠠᠭᠤᠴᠠ ᠶᠢ ᠪᠠᠷᠢᠵᠤ ᠳᠠᠭᠤᠰᠬᠠᠨ ᠲᠤᠰᠢᠶᠠᠨ ᠥᠭᠴᠦ᠂ ᠦ᠋ | ᠬᠤ᠋ ᠱᠠᠨ ᠢ ᠭᠤᠶᠤᠴᠢᠯᠠᠬᠤ ᠬᠡᠯᠪᠡᠷᠢ ᠶᠢᠨ ᠬᠡᠯᠡᠯᠴᠡᠭᠡᠷ ᠢᠶᠠᠷ ᠨᠡᠭᠦᠯᠭᠡᠬᠦ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ | 3800 ᠭᠠᠷᠤᠢ ᠡᠷᠤᠭᠡ ᠶᠢᠨ ᠤᠯᠠᠨ ᠲᠦᠮᠡᠨ ᠤ ᠠᠮᠤᠭᠤᠯᠠᠩ ᠲᠠᠶᠢᠪᠤᠩ ᠣᠷᠣᠨ ᠰᠠᠭᠤᠴᠠ ᠶᠢᠨ ᠬᠦᠰᠡᠯ | ᠡᠷᠡᠮᠡᠯᠵᠡᠯ ᠳᠤ ᠬᠠᠷᠢᠭᠤᠯᠲᠠ ᠥᠭᠪᠡ᠃ ᠴᠢᠳᠠᠮᠵᠢ ᠨᠢ ᠪᠦᠷᠢᠨ ᠲᠡᠭᠦᠯᠳᠡᠷ ᠪᠠᠶᠢᠬᠤ ᠶᠢ ᠴᠢᠬᠤᠯᠠᠴᠢᠯᠠᠵᠤ᠂ ᠨᠠᠢᠮᠠᠳᠤᠭᠠᠷ | ᠨᠢᠭᠡ ᠵᠠᠮ᠂ ᠬᠠᠯᠠᠭᠤᠨ ᠳᠤᠯᠠᠭᠠᠨ ᠵᠠᠮ ᠵᠡᠷᠭᠡ ᠣᠷᠣᠨ ᠪᠦᠰᠡ ᠶᠢᠨ ᠤᠰᠤᠲᠤᠯ ᠤᠨ ᠠᠰᠠᠭᠤᠳᠠᠯ ᠢ ᠦᠨᠡᠨ ᠬᠦ | ᠰᠢᠢᠳᠪᠦᠷᠢᠯᠡᠵᠦ᠂ ᠪᠠᠷᠢᠯᠭ᠎ᠠ ᠶᠢᠨ ᠬᠤᠭ ᠨᠣᠪᠰᠢ ᠶᠢ ᠶᠡᠷᠦᠩᠬᠡᠶᠢᠯᠡᠨ ᠰᠢᠩᠭᠡᠭᠡᠬᠦ ᠲᠠᠯᠠᠪᠠᠢ ᠶᠢ ᠪᠠᠶᠢᠭᠤᠯᠤᠨ | ᠠᠰᠢᠭᠯᠠᠯᠲᠠ ᠳᠤ ᠣᠷᠣᠭᠤᠯᠵᠤ᠂ 49.4 ᠺᠢᠯᠣᠮᠧᠲᠷ ᠬᠤᠭᠤᠯᠠᠢ ᠶᠢᠨ ᠲᠣᠣᠷ ᠢ ᠰᠢᠨᠡᠳᠬᠡᠨ ᠥᠭᠡᠷᠡᠴᠢᠯᠡᠵᠦ᠂ ᠢᠯᠴᠢ | ᠬᠠᠩᠭᠠᠬᠤ ᠴᠢᠳᠠᠪᠤᠷᠢ ᠶᠢ 100 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠪᠡ᠃ ᠳᠥᠭᠦᠮ | ᠳᠥᠲᠡ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠡᠮ ᠡᠮᠨᠡᠯᠭᠡ ᠶᠢᠨ | ᠳᠠᠭᠠᠳᠬᠠᠯ ᠤᠨ ᠦᠢᠯᠡᠴᠢᠯᠡᠭᠡᠨ ᠤ 22 ᠦᠷᠳᠡᠭᠡ ᠴᠡᠭ ᠢ ᠪᠠᠶᠢᠭᠤᠯᠤᠨ ᠳᠠᠭᠤᠰᠬᠠᠵᠤ᠂ ︽ᠨᠢᠭᠡ ᠳᠡᠯᠭᠡᠭᠦᠷ ᠲᠤ | ᠤᠯᠠᠨ ᠴᠢᠳᠠᠪᠤᠷᠢ ᠲᠠᠢ︾ ᠠᠷᠠᠳ ᠲᠤ ᠲᠦᠬᠦᠮ ᠦᠵᠡᠭᠦᠯᠬᠦ 15 ᠲᠣᠣᠷ ᠴᠡᠭ ᠢ ᠥᠭᠡᠷᠡᠴᠢᠯᠡᠨ ᠪᠠᠶᠢᠭᠤᠯᠵᠤ᠂ | ᠬᠠᠷᠮᠠᠨ ᠴᠡᠴᠡᠷᠯᠢᠭ ᠢ 6 ᠥᠭᠡᠷᠡᠴᠢᠯᠡᠨ ᠥᠷᠭᠡᠳᠬᠡᠨ ᠪᠠᠶᠢᠭᠤᠯᠵᠤ᠂ ︽ᠵᠠᠮ ᠬᠠᠷᠢᠯᠴᠠᠭᠠᠨ ᠤ ᠡᠮᠬᠢ ᠵᠢᠷᠤᠮ ᠢ ᠴᠢᠩᠭ᠎ᠠ | ᠬᠠᠮᠢᠶᠠᠷᠬᠤ︾ 3 ᠵᠤᠷᠪᠤᠰ ᠢ ᠪᠤᠢ ᠪᠣᠯᠭᠠᠵᠤ᠂ ᠠᠷᠠᠳ ᠲᠤ ᠲᠦᠬᠦᠮ ᠦᠵᠡᠭᠦᠯᠬᠦ ᠷᠦᠢ ᠵᠢᠶ᠋ᠧ ᠵᠠᠬ᠎ᠠ ᠳᠡᠯᠭᠡᠭᠦᠷ ᠢ | ᠦᠨᠳᠦᠰᠦᠨ ᠳᠡᠭᠡᠨ ᠪᠠᠶᠢᠭᠤᠯᠤᠨ ᠪᠦᠲᠦᠭᠡᠵᠦ᠂ ᠤᠯᠠᠨ ᠲᠦᠮᠡᠨ ᠤ ᠠᠮᠢᠳᠤᠷᠠᠯ ᠠᠮᠤᠷ ᠠᠮᠤᠭᠤᠯᠠᠩ ᠠᠵᠤ | ᠠᠮᠢᠳᠤᠷᠠᠯ ᠢ ᠨᠡᠩ ᠪᠠᠶᠠᠷ ᠪᠠᠶᠠᠰᠬᠤᠯᠠᠩ ᠲᠠᠢ ᠪᠣᠯᠭᠠᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠠᠵᠢᠯ ᠢ ᠭᠦᠨᠵᠡᠭᠡᠢ ᠠᠬᠢᠭᠤᠯᠪᠠ᠃ ᠣᠲᠣ ᠦᠶ᠎ᠡ ᠶᠢᠨ ᠲᠠᠷᠢᠶᠠᠯᠠᠩ ᠤᠨ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ | ᠳᠡᠭᠡᠭᠰᠢᠯᠡᠭᠦᠯᠵᠦ᠂ 2000 ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠥᠭᠡᠷᠡᠴᠢᠯᠡᠯᠲᠡ᠂ ᠵᠢᠮᠢᠰ ᠢᠳᠡᠰᠢᠨ | ᠨᠣᠭᠤᠭᠠᠨ ᠤ ᠰᠠᠭᠤᠷᠢᠨ ᠭᠠᠵᠠᠷ᠂ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠨᠥᠭᠡᠴᠡᠯᠡᠬᠦ ᠲᠥᠪ ᠵᠡᠷᠭᠡ | ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠽᠧ ᠶᠤᠸᠠᠨ ᠰᠢᠨ᠎ᠡ ᠲᠣᠰᠬᠤᠨ ᠤ 4 ᠵᠤᠷᠪᠤᠰ | ︽ᠲᠠᠰᠤᠷᠬᠠᠢ ᠵᠠᠮ︾ ᠢ ᠪᠥᠬᠦ ᠲᠠᠯ᠎ᠠ ᠪᠠᠷ ᠨᠠᠪᠲᠠᠷᠡᠭᠦᠯᠵᠦ᠂ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ | ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠬᠤᠰᠢᠭᠤ ᠰᠢᠶᠠᠨ ᠤ ᠴᠣᠯᠠ ᠶᠢ ᠠᠮᠵᠢᠯᠲᠠ ᠲᠠᠢ ᠭᠥᠷᠳᠡᠪᠡ᠃ | ᠣᠨᠴᠠᠯᠢᠭᠲᠤ ᠠᠵᠤ ᠦᠢᠯᠡᠰ ᠥᠷᠨᠢᠭᠦᠨ ᠬᠥᠭᠵᠢᠵᠦ᠂ ᠨᠣᠭᠤᠭᠠᠨ ᠲᠠᠷᠢᠶᠠᠴᠢᠨ ᠶᠦᠩ ᠱᠧᠩ ᠤᠯᠤᠰ ᠤᠨ ᠲᠡᠰ ᠤᠨ | ᠲᠠᠷᠢᠶᠠᠴᠢᠨ ᠤ ᠬᠠᠮᠲᠤᠷᠠᠯᠴᠠᠭᠠᠨ ᠤ ᠵᠢᠱᠢᠶ᠎ᠡ ᠦᠵᠡᠭᠦᠯᠬᠦ ᠬᠤᠷᠢᠶ᠎ᠠ ᠪᠠᠷ ᠦᠨᠡᠯᠡᠭᠳᠡᠵᠦ᠂ ᠵᠢᠤᠨᠢ ᠦᠵᠦᠮ ᠤᠨ ᠠᠷᠢᠬᠢ | ᠤᠯᠤᠰ ᠤᠨ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠲᠤ ᠰᠣᠩᠭᠤᠭᠳᠠᠵᠤ᠂ | ᠤᠯᠠᠨ ᠤᠯᠤᠰ ᠤᠨ ᠦᠵᠦᠮ ᠤᠨ ᠠᠷᠢᠬᠢ ᠶᠢᠨ ᠤᠷᠤᠯᠳᠤᠭᠠᠨ ᠤ ᠮᠥᠩᠭᠦᠨ ᠱᠠᠩᠨᠠᠯ ᠢ ᠬᠦᠷᠲᠡᠵᠦ᠂ ︽ᠰᠠᠶᠢᠨ | ᠪᠦᠲᠦᠭᠡᠭᠳᠡᠬᠦᠨ ᠤᠳᠠ︾ᠤᠯᠠᠮ ᠠᠴᠠ ᠤᠯᠠᠮ ᠳᠠᠭᠤᠷᠢᠰᠴᠤ ᠪᠠᠶᠢᠨ᠎ᠠ᠃ ᠬᠥᠳᠡᠭᠡ ᠠᠵᠤ ᠠᠬᠤᠢ ᠵᠤᠭᠠᠴᠠᠯ ᠤᠨ | ᠠᠭᠤᠰᠤᠯᠴᠠᠯ ᠤᠨ ᠬᠢᠯᠠᠰ ᠴᠡᠭ ᠤᠯᠠᠨ ᠭᠠᠷᠴᠤ᠂ ᠡᠯᠡᠰᠦᠨ ᠴᠦᠯ ᠠᠭᠤᠯᠠ ᠬᠠᠶᠢᠷᠬᠠᠨ ᠤ ᠬᠢᠯᠢ ᠵᠡᠷᠭᠡ ᠨᠢᠭᠡ | ᠪᠦᠯᠦᠭ ᠬᠤᠳᠠ ᠶᠢᠨ ᠲᠡᠭᠦᠷᠭᠡ ᠶᠢᠨ ᠵᠤᠭᠠᠴᠠᠯ ᠤᠨ ᠲᠦᠷᠦᠯ ᠵᠦᠢᠯ ᠳᠠᠪᠠᠯᠭᠠᠨ ᠢ ᠰᠢᠪᠲᠤᠯᠵᠤ᠂ ᠵᠤᠭᠠᠴᠠᠭᠰᠠᠳ ᠢ | ᠬᠦᠯᠢᠶᠡᠨ ᠠᠪᠤᠭᠰᠠᠨ ᠬᠥᠮᠥᠨ ᠤᠳᠠᠭ᠎ᠠ ᠪᠣᠯᠣᠨ ᠵᠤᠭᠠᠴᠠᠯ ᠤᠨ ᠶᠡᠷᠦᠩᠬᠡᠢ ᠣᠷᠣᠯᠭ᠎ᠠ ᠠᠳᠠᠯᠢ ᠬᠤᠭᠤᠴᠠᠭᠠᠨ ᠤ | ᠬᠢ ᠠᠴᠠ 300%᠂ 150% ᠨᠡᠮᠡᠭᠳᠡᠵᠡᠢ᠃ | ᠡᠨᠡ ᠨᠢᠭᠡ ᠵᠢᠯ ᠳᠤ᠂ ᠪᠢᠳᠡ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠬᠠᠲᠠᠭᠤ | ᠴᠢᠩᠭ᠎ᠠ ᠠᠷᠭ᠎ᠠ ᠬᠡᠮᠵᠢᠶ᠎ᠡ ᠪᠠᠷ ᠪᠣᠬᠢᠷᠲᠤᠯ ᠢ ᠵᠠᠰᠠᠵᠤ᠂ ᠠᠮᠢ ᠠᠬᠤᠢ ᠶᠢᠨ ᠣᠷᠴᠢᠨ ᠲᠣᠭᠤᠷᠢᠨ ᠤᠯᠠᠮ ᠢᠶᠠᠷ | ᠰᠠᠶᠢᠵᠢᠷᠠᠵᠤ ᠤᠯᠠᠮ ᠢᠶᠠᠷ ᠰᠠᠶᠢᠵᠢᠷᠠᠪᠠ᠃ ᠠᠭᠠᠷ ᠮᠠᠨᠳᠠᠯ ᠤᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ | ᠡᠯ᠎ᠡ ᠱᠠᠲᠤᠨ ᠤ ᠠᠮᠢ ᠠᠬᠤᠢ ᠶᠢᠨ ᠣᠷᠴᠢᠨ ᠲᠣᠭᠤᠷᠢᠨ ᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠦᠷᠭᠡᠨ ᠠᠬᠢᠭᠤᠯᠬᠤ ᠶᠢ ᠴᠢᠩᠭ᠎ᠠ ᠠᠩᠬᠠᠷᠴᠤ᠂ ᠪᠦᠬᠦ ᠬᠤᠳᠠ ᠶᠢᠨ | ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠶᠢᠨ | ᠴᠤᠭᠯᠠᠭᠠᠨ ᠢ ᠲᠡᠭᠦᠰ ᠠᠮᠵᠢᠯᠲᠠ ᠲᠠᠢ ᠡᠷᠬᠢᠯᠡᠵᠦ᠂ ᠠᠮᠢ ᠠᠬᠤᠢ ᠶᠢᠨ ᠣᠷᠴᠢᠨ ᠲᠣᠭᠤᠷᠢᠨ ᠤ ᠭᠤᠷᠪᠠᠨ ᠵᠢᠯ ᠤᠨ | ᠶᠡᠷᠦᠩᠬᠡᠶᠢᠯᠡᠭᠰᠡᠨ ᠵᠠᠰᠠᠯᠲᠠ ᠶᠢᠨ ᠦᠷ᠎ᠡ ᠪᠦᠲᠦᠮᠵᠢ ᠶᠢ ᠦᠨᠡᠯᠡᠨ ᠵᠢᠱᠢᠬᠦ ᠠᠵᠢᠯ ᠭᠤᠷᠪᠠᠨ ᠲᠣᠭᠤᠷᠢᠭ ᠤᠨ | ᠠᠭᠠᠷ ᠤᠨ ᠶᠠᠰᠤ ᠴᠢᠨᠠᠷ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ 20 ᠠᠵᠤ ᠠᠬᠤᠶᠢᠯᠠᠯ ᠤᠨ ︽ᠨᠢᠭᠡ ᠠᠵᠤ | ᠠᠬᠤᠶᠢᠯᠠᠯ ᠨᠢᠭᠡ ᠠᠷᠭ᠎ᠠ ᠪᠣᠳᠣᠯᠭ᠎ᠠ︾ ᠶᠢᠨ ᠬᠠᠴᠢᠨ ᠦᠨᠦᠷ ᠢ ᠭᠦᠨᠵᠡᠭᠡᠢ ᠵᠠᠰᠠᠬᠤ ᠶᠢ ᠪᠡᠶᠡᠯᠡᠭᠦᠯᠵᠦ᠂ ᠪᠣᠳᠠᠰ ᠤᠨ | ᠮᠠᠲ᠋ᠧᠷᠢᠶᠠᠯ ᠢ ᠣᠪᠣᠭᠠᠯᠠᠬᠤ ᠲᠠᠯᠠᠪᠠᠶ ᠶᠢ ᠪᠢᠲᠡᠭᠦᠮᠵᠢᠯᠡᠬᠦ᠂ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠢ ᠵᠠᠰᠠᠬᠤ ᠵᠡᠷᠭᠡ | 28 ᠲᠥᠷᠥᠯ ᠵᠦᠢᠯ ᠢ ᠬᠡᠷᠡᠭᠵᠢᠭᠦᠯᠵᠦ᠂ 558 ᠡᠷᠦᠬᠡ ᠶᠢᠨ ᠠᠷᠢᠭᠤᠨ ᠴᠡᠪᠡᠷ ᠳᠤᠯᠠᠭᠠᠴᠠᠯᠭ᠎ᠠ ᠶᠢᠨ | ᠥᠭᠡᠷᠡᠴᠢᠯᠡᠯᠲᠡ ᠶᠢ ᠪᠡᠶᠡᠯᠡᠭᠦᠯᠵᠦ᠂ PM10᠂ PM2.5 ᠲᠣᠰ ᠲᠣᠰ ᠠᠳᠠᠯᠢ ᠬᠤᠭᠤᠴᠠᠭᠠᠨ ᠤ ᠬᠢ ᠠᠴᠠ 4. | 3%᠂ 3.2% ᠢᠶᠠᠷ ᠪᠠᠭᠤᠷᠠᠵᠤ᠂ ᠲᠡᠦᠬᠡ ᠶᠢᠨ ᠲᠡᠮᠳᠡᠭᠯᠡᠯ ᠤᠨ ᠬᠠᠮᠤᠭ ᠤᠨ ᠰᠠᠶᠢᠨ ᠬᠢᠷᠢ ᠲᠦᠪᠰᠢᠨ ᠢ ᠡᠭᠦᠳᠪᠡ᠃ | ᠠᠭᠤᠷᠬᠠᠢ ᠶᠢᠨ ᠣᠷᠣᠨ ᠤ ᠠᠮᠢ ᠠᠬᠤᠢ ᠲᠣᠭᠲᠠᠭᠤᠨ ᠢᠶᠠᠷ ᠰᠠᠶᠢᠵᠢᠷᠠᠪᠠ᠃ ᠠᠭᠤᠷᠬᠠᠢ ᠶᠢᠨ ᠠᠮᠢ ᠠᠬᠤᠢ ᠶᠢ | ᠰᠡᠷᠭᠦᠭᠡᠬᠦ ᠠᠵᠢᠯ ᠢ ᠦᠷᠭᠦᠯᠵᠢᠯᠡᠨ ᠴᠢᠩᠭᠠᠳᠬᠠᠵᠤ᠂ ᠵᠢᠶᠠᠨ ᠠᠨ᠂ ᠰᠤᠬᠠᠶᠢᠲᠤ ᠵᠡᠷᠭᠡ 7 ᠵᠠᠰᠠᠯᠲᠠ ᠶᠢᠨ ᠲᠥᠷᠥᠯ | ᠵᠦᠢᠯ ᠢ ᠦᠷᠭᠦᠯᠵᠢᠯᠡᠨ ᠠᠬᠢᠭᠤᠯᠵᠤ᠂ ᠬᠡᠯᠪᠡᠷᠢᠵᠢᠭᠦᠯᠦᠨ ᠨᠣᠭᠤᠭᠠᠷᠠᠭᠤᠯᠬᠤ ᠠᠵᠢᠯ 160 ᠲᠦᠮᠡᠨ ᠲᠡᠭᠰᠢ | ᠳᠥᠷᠪᠡᠯᠵᠢᠨ ᠮᠧᠲᠷ ᠢ ᠳᠠᠪᠠᠵᠤ᠂ ᠵᠢᠵᠢᠭ ᠲᠡᠮᠦᠷ ᠮᠠᠯᠠᠭᠠᠢ ᠶᠢᠨ ᠮᠠᠯᠠᠭᠠᠢ ᠶᠢᠨ ᠮᠠᠯᠲᠠᠵᠤ ᠬᠥᠨᠳᠡᠶᠢᠷᠡᠭᠦᠯᠦᠭᠰᠡᠨ | ᠣᠷᠣᠨ ᠤ ᠠᠮᠢ ᠠᠬᠤᠢ ᠶᠢ ᠰᠡᠷᠭᠦᠭᠡᠨ ᠵᠠᠰᠠᠬᠤ ᠲᠥᠷᠥᠯ ᠵᠦᠢᠯ ᠤᠨ ᠳ᠋ᠤᠭᠠᠷ ᠢ ᠤᠷᠤᠭᠰᠢᠲᠠᠢ ᠪᠠᠷ ᠬᠠᠰᠤᠵᠤ᠂ | ᠨᠡᠭᠦᠷᠡᠰᠦᠨ ᠴᠢᠯᠠᠭᠤ ᠪᠠᠷ ᠡᠪᠡᠰᠦ ᠳᠠᠷᠢᠬᠤ ᠲᠤᠷᠰᠢᠯᠲᠠ ᠶᠢ ᠠᠮᠵᠢᠯᠲᠠ ᠣᠯᠪᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ | ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ 125 ᠰᠢᠨ᠎ᠡ ᠡᠨᠧᠷᠭᠢ ᠶᠢᠨ ᠮᠠᠰᠢᠨ ᠲᠡᠷᠭᠡ ᠶᠢ ᠳᠡᠯᠭᠡᠷᠡᠭᠦᠯᠦᠨ | ᠬᠡᠷᠡᠭᠯᠡᠵᠦ᠂ 9 ᠴᠠᠬᠢᠯᠭᠠᠨ ᠰᠲ᠋ᠠᠨᠼᠢ ᠶᠢ ᠠᠰᠢᠭᠯᠠᠯᠲᠠ ᠳᠤ ᠣᠷᠣᠭᠤᠯᠤᠨ ᠰᠣᠯᠢᠵᠤ ᠬᠡᠷᠡᠭᠯᠡᠨ᠎ᠡ᠃ ᠤᠰᠤ ᠠᠷᠪᠢᠯᠠᠵᠤ | ᠤᠰᠤ ᠶᠢ ᠬᠢᠵᠠᠭᠠᠷᠯᠠᠬᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠪᠠ᠃ ︽ᠳᠥᠷᠪᠡᠨ ᠣᠷᠣᠨ︾ ᠤ ᠤᠰᠤ | ᠠᠷᠪᠢᠯᠠᠬᠤ ᠠᠵᠢᠯᠯᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠵᠤ᠂ ᠪᠠᠶᠠᠨᠰᠠᠶᠢᠨ | ᠭᠤᠣᠯ ᠤᠨ ᠵᠠᠮ ᠢ ᠯᠠᠶᠢᠳᠠᠬᠤ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠱᠣᠷᠪᠣᠭ ᠤᠰᠤᠨ ᠤ ᠡᠬᠢ ᠪᠠᠶᠠᠯᠢᠭ ᠢ | ᠠᠰᠢᠭᠯᠠᠬᠤ ᠲᠥᠷᠥᠯ ᠵᠦᠢᠯ ᠢ ᠦᠨᠳᠦᠰᠦᠨ ᠳᠡᠭᠡᠨ ᠪᠠᠶᠢᠭᠤᠯᠤᠨ ᠳᠠᠭᠤᠰᠬᠠᠵᠤ᠂ ᠡᠩ ᠤᠨ ᠪᠤᠰᠤ ᠤᠰᠤᠨ ᠤ ᠡᠬᠢ | ᠪᠠᠶᠠᠯᠢᠭ ᠢ 1672 ᠲᠦᠮᠡᠨ ᠲᠣᠨ ᠪᠦᠲᠦᠮᠵᠢᠲᠡᠶ ᠠᠰᠢᠭᠯᠠᠪᠠ︔ ᠠᠵᠤ ᠦᠢᠯᠡᠳᠪᠦᠷᠢ ᠲᠠᠷᠢᠶᠠᠯᠠᠩ ᠤᠨ ︽ᠤᠰᠤᠨ | ᠰᠤᠳᠠᠰᠤ︾ ᠶᠢ ᠬᠦᠴᠦᠲᠡᠢ ᠨᠠᠪᠲᠠᠷᠡᠭᠦᠯᠵᠦ᠂ ᠲᠠᠷᠢᠶᠠᠯᠠᠩ ᠤᠨ ᠤᠰᠤ ᠠᠷᠪᠢᠯᠠᠬᠤ 280 ᠭᠠᠷᠤᠢ ᠲᠦᠮᠡᠨ ᠲᠣᠨ | ᠭᠡᠳᠡᠷᠬᠦ ᠲᠤᠰᠠᠯᠠᠬᠤ ᠠᠵᠤ ᠦᠢᠯᠡᠳᠪᠦᠷᠢ ᠶᠢ ᠨᠠᠪᠲᠠᠷᠡᠭᠦᠯᠵᠦ᠂ ᠤᠰᠤᠨ ᠤ ᠡᠷᠬᠡ ᠶᠢᠨ ᠰᠣᠯᠢᠯᠲᠠ ᠶᠢ ᠥᠪᠡᠷᠲᠡᠭᠡᠨ | ᠵᠠᠰᠠᠬᠤ ᠣᠷᠣᠨ ᠤ ᠨᠤᠲᠠᠯᠠᠯᠲᠠ ᠶᠢ ᠣᠯᠵᠤ᠂ ᠠᠵᠤ ᠦᠢᠯᠡᠰ ᠤᠨ ᠬᠦᠷᠢᠶᠡᠯᠡᠩ ᠵᠢᠴᠢ 4 ᠠᠵᠤ ᠠᠬᠤᠶᠢᠯᠠᠯ ᠲᠤᠰ | ᠲᠤᠰ ᠥᠪᠡᠷᠲᠡᠭᠡᠨ ᠵᠠᠰᠠᠬᠤ ᠣᠷᠣᠨ ᠤ ᠲᠡᠰ ᠤᠨ ᠤᠰᠤ ᠠᠷᠪᠢᠯᠠᠬᠤ ᠬᠡᠯᠪᠡᠷᠢ ᠶᠢᠨ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠪᠠ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠤᠨ ᠴᠣᠯᠠ ᠬᠦᠷᠳᠡᠪᠡ᠃ | ᠡᠨᠡ ᠨᠢᠭᠡ ᠵᠢᠯ ᠳᠤ᠂ ᠪᠢᠳᠡ ᠠᠷᠠᠳ ᠲᠤ ᠠᠰᠢᠭ ᠬᠦᠷᠲᠡᠭᠡᠵᠦ᠂ ᠪᠣᠳᠠᠲᠠᠢ ᠶᠠᠪᠤᠳᠠᠯ ᠢ ᠰᠠᠶᠢᠲᠤᠷ ᠬᠢᠵᠦ᠂ | ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠪᠡ᠃ ᠬᠦᠴᠢᠷᠳᠡᠯ ᠲᠠᠢ ᠴᠠᠭ | ᠦᠶ᠎ᠡ ᠪᠣᠯᠬᠤ ᠲᠤᠳᠤᠮ ᠠᠷᠠᠳ ᠤᠨ ᠠᠮᠢᠳᠤᠷᠠᠯ ᠢ ᠤᠯᠠᠮ ᠴᠢᠬᠤᠯᠠᠴᠢᠯᠠᠬᠤ ᠶᠢ ᠪᠠᠷᠢᠮᠲᠠᠯᠠᠵᠤ᠂ 75% ᠠᠴᠠ | ᠳᠡᠭᠡᠭᠰᠢᠬᠢ ᠡᠳ᠋ ᠤᠨ ᠵᠠᠰᠠᠭ ᠤᠨ ᠪᠡᠯᠡ ᠮᠥᠩᠭᠦ ᠶᠢ ᠠᠷᠠᠳ ᠤᠨ ᠠᠮᠢᠳᠤᠷᠠᠯ ᠤᠨ ᠦᠢᠯᠡᠰ ᠲᠤ ᠣᠷᠣᠭᠤᠯᠵᠤ᠂ | 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠢ ᠲᠡᠭᠦᠰ ᠠᠮᠵᠢᠯᠲᠠ ᠲᠠᠢ | ᠪᠡᠶᠡᠯᠡᠭᠦᠯᠪᠡ᠃ ᠰᠠᠭᠤᠷᠢ ᠰᠤᠷᠭᠠᠨ ᠬᠥᠮᠦᠵᠢᠯ ᠤᠨ ᠶᠠᠰᠤ ᠴᠢᠨᠠᠷ ᠢ ᠨᠡᠩ ᠰᠢᠯᠢᠳᠡᠭᠵᠢᠭᠦᠯᠪᠡ᠃ ᠨᠡᠶᠢᠲᠡ 3000 | ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ᠂ ᠰᠤᠷᠭᠠᠭᠤᠯᠢ ᠶᠢᠨ ᠭᠡᠷ ᠪᠠᠶᠢᠰᠢᠩ ᠵᠢᠴᠢ ᠵᠢᠭᠠᠨ | ᠰᠤᠷᠭᠠᠯᠲᠠ ᠶᠢᠨ ᠪᠡᠯᠡᠳᠬᠡᠮᠵᠢ ᠲᠥᠬᠦᠭᠡᠷᠦᠮᠵᠢ ᠶᠢ ᠲᠠᠰ ᠳᠡᠪᠰᠢᠭᠦᠯᠦᠨ ᠥᠭᠡᠷᠡᠴᠢᠯᠡᠵᠦ᠂ ᠳᠡᠭᠡᠳᠦ ᠲᠠᠰ | ᠳᠠᠪᠬᠤᠷᠭ᠎ᠠ ᠶᠢᠨ ᠰᠤᠷᠭᠠᠨ ᠬᠥᠮᠦᠵᠢᠯ ᠤᠨ ᠴᠢᠳᠠᠪᠤᠷᠢᠲᠠᠨ 29 ᠬᠥᠮᠥᠨ᠂ ᠱᠠᠨ ᠰᠢ ᠬᠤᠲᠠ ᠲᠣᠭᠤᠷᠢᠭ ᠤᠨ ᠬᠤᠶᠠᠷ | ᠱᠠᠲᠤᠨ ᠤ ᠵᠢᠭᠠᠨ ᠰᠤᠷᠭᠠᠯᠲᠠ ᠶᠢᠨ ᠴᠢᠳᠠᠪᠤᠷᠢᠲᠠᠨ 53 ᠬᠥᠮᠥᠨ ᠢ ᠣᠷᠣᠭᠤᠯᠤᠨ ᠠᠪᠴᠢᠷᠠᠵᠤ᠂ ᠳᠤᠮᠳᠠ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠳᠤᠮᠳᠠᠴᠢ ᠬᠢᠷᠢ ᠪᠦᠲᠦᠮᠵᠢ ᠪᠠᠷ ᠪᠥᠬᠦ ᠬᠤᠲᠠ ᠳᠤ ᠨᠠᠢᠮᠠᠨ ᠵᠢᠯ | ᠳᠠᠷᠠᠭᠠᠯᠠᠨ ᠲᠡᠷᠢᠭᠦᠯᠡᠵᠦ᠂ ᠭᠤᠷᠪᠠᠨ ᠵᠢᠯ ᠳᠠᠷᠠᠭᠠᠯᠠᠨ ︽ᠦᠬᠠᠢ ᠬᠤᠲᠠ ᠶᠢᠨ ᠰᠤᠷᠭᠠᠨ ᠬᠥᠮᠦᠵᠢᠯ ᠤᠨ ᠵᠢᠭᠠᠨ | ᠰᠤᠷᠭᠠᠯᠲᠠ ᠶᠢᠨ ᠶᠠᠰᠤ ᠴᠢᠨᠠᠷ ᠤᠨ ᠱᠠᠩᠨᠠᠯ︾ ᠢ ᠭᠥᠷᠳᠡᠵᠦ᠂ ᠤᠯᠤᠰ ᠤᠨ ᠰᠢᠶᠠᠨ ᠤ ᠬᠡᠪᠴᠢᠶᠡᠨ ᠤ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ ᠡᠭᠦᠳᠦᠨ | ᠪᠠᠶᠢᠭᠤᠯᠵᠤ ᠥᠪᠡᠷᠲᠡᠭᠡᠨ ᠵᠠᠰᠠᠬᠤ ᠣᠷᠣᠨ ᠤ ᠦᠨᠡᠯᠡᠨ ᠵᠢᠱᠢᠵᠦ ᠰᠢᠯᠭᠠᠨ ᠠᠪᠬᠤ ᠶᠢ ᠤᠷᠤᠭᠰᠢᠲᠠᠢ ᠥᠩᠭᠡᠷᠡᠭᠦᠯᠪᠡ᠃ | ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠨᠠᠩ ᠴᠢᠩᠭ᠎ᠠ ᠪᠣᠯᠪᠠ᠃ ᠨᠡᠶᠢᠲᠡ 5400 ᠲᠦᠮᠡᠨ ᠲᠥᠭᠦᠷᠢᠭ ᠤᠨ | ᠪᠡᠯᠡ ᠣᠷᠣᠭᠤᠯᠵᠤ ᠡᠪᠡᠳᠴᠢᠨ ᠦᠵᠡᠭᠦᠯᠬᠦ ᠣᠷᠴᠢᠨ ᠨᠥᠬᠦᠴᠡᠯ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠵᠦ᠂ | ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠵᠢᠩᠬᠢᠨᠢ ᠪᠠᠷ ᠡᠵᠡᠩᠨᠡᠯᠲᠡ ᠬᠢᠵᠦ᠂ ᠬᠢᠲᠠᠳ ᠡᠮᠨᠡᠯᠭᠡ ᠶᠢᠨ ᠣᠷᠳᠣᠨ᠂ | ᠨᠠᠷᠠᠲᠤ ᠡᠮᠨᠡᠯᠭᠡ ᠶᠢᠨ ᠣᠷᠳᠣᠨ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠠᠷᠠᠳ ᠤᠨ | ᠡᠮᠨᠡᠯᠭᠡ ᠵᠢᠨᠬᠤᠷᠢᠶᠠᠨ ᠤ ᠲᠠᠷᠢᠬᠢᠨ ᠤ ᠰᠠ ᠡᠪᠡᠳᠴᠢᠨ᠂ ᠴᠡᠭᠡᠵᠢ ᠡᠪᠡᠳᠬᠦ᠂ ᠰᠢᠷᠬᠠᠲᠤᠭᠰᠠᠨ ᠵᠡᠷᠭᠡ ᠭᠤᠷᠪᠠᠨ | ᠲᠥᠪ ᠢ ᠪᠠᠶᠢᠭᠤᠯᠤᠨ ᠳᠠᠭᠤᠰᠬᠠᠵᠤ᠂ ᠴᠢᠰᠤ ᠨᠡᠪᠴᠢᠭᠦᠯᠦᠨ ᠢᠯᠭᠠᠷᠠᠭᠤᠯᠬᠤ ᠲᠠᠰᠤᠭ ᠢ ᠠᠰᠢᠭᠯᠠᠯᠲᠠ ᠳᠤ | ᠣᠷᠣᠭᠤᠯᠤᠨ᠂ ᠪᠡᠭᠡᠵᠢᠩ ᠶᠡᠭᠡ ᠰᠤᠷᠭᠠᠭᠤᠯᠢ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠠᠵᠢᠯᠯᠠᠵᠤ | ᠬᠠᠮᠲᠤ ᠪᠠᠷ ᠪᠠᠶᠢᠭᠤᠯᠬᠤ ᠬᠡᠯᠡᠯᠴᠡᠭᠡᠷ ᠲᠣᠭᠲᠠᠵᠤ᠂ ᠰᠢᠶᠠᠨ ᠤ ᠬᠡᠪᠴᠢᠶᠡᠨ ᠳᠤ ᠡᠮᠨᠡᠭᠦᠯᠦᠭᠰᠡᠨ ᠬᠥᠮᠥᠨ ᠤ ᠲᠤᠭ᠎ᠠ | ᠠᠳᠠᠯᠢ ᠬᠤᠭᠤᠴᠠᠭᠠᠨ ᠤ ᠬᠢ ᠠᠴᠠ 18% ᠪᠠᠷ ᠨᠡᠮᠡᠭᠳᠡᠪᠡ᠃ ᠨᠡᠶᠢᠭᠡᠮ ᠤᠨ ᠪᠠᠲᠤᠯᠠᠭ᠎ᠠ ᠶᠢᠨ ᠦᠨᠳᠦᠰᠦᠨ ᠵᠦᠢᠯ ᠢ | ᠨᠡᠩ ᠪᠠᠲᠤ ᠪᠠᠲᠤᠯᠠᠪᠠ᠃ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠶᠢ ᠲᠣᠭᠲᠠᠭᠤᠨ ᠢᠶᠠᠷ ᠠᠬᠢᠭᠤᠯᠵᠤ᠂ | ᠬᠤᠲᠠ ᠪᠠᠯᠭᠠᠰᠤᠨ ᠤ 1120 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠠᠳᠠᠯ ᠦᠢᠯᠡᠰ ᠴᠣᠭᠴᠠᠯᠠᠬᠤ | ᠵᠢᠭᠡᠯᠡᠯᠭᠡ᠂ ᠠᠵᠢᠯ ᠣᠯᠭᠤᠯᠲᠠ ᠶᠢᠨ ᠨᠥᠬᠦᠪᠦᠷᠢ ᠵᠡᠷᠭᠡ 2596 ᠲᠦᠮᠡᠨ ᠲᠥᠭᠦᠷᠢᠭ ᠤᠨ ᠪᠡᠯᠡ ᠮᠥᠩᠭᠦ ᠣᠯᠭᠤᠪᠠ᠃ | ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢᠨ ᠬᠡᠪᠴᠢᠶ᠎ᠡ ᠶᠢ ᠥᠷᠭᠡᠳᠬᠡᠨ ᠶᠠᠰᠤ | ᠴᠢᠨᠠᠷ ᠢ ᠳᠡᠭᠡᠭᠰᠢᠯᠡᠭᠦᠯᠵᠦ᠂ ᠭᠤᠷᠪᠠᠨ ᠲᠤᠰᠬᠠᠢ ᠣᠷᠣᠨ ᠳᠤ ᠤᠷᠢᠳᠠᠪᠠᠷ ᠨᠡᠶᠢᠭᠡᠮ ᠤᠨ ᠠᠪᠤᠷᠠᠨ ᠲᠤᠰᠠᠯᠠᠬᠤ | ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠵᠦ᠂ ᠡᠯ᠎ᠡ ᠲᠥᠷᠥᠯ ᠤᠨ ᠠᠪᠤᠷᠠᠨ | ᠲᠤᠰᠠᠯᠠᠬᠤ ᠪᠡᠯᠡ ᠮᠥᠩᠭᠦ ᠶᠢ 3695 ᠲᠦᠮᠡᠨ ᠲᠥᠭᠦᠷᠢᠭ ᠲᠠᠷᠬᠠᠭᠠᠵᠤ᠂ 3.6 ᠲᠦᠮᠡᠨ ᠬᠥᠮᠥᠨ ᠤᠳᠠᠭ᠎ᠠ ᠳᠤ | ᠠᠰᠢᠭ ᠬᠦᠷᠲᠡᠭᠡᠪᠡ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠶᠢ | ᠲᠣᠭᠲᠠᠭᠰᠠᠨ ᠬᠤᠭᠤᠴᠠᠭᠠᠨ ᠳᠤ ᠪᠠᠶᠢᠭᠤᠯᠤᠨ ᠳᠠᠭᠤᠰᠬᠠᠵᠤ᠂ 337 ᠡᠷᠦᠬᠡ ᠣᠨᠴᠠ ᠬᠦᠴᠢᠷᠳᠡᠯᠲᠡᠢ ᠭᠡᠷ | ᠪᠦᠯᠢ ᠶᠢᠨ ᠨᠠᠰᠤᠵᠢᠯᠲᠠ ᠳᠤ ᠲᠣᠬᠢᠷᠠᠬᠤ ᠥᠭᠡᠷᠡᠴᠢᠯᠡᠯᠲᠡ ᠶᠢ ᠪᠡᠶᠡᠯᠡᠭᠦᠯᠵᠦ᠂ ᠨᠡᠶᠢᠭᠡᠮ ᠲᠣᠭᠤᠷᠢᠭ ᠤᠨ ᠭᠡᠷ ᠲᠡᠭᠡᠨ | ᠰᠠᠭᠤᠵᠤ ᠪᠠᠶᠢᠭ᠎ᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠪᠦᠬᠦᠨ ᠢ ᠬᠠᠮᠤᠷᠬᠤ ᠶᠢ ᠪᠡᠶᠡᠯᠡᠭᠦᠯᠪᠡ᠃ | ᠡᠨᠡ ᠨᠢᠭᠡ ᠵᠢᠯ ᠳᠤ᠂ ᠪᠢᠳᠡ ᠰᠢᠰᠲ᠋ᠧᠮ ᠲᠠᠢ ᠪᠠᠷ ᠬᠠᠮᠲᠤᠪᠠᠷ ᠵᠠᠰᠠᠵᠤ᠂ ᠬᠤᠷᠢᠭ᠎ᠠ ᠱᠤᠭᠤᠮ ᠢ ᠪᠠᠲᠤ ᠰᠠᠬᠢᠵᠤ᠂ | ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠦᠨᠳᠦᠰᠦᠨ | ᠱᠠᠲᠤᠨ ᠤ ᠵᠠᠰᠠᠯᠲᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠲᠣᠬᠢᠷᠠᠭᠤᠯᠬᠤ ᠶᠢ ᠪᠡᠶᠡᠯᠡᠭᠦᠯᠵᠦ᠂ ︽ᠬᠤᠪᠢᠰᠬᠠᠯ ᠤᠨ ᠠᠳᠠᠯ ᠠᠬᠤᠢ︾᠂ | ᠨᠡᠭᠦᠳᠡᠯ ᠠᠯᠪᠠᠨ ᠰᠢᠷᠡᠭᠡ ᠵᠡᠷᠭᠡ ᠲᠤᠷᠰᠢᠯᠭ᠎ᠠ ᠠᠷᠭ᠎ᠠ ᠬᠢᠳᠡᠯ ᠢ ᠥᠪᠡᠷᠲᠡᠭᠡᠨ ᠵᠠᠰᠠᠬᠤ ᠣᠷᠣᠨ᠂ ᠦᠬᠠᠢ ᠬᠤᠲᠠ ᠶᠢᠨ | ᠨᠤᠲᠠᠯᠠᠯᠲᠠ ᠪᠠ ᠲᠠᠨᠢᠯᠴᠠᠭᠤᠯᠭ᠎ᠠ ᠶᠢ ᠣᠯᠵᠤ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠲᠣᠭᠤᠷᠢᠭ ᠤᠨ | ᠵᠠᠰᠠᠯᠲᠠ ᠶᠢᠨ ᠰᠢᠨ᠎ᠡ ᠶᠢ ᠡᠭᠦᠳᠬᠦ ᠲᠤᠷᠰᠢᠯᠲᠠ ᠶᠢᠨ ᠲᠣᠭᠤᠷᠢᠭ ᠤᠨ ᠰᠢᠯᠭᠠᠨ ᠠᠪᠤᠯᠲᠠ ᠶᠢ ᠤᠷᠤᠭᠰᠢᠲᠠᠢ | ᠥᠩᠭᠡᠷᠡᠭᠦᠯᠪᠡ︔ ᠭᠤᠷᠪᠠᠨ ᠱᠠᠲᠤᠨ ᠤ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠰᠢᠢᠳᠪᠦᠷᠢᠯᠡᠬᠦ ᠳᠦᠷᠢᠮ ᠢ ᠪᠦᠬᠦ | ᠲᠠᠯ᠎ᠠ ᠪᠠᠷ ᠬᠡᠷᠡᠭᠵᠢᠭᠦᠯᠵᠦ᠂ ᠵᠢᠭᠤᠷᠠᠯᠳᠤᠭᠠᠨ ᠤ 2826 ᠬᠡᠷᠡᠭ ᠢ ᠠᠮᠵᠢᠯᠲᠠ ᠲᠠᠢ ᠪᠠᠷ ᠡᠶᠡᠳᠡᠭᠦᠯᠵᠦ᠂ ᠲᠡᠦᠬᠡᠨ ᠠᠴᠠ | ᠦᠯᠡᠳᠡᠭᠳᠡᠵᠦ ᠢᠷᠡᠭᠰᠡᠨ 29 ᠠᠰᠠᠭᠤᠳᠠᠯ ᠢ ᠪᠦᠲᠦᠮᠵᠢᠲᠡᠶ ᠪᠠᠷ ᠰᠢᠢᠳᠪᠦᠷᠢᠯᠡᠪᠡ᠃ ᠨᠡᠶᠢᠭᠡᠮ ᠤᠨ ᠠᠮᠤᠷ ᠲᠦᠪᠰᠢᠨ | ᠬᠡᠳᠦᠢ ᠲᠣᠭᠲᠠᠭᠤᠨ ᠪᠣᠯᠬᠤ ᠲᠤᠲᠤᠮ ᠲᠡᠳᠦᠢ ᠰᠠᠶᠢᠨ ᠪᠣᠯᠵᠤ᠂ 12 ︽ᠫᠢᠩ ᠠᠨ ᠭᠠᠷᠠᠮ ᠪᠤᠯᠤᠩ︾ ᠤᠨ | ᠣᠨᠴᠠᠯᠢᠭᠲᠤ ᠨᠠᠷᠠᠲᠤ ᠲᠡᠮᠳᠡᠭᠲᠦ ᠶᠢ ᠲᠤᠷᠰᠢᠨ ᠪᠣᠶ ᠪᠣᠯᠭᠠᠵᠤ᠂ 1000 ᠵᠠᠮ ᠤᠨ ᠴᠠᠰᠤᠲᠤ ᠴᠠᠰᠤᠲᠤ | ᠢᠨᠵᠧᠨᠧᠷᠢᠩ ᠢ ᠪᠦᠬᠦᠨ ᠢ ᠠᠰᠢᠭᠯᠠᠯᠲᠠ ᠳᠤ ᠣᠷᠣᠭᠤᠯᠵᠤ᠂ ᠴᠠᠬᠢᠯᠭᠠᠨ ᠢᠶᠠᠷ ᠮᠡᠬᠡᠯᠡᠬᠦ᠂ ᠬᠤᠯᠠᠭᠠᠶᠢᠯᠠᠭᠰᠠᠨ ᠬᠡᠷᠡᠭ ᠤᠨ | ᠬᠡᠷᠡᠭ ᠭᠠᠷᠤᠭᠰᠠᠨ ᠨᠣᠷᠮ᠎ᠠ ᠶᠢ ᠲᠣᠰ ᠲᠣᠰ 29.6%᠂ 46.9% ᠪᠠᠷ ᠪᠠᠭᠤᠷᠠᠭᠤᠯᠪᠠ᠃ ᠠᠶᠤᠯ | ᠲᠦᠭᠰᠢᠭᠦᠷᠢ ᠶᠢᠨ ᠰᠡᠷᠭᠡᠶᠢᠯᠡᠯᠲᠡ ᠶᠢ ᠲᠠᠰᠤᠷᠠᠯᠲᠠ ᠦᠭᠡᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ | ᠬᠦᠷᠢᠶ᠎ᠡ ᠲᠣᠭᠲᠠᠭᠤᠨ ᠢᠶᠠᠷ ᠡᠵᠡᠮᠳᠡᠵᠦ ᠴᠢᠳᠠᠪᠠ︔ ᠠᠶᠤᠯᠲᠠᠢ ᠬᠢᠮᠢ ᠶᠢᠨ ᠠᠵᠤ ᠦᠢᠯᠡᠳᠪᠦᠷᠢ᠂ ᠠᠭᠤᠷᠬᠠᠢ ᠵᠡᠷᠭᠡ | ᠬᠦᠷᠢᠶᠡᠨ ᠤ ᠠᠮᠤᠷ ᠲᠦᠪᠰᠢᠨ ᠤ ᠴᠡᠭᠴᠡᠯᠡᠨ ᠵᠠᠰᠠᠯᠲᠠ ᠶᠢᠨ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ | ᠥᠷᠨᠢᠭᠦᠯᠵᠦ᠂ ᠪᠠᠶᠢᠩᠭᠤᠵᠢᠭᠤᠯᠤᠨ ᠲᠤᠰᠬᠠᠢ ᠮᠡᠷᠭᠡᠵᠢᠯᠲᠡᠨ ᠢ ᠤᠷᠢᠵᠤ ︽ᠰᠤᠳᠠᠯ ᠪᠠᠷᠢᠵᠤ ᠣᠨᠣᠰᠢᠯᠠᠭᠤᠯᠵᠤ︾᠂ | 6850 ᠵᠦᠢᠯ ᠤᠨ ᠭᠡᠮ ᠰᠣᠭᠤᠭ ᠢ ᠴᠡᠭᠴᠡᠯᠡᠨ ᠵᠠᠰᠠᠵᠤ᠂ ᠪᠦᠬᠦ ᠵᠢᠯ ᠳᠤ ᠠᠶᠤᠯᠭᠦᠢ ᠦᠢᠯᠡᠳᠪᠦᠷᠢᠯᠡᠯ ᠤᠨ ᠬᠦᠨᠳᠦ | ᠶᠡᠭᠡ ᠣᠨᠴᠠ ᠶᠡᠭᠡ ᠠᠳᠡᠯ ᠭᠠᠷᠤᠭᠰᠠᠨ ᠦᠭᠡᠢ︔ ᠠᠷᠭ᠎ᠠ ᠪᠦᠬᠦᠨ ᠢ ᠰᠦᠪᠡᠭᠴᠢᠯᠡᠨ ᠵᠠᠰᠠᠭ ᠤᠨ ᠣᠷᠳᠣᠨ ᠤ ᠥᠷᠢ | ᠥᠭᠴᠡᠭᠡ ᠶᠢ ᠠᠷᠢᠯᠭᠠᠵᠤ᠂ ᠠᠶᠤᠯ ᠲᠦᠭᠰᠢᠭᠦᠷᠢ ᠶᠢᠨ ᠲᠡᠰ ᠢ ︽ᠤᠯᠠᠭᠠᠨ ᠠᠴᠠ ᠪᠠᠨ ᠤᠯᠠᠪᠤᠷ ᠪᠣᠯᠤᠨ | ᠬᠤᠪᠢᠷᠠᠭᠤᠯᠬᠤ︾ ᠶᠢ ᠪᠡᠶᠡᠯᠡᠭᠦᠯᠪᠡ᠃ ᠦᠨᠳᠦᠰᠦᠲᠡᠨ ᠤ ᠪᠦᠯᠬᠦᠮᠳᠡᠯ ᠦᠷᠭᠦᠯᠵᠢᠯᠡᠨ ᠭᠦᠨᠵᠡᠭᠡᠶᠢᠷᠡᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ ᠦᠢᠯᠡᠳᠦᠯᠭᠡ ᠶᠢᠨ ᠰᠠᠭᠤᠷᠢᠨ | ᠭᠠᠵᠠᠷ᠂ ᠭᠤᠣᠯ ᠰᠡᠳᠦᠪᠲᠦ ᠴᠡᠴᠡᠷᠯᠢᠭ ᠢ 4 ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠨᠢᠭᠡᠴᠡ ᠶᠢ 2 ᠰᠢᠨ᠎ᠡ ᠪᠠᠷ ᠨᠡᠮᠡᠵᠦ᠂ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ | ᠪᠣᠯᠭᠠᠨ ᠠᠮᠵᠢᠯᠲᠠ ᠲᠠᠢ ᠪᠠᠷ ᠡᠭᠦᠳᠦᠨ ᠪᠠᠶᠢᠭᠤᠯᠪᠠ᠃ | ᠡᠨᠡ ᠨᠢᠭᠡ ᠵᠢᠯ ᠳᠤ ᠪᠢᠳᠡ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠦᠷ᠎ᠡ ᠪᠦᠲᠦᠮᠵᠢ ᠪᠠᠨ | ᠳᠡᠭᠡᠭᠰᠢᠯᠡᠭᠦᠯᠦᠨ᠂ ᠲᠣᠰ ᠪᠡᠶ᠎ᠡ ᠶᠢᠨ ᠪᠠᠶᠢᠭᠤᠯᠤᠯᠲᠠ ᠪᠠᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠪᠠ᠃ | ᠤᠬᠠᠮᠰᠠᠷ ᠠᠴᠠ ᠪᠠᠨ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠲᠤᠤᠱᠯᠠᠭᠤᠯᠵᠤ᠂ ᠥᠪᠡᠷᠲᠡᠭᠡᠨ | ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠥᠨᠳᠥᠷ ᠪᠦᠲᠦᠮᠵᠢᠲᠡᠢ ᠥᠷᠨᠢᠭᠦᠯᠵᠦ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ | ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ 44 ᠵᠦᠢᠯ ᠤᠨ ᠴᠡᠭᠴᠡᠯᠡᠨ | ᠰᠠᠶᠢᠵᠢᠷᠠᠭᠤᠯᠬᠤ ᠡᠭᠦᠷᠭᠡ ᠶᠢ ᠪᠦᠬᠦᠨ ᠢ ᠪᠡᠶᠡᠯᠡᠭᠦᠯᠪᠡ᠃ ᠤᠬᠠᠮᠰᠠᠷ ᠠᠴᠠ ᠪᠠᠨ ᠦᠷ᠎ᠡ ᠪᠦᠲᠦᠮᠵᠢ ᠶᠢᠨ | ᠪᠠᠶᠢᠭᠤᠯᠤᠯᠲᠠ ᠶᠢ ᠢᠮᠠᠭᠲᠠ ᠲᠤᠤᠱᠯᠠᠭᠤᠯᠵᠤ᠂ ︽ᠬᠤᠶᠠᠷ ᠰᠢᠯᠢᠳᠡᠭ︾ ᠤᠨ ᠲᠤᠰᠬᠠᠢ ᠠᠵᠢᠯᠯᠠᠭ᠎ᠠ ᠶᠢ ᠯᠠᠪᠳᠠᠭᠤᠨ | ᠪᠠᠲᠤᠲᠠᠢ ᠥᠷᠨᠢᠭᠦᠯᠵᠦ᠂ ᠪᠠᠶᠢᠴᠠᠭᠠᠨ ᠰᠤᠳᠤᠯᠤᠯᠲᠠ ᠶᠢᠨ︽ᠲᠠᠪᠤᠨ ᠰᠡᠳᠦᠪ ᠢ ᠬᠤᠯᠪᠣᠯᠳᠤᠭᠤᠯᠬᠤ︾ ᠶᠢ ᠪᠠᠶᠢᠭᠤᠯᠤᠨ | ᠬᠡᠷᠡᠭᠵᠢᠭᠦᠯᠵᠦ᠂ ᠪᠦᠬᠦ ᠬᠡᠯᠬᠢᠶ᠎ᠡ ᠶᠢᠨ ᠪᠢᠲᠡᠭᠦᠦ ᠴᠠᠭᠠᠷᠢᠭ ᠢᠶᠠᠷ ᠱᠠᠯᠠᠪᠳᠠᠭᠤᠯᠤᠨ ᠭᠦᠢᠴᠡᠳᠬᠡᠬᠦ ᠶᠢ ᠮᠥᠷᠳᠡᠨ ᠳᠠᠭᠠᠬᠤ | ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ | ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠤᠬᠠᠮᠰᠠᠷ ᠠᠴᠠ ᠪᠠᠨ | ᠢᠮᠠᠭᠲᠠ ᠲᠤᠤᠱᠯᠠᠭᠤᠯᠵᠤ᠂ ᠵᠠᠰᠠᠭ ᠤᠨ ᠣᠷᠳᠣᠨ ᠤ ᠠᠵᠢᠯ ᠤᠨ ᠳᠦᠷᠢᠮ ᠳᠤ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ | ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ 265 ᠬᠤᠪᠢ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢ | ᠥᠨᠳᠥᠷ ᠪᠦᠲᠦᠮᠵᠢᠲᠡᠶ ᠪᠠᠷ ᠰᠢᠢᠳᠪᠦᠷᠢᠯᠡᠨ ᠳᠠᠭᠤᠰᠬᠠᠵᠤ᠂ ᠰᠡᠳᠬᠢᠯ ᠬᠠᠨᠤᠮᠵᠢᠲᠠᠶ ᠪᠠᠶᠢᠬᠤ ᠨᠤᠷᠮ᠎ᠠ ᠶᠢ | ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠳᠤᠮᠳᠠ ᠬᠤᠭᠤᠴᠠᠭᠠᠨ ᠤ ᠦᠨᠡᠯᠡᠨ ᠵᠢᠱᠢᠵᠦ ᠰᠢᠯᠭᠠᠨ | ᠠᠪᠬᠤ ᠶᠢ ᠤᠷᠤᠭᠰᠢᠲᠠᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠢᠶᠠᠷ ᠠᠮᠵᠢᠯᠲᠠ ᠲᠠᠢ ᠦᠨᠡᠯᠡᠭᠳᠡᠪᠡ᠃ ᠠᠷᠪᠢᠯᠠᠨ | ᠭᠠᠮᠨᠠᠬᠤ ᠶᠢ ᠤᠬᠠᠮᠰᠠᠷ ᠠᠴᠠ ᠪᠠᠨ ᠢᠮᠠᠭᠲᠠ ᠲᠤᠤᠱᠯᠠᠭᠤᠯᠵᠤ᠂ ᠡᠳ᠋ ᠤᠨ ᠵᠠᠰᠠᠭ ᠤᠨ ᠵᠠᠷᠤᠯᠭ᠎ᠠ ᠶᠢ ᠴᠢᠩᠭ᠎ᠠ | ᠬᠠᠮᠢᠶᠠᠷᠤᠨ ᠴᠢᠩᠭ᠎ᠠ ᠬᠢᠵᠠᠭᠠᠷᠯᠠᠵᠤ᠂ ᠡᠩ ᠤᠨ ᠴᠢᠨᠠᠷᠲᠠᠢ ᠤᠯᠠᠨ ᠨᠡᠶᠢᠲᠡ ᠶᠢᠨ ᠲᠥᠰᠥᠪ ᠵᠢᠴᠢ ︽ᠭᠤᠷᠪᠠᠨ | ᠵᠦᠢᠯ ᠤᠨ ᠠᠯᠪᠠᠨ ᠤ ᠵᠠᠷᠤᠳᠠᠯ︾ ᠤᠨ ᠵᠠᠷᠤᠯᠭ᠎ᠠ ᠶᠢ ᠦᠷᠭᠦᠯᠵᠢᠯᠡᠨ ᠪᠠᠭᠤᠷᠠᠭᠤᠯᠪᠠ︔ ︽ᠲᠠᠪᠤᠨ ᠰᠠᠭᠤᠷᠢ︾ ᠶᠢᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ 314.5 ᠲᠦᠮᠡᠨ ᠲᠥᠭᠦᠷᠢᠭ ᠤᠨ ᠳᠠᠷᠤᠭᠳᠠᠮᠠᠯ ᠪᠡᠯᠡ | ᠮᠥᠩᠭᠦ ᠶᠢ ᠥᠨᠳᠥᠷ ᠪᠦᠲᠦᠮᠵᠢᠲᠡᠶ ᠠᠰᠢᠭᠯᠠᠵᠤ᠂ 43.59 ᠾᠧᠺᠲ᠋ᠠᠷ ᠭᠠᠵᠠᠷ ᠰᠢᠷᠣᠢ ᠶᠢ ᠰᠢᠩᠭᠡᠭᠡᠵᠦ ᠠᠮᠢᠯᠠᠭᠤᠯᠪᠠ᠃ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠨ ᠬᠠᠷᠠᠭᠠᠯᠵᠠᠬᠤ᠂ ᠭᠠᠵᠠᠷ | ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠲᠠᠩᠰᠠ ᠡᠪᠬᠡᠮᠡᠯ ᠲᠡᠦᠬᠡ ᠣᠶᠢᠯᠠᠯᠭ᠎ᠠ᠂ ᠡᠮᠡᠭᠲᠡᠶᠢᠴᠦᠳ | ᠬᠡᠦᠬᠡᠳ᠂ ᠵᠡᠮᠳᠡᠭᠴᠦᠳ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠡᠷᠭᠡ | ᠡᠯ᠎ᠡ ᠵᠦᠢᠯ ᠤᠨ ᠠᠵᠢᠯ ᠦᠢᠯᠡᠰ ᠲᠦᠷᠭᠡᠨ ᠬᠥᠭᠵᠢᠪᠡ᠃ | ᠲᠥᠯᠥᠭᠡᠯᠡᠭᠴᠢᠳ ᠠ᠋︕ ᠥᠩᠭᠡᠷᠡᠭᠰᠡᠨ ᠨᠢᠭᠡ ᠵᠢᠯ ᠢ ᠡᠷᠭᠢᠴᠡᠭᠦᠯᠪᠡᠯ᠂ ᠬᠦᠴᠢᠷᠳᠡᠯ ᠨᠢ ᠵᠢᠱᠢᠭᠰᠡᠨ ᠠᠴᠠ | ᠠᠷᠪᠢᠨ᠂ ᠥᠷᠢᠰᠦᠯᠳᠦᠭᠡᠨ ᠨᠢ ᠵᠢᠱᠢᠭᠰᠡᠨ ᠠᠴᠠ ᠶᠡᠭᠡ ᠪᠠᠶᠢᠵᠤ᠂ ᠪᠢᠳᠡ ᠠᠵᠤ ᠠᠬᠤᠢ ᠪᠠᠭᠤᠷᠠᠬᠤ ᠳᠠᠷᠤᠯᠲᠠ ᠶᠢ | ᠲᠤᠯᠵᠤ᠂ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠢᠯᠠᠨ ᠳᠠᠪᠠᠵᠤ᠂ ᠰᠠᠭᠤᠷᠢ ᠲᠠᠯᠪᠢᠬᠤ᠂ ᠠᠯᠤᠰ | ᠬᠡᠳᠦ ᠳᠤ ᠠᠰᠢᠭᠲᠠᠢ ᠨᠢᠭᠡ ᠪᠦᠯᠦᠭ ᠶᠡᠭᠡ ᠶᠠᠪᠤᠳᠠᠯ ᠢ ᠪᠦᠲᠦᠭᠡᠵᠦ᠂ ᠲᠣᠭᠲᠠᠭᠤᠨ ᠢᠶᠠᠷ ᠨᠡᠮᠡᠭᠳᠡᠭᠦᠯᠬᠦ᠂ | ᠬᠥᠭᠵᠢᠯᠲᠡ ᠶᠢ ᠠᠬᠢᠭᠤᠯᠬᠤ ᠨᠢᠭᠡ ᠪᠦᠯᠦᠭ ᠪᠣᠳᠠᠲᠤ ᠶᠠᠪᠤᠳᠠᠯ ᠢ ᠪᠦᠲᠦᠭᠡᠵᠦ᠂ ᠠᠷᠠᠳ ᠤᠨ ᠰᠠᠨᠠᠭᠠᠨ ᠳᠤ | ᠨᠡᠶᠢᠴᠡᠭᠰᠡᠨ᠂ ᠠᠷᠠᠳ ᠤᠨ ᠰᠡᠳᠬᠢᠯ ᠢ ᠳᠤᠯᠠᠭᠠᠴᠠᠭᠤᠯᠤᠭᠰᠠᠨ ᠨᠢᠭᠡ ᠪᠦᠯᠦᠭ ᠰᠠᠶᠢᠨ ᠶᠠᠪᠤᠳᠠᠯ ᠢ ᠪᠦᠲᠦᠭᠡᠵᠡᠢ᠃ | ᠡᠳᠡᠭᠡᠷ ᠠᠮᠵᠢᠯᠲᠠ ᠶᠢ ᠣᠯᠣᠭᠰᠠᠨ ᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠡᠭᠡᠳᠦ | ᠬᠡᠮᠵᠢᠶᠡᠨ ᠤ ᠴᠢᠬᠤᠯᠠᠴᠢᠯᠠᠯ ᠪᠠ ᠭᠦᠨ ᠳᠣᠲᠣᠨᠣ ᠬᠠᠯᠠᠮᠵᠢᠯᠠᠯ ᠢ ᠭᠦᠢᠴᠡᠳ ᠢᠯᠡᠷᠡᠭᠦᠯᠵᠦ᠂ ᠲᠤᠭᠤᠷᠢᠭ ᠤᠨ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠠ ᠰᠢᠨᠵᠢᠯᠡᠬᠦ ᠤᠬᠠᠭᠠᠨᠴᠢ ᠪᠠᠶᠢᠷᠢᠯᠠᠭᠤᠯᠤᠯᠲᠠ ᠶᠢ ᠢᠯᠡᠷᠡᠭᠦᠯᠵᠦ᠂ | ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠬᠠᠤᠯᠢ | ᠶᠣᠰᠣᠨ ᠤ ᠬᠢᠨᠠᠯᠲᠠ ᠪᠠ ᠬᠦᠴᠦᠲᠡᠢ ᠳᠡᠮᠵᠢᠯᠭᠡ ᠶᠢ ᠨᠢᠭᠲᠠᠷᠠᠭᠤᠯᠵᠤ᠂ ᠪᠦᠬᠦ ᠲᠤᠭᠤᠷᠢᠭ ᠤᠨ ᠺᠠᠲᠷ ᠤᠯᠠᠨ | ᠲᠦᠮᠡᠨ ᠤ ᠬᠦᠴᠦ ᠬᠥᠳᠡᠯᠮᠦᠷᠢ ᠪᠠ ᠤᠶᠤᠨ ᠤᠬᠠᠭᠠᠨ ᠤ ᠡᠭᠦᠳᠦᠯᠲᠡ ᠶᠢ ᠰᠢᠩᠭᠡᠭᠡᠵᠦ ᠪᠠᠶᠢᠨ᠎ᠠ᠃ ᠠᠳᠡ ᠪᠢ | ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠥᠷᠭᠡᠨ ᠤᠯᠠᠨ ᠺᠠᠲᠷ ᠤᠯᠠᠨ ᠲᠦᠮᠡᠨ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ | ᠤᠳᠤᠷᠢᠳᠤᠯᠭ᠎ᠠ᠂ ᠠᠬᠠᠮᠠᠳ ᠨᠥᠬᠦᠳ ᠲᠤ᠂ ᠤᠳᠠ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ᠂ ᠣᠷᠣᠯᠴᠠᠭᠰᠠᠨ | ᠪᠤᠢ ᠪᠦᠬᠦᠢ ᠡᠯ᠎ᠡ ᠡᠲᠡᠭᠡᠳ ᠤᠨ ᠬᠥᠮᠥᠰ᠂ ᠠᠵᠤ ᠠᠬᠤᠶᠢᠯᠠᠯᠲᠠᠨ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ | ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠬᠦᠴᠢᠷ ᠢ ᠮᠡᠳᠡᠪᠡᠯ ᠰᠠᠶ᠋ᠢ ᠡᠷᠡᠯᠬᠡᠭᠯᠡᠨ ᠤᠷᠤᠭᠰᠢᠯᠠᠵᠤ ᠴᠢᠳᠠᠨ᠎ᠠ᠂ ᠪᠠᠭᠤᠷᠠᠢ ᠶᠢ ᠮᠡᠳᠡᠪᠡᠯ ᠰᠠᠶ᠋ᠢ | ᠬᠦᠴᠦᠷᠬᠡᠭᠵᠢᠬᠦ ᠪᠠᠷ ᠴᠢᠷᠮᠠᠶᠢᠵᠤ ᠴᠢᠳᠠᠨ᠎ᠠ︕ ᠣᠳᠣᠬᠠᠨ ᠳᠤ᠂ ᠮᠠᠨ ᠤ ᠲᠤᠭᠤᠷᠢᠭ ᠤᠨ ᠠᠵᠤ ᠠᠬᠤᠢ ᠨᠡᠶᠢᠭᠡᠮ ᠤᠨ | ᠬᠥᠭᠵᠢᠯᠲᠡ ᠳᠤ ᠪᠠᠰᠠ ᠴᠥᠭᠡᠨ ᠪᠤᠰᠤ ᠬᠦᠴᠢᠷᠳᠡᠯ ᠪᠠ ᠥᠷᠢᠰᠦᠯᠳᠦᠭᠡᠨ ᠪᠠᠶᠢᠨ᠎ᠠ᠃ ᠬᠡᠯᠪᠡᠷᠢ ᠶᠢ ᠬᠤᠪᠢᠷᠠᠭᠤᠯᠤᠨ | ᠬᠥᠭᠵᠢᠭᠦᠯᠬᠦ ᠲᠠᠯ᠎ᠠ ᠠᠴᠠ ᠦᠵᠡᠪᠡᠯ᠂ ᠠᠵᠤ ᠦᠢᠯᠡᠰ ᠤᠨ ᠪᠦᠲᠦᠴᠡ ᠶᠢ ᠬᠠᠷᠠᠬᠠᠨ ᠦᠨᠳᠦᠰᠦᠨ ᠠᠴᠠ ᠨᠢ | ᠬᠤᠪᠢᠷᠠᠭᠤᠯᠤᠭᠠᠳᠤᠢ᠂ ᠤᠯᠠᠮᠵᠢᠯᠠᠯᠲᠤ ᠠᠵᠤ ᠦᠢᠯᠡᠰ ᠤᠨ ᠡᠵᠡᠯᠡᠬᠦ ᠬᠤᠪᠢ ᠶᠢᠨ ᠵᠢᠩ ᠮᠥᠨ ᠯᠡ 70% ᠠᠴᠠ | ᠳᠡᠭᠡᠭᠰᠢ ᠪᠠᠶᠢᠵᠤ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠨᠡᠮᠡᠭᠳᠡᠯ ᠢ ᠳᠠᠶᠢᠴᠢᠯᠠᠬᠤ ᠦᠢᠯᠡᠳᠦᠯ ᠪᠠᠰᠠ | ᠢᠯᠡᠷᠡᠭᠡᠳᠦᠢ ᠪᠠᠶᠢᠭᠰᠠᠭᠠᠷ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠠᠴᠠ ᠦᠵᠡᠪᠡᠯ᠂ ᠠᠮᠢ ᠠᠬᠤᠢ ᠶᠢᠨ | ᠵᠠᠰᠠᠯᠲᠠ ᠶᠢᠨ ᠦᠷ᠎ᠡ ᠪᠦᠲᠦᠮᠵᠢ ᠪᠠᠰᠠ ᠲᠣᠭᠲᠠᠭᠤᠨ ᠪᠤᠰᠤ ᠪᠠᠶᠢᠵᠤ᠂ ᠠᠭᠠᠷ ᠤᠨ ᠶᠠᠰᠤ ᠴᠢᠨᠠᠷ ᠤᠨ ᠳᠠᠬᠢᠨ | ᠨᠡᠮᠡᠭᠳᠡᠬᠦ ᠳᠠᠷᠤᠯᠲᠠ ᠨᠡᠯᠢᠶᠡᠳ ᠶᠡᠭᠡ ᠪᠠᠶᠢᠵᠤ᠂ ᠣᠷᠣᠨ ᠪᠦᠰᠡ ᠶᠢᠨ ᠪᠦᠲᠦᠴᠡ ᠶᠢᠨ ᠴᠢᠨᠠᠷᠲᠠᠢ ᠰᠣᠯᠪᠢᠴᠠᠯ | ᠪᠣᠬᠢᠷᠲᠤᠯ ᠲᠣᠪᠣᠶᠢᠮ᠎ᠠ ᠪᠠᠶᠢᠵᠤ᠂ ᠠᠭᠠᠷ ᠤᠨ ᠶᠠᠰᠤ ᠴᠢᠨᠠᠷ ᠤᠨ ᠶᠡᠷᠦᠩᠬᠡᠶᠢᠯᠡᠭᠰᠡᠨ ᠵᠢᠭᠠᠯᠲᠠ ᠲᠤᠭ᠎ᠠ ᠥᠪᠡᠷᠲᠡᠭᠡᠨ | ᠵᠠᠰᠠᠬᠤ ᠣᠷᠣᠨ ᠤ ᠨᠡᠷᠡᠰ ᠤᠨ ᠵᠢᠭᠰᠠᠭᠠᠯᠲᠠ ᠳᠤ ᠮᠥᠨ ᠬᠦ ᠡᠴᠦᠰ ᠤᠨ ᠪᠠᠶᠢᠷᠢᠨ ᠳᠤ ᠪᠠᠶᠢᠭᠰᠠᠭᠠᠷ᠃ ᠤᠯᠠᠨ | ᠨᠡᠶᠢᠲᠡ ᠶᠢᠨ ᠦᠢᠯᠡᠴᠢᠯᠡᠭᠡᠨ ᠤ ᠲᠠᠯ᠎ᠠ ᠠᠴᠠ ᠦᠵᠡᠪᠡᠯ᠂ ᠰᠢᠯᠢᠳᠡᠭ ᠰᠤᠷᠭᠠᠨ ᠬᠥᠮᠦᠵᠢᠯ ᠤᠨ ᠡᠮ ᠡᠮᠨᠡᠯᠭᠡ ᠶᠢᠨ ᠡᠬᠢ | ᠪᠠᠶᠠᠯᠢᠭ ᠤᠨ ᠬᠠᠩᠭᠠᠯᠭ᠎ᠠ ᠮᠥᠨ ᠬᠦ ᠳᠤᠲᠠᠭᠤᠳᠠᠯ ᠲᠠᠢ ᠪᠠᠶᠢᠵᠤ᠂ ᠬᠤᠳᠠ ᠶᠢᠨ ᠴᠢᠳᠠᠮᠵᠢ ᠶᠠᠰᠤ ᠴᠢᠨᠠᠷ ᠪᠠᠰᠠ | ᠨᠡᠯᠢᠶᠡᠳ ᠶᠡᠭᠡ ᠳᠡᠭᠡᠭᠰᠢᠯᠡᠬᠦ ᠣᠷᠣᠨ ᠵᠠᠢ ᠲᠠᠢ ᠪᠠᠶᠢᠨ᠎ᠠ︔ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠮᠥᠨ ᠯᠡ | ᠬᠦᠨᠳᠦ ᠬᠡᠴᠡᠭᠦᠦ ᠪᠠᠶᠢᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠳᠠᠷᠤᠯᠲᠠ ᠮᠥᠨ ᠯᠡ | ᠨᠡᠯᠢᠶᠡᠳ ᠶᠡᠭᠡ ᠪᠠᠶᠢᠨ᠎ᠠ᠃ ᠺᠠᠲᠷ ᠤᠨ ᠰᠤᠷᠲᠠᠯ ᠤᠨ ᠲᠠᠯ᠎ᠠ ᠠᠴᠠ ᠠᠪᠴᠤ ᠦᠵᠡᠪᠡᠯ᠂ ᠠᠵᠢᠯ ᠤᠨ ᠳᠤᠮᠳᠠ | ︽ᠤᠳᠠᠭᠠᠨ᠂ ᠪᠦᠳᠦᠭᠦᠯᠢᠭ᠂ ᠬᠡᠶᠢᠰᠪᠦᠷᠢ︾ ᠠᠰᠠᠭᠤᠳᠠᠯ ᠠᠳᠠᠯᠢ ᠪᠤᠰᠤ ᠬᠡᠮᠵᠢᠶ᠎ᠡ ᠪᠠᠷ ᠣᠷᠣᠰᠢᠵᠤ᠂ ᠴᠥᠭᠡᠨ ᠲᠣᠭᠠᠨ ᠤ | ᠺᠠᠲᠷ ᠤᠨ ᠴᠢᠳᠠᠪᠤᠷᠢ ᠬᠦᠷᠦᠯᠴᠡᠬᠦ ᠦᠭᠡᠢ᠂ ᠰᠡᠳᠬᠢᠴᠡ ᠶᠢᠨ ᠬᠠᠷᠠᠭᠠᠰᠤ ᠥᠷᠭᠡᠨ ᠪᠢᠰᠢ᠂ ᠠᠵᠢᠯ ᠤᠨ ᠰᠤᠷᠲᠠᠯ | ᠦᠨᠡᠨ ᠪᠣᠳᠠᠲᠠᠢ ᠪᠢᠰᠢ᠂ ᠵᠠᠷᠢᠮ ᠠᠷᠭ᠎ᠠ ᠬᠡᠮᠵᠢᠶ᠎ᠡ ᠨᠢ ᠬᠡᠢ ᠬᠤᠭᠤᠰᠤᠨ᠂ ᠨᠠᠶᠢᠳᠠᠪᠤᠷᠢᠵᠢᠭᠤᠯᠤᠭᠳᠠᠵᠤ ᠳᠡᠶᠢᠯᠬᠦ ᠦᠭᠡᠢ᠂ | ᠵᠠᠷᠢᠮ ᠠᠵᠢᠯ ᠨᠢ ᠴᠡᠭᠴᠡᠯᠡᠨ ᠰᠠᠶᠢᠵᠢᠷᠠᠭᠤᠯᠤᠯᠲᠠ ᠳᠤ ᠰᠢᠬᠠᠭᠳᠠᠨ ᠶᠠᠪᠤᠵᠤ᠂ ᠳᠡᠭᠡᠳᠦ ᠱᠠᠲᠤᠨ ᠤ ᠬᠢᠨ ᠳᠤ | ᠲᠦᠯᠬᠢᠭᠳᠡᠨ ᠶᠠᠪᠤᠵᠤ ᠪᠠᠶᠢᠨ᠎ᠠ᠃ ᠡᠭᠦᠨ ᠳᠤ᠂ ᠪᠢᠳᠡ ᠣᠶᠢᠯᠠᠭᠠᠬᠤ ᠰᠡᠳᠬᠢᠬᠦᠢ ᠶᠢ ᠪᠤᠢ ᠪᠣᠯᠭᠠᠵᠤ᠂ ᠬᠦᠴᠦᠨ ᠢᠶᠠᠨ | ᠲᠥᠪᠯᠡᠷᠡᠭᠦᠯᠦᠨ ᠪᠣᠭᠤᠮᠲᠠ ᠰᠢᠪᠲᠤᠯᠤᠨ ᠬᠦᠴᠢᠷ ᠪᠡᠷᠬᠡ ᠶᠢ ᠳᠠᠪᠠᠵᠤ᠂ ᠠᠷᠠᠳ ᠲᠦᠮᠡᠨ ᠤ ᠬᠦᠰᠡᠯ ᠡᠷᠡᠮᠡᠯᠵᠡᠯ ᠢ | ᠶᠠᠭᠠᠬᠢᠭᠰᠠᠨ ᠴᠤ ᠬᠥᠰᠡᠷᠳᠡᠭᠦᠯᠬᠦ ᠦᠭᠡᠢ ᠶᠤᠮ︕ | ᠬᠤᠶᠠᠷ᠂ 2024 ᠣᠨ ᠤ ᠠᠵᠢᠯ ᠤᠨ ᠲᠣᠬᠢᠷᠠᠭᠤᠯᠤᠯᠲᠠ | ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠡᠨᠡ ᠵᠢᠯ ᠤᠨ ᠠᠵᠢᠯ ᠢᠶᠠᠨ | ᠰᠠᠶᠢᠲᠤᠷ ᠬᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ | ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠲᠥᠪ ᠤᠨ ᠠᠵᠤ | ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ | ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠲᠤᠭᠤᠷᠢᠭ ᠤᠨ ᠠᠵᠤ ᠠᠬᠤᠢ ᠶᠢᠨ ᠠᠵᠢᠯ ᠤᠨ | ᠬᠤᠷᠠᠯ᠂ ᠦᠬᠠᠢ ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ | ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠲᠤᠭᠤᠷᠢᠭ ᠤᠨ ᠨᠠᠮ ᠤᠨ | ᠬᠤᠷᠢᠶᠠᠨ ᠤ ᠶᠢᠰᠦᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ | ᠲᠤᠤᠱᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ | ᠨᠠᠮ ᠤᠨ ᠪᠠᠶᠢᠭᠤᠯᠤᠯᠲᠠ ᠪᠠᠷ ᠬᠥᠲᠥᠯᠥᠮᠵᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ︽ᠬᠤᠶᠠᠷ ᠶᠡᠭᠡ ᠶᠠᠪᠤᠳᠠᠯ︾ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠢ ᠶᠢᠨ ᠴᠢᠨᠠᠷ ᠴᠢᠨᠰᠠᠭ᠎ᠠ ᠶᠢ ᠪᠦᠲᠦᠮᠵᠢᠲᠡᠶ ᠳᠡᠭᠡᠭᠰᠢᠯᠡᠭᠦᠯᠬᠦ ᠪᠠ | ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ | ᠨᠡᠭᠡᠭᠡᠵᠦ᠂ ᠳᠤᠮᠳᠠ ᠤᠷᠤᠰᠬᠠᠯ ᠳᠤ ᠣᠷᠣᠬᠤ︾ ᠪᠠ ᠪᠥᠬᠦ ᠬᠤᠲᠠ ᠶᠢᠨ ︽ᠭᠤᠷᠪᠠᠨ ᠥᠨᠳᠥᠷ︾ ᠤ ᠬᠠᠷᠠᠯᠲᠠ ᠶᠢ | ᠪᠡᠶᠡᠯᠡᠭᠦᠯᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠤᠳᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠳᠡᠭ ᠢ 6% ᠣᠷᠴᠢᠮ ᠨᠡᠮᠡᠭᠳᠡᠭᠦᠯᠵᠦ᠂ ᠲᠣᠭᠲᠠᠭᠠᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠳᠡᠭ ᠢ 7% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 5% ᠣᠷᠴᠢᠮ ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ | 5% ᠣᠷᠴᠢᠮ ᠨᠡᠮᠡᠭᠳᠡᠭᠦᠯᠵᠦ᠂ ᠬᠤᠲᠠ ᠪᠠᠯᠭᠠᠰᠤ ᠶᠢᠨ 1000 ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ | ᠣᠯᠭᠤᠵᠤ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠬᠢᠭᠡᠳ ᠠᠵᠤ ᠠᠬᠤᠢ ᠶᠢᠨ ᠨᠡᠮᠡᠭᠳᠡᠯ ᠢ ᠦᠨᠳᠦᠰᠦᠨ | ᠳᠤᠨᠢ ᠠᠳᠠᠯᠢ ᠠᠯᠬᠤᠮ ᠲᠠᠢ ᠪᠠᠶᠢᠯᠭᠠᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠬᠠᠷᠠᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢᠨ ᠱᠠᠭᠠᠷᠳᠠᠯᠭ᠎ᠠ ᠶᠢ ᠪᠡᠶᠡᠯᠡᠭᠦᠯᠬᠦ ᠶᠢᠨ ᠲᠣᠭᠤᠷᠢᠨ ᠳᠤ᠂ ᠡᠷᠬᠡᠪᠰᠢ ᠪᠥᠬᠦ | ᠬᠤᠲᠠ ᠶᠢᠨ ︽ᠨᠢᠭᠡ ᠭᠤᠣᠯ ᠰᠢᠵᠢᠮ ᠢ ᠲᠤᠤᠱᠯᠠᠭᠤᠯᠵᠤ᠂ ᠨᠢᠭᠡ ᠵᠢᠷᠤᠮᠯᠠᠯ ᠢ ᠪᠠᠷᠢᠮᠲᠠᠯᠠᠨ᠂ ᠨᠢᠭᠡ ᠰᠢᠨ᠎ᠡ ᠵᠠᠮ ᠢᠶᠠᠷ | ᠰᠠᠶᠢᠲᠤᠷ ᠵᠠᠮᠨᠠᠵᠤ᠂ ᠬᠤᠶᠠᠷ ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠤᠨ᠂ ︿ᠭᠤᠷᠪᠠᠨ ᠥᠨᠳᠥᠷ﹀ ᠬᠠᠷᠠᠯᠲᠠ ᠶᠢ | ᠪᠡᠶᠡᠯᠡᠭᠦᠯᠬᠦ︾ ᠶᠡᠷᠦᠩᠬᠡᠢ ᠬᠥᠭᠵᠢᠯᠲᠡ ᠶᠢᠨ ᠰᠡᠳᠬᠢᠮᠵᠢ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠤᠲᠠ ᠶᠢᠨ | ᠨᠠᠮ ᠤᠨ ᠬᠤᠷᠢᠶᠠᠨ ᠤ ᠪᠠᠶᠢᠷᠢᠯᠠᠭᠤᠯᠤᠭᠰᠠᠨ ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ ᠪᠠ | ᠲᠤᠭᠤᠷᠢᠭ ᠤᠨ ᠨᠠᠮ ᠤᠨ ᠬᠤᠷᠢᠶᠠᠨ ᠤ ᠵᠢᠷᠭᠤᠭᠠᠨ ᠲᠠᠯ᠎ᠠ ᠶᠢᠨ ᠠᠵᠢᠯ ᠲᠠᠢ ᠨᠢᠭᠲᠠ ᠤᠶᠠᠯᠳᠤᠭᠤᠯᠤᠨ᠂ | ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠵᠦ᠂ ᠡᠷᠡᠮᠡᠬᠡᠶᠢᠯᠡᠨ ᠤᠷᠤᠭᠰᠢᠯᠠᠵᠤ᠂ ᠡᠯ᠎ᠡ ᠵᠦᠢᠯ ᠤᠨ | ᠠᠵᠢᠯ ᠤᠨ ᠡᠮᠦᠨ᠎ᠡ ᠡᠩᠨᠡᠭᠡᠨ ᠳᠤ ᠶᠠᠪᠤᠬᠤ ᠶᠢ ᠲᠦᠯᠬᠢᠨ ᠠᠬᠢᠭᠤᠯᠵᠤ᠂ ᠲᠡᠷᠢᠭᠦᠨ ᠤ ᠬᠢ ᠶᠢ ᠡᠭᠦᠳᠬᠦ ᠪᠠᠷ | ᠴᠢᠷᠮᠠᠶᠢᠬᠤ ᠬᠡᠷᠡᠭᠲᠡᠢ᠃ | ︵ᠨᠢᠭᠡ︶ ᠪᠦᠲᠦᠴᠡ ᠶᠢ ᠲᠣᠬᠢᠷᠠᠭᠤᠯᠬᠤ᠂ ᠬᠥᠳᠡᠯᠭᠡᠬᠦ ᠬᠦᠴᠦᠨ ᠢ ᠨᠡᠮᠡᠭᠳᠡᠭᠦᠯᠬᠦ ᠶᠢ ᠭᠤᠶᠢᠪᠢᠰᠢ ᠦᠭᠡᠢ | ᠪᠠᠷᠢᠮᠲᠠᠯᠠᠵᠤ᠂ ᠠᠵᠤ ᠦᠢᠯᠡᠰ ᠤᠨ ᠲᠡᠰ ᠳᠡᠪᠰᠢᠬᠦ ᠪᠠᠷ ᠬᠡᠯᠪᠡᠷᠢ ᠶᠢ ᠬᠤᠪᠢᠷᠠᠭᠤᠯᠬᠤ ᠶᠠᠰᠤ ᠴᠢᠨᠠᠷ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ | ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠪᠥᠭᠡᠮᠨᠡᠷᠡᠨ ᠬᠥᠭᠵᠢᠬᠦ ᠪᠠᠶᠢᠳᠠᠯ ᠢ ᠪᠦᠬᠦ ᠬᠦᠴᠦᠨ ᠢᠶᠠᠷ ᠢᠶᠠᠨ | ᠲᠦᠯᠬᠢᠨ ᠠᠬᠢᠭᠤᠯᠤᠨ᠎ᠠ᠃ ᠬᠦᠴᠦᠨ ᠢᠶᠠᠨ ᠲᠥᠪᠯᠡᠷᠡᠭᠦᠯᠦᠨ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠬᠤᠶᠠᠷ ᠶᠡᠭᠡ | ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠪᠥᠬᠦ ᠬᠡᠯᠬᠢᠶ᠎ᠡ ᠪᠠᠷ ᠪᠥᠭᠡᠮᠨᠡᠷᠡᠬᠦ᠂ ᠣᠯᠠᠨ ᠬᠡᠯᠬᠢᠶ᠎ᠡ ᠪᠠᠷ | ᠠᠭᠤᠰᠤᠯᠴᠠᠬᠤ ᠶᠢ ᠬᠦᠴᠦᠯᠡᠨ ᠠᠬᠢᠭᠤᠯᠤᠨ᠎ᠠ᠃ ᠨᠡᠭᠦᠷᠡᠰᠦ ᠪᠠᠷ ᠰᠠᠭᠤᠷᠢ ᠪᠣᠯᠭᠠᠭᠰᠠᠨ ᠵᠠᠳᠠᠷᠠᠵᠤ ᠪᠣᠯᠬᠤ | ᠰᠦᠯᠢᠶᠥᠦ ᠶᠢᠨ ᠠᠵᠤ ᠦᠢᠯᠡᠰ ᠤᠨ ᠰᠦᠷᠦᠭᠵᠢᠯ ᠢ ᠴᠢᠩᠭᠠᠳᠬᠠᠵᠤ᠂ ᠵᠢᠶᠦ᠋ᠨ ᠵᠧᠩ ᠤᠨ BDO ᠨᠢᠭᠡᠳᠦᠭᠡᠷ | ᠬᠤᠭᠤᠴᠠᠭᠠᠨ ᠤ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠭᠤᠸᠠᠩ ᠶᠤᠸᠠᠨ ᠤ | ᠵᠠᠳᠠᠷᠠᠭᠤᠯᠵᠤ ᠪᠣᠯᠬᠤ ᠪᠦᠲᠦᠭᠡᠭᠳᠡᠬᠦᠨ᠂ ᠵᠢᠶᠧ ᠲᠧ ᠨᠣᠭᠤᠭᠠᠨ ᠡᠨᠧᠷᠭᠢ ᠵᠡᠷᠭᠡ ᠲᠥᠷᠥᠯ ᠵᠦᠢᠯ ᠢ ᠲᠦᠷᠭᠡᠳᠬᠡᠨ | ᠪᠠᠶᠢᠭᠤᠯᠵᠤ᠂ ᠳ᠋ᠦᠩ ᠵᠢᠩ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠪᠡᠯᠡ | ᠣᠷᠣᠭᠤᠯᠤᠯᠲᠠ ᠵᠡᠷᠭᠡ ᠠᠵᠤ ᠠᠬᠤᠶᠢᠯᠠᠯ ᠤᠨ ᠵᠠᠳᠠᠷᠠᠭᠤᠯᠵᠤ ᠪᠣᠯᠬᠤ ᠮᠠᠲ᠋ᠧᠷᠢᠶᠠᠯ ᠤᠨ ᠠᠵᠤ ᠦᠢᠯᠡᠰ ᠤᠨ | ᠬᠡᠯᠬᠢᠶ᠎ᠡ ᠶᠢ ᠨᠢᠭᠡ ᠴᠣᠭᠴᠠᠵᠢᠭᠤᠯᠬᠤ ᠲᠠᠪᠴᠠᠩ ᠢ ᠬᠠᠮᠲᠤᠪᠠᠷ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ | ᠠᠬᠢᠭᠤᠯᠵᠤ᠂ 2025 ᠣᠨ ᠪᠣᠯᠬᠤ ᠳᠤ ᠦᠢᠯᠡᠳᠬᠦᠨ ᠤ ᠥᠷᠲᠡᠭ ᠢ 200 ᠳ᠋ᠦᠩᠰᠢᠭᠤᠷ ᠲᠥᠭᠦᠷᠢᠭ ᠠᠴᠠ | ᠳᠠᠪᠠᠭᠤᠯᠬᠤ ᠪᠠᠷ ᠴᠢᠷᠮᠠᠶᠢᠵᠤ᠂ 2 ᠡᠷᠦᠬᠡ ᠵᠠᠭᠤᠨ ᠳ᠋ᠦᠩᠰᠢᠭᠤᠷ ᠲᠠᠰ ᠤᠨ ᠠᠵᠤ ᠠᠬᠤᠶᠢᠯᠠᠯ ᠢ ᠪᠣᠶᠢᠵᠢᠭᠤᠯᠤᠨ᠂ | ᠪᠥᠬᠦ ᠤᠯᠤᠰ ᠤᠨ ᠴᠢᠬᠤᠯᠠ ᠨᠥᠯᠥᠭᠡᠯᠡᠬᠦ ᠬᠦᠴᠦᠨ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠪᠠ ᠠᠵᠢᠯ | ᠲᠥᠷᠥᠯ ᠤᠨ ᠦᠭᠡ ᠬᠡᠯᠡᠬᠦ ᠡᠷᠬᠡ ᠲᠠᠢ ᠣᠨᠴᠠᠯᠢᠭᠲᠤ ᠠᠵᠤ ᠦᠢᠯᠡᠰ ᠤᠨ ᠰᠦᠷᠦᠭᠵᠢᠯ ᠢ ᠬᠦᠴᠦᠯᠡᠨ ᠪᠣᠶ ᠪᠣᠯᠭᠠᠨ᠎ᠠ᠃ | ᠣᠷᠭᠠᠨᠢᠭ ᠴᠠᠬᠢᠭᠤᠷ ᠤᠨ ᠪᠦᠷᠢᠨ ᠲᠥᠬᠦᠷ ᠠᠵᠤ ᠦᠢᠯᠡᠰ ᠤᠨ ᠰᠦᠷᠦᠭᠵᠢᠯ ᠢ ᠪᠤᠵᠠᠭᠠᠶᠢᠷᠠᠭᠤᠯᠵᠤ᠂ ᠰᠢᠩ ᠹᠠ | ᠣᠷᠭᠠᠨᠢᠭ ᠴᠠᠬᠢᠭᠤᠷ ᠤᠨ ᠨᠢᠭᠡ ᠴᠣᠭᠴᠠᠵᠢᠭᠤᠯᠬᠤ ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ ᠰᠢᠩ ᠹᠠ ᠠᠵᠤ | ᠦᠢᠯᠡᠳᠪᠦᠷᠢ ᠶᠢᠨ ᠴᠠᠬᠢᠭᠤᠷ ᠤᠨ ᠲᠥᠷᠥᠯ ᠵᠦᠢᠯ ᠢ ᠲᠦᠷᠭᠡᠬᠡᠨ ᠠᠵᠢᠯ ᠡᠬᠢᠯᠡᠭᠦᠯᠦᠨ᠂ ᠾᠧᠩ ᠶᠧ ᠴᠧᠩ | ᠣᠷᠭᠠᠨᠢᠭ ᠴᠠᠬᠢᠭᠤᠷ ᠤᠨ ᠡᠮᠦᠨᠡᠬᠢ ᠬᠤᠭᠤᠴᠠᠭᠠᠨ ᠤ ᠭᠠᠷᠳᠠᠮ ᠢ ᠲᠦᠷᠭᠡᠳᠬᠡᠨ ᠭᠦᠢᠴᠡᠳᠬᠡᠵᠦ᠂ ᠠᠵᠤ | ᠦᠢᠯᠡᠳᠪᠦᠷᠢ ᠶᠢᠨ ᠴᠠᠬᠢᠭᠤᠷ᠂ ᠣᠷᠭᠠᠨᠢᠭ ᠴᠠᠬᠢᠭᠤᠷ ᠤᠨ ᠪᠥᠬᠦ ᠠᠵᠤ ᠦᠢᠯᠡᠰ ᠤᠨ ᠬᠡᠯᠬᠢᠶ᠎ᠡ ᠶᠢ ᠪᠥᠬᠦ ᠲᠠᠯ᠎ᠠ ᠪᠠᠷ | ᠨᠠᠪᠲᠠᠷᠡᠭᠦᠯᠵᠦ᠂ ᠵᠠᠭᠤᠨ ᠲᠦᠮᠡᠨ ᠲᠣᠨ ᠤ ᠲᠠᠰ ᠤᠨ ᠣᠷᠭᠠᠨᠢᠭ ᠴᠠᠬᠢᠭᠤᠷ ᠤᠨ ᠦᠢᠯᠡᠳᠪᠦᠷᠢᠯᠡᠯ ᠤᠨ ᠰᠠᠭᠤᠷᠢᠨ | ᠭᠠᠵᠠᠷ ᠢ ᠬᠦᠴᠦᠯᠡᠨ ᠪᠠᠶᠢᠭᠤᠯᠤᠨ᠎ᠠ᠃ ᠭᠦᠨ ᠳᠡᠭᠡᠳᠦ ᠦᠵᠦᠭᠦᠷ ᠤᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ | ᠠᠵᠤ ᠦᠢᠯᠡᠰ ᠤᠨ ᠬᠡᠯᠬᠢᠶᠡᠵᠢᠯ ᠤᠨ ᠰᠦᠷᠦᠭᠵᠢᠯ ᠢ ᠬᠢᠵᠦ᠂ ᠪᠧᠨ᠋ᠽᠧᠨᠲᠤ ᠾᠢᠳ᠋ᠷᠠᠽᠢᠨ᠂ ᠬᠤᠯᠪᠣᠭᠠᠲᠤ ᠪᠦᠯᠦᠭᠯᠡᠯ ᠤᠨ | ᠬᠤᠶᠠᠳᠤᠭᠠᠷ ᠬᠤᠭᠤᠴᠠᠭ᠎ᠠ ᠵᠡᠷᠭᠡ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ | ᠠᠬᠢᠭᠤᠯᠵᠤ᠂ ᠬᠤᠩ ᠱᠢ ᠯᠢᠲ᠋ᠢ ᠶᠢᠨ ᠳᠠᠪᠤᠰᠤ᠂ ᠶᠢᠩ ᠯᠠᠢ ᠬᠤᠶᠠᠳᠤᠭᠠᠷ ᠬᠤᠭᠤᠴᠠᠭ᠎ᠠ ᠵᠡᠷᠭᠡ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠬᠢᠮᠢ ᠳᠤ ᠲᠣᠬᠢᠷᠠᠬᠤ ᠤᠯᠠᠷᠢᠯ ᠤᠨ ᠫᠧᠨ᠋ᠲ᠋ᠢᠯ ᠳᠥᠷᠪᠡᠴᠢ | ᠠᠯᠺᠣᠣᠯ᠂ ᠺᠠᠢ ᠶᠤᠸᠠᠨ ᠡᠮ ᠡᠮᠨᠡᠯᠭᠡ ᠵᠡᠷᠭᠡ ᠲᠥᠷᠥᠯ ᠵᠦᠢᠯ ᠢ ᠲᠦᠷᠭᠡᠬᠡᠨ ᠠᠵᠢᠯ ᠡᠬᠢᠯᠡᠭᠦᠯᠬᠦ ᠶᠢ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠤ ᠴᠢᠬᠤᠯᠠ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ | ᠪᠥᠭᠡᠮᠨᠡᠷᠡᠯ ᠤᠨ ᠣᠷᠣᠨ ᠢ ᠬᠦᠴᠦᠯᠡᠨ ᠪᠠᠶᠢᠭᠤᠯᠤᠨ᠎ᠠ᠃ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠶᠢᠨ | ᠪᠦᠯᠦᠭᠵᠢᠯ ᠢ ᠰᠢᠯᠢᠳᠡᠭᠵᠢᠭᠦᠯᠵᠦ᠂ ᠭᠤᠸᠠᠩ ᠶᠤᠸᠠᠨ ᠤ ᠴᠠᠬᠢᠭᠤᠷ ᠢᠶᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ | ᠪᠣᠯᠣᠨ 20 ᠲᠦᠮᠡᠨ ᠺᠢᠯᠣᠸᠠᠲ ᠤᠨ ᠡᠨᠧᠷᠭᠢ ᠬᠠᠳᠠᠭᠠᠯᠠᠬᠤ ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ | ᠠᠹᠭᠠᠨᠢᠰᠲ᠋ᠠᠨ ᠤ ᠴᠠᠬᠢᠯᠭᠠᠨ ᠢ ᠦᠺᠷᠠᠶᠢᠨ ᠳᠤ ᠣᠷᠣᠭᠤᠯᠬᠤ ᠠᠩᠬᠠᠨ ᠤ ᠬᠤᠭᠤᠴᠠᠭᠠᠨ ᠤ 200 ᠲᠦᠮᠡᠨ | ᠺᠢᠯᠣᠸᠠᠲ ᠤᠨ ᠣᠷᠣᠨ ᠪᠦᠰᠡ ᠶᠢᠨ ᠬᠠᠮᠲᠤᠷᠠᠯᠴᠠᠭᠠᠨ ᠤ ᠵᠢᠱᠢᠶ᠎ᠡ ᠦᠵᠡᠭᠦᠯᠬᠦ ᠲᠥᠷᠥᠯ ᠵᠦᠢᠯ ᠢ ᠬᠠᠮᠵᠢᠯᠴᠠᠨ | ᠰᠠᠶᠢᠲᠤᠷ ᠠᠳᠬᠤᠵᠤ᠂ ᠦᠽᠪᠥᠺᠰᠲ᠋ᠠᠨ ᠠᠷᠠᠪ ᠤᠨ ᠣᠷᠣᠨ ᠪᠦᠰᠡ ᠠᠯᠤᠰᠯᠠᠭᠰᠠᠨ ᠨᠣᠭᠤᠭᠠᠨ ᠴᠠᠬᠢᠯᠭᠠᠨ ᠢ | ᠬᠦᠷᠭᠡᠬᠦ ᠵᠠᠮ ᠨᠡᠪᠲᠡᠷᠡᠯᠭᠡ ᠶᠢ ᠲᠦᠷᠭᠡᠨ ᠨᠠᠪᠲᠠᠷᠡᠭᠦᠯᠵᠦ᠂ ᠰᠢᠩ ᠹᠠ ᠹᠣᠰᠹᠣᠷ ᠬᠦᠴᠢᠯ ᠤᠨ ᠲᠡᠮᠦᠷ ᠯᠢᠲ᠋ᠢ ᠶᠢᠨ | ᠲᠥᠷᠥᠯ ᠵᠦᠢᠯ ᠢ ᠪᠣᠳᠠᠲᠠᠶᠢᠵᠢᠭᠤᠯᠤᠨ ᠪᠦᠲᠦᠭᠡᠨ ᠪᠠᠶᠢᠭᠤᠯᠵᠤ᠂ ᠵᠢᠶᠦ᠋ᠨ ᠵᠧᠩ᠂ ᠳ᠋ᠦᠩ ᠶᠤᠸᠠᠨ ᠵᠡᠷᠭᠡ ᠠᠵᠤ | ᠠᠬᠤᠶᠢᠯᠠᠯ ᠤᠨ ᠨᠣᠭᠤᠭᠠᠨ ᠴᠠᠬᠢᠯᠭᠠᠨ ᠢ ᠣᠷᠣᠯᠠᠭᠤᠯᠪᠠᠰᠤ ᠵᠣᠬᠢᠬᠤ ᠶᠢ ᠨᠢ ᠪᠦᠬᠦᠨ ᠢ ᠣᠷᠣᠯᠠᠭᠤᠯᠬᠤ᠂ ᠣᠷᠣᠯᠠᠵᠤ | ᠳᠡᠶᠢᠯᠬᠦ ᠶᠢ ᠨᠢ ᠡᠷᠲᠡ ᠣᠷᠣᠯᠠᠭᠤᠯᠬᠤ ᠶᠢ ᠶᠡᠬᠡᠪᠡᠷ ᠠᠬᠢᠭᠤᠯᠵᠤ᠂ ᠪᠣᠬᠢᠷᠲᠤᠯ ᠦᠭᠡᠢ ᠡᠨᠧᠷᠭᠢ ᠶᠢᠨ ᠰᠤᠷᠪᠤᠯᠵᠢ ᠶᠢ | ᠰᠢᠩᠭᠡᠬᠡᠨ ᠠᠪᠬᠤ ᠶᠢ ᠤᠷᠢᠳᠠᠪᠠᠷ ᠬᠡᠷᠡᠭᠵᠢᠭᠦᠯᠬᠦ ᠣᠷᠣᠨ ᠢ ᠬᠦᠴᠦᠯᠡᠨ ᠪᠠᠶᠢᠭᠤᠯᠤᠨ᠎ᠠ᠃ | ᠤᠯᠠᠮᠵᠢᠯᠠᠯᠲᠤ ᠠᠵᠤ ᠦᠢᠯᠡᠰ ᠤᠨ ᠳᠠᠪᠬᠤᠴᠠᠨ ᠲᠠᠰ ᠳᠡᠪᠰᠢᠬᠦ ᠶᠢ ᠪᠥᠬᠦ ᠬᠦᠴᠦᠨ ᠢᠶᠠᠷ ᠠᠬᠢᠭᠤᠯᠤᠨ᠎ᠠ᠃ | ᠤᠷᠢᠳᠠᠪᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠨ᠂ ᠠᠵᠤ ᠦᠢᠯᠡᠰ ᠤᠨ ᠰᠠᠭᠤᠷᠢ ᠶᠢ ᠲᠠᠬᠢᠨ ᠪᠠᠶᠢᠭᠤᠯᠬᠤ | ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠤᠯᠠᠮᠵᠢᠯᠠᠯᠲᠤ ᠠᠵᠤ ᠦᠢᠯᠡᠰ ᠢ ︽ᠰᠢᠨ᠎ᠡ ᠠᠮᠢᠵᠢᠷᠠᠯ ᠤᠨ ᠬᠦᠴᠦᠨ ᠤ | ᠡᠬᠢᠯᠡᠯᠲᠡ ᠲᠠᠢ︾ ᠪᠣᠯᠭᠠᠨ᠎ᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠠᠵᠢᠯ ᠢ | ᠰᠠᠶᠢᠲᠤᠷ ᠠᠳᠬᠤᠵᠤ᠂ ᠶᠢᠨ ᠠᠨ ᠤ ᠠᠭᠤᠷᠬᠠᠢ ᠶᠢᠨ ᠦᠢᠯᠡᠰ ᠤᠨ ᠲᠦᠷᠭᠡᠬᠡᠨ ᠦᠢᠯᠡᠳᠪᠦᠷᠢᠯᠡᠬᠦ ᠶᠢ ᠬᠦᠴᠦᠯᠡᠨ | ᠠᠬᠢᠭᠤᠯᠵᠤ᠂ ᠠᠭᠤᠷᠬᠠᠢ ᠶᠢᠨ ᠣᠷᠣᠨ ᠤ ᠨᠢᠭᠡᠳᠦᠯᠲᠡᠢ ᠲᠥᠯᠥᠪᠵᠢᠭᠦᠯᠬᠦ᠂ ᠵᠠᠯᠭᠠᠯᠳᠤᠭᠤᠯᠤᠨ ᠨᠡᠭᠡᠭᠡᠨ ᠬᠥᠭᠵᠢᠭᠦᠯᠬᠦ᠂ | ᠲᠥᠪᠯᠡᠷᠡᠭᠦᠯᠦᠨ ᠵᠠᠰᠠᠬᠤ ᠶᠢ ᠲᠦᠯᠬᠢᠨ ᠠᠬᠢᠭᠤᠯᠵᠤ᠂ ᠠᠵᠤ ᠠᠬᠤᠢ ᠶᠢᠨ ᠦᠷ᠎ᠡ ᠠᠰᠢᠭ᠂ ᠠᠮᠢ ᠠᠬᠤᠢ ᠶᠢᠨ ᠦᠷ᠎ᠡ | ᠠᠰᠢᠭ᠂ ᠠᠮᠤᠷ ᠲᠦᠪᠰᠢᠨ ᠤ ᠦᠷ᠎ᠡ ᠠᠰᠢᠭ ᠤᠨ ︽ᠣᠯᠠᠨ ᠲᠠᠯ᠎ᠠ ᠪᠠᠷ ᠠᠰᠢᠭ ᠭᠥᠷᠳᠡᠬᠦ︾ ᠶᠢ ᠪᠡᠶᠡᠯᠡᠭᠦᠯᠦᠨ᠎ᠡ᠃ | ᠨᠡᠭᠦᠷᠡᠰᠦ ᠶᠢ ᠤᠬᠢᠶᠠᠵᠤ ᠰᠢᠯᠢᠬᠦ ᠶᠢ ᠡᠭᠴᠡ ᠨᠢᠭᠡ ᠴᠣᠭᠴᠠᠵᠢᠭᠤᠯᠤᠨ ᠡᠮᠬᠢᠯᠡᠨ ᠨᠡᠶᠢᠯᠡᠭᠦᠯᠬᠦ ᠶᠢ ᠪᠣᠳᠠᠲᠠᠶᠢᠵᠢᠭᠤᠯᠵᠤ᠂ | ᠵᠢᠶᠦ᠋ᠨ ᠮᠢᠩ ᠤᠨ ᠨᠡᠭᠦᠷᠡᠰᠦᠨ ᠤ ᠪᠦᠲᠦᠭᠡᠭᠳᠡᠬᠦᠨ ᠤ ᠮᠡᠷᠭᠡᠵᠢᠯ ᠢ ᠥᠭᠡᠷᠡᠴᠢᠯᠡᠨ ᠲᠠᠰ ᠳᠡᠪᠰᠢᠭᠦᠯᠬᠦ ᠶᠢ ᠠᠬᠢᠭᠤᠯᠤᠨ᠂ | ᠸᠠᠨ ᠢ ᠳ᠋ᠡ ᠨᠡᠭᠦᠷᠡᠰᠦᠨ ᠤ ᠶᠡᠷᠦᠩᠬᠡᠶᠢᠯᠡᠭᠰᠡᠨ ᠠᠵᠤ ᠦᠢᠯᠡᠰ ᠤᠨ ᠬᠦᠷᠢᠶᠡᠯᠡᠩ ᠢ ᠲᠦᠷᠭᠡᠳᠬᠡᠨ ᠪᠠᠶᠢᠭᠤᠯᠵᠤ᠂ | ᠭᠤᠸᠠᠩ ᠶᠤᠸᠠᠨ ᠳᠤ ᠬᠡᠷᠡᠭᠯᠡᠬᠦ ᠨᠡᠭᠦᠷᠡᠰᠦᠨ ᠤ ᠶᠡᠷᠦᠩᠬᠡᠶᠢᠯᠡᠭᠰᠡᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠤᠨ | ᠪᠦᠲᠦᠭᠡᠵᠦ᠂ ᠨᠡᠭᠦᠷᠡᠰᠦ ᠶᠢ ᠮᠠᠯᠲᠠᠬᠤ ᠤᠬᠢᠶᠠᠵᠤ ᠰᠢᠯᠢᠬᠦ᠂ ᠬᠠᠳᠠᠭᠠᠯᠠᠵᠤ ᠲᠣᠬᠢᠷᠠᠭᠤᠯᠬᠤ ᠲᠡᠭᠡᠭᠡᠪᠦᠷᠢᠯᠡᠬᠦ ᠪᠥᠬᠦ | ᠶᠠᠪᠤᠴᠠ ᠶᠢ ᠠᠦ᠋ᠲ᠋ᠣᠴᠢᠯᠠᠬᠤ᠂ ᠣᠶᠤᠨᠴᠢᠯᠠᠬᠤ᠂ ᠨᠢᠭᠡ ᠴᠣᠭᠴᠠᠵᠢᠭᠤᠯᠬᠤ ᠶᠢ ᠪᠡᠶᠡᠯᠡᠭᠦᠯᠦᠨ᠎ᠡ᠃ ᠬᠡᠦᠷᠰᠢᠭᠦᠯᠬᠦ ᠶᠢ | ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠵᠤ ᠲᠠᠰ ᠳᠡᠪᠰᠢᠭᠦᠯᠬᠦ ᠶᠢ ᠯᠠᠪᠳᠠᠭᠤᠨ ᠠᠳᠬᠤᠵᠤ᠂ ᠮᠧᠢ ᠹᠠᠩ | ᠬᠡᠦᠷᠰᠢᠭᠦᠯᠬᠦ ᠶᠢ ᠬᠠᠳᠠᠭᠠᠵᠤ ᠬᠡᠦᠷᠰᠢᠭᠦᠯᠬᠦ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠮᠧᠲ᠋ᠢᠯ ᠠᠯᠺᠣᠣᠯ ᠤᠨ | ᠮᠡᠷᠭᠡᠵᠢᠯ ᠤᠨ ᠥᠭᠡᠷᠡᠴᠢᠯᠡᠯᠲᠡ ᠶᠢ ᠲᠠᠰ ᠳᠡᠪᠰᠢᠭᠦᠯᠬᠦ ᠲᠥᠷᠥᠯ ᠵᠦᠢᠯ ᠢ ᠢᠵᠢ ᠪᠦᠷᠢᠳᠦᠭᠦᠯᠦᠨ ᠡᠬᠢᠯᠡᠭᠦᠯᠵᠦ᠂ | ᠵᠢᠶᠦ᠋ᠨ ᠵᠧᠩ ᠤᠨ 300 ᠲᠦᠮᠡᠨ ᠲᠣᠨ ᠤ ᠬᠡᠦᠷᠰᠢᠭᠦᠯᠬᠦ ᠲᠥᠷᠥᠯ ᠵᠦᠢᠯ ᠤᠨ ᠠᠰᠢᠭᠯᠠᠯᠲᠠ ᠳᠤ ᠣᠷᠣᠵᠤ ᠦᠷ᠎ᠡ | ᠪᠦᠲᠦᠮᠵᠢ ᠣᠯᠬᠤ ᠶᠢ ᠠᠬᠢᠭᠤᠯᠤᠨ᠂ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ᠂ ᠡᠷᠭᠢᠯᠲᠡᠲᠦ ᠬᠥᠭᠵᠢᠯᠲᠡ ᠶᠢ | ᠪᠡᠶᠡᠯᠡᠭᠦᠯᠦᠨ᠎ᠡ᠃ | ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠠᠭᠤᠰᠤᠯᠴᠠᠨ ᠬᠠᠮᠲᠤᠪᠠᠷ ᠠᠬᠢᠭᠤᠯᠬᠤ ᠶᠢ ᠪᠥᠬᠦ ᠠᠵᠤ | ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠦᠢᠯᠡᠴᠢᠯᠡᠭᠡᠨ ᠤ ᠦᠢᠯᠡᠰ ᠢ ᠪᠠᠶᠢᠷᠢᠰᠢᠭᠤᠯᠵᠤ᠂ ᠦᠢᠯᠡᠳᠪᠦᠷᠢᠯᠡᠯ ᠤᠨ | ᠴᠢᠨᠠᠷᠲᠠᠢ ᠦᠢᠯᠡᠴᠢᠯᠡᠭᠡᠨ ᠤ ᠦᠢᠯᠡᠰ ᠤᠨ ᠳᠡᠭᠡᠳᠦ ᠲᠠᠰ ᠤᠨ ᠬᠡᠯᠪᠡᠷᠢ ᠪᠠᠨ ᠬᠤᠪᠢᠷᠠᠭᠤᠯᠬᠤ᠂ ᠠᠮᠢᠳᠤᠷᠠᠯ ᠤᠨ | ᠴᠢᠨᠠᠷᠲᠠᠢ ᠦᠢᠯᠡᠴᠢᠯᠡᠭᠡᠨ ᠤ ᠣᠶᠤᠨᠴᠢᠯᠠᠭᠰᠠᠨ ᠡᠳ᠋ ᠪᠠᠷᠠᠭᠠᠨ ᠤ ᠭᠦᠢᠯᠭᠡᠭᠡ ᠶᠢ ᠪᠣᠶᠢᠵᠢᠭᠤᠯᠵᠤ᠂ ᠵᠢᠩ | ᠷᠦ︽5G+ᠤᠶᠤᠨ︾ᠬᠥᠮᠥᠷᠭᠡᠯᠡᠬᠦ ᠡᠳ᠋ ᠪᠠᠷᠠᠭᠠᠨ ᠤ ᠭᠦᠢᠯᠭᠡᠭᠡ᠂ ᠰᠢᠨ ᠴᠢᠶᠣᠤ ᠪᠣᠬᠢᠷᠲᠤᠯ ᠦᠭᠡᠢ ᠡᠳ᠋ ᠪᠠᠷᠠᠭᠠᠨ ᠤ | ᠭᠦᠢᠯᠭᠡᠭᠡ ᠶᠢᠨ ᠡᠨᠧᠷᠭᠢ ᠶᠢᠨ ᠠᠷᠠᠯ ᠪᠣᠯᠣᠨ ᠷᠧᠨ ᠲᠦᠩ ᠱᠧᠩ ᠲᠡᠮᠦᠷ ᠵᠠᠮ ᠤᠨ ᠴᠢᠩᠭᠡᠯᠢᠭ ᠤᠨ ᠡᠳ᠋ ᠪᠠᠷᠠᠭᠠᠨ ᠤ | ᠭᠦᠢᠯᠭᠡᠭᠡᠨ ᠤ ᠬᠦᠷᠢᠶᠡᠯᠡᠩ ᠢ ᠡᠬᠢᠯᠡᠨ ᠬᠡᠷᠡᠭᠵᠢᠭᠦᠯᠵᠦ᠂ ᠱᠧᠩ ᠸᠠᠩ ᠲᠠᠢ ᠠᠶᠤᠯᠲᠠᠢ ᠬᠢᠮᠢ ᠵᠢᠴᠢ ᠡᠩ ᠤᠨ ᠡᠳ᠋ | ᠪᠠᠷᠠᠭᠠᠨ ᠤ ᠭᠦᠢᠯᠭᠡᠭᠡᠨ ᠤ ᠬᠦᠷᠢᠶᠡᠯᠡᠩ ᠢ ᠪᠠᠶᠢᠭᠤᠯᠤᠨ ᠡᠵᠡᠩᠨᠡᠵᠦ᠂ ᠡᠳ᠋ ᠪᠠᠷᠠᠭᠠᠨ ᠤ ᠭᠦᠢᠯᠭᠡᠭᠡᠨ ᠤ ᠦᠢᠯᠡᠰ ᠪᠣᠯᠣᠨ | ᠦᠢᠯᠡᠳᠬᠦ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠃ ᠪᠠᠷᠠᠭᠠᠨ ᠤ ᠭᠦᠢᠯᠭᠡᠭᠡᠨ ᠤ ᠨᠡᠪᠲᠡᠷᠡᠬᠦ ᠵᠠᠮ ᠢ | ᠪᠥᠬᠦ ᠬᠦᠴᠦᠨ ᠢᠶᠠᠷ ᠢᠶᠠᠨ ᠰᠠᠭᠠᠳ ᠦᠭᠡᠢ ᠨᠠᠪᠲᠠᠷᠡᠭᠦᠯᠵᠦ᠂ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠠᠵᠤ | ᠦᠢᠯᠡᠰ ᠤᠨ ᠲᠤᠷᠰᠢᠯᠲᠠ ᠶᠢᠨ ᠴᠡᠭ ᠢ ᠥᠷᠨᠢᠭᠦᠯᠬᠦ ᠪᠠᠷ ᠭᠠᠷᠳᠠᠴᠠ ᠪᠣᠯᠭᠠᠨ᠂ ᠬᠠᠢ ᠢ ᠲᠦᠩ᠂ ᠮᠧᠶ ᠳ᠋ᠥᠸᠧ | ᠳ᠋ᠥᠸᠧ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠲᠠᠪᠴᠠᠩ ᠢ ᠲᠦᠷᠭᠡᠳᠬᠡᠨ ᠪᠠᠶᠢᠭᠤᠯᠵᠤ᠂ ︽ᠵᠠᠰᠠᠮᠠᠯ ᠵᠠᠮ ᠤᠨ | ᠲᠡᠭᠡᠭᠡᠪᠦᠷᠢ ᠠᠴᠠ ᠲᠡᠮᠦᠷ ᠵᠠᠮ ᠤᠨ ᠲᠡᠭᠡᠭᠡᠪᠦᠷᠢ ᠳᠤ ᠰᠢᠯᠵᠢᠭᠦᠯᠬᠦ︾ ︽ᠲᠠᠷᠠᠬᠠᠢ ᠪᠤᠲᠠᠷᠬᠠᠢ ᠪᠠᠶᠢᠭᠰᠠᠨ ᠢ ᠴᠤᠭᠯᠠᠷᠠᠯ | ᠪᠣᠯᠭᠠᠨ ᠥᠭᠡᠷᠡᠴᠢᠯᠡᠬᠦ︾ ᠶᠢ ᠢᠳᠡᠪᠬᠢᠲᠡᠢ ᠪᠠᠷ ᠠᠬᠢᠭᠤᠯᠤᠨ᠂ ᠰᠢᠨ᠎ᠡ ᠡᠨᠧᠷᠭᠢ ᠶᠢᠨ ᠬᠦᠨᠳᠦ ᠺᠠᠷᠲ ᠢ ᠶᠡᠬᠡᠪᠡᠷ | ᠳᠡᠯᠭᠡᠷᠡᠭᠦᠯᠦᠨ ᠬᠡᠷᠡᠭᠯᠡᠵᠦ᠂ ᠪᠣᠬᠢᠷᠲᠤᠯ ᠦᠭᠡᠢ ᠲᠡᠭᠡᠭᠡᠪᠦᠷᠢ ᠶᠢᠨ ᠰᠢᠰᠲ᠋ᠧᠮᠵᠢ ᠶᠢ ᠬᠦᠴᠦᠯᠡᠨ ᠪᠠᠶᠢᠭᠤᠯᠤᠨ᠎ᠠ᠃ | ᠲᠣᠭᠠᠨ ᠤ ᠪᠣᠳᠠᠲᠠᠢ ᠶᠢ ᠠᠭᠤᠰᠤᠯᠴᠠᠭᠤᠯᠬᠤ ᠶᠢ ᠲᠦᠷᠭᠡᠳᠬᠡᠨ ᠠᠬᠢᠭᠤᠯᠵᠤ᠂ ︽ᠡᠭᠦᠯᠡᠨ ᠦᠢᠯᠡᠴᠢᠯᠡᠭᠡ ᠲᠣᠮᠣ | ᠳ᠋ᠠᠶᠢᠲ᠋ᠠ ᠣᠶᠤᠨᠴᠢᠯᠠᠭᠰᠠᠨ ᠥᠭᠡᠷᠡᠴᠢᠯᠡᠯᠲᠡ︾ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠹᠧᠢ ᠱᠢ ᠠᠵᠤ | ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠤᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ | ᠳᠡᠭᠡᠭᠰᠢᠯᠡᠭᠦᠯᠬᠦ ᠶᠢ ᠳᠡᠮᠵᠢᠵᠦ᠂ ᠵᠠᠳᠠᠭᠠᠢ ᠨᠡᠭᠦᠷᠡᠰᠦᠨ ᠠᠭᠤᠷᠬᠠᠢ ᠶᠢᠨ ᠨᠡᠶᠢᠯᠡᠯᠲᠡ ᠶᠢᠨ ᠣᠷᠣᠨ ᠤ ᠣᠶᠤᠨᠴᠢᠯᠠᠭᠰᠠᠨ | ᠪᠦᠲᠦᠭᠡᠨ ᠪᠠᠶᠢᠭᠤᠯᠤᠯᠲᠠ ᠶᠢ ᠨᠡᠶᠢᠳᠡᠮ ᠪᠦᠷᠬᠦᠭᠦᠯᠬᠦ ᠶᠢ ᠠᠬᠢᠭᠤᠯᠵᠤ᠂ ᠨᠢᠭᠡ ᠪᠦᠯᠦᠭ ᠣᠶᠤᠨᠴᠢᠯᠠᠭᠰᠠᠨ | ᠦᠢᠯᠡᠳᠪᠦᠷᠢ᠂ ᠲᠣᠭᠠᠵᠢᠭᠤᠯᠤᠭᠰᠠᠨ ᠦᠢᠯᠡᠳᠪᠦᠷᠢ ᠶᠢᠨ ᠲᠠᠰᠤᠭ ᠢ ᠵᠠᠯᠭᠠᠭ᠎ᠠ ᠪᠠᠷ ᠪᠠᠶᠢᠭᠤᠯᠤᠨ᠎ᠠ᠃ ᠵᠠᠬ᠎ᠠ | ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠤᠨ ︽ᠲᠢᠶᠠᠨ ᠵᠢᠶᠦ᠋ᠨ ᠦᠢᠯᠡᠴᠢᠯᠡᠭᠡᠨ ᠤ ᠲᠥᠯᠥᠪᠯᠡᠭᠡ︾ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠶᠤᠸᠠᠨ ᠬᠤᠩ᠂ ᠳ᠋ᠦᠩ ᠵᠢᠩ ᠤᠨ ᠬᠤᠷᠳᠤᠴᠠ ᠶᠢ ᠳᠡᠭᠡᠭᠰᠢᠯᠡᠭᠦᠯᠦᠨ ᠵᠠᠬ᠎ᠠ ᠳᠡᠯᠭᠡᠭᠦᠷ ᠲᠤ | ᠭᠠᠷᠬᠤ ᠶᠢ ᠭᠤᠣᠯᠳᠠᠯᠭ᠎ᠠ ᠲᠠᠢ ᠲᠡᠳᠬᠦᠨ ᠳᠡᠮᠵᠢᠵᠦ᠂ ᠨᠢᠭᠡ ᠪᠦᠯᠦᠭ ᠴᠢᠨᠠᠷ ᠰᠠᠶᠢᠲᠠᠢ ᠠᠵᠤ ᠠᠬᠤᠶᠢᠯᠠᠯ ᠢ | ᠰᠣᠩᠭᠤᠵᠤ ᠪᠡᠯᠡᠳᠬᠡᠯ ᠬᠥᠮᠥᠷᠭᠡ ᠶᠢᠨ ᠬᠥᠳᠡᠯᠦᠩᠭᠦᠢ ᠬᠠᠮᠢᠶᠠᠷᠤᠯᠲᠠ ᠳᠤ ᠣᠷᠣᠭᠤᠯᠤᠨ᠂ ᠠᠵᠤ ᠠᠬᠤᠶᠢᠯᠠᠯ ᠤᠨ | ᠵᠠᠬ᠎ᠠ ᠳᠡᠯᠭᠡᠭᠦᠷ ᠲᠤ ᠭᠠᠷᠬᠤ ᠱᠠᠲᠤᠯᠢᠭ ᠪᠣᠶᠢᠵᠢᠭᠤᠯᠤᠯᠲᠠ ᠶᠢᠨ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠤᠨ᠎ᠠ᠃ | ᠬᠡᠷᠡᠭᠯᠡᠭᠡ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ︽ᠬᠡᠷᠡᠭᠯᠡᠭᠡ︾ ᠪᠠ | ︽ᠡᠵᠡᠩᠨᠡᠯᠲᠡ ᠶᠢᠨ ᠬᠡᠯᠪᠡᠷᠢ ᠪᠠᠶᠢᠳᠠᠯ︾ ᠤᠨ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠨᠡᠩ ᠤᠯᠠᠨ | ᠤᠷᠤᠰᠬᠠᠯ ᠤᠨ ᠰᠥᠨᠢ ᠶᠢᠨ ᠵᠠᠬ᠎ᠠ ᠳᠡᠯᠭᠡᠭᠦᠷ᠂ ᠪᠡᠯᠡᠳᠬᠡᠯ ᠬᠠᠶᠢᠷᠴᠠᠭ ᠤᠨ ᠴᠤᠭᠯᠠᠭ᠎ᠠ ᠮᠠᠶᠢᠮᠠᠢ ᠵᠡᠷᠭᠡ ᠰᠢᠨ᠎ᠡ | ᠬᠡᠯᠪᠡᠷᠢ ᠶᠢᠨ ᠬᠡᠷᠡᠭᠯᠡᠭᠡᠨ ᠤ ᠲᠠᠯᠠᠪᠤᠷ ᠢ ᠨᠡᠭᠡᠭᠡᠵᠦ᠂ ᠪᠣᠷᠤᠯᠠᠭᠤᠯᠭ᠎ᠠ ᠶᠢ ᠠᠬᠢᠭᠤᠯᠬᠤ ᠪᠠᠶᠠᠷ᠂ ᠠᠮᠲᠠᠲᠤ ᠢᠳᠡᠭᠡᠨ ᠤ | ᠪᠠᠶᠠᠷ ᠵᠡᠷᠭᠡ ᠰᠢᠷᠢᠰ ᠠᠵᠢᠯᠯᠠᠭ᠎ᠠ ᠶᠢ ᠨᠠᠷᠢᠨ ᠨᠢᠮᠪᠠᠢ ᠲᠥᠯᠥᠪᠯᠡᠵᠦ᠂ ᠬᠤᠳᠠ ᠳᠤ ᠨᠡᠩ ᠤᠯᠠᠨ ᠠᠮᠢᠵᠢᠷᠠᠯ ᠤᠨ | ᠬᠦᠴᠦᠨ ᠬᠦᠴᠦᠨ ᠵᠦᠢᠯ ᠢ ᠨᠡᠮᠡᠷᠢᠯᠡᠨ᠎ᠡ᠃ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠦᠷᠭᠦᠯᠵᠢᠯᠡᠨ ᠰᠢᠯᠢᠳᠡᠭᠵᠢᠬᠦ ᠶᠢ ᠪᠥᠬᠦ | ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ ᠲᠦᠷᠦᠯ ᠵᠦᠢᠯ ᠠᠴᠠ ᠬᠥᠳᠡᠯᠭᠡᠬᠦ ᠬᠦᠴᠦᠨ ᠣᠯᠬᠤ᠂ ᠰᠢᠨ᠎ᠡ ᠶᠢ | ᠡᠭᠦᠳᠬᠦ ᠠᠴᠠ ᠠᠮᠢᠵᠢᠷᠠᠯ ᠤᠨ ᠬᠦᠴᠦᠨ ᠣᠯᠬᠤ᠂ ᠣᠷᠴᠢᠨ ᠲᠣᠭᠤᠷᠢᠨ ᠠᠴᠠ ᠥᠷᠢᠰᠦᠯᠳᠦᠬᠦ ᠬᠦᠴᠦᠨ ᠣᠯᠬᠤ ᠶᠢ | ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠬᠤᠲᠣᠭᠤᠷ ᠭᠠᠵᠠᠷ ᠢ ᠬᠦᠴᠦᠯᠡᠨ ᠪᠠᠶᠢᠭᠤᠯᠤᠨ᠎ᠠ᠃ ᠪᠡᠷᠬᠡ | ᠰᠡᠳᠦᠪ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠢᠮᠠᠭᠲᠠ ᠲᠥᠷᠥᠯ ᠵᠦᠢᠯ ᠢ ᠠᠩᠬᠠᠷᠴᠤ᠂ ᠲᠥᠷᠥᠯ ᠵᠦᠢᠯ ᠢ | ᠠᠳᠬᠤᠵᠤ᠂ ᠲᠥᠷᠥᠯ ᠵᠦᠢᠯ ᠢ ᠲᠣᠭᠤᠷᠢᠨ ᠡᠷᠭᠢᠯᠳᠦᠵᠦ᠂ ︽ᠲᠡᠷᠢᠭᠦᠨ ᠳᠤ ᠣᠷᠣᠬᠤ ᠪᠠᠷ ᠴᠢᠷᠮᠠᠶᠢᠵᠦ᠂ ᠮᠥᠷᠥᠶᠢᠴᠡᠬᠦ | ᠲᠡᠮᠡᠴᠡᠬᠦ︾ ᠲᠣᠭᠲᠠᠴᠠ ᠶᠢ ᠭᠦᠨᠵᠡᠭᠡᠢ ᠬᠡᠷᠡᠭᠵᠢᠭᠦᠯᠵᠦ᠂ ᠭᠠᠷᠳᠠᠮ ᠢ ᠭᠦᠢᠴᠡᠳᠬᠡᠵᠦ ᠳᠠᠭᠤᠰᠬᠠᠭᠰᠠᠨ ᠨᠣᠷᠮ᠎ᠠ᠂ | ᠲᠥᠷᠥᠯ ᠵᠦᠢᠯ ᠤᠨ ᠠᠵᠢᠯ ᠡᠬᠢᠯᠡᠭᠦᠯᠦᠭᠰᠡᠨ ᠨᠣᠷᠮ᠎ᠠ᠂ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ ᠶᠢ | ᠬᠠᠷᠠᠭᠠᠯᠠᠨ᠂ ᠪᠥᠬᠦ ᠬᠦᠴᠦᠨ ᠵᠦᠢᠯ ᠢ ᠳᠠᠭᠠᠵᠤ ᠦᠢᠯᠡᠴᠢᠯᠡᠨ᠂ ᠪᠥᠬᠦ ᠦᠶᠡᠯᠡᠯ ᠤᠨ ᠬᠤᠭᠤᠴᠠᠭ᠎ᠠ ᠶᠢ ᠵᠣᠬᠢᠴᠠᠭᠤᠯᠤᠨ | ᠠᠬᠢᠭᠤᠯᠵᠤ᠂ ᠨᠢᠭᠡᠳᠦᠭᠡᠷ ᠤᠯᠠᠷᠢᠯ ᠳᠤ ᠬᠤᠲᠠ ᠶᠢᠨ ᠲᠠᠰ ᠤᠨ ᠭᠤᠣᠯᠳᠠᠯᠭ᠎ᠠ ᠲᠠᠢ ᠲᠥᠷᠥᠯ ᠵᠦᠢᠯ ᠢ ︽ᠬᠠᠪᠤᠷ ᠤᠨ | ᠡᠬᠢᠯᠡᠯᠲᠡ ᠪᠠᠷ ᠠᠵᠢᠯ ᠡᠬᠢᠯᠡᠭᠦᠯᠬᠦ ᠪᠠᠷ ᠴᠢᠷᠮᠠᠶᠢᠵᠤ︾᠂ ᠳᠡᠭᠡᠷ᠎ᠡ ᠬᠠᠭᠠᠰ ᠵᠢᠯ ᠳᠤ ᠲᠤᠭᠤᠷᠢᠭ ᠤᠨ ᠲᠠᠰ ᠤᠨ | ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠡᠬᠢᠯᠡᠭᠦᠯᠦᠭᠰᠡᠨ ᠨᠣᠷᠮ᠎ᠠ ᠶᠢ 80% ᠠᠴᠠ ᠳᠡᠭᠡᠭᠰᠢ ᠳᠤ | ᠬᠦᠷᠦᠭᠦᠯᠵᠦ᠂ ︽ᠲᠡᠷᠢᠭᠦᠨ ᠳᠤ ᠣᠷᠣᠬᠤ ᠪᠠᠷ ᠴᠢᠷᠮᠠᠶᠢᠵᠦ᠂ ᠮᠦᠷᠦᠶᠢᠴᠡᠭᠡᠨ ᠲᠡᠮᠡᠴᠡᠬᠦ︾ ᠣᠨ ᠤ ᠨᠡᠷᠡᠰ ᠤᠨ | ᠵᠢᠭᠰᠠᠭᠠᠯᠲᠠ ᠶᠢ ᠡᠮᠦᠨ᠎ᠡ ᠡᠩᠨᠡᠭᠡᠨ ᠳᠤ ᠪᠠᠶᠢᠯᠭᠠᠨ᠎ᠠ ᠨᠠᠷᠢᠯᠢᠭ ᠣᠨᠣᠴᠠᠲᠠᠢ ᠪᠠᠷ ᠬᠤᠳᠠᠯᠳᠤᠭᠠᠴᠢᠨ ᠢ ᠰᠣᠩᠭᠤᠵᠤ | ᠪᠡᠯᠡ ᠮᠥᠩᠭᠦ ᠶᠢ ᠰᠣᠩᠭᠤᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ | ᠬᠡᠪᠴᠢᠶ᠎ᠡ ᠪᠠᠷ ᠶᠡᠭᠡ᠂ ᠲᠡᠰ ᠲᠤ ᠬᠦᠷᠬᠦ︾ ᠶᠢ ᠬᠠᠷᠠᠭᠠᠯᠠᠨ᠂ ︽ᠠᠵᠤ ᠦᠢᠯᠡᠰ ᠤᠨ ᠬᠡᠯᠬᠢᠶ᠎ᠡ᠂ ᠠᠵᠤ ᠦᠢᠯᠡᠰ ᠤᠨ | ᠪᠥᠭᠡᠮᠨᠡᠷᠡᠯ᠂ ᠠᠵᠤ ᠦᠢᠯᠡᠰ ᠤᠨ ᠢᠵᠢ︾ ᠶᠢ ᠴᠢᠩᠭ᠎ᠠ ᠠᠩᠬᠠᠷᠴᠤ᠂ ᠠᠵᠤ ᠦᠢᠯᠡᠰ ᠤᠨ ᠬᠡᠯᠬᠢᠶ᠎ᠡ ᠶᠢᠨ ᠪᠥᠬᠦ | ᠦᠵᠡᠮᠵᠢ ᠶᠢᠨ ᠵᠢᠷᠤᠭ ᠲᠠᠢ ᠬᠠᠷᠢᠴᠠᠭᠤᠯᠤᠨ᠂ ᠳᠥᠷᠪᠡᠨ ᠶᠡᠭᠡ ᠠᠵᠤ ᠦᠢᠯᠡᠰ ᠤᠨ ᠬᠡᠯᠬᠢᠶ᠎ᠡ ᠶᠢᠨ ᠳᠤᠲᠠᠭᠤᠳᠠᠯ ᠢ | ᠨᠠᠷᠢᠯᠢᠭ ᠣᠨᠣᠴᠠᠲᠠᠢ ᠪᠠᠷ ᠨᠥᠬᠦᠪᠦᠷᠢᠯᠡᠵᠦ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠠᠵᠤ | ᠠᠬᠤᠶᠢᠯᠠᠯ ᠢᠶᠠᠷ ᠠᠵᠤ ᠠᠬᠤᠶᠢᠯᠠᠯ ᠢ ᠣᠷᠣᠭᠤᠯᠬᠤ ᠶᠢ ᠴᠢᠩᠭᠠᠳᠬᠠᠨ᠂ ᠣᠷᠣᠨ ᠪᠦᠰᠡ ᠶᠢᠨ ᠭᠠᠳᠠᠨᠠᠬᠢ ᠠᠵᠤ | ᠠᠬᠤᠶᠢᠯᠠᠯ ᠢ ᠶᠡᠭᠡ ᠪᠠᠷ ᠣᠷᠣᠭᠤᠯᠤᠨ ᠠᠪᠴᠢᠷᠠᠬᠤ ᠪᠠᠷ ᠪᠠᠷᠠᠬᠤ ᠦᠭᠡᠢ ᠪᠠᠰᠠ ᠲᠣᠰ ᠭᠠᠵᠠᠷ ᠣᠷᠣᠨ ᠤ ᠠᠵᠤ | ᠠᠬᠤᠶᠢᠯᠠᠯ ᠢ ᠪᠣᠶᠢᠵᠢᠭᠤᠯᠬᠤ ᠶᠢ ᠴᠢᠬᠤᠯᠠᠴᠢᠯᠠᠵᠤ᠂ ᠠᠵᠤ ᠦᠢᠯᠡᠰ ᠤᠨ ᠲᠣᠣᠷ ᠢ ᠲᠦᠷᠭᠡᠬᠡᠨ ᠲᠠᠲᠠᠵᠤ᠂ ᠨᠡᠬᠡᠵᠦ᠂ | 48 ᠳ᠋ᠣᠩᠰᠢᠭᠤᠷ ᠲᠥᠭᠦᠷᠢᠭ ᠤᠨ ᠪᠣᠳᠠᠲᠠᠢ ᠪᠡᠯᠡ ᠮᠥᠩᠭᠦ ᠶᠢ ᠣᠷᠣᠭᠤᠯᠤᠨ ᠠᠪᠴᠢᠷᠠᠬᠤ ᠪᠠᠷ ᠴᠢᠷᠮᠠᠶᠢᠨ᠎ᠠ᠃ | ᠣᠷᠴᠢᠨ ᠠᠬᠤᠢ ᠶᠢ ᠴᠢᠨᠠᠷ ᠰᠠᠶᠢᠲᠠᠢ ᠪᠥᠭᠡᠳ ᠥᠨᠳᠥᠷ ᠪᠦᠲᠦᠮᠵᠢᠲᠡᠶ ᠪᠠᠷ ᠰᠢᠯᠢᠳᠡᠭᠵᠢᠭᠦᠯᠦᠨ᠎ᠡ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ | ᠭᠦᠨᠵᠡᠭᠡᠢ ᠥᠷᠨᠢᠭᠦᠯᠵᠦ᠂ ︽ᠡᠰᠡᠷᠭᠦ ᠴᠢᠭᠯᠡᠯ ᠢᠶᠠᠷ ᠭᠦᠢᠴᠡᠳᠬᠡᠬᠦ︾ ︽ᠣᠷᠣᠨ ᠪᠦᠰᠡ ᠠᠯᠤᠰᠯᠠᠨ ᠣᠷᠣᠯᠠᠨ | ᠭᠦᠢᠴᠡᠳᠬᠡᠬᠦ ᠪᠠ ᠬᠠᠪᠰᠤᠷᠤᠨ ᠭᠦᠢᠴᠡᠳᠬᠡᠬᠦ︾ ᠶᠢ ᠬᠠᠶᠢᠨ ᠰᠦᠪᠡᠭᠴᠢᠯᠡᠵᠦ᠂ ︽ᠦᠨᠡᠮᠯᠡᠯ ᠠᠴᠠ ᠬᠡᠯᠲᠦᠷᠢᠭᠦᠯᠦᠨ | ᠭᠦᠢᠴᠡᠳᠬᠡᠬᠦ︾ ︽ᠣᠶᠤᠨᠴᠢ ᠪᠠᠷ ᠭᠦᠢᠴᠡᠳᠬᠡᠬᠦ︾ ᠶᠢ ᠬᠡᠷᠡᠭᠵᠢᠭᠦᠯᠦᠨ᠂ ᠨᠢᠭᠡ ᠪᠦᠯᠦᠭ ︽ᠥᠨᠳᠥᠷ ᠦᠷ᠎ᠡ | ᠪᠦᠲᠦᠮᠵᠢ ᠲᠠᠢ ᠪᠠᠷ ᠨᠢᠭᠡ ᠶᠠᠪᠤᠳᠠᠯ ᠢ ᠪᠦᠲᠦᠭᠡᠬᠦ︾ ᠦᠢᠯᠡᠴᠢᠯᠡᠭᠡᠨ ᠤ ᠢᠵᠢ ᠦᠢᠯᠡᠴᠢᠯᠡᠭᠡ ᠶᠢ ᠭᠠᠷᠭᠠᠵᠤ᠂ | ᠬᠠᠮᠤᠭ ᠤᠨ ᠶᠡᠭᠡ ᠴᠢᠷᠮᠠᠶᠢᠯᠭ᠎ᠠ ᠪᠠᠷ ᠦᠢᠯᠡᠴᠢᠯᠡᠭᠡᠨ ᠤ ᠦᠨ᠎ᠡ ᠶᠢ ᠨᠡᠮᠡᠭᠳᠡᠭᠦᠯᠵᠦ᠂ ᠦᠷ᠎ᠡ ᠪᠦᠲᠦᠮᠵᠢ ᠶᠢ ᠳᠠᠬᠢᠨ ᠢᠶᠠᠷ | ᠨᠡᠮᠡᠭᠳᠡᠭᠦᠯᠦᠨ᠎ᠡ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠶᠡᠬᠡᠪᠡᠷ ᠥᠷᠨᠢᠭᠦᠯᠵᠦ᠂ | ︽ᠵᠠᠰᠠᠭ ᠤᠨ ᠣᠷᠳᠣᠨ ᠤ ᠠᠮᠠᠯᠠᠯᠲᠠ + ᠨᠡᠶᠢᠭᠡᠮ ᠤᠨ ᠬᠢᠨᠠᠯᠲᠠ ᠲᠠᠯᠪᠢᠬᠤ + ᠢᠲᠡᠭᠡᠯ ᠠᠯᠳᠠᠭᠰᠠᠳ ᠤᠨ | ᠬᠠᠷᠢᠭᠤᠴᠠᠯᠭ᠎ᠠ ᠬᠡᠯᠡᠯᠴᠡᠬᠦ︾ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠦᠨᠡᠨᠴᠢ ᠢᠲᠡᠭᠡᠮᠵᠢ ᠶᠢᠨ | ᠢᠷᠠᠭᠤ ᠰᠠᠶᠢᠬᠠᠨ ᠨᠡᠷ᠎ᠡ ᠶᠢᠨ ᠬᠠᠭᠤᠳᠠᠰᠤ ᠶᠢ ᠪᠣᠶ ᠪᠣᠯᠭᠠᠨ᠎ᠠ᠃ ᠠᠷᠪᠢᠯᠠᠨ ᠭᠠᠮᠨᠠᠬᠤ ᠠᠴᠠ ᠦᠷ᠎ᠡ ᠠᠰᠢᠭ ᠣᠯᠬᠤ᠂ | ᠡᠷᠴᠢᠮᠵᠢᠭᠦᠯᠬᠦ ᠠᠴᠠ ᠣᠷᠣᠨ ᠵᠠᠢ ᠣᠯᠬᠤ ᠶᠢ ᠪᠠᠷᠢᠮᠲᠠᠯᠠᠵᠤ᠂ ︽ᠲᠠᠪᠤᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ︾ | ᠠᠵᠢᠯᠯᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠡᠨᠧᠷᠭᠢ᠂ ᠤᠰᠤ᠂ ᠭᠠᠵᠠᠷ ᠵᠡᠷᠭᠡ ᠲᠠᠯ᠎ᠠ ᠪᠠᠷ ᠪᠦᠬᠦ ᠲᠠᠯ᠎ᠠ ᠪᠠᠷ | ᠠᠷᠪᠢᠯᠠᠨ ᠭᠠᠮᠨᠠᠬᠤ᠂ ᠵᠦᠷᠢᠶᠡᠴᠢᠯᠡᠨ ᠲᠦᠭᠡᠭᠡᠨ ᠬᠠᠩᠭᠠᠬᠤ ᠶᠢ ᠠᠬᠢᠭᠤᠯᠤᠨ᠎ᠠ᠃ ᠰᠢᠨ᠎ᠡ ᠶᠢ ᠡᠭᠦᠳᠬᠦ ᠬᠥᠳᠡᠯᠭᠡᠭᠴᠢ | ᠡᠨᠧᠷᠭᠢ ᠶᠢ ᠬᠦᠴᠦᠷᠬᠡᠭᠵᠢᠭᠦᠯᠦᠨ ᠰᠢᠯᠢᠳᠡᠭᠵᠢᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ | ᠰᠢᠪᠲᠤᠯᠬᠤ︾ ᠢᠨᠵᠧᠨᠧᠷᠢᠩ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ BDO ᠠᠵᠤ ᠦᠢᠯᠡᠰ ᠤᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠦᠲᠦᠭᠡᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠨ᠂ ᠠᠵᠤ | ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ︽ᠲᠤᠰᠬᠠᠢ ᠨᠠᠷᠢᠯᠢᠭ ᠣᠨᠴᠠ ᠰᠢᠨ᠎ᠡ︾ ︽ᠭᠠᠭᠴᠠ ᠵᠦᠢᠯ ᠤᠨ | ᠮᠠᠩᠯᠠᠢ︾ ᠵᠡᠷᠭᠡ ᠴᠢᠭᠯᠡᠯ ᠢᠶᠠᠷ ᠬᠥᠭᠵᠢᠭᠦᠯᠵᠦ᠂ ᠪᠸᠢᠢᠵᠢᠲ᠂ ᠳᠤᠮᠳᠠᠳᠤ ᠰᠸᠢᠰ ᠵᠡᠷᠭᠡ ᠠᠵᠤ ᠠᠬᠤᠶᠢᠯᠠᠯ ᠤᠨ | ᠥᠪᠡᠷᠲᠡᠭᠡᠨ ᠵᠠᠰᠠᠬᠤ ᠣᠷᠣᠨ ᠤ ᠲᠠᠰ ᠤᠨ ᠰᠤᠳᠤᠯᠤᠨ ᠨᠡᠭᠡᠭᠡᠬᠦ ᠲᠠᠪᠴᠠᠩ ᠢ ᠡᠭᠦᠳᠦᠨ ᠪᠠᠶᠢᠭᠤᠯᠬᠤ ᠶᠢ ᠳᠡᠮᠵᠢᠵᠦ᠂ | ᠨᠡᠷᠡᠨ ᠬᠡᠷᠡᠯᠳᠦ ᠨᠡᠭᠦᠷᠡᠰᠦᠨ ᠡᠳ᠋᠂ ᠢ ᠽᠧ ᠵᠡᠷᠭᠡ ᠠᠵᠤ ᠠᠬᠤᠶᠢᠯᠠᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠢᠶᠠᠷ ᠵᠥᠪᠰᠢᠶᠡᠷᠡᠭᠳᠡᠬᠦ᠂ ᠨᠠᠩ ᠰᠠᠶᠢᠨ ᠡᠨᠧᠷᠭᠢ ᠣᠯᠭᠤᠬᠤ ᠬᠤᠶᠠᠷ ᠶᠡᠭᠡ ᠰᠠᠭᠤᠷᠢᠨ ᠭᠠᠵᠠᠷ ᠤᠨ | ᠬᠥᠭᠵᠢᠯᠲᠡ ᠶᠢ ᠠᠬᠢᠭᠤᠯᠤᠨ᠎ᠠ᠃ | ︵ᠬᠤᠶᠠᠷ︶ ᠳᠤᠲᠠᠭᠤᠳᠠᠯ ᠢ ᠡᠷᠡᠰ ᠭᠤᠶᠢᠪᠢᠰᠢ ᠦᠭᠡᠢ ᠪᠠᠷ ᠨᠥᠬᠦᠪᠦᠷᠢᠯᠡᠵᠦ᠂ ᠶᠠᠰᠤ ᠴᠢᠨᠠᠷ ᠢ ᠴᠢᠩᠭᠠᠳᠬᠠᠨ᠂ | ᠣᠷᠭᠠᠨᠢᠭ ᠢᠶᠠᠷ ᠰᠢᠨᠡᠳᠬᠡᠬᠦ ᠪᠠᠷ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ | ᠬᠤᠳᠠ ᠶᠢᠨ ᠰᠢᠨ᠎ᠡ ᠬᠥᠭᠵᠢᠯᠲᠡ ᠶᠢ ᠦᠷᠭᠦᠯᠵᠢᠯᠡᠨ ᠠᠬᠢᠭᠤᠯᠪᠠ᠃ ᠬᠤᠲᠠ ᠶᠢᠨ ᠰᠢᠨᠡᠴᠢᠯᠡᠯᠲᠡ ᠶᠢᠨ ᠭᠤᠷᠪᠠᠨ | ᠵᠢᠯ ᠤᠨ ᠠᠵᠢᠯᠯᠠᠭ᠎ᠠ ᠶᠢᠨ ᠲᠡᠭᠦᠰᠬᠡᠯ ᠤᠨ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ | ᠴᠢᠳᠠᠮᠵᠢ ᠶᠢᠨ ᠲᠠᠯ᠎ᠠ ᠪᠠᠷ ᠰᠢᠪᠲᠤᠯᠤᠯᠲᠠ ᠭᠠᠷᠭᠠᠵᠤ᠂ ᠣᠨᠴᠠᠯᠢᠭ ᠤᠨ ᠲᠠᠯ᠎ᠠ ᠪᠠᠷ ᠬᠦᠴᠦ ᠣᠷᠣᠭᠤᠯᠬᠤ ᠬᠡᠷᠡᠭᠲᠡᠢ᠃ | ᠣᠷᠣᠨ ᠰᠠᠭᠤᠴᠠ ᠶᠢᠨ ᠣᠷᠴᠢᠨ ᠲᠣᠭᠤᠷᠢᠨ ᠢ ︽ᠰᠠᠶᠢᠵᠢᠷᠠᠭᠤᠯᠵᠤ︾᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠦᠨ᠂ ᠵᠣᠯ ᠵᠢᠷᠭᠠᠯ᠂ ᠠᠷᠠᠳ ᠤᠨ ᠬᠥᠭᠵᠢᠮ ᠵᠡᠷᠭᠡ 7 ᠬᠠᠭᠤᠴᠢᠨ ᠵᠢᠵᠢᠭ | ᠲᠣᠭᠤᠷᠢᠭ ᠤᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠯᠠᠩ ᠹᠧᠩ ᠪᠠ ᠵᠣᠯ ᠵᠢᠷᠭᠠᠯ ᠤᠨ | ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ ᠲᠦᠷᠭᠡᠨ ᠲᠤᠰᠢᠶᠠᠵᠤ᠂ ᠬᠤᠳᠠᠯᠳᠤᠭ᠎ᠠ ᠪᠠ ᠣᠷᠣᠨ ᠰᠠᠭᠤᠴᠠ ᠶᠢ | ᠨᠢᠭᠡ ᠴᠣᠭᠴᠠᠵᠢᠭᠤᠯᠤᠭᠰᠠᠨ ᠶᠡᠭᠡ ᠰᠤᠷᠭᠠᠭᠤᠯᠢ ᠶᠢᠨ ᠨᠠᠷᠠᠲᠤ ᠬᠦᠷᠢᠶᠡᠯᠡᠩ ᠪᠠ ᠾᠧᠩ ᠰᠢ ᠨᠢᠭᠡᠳᠦᠭᠡᠷ | ᠬᠦᠷᠢᠶᠡᠯᠡᠩ ᠤᠨ ᠲᠥᠷᠥᠯ ᠵᠦᠢᠯ ᠢ ᠡᠬᠢᠯᠡᠨ ᠪᠠᠶᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠬᠠᠮᠲᠤ ᠪᠠᠷ | ᠡᠳ᠋ᠯᠡᠬᠦ ᠠᠮᠢᠳᠤᠷᠠᠯ ᠤᠨ ᠣᠷᠣᠨ ᠵᠠᠢ ᠶᠢ ᠪᠣᠶ ᠪᠣᠯᠭᠠᠨ᠎ᠠ᠃ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ | ︽ᠨᠠᠷᠢᠯᠢᠭᠵᠢᠭᠤᠯᠵᠤ︾᠂ ᠠᠳᠠᠯ ᠠᠬᠤᠢ ᠶᠢᠨ ᠦᠢᠯᠡᠴᠢᠯᠡᠭᠡᠨ ᠢ ᠳᠡᠭᠡᠭᠰᠢᠯᠡᠭᠦᠯᠬᠦ᠂ ᠬᠤᠭ ᠨᠣᠪᠰᠢ ᠶᠢ ᠲᠥᠷᠥᠯ | ᠬᠤᠪᠢᠶᠠᠬᠤ ᠠᠵᠢᠯᠯᠠᠭ᠎ᠠ ᠶᠢ ᠶᠡᠬᠡᠪᠡᠷ ᠠᠬᠢᠭᠤᠯᠵᠤ᠂ ᠨᠡᠶᠢᠭᠡᠮ ᠤᠨ ᠬᠥᠷᠥᠩᠭᠡ ᠶᠢᠨ ᠡᠵᠡᠩᠨᠡᠯᠲᠡ ᠶᠢᠨ ᠪᠠᠷᠢᠯᠭ᠎ᠠ ᠶᠢᠨ | ᠬᠤᠭ ᠨᠣᠪᠰᠢ ᠶᠢ ᠶᠡᠷᠦᠩᠬᠡᠶᠢᠯᠡᠨ ᠰᠢᠩᠭᠡᠭᠡᠬᠦ ᠲᠠᠯᠠᠪᠠᠶ ᠶᠢ ᠣᠷᠣᠭᠤᠯᠤᠨ ᠠᠪᠴᠢᠷᠠᠵᠤ᠂ ᠬᠤᠲᠠ ᠶᠢᠨ ᠶᠠᠪᠤᠳᠠᠯ᠂ ᠢᠯᠴᠢ | ᠬᠠᠩᠭᠠᠬᠤ ᠬᠤᠭᠤᠯᠠᠢ ᠶᠢᠨ ᠲᠣᠣᠷ ᠢ ᠥᠭᠡᠷᠡᠴᠢᠯᠡᠬᠦ ᠢᠨᠵᠧᠨᠧᠷᠢᠩ ᠢ ᠡᠬᠢᠯᠡᠨ ᠪᠠᠶᠢᠭᠤᠯᠵᠤ᠂ ᠲᠣᠣᠷᠠᠢ ᠶᠢᠨ ᠵᠠᠮ᠂ | ᠯᠢᠦ ᠶᠢᠨ ᠶᠡᠭᠡ ᠵᠠᠮ ᠵᠡᠷᠭᠡ ᠭᠤᠣᠯ ᠪᠠ ᠳᠡᠳ᠋ ᠭᠤᠣᠯ ᠵᠠᠮ ᠢ ᠰᠢᠨᠡᠳᠬᠡᠨ ᠵᠠᠰᠠᠵᠤ᠂ ᠬᠤᠲᠠ ᠶᠢᠨ ᠴᠡᠪᠡᠷ ᠲᠡᠭᠰᠢ᠂ | ᠡᠮᠬᠢ ᠳᠢᠭᠯᠢᠮ ᠲᠠᠢ ᠪᠠᠶᠢᠬᠤ ᠶᠢ ᠦᠨᠡᠨᠬᠦ ᠪᠠᠲᠤᠯᠠᠨ᠎ᠠ᠃ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ | ︽ᠰᠢᠯᠢᠳᠡᠭᠴᠢᠯᠡᠵᠦ︾᠂ ︽ᠨᠢᠭᠡ ᠮᠥᠴᠡ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ︾ ᠶᠢᠨ ᠦᠢᠯᠡᠴᠢᠯᠡᠭᠡᠨ ᠤ | ᠦᠢᠯᠡᠰ ᠤᠨ ᠬᠡᠯᠪᠡᠷᠢ ᠪᠠᠶᠢᠳᠠᠯ ᠢ ᠦᠷᠭᠦᠯᠵᠢᠯᠡᠨ ᠲᠡᠭᠦᠯᠳᠡᠷᠵᠢᠭᠦᠯᠵᠦ᠂ ᠨᠢᠭᠡ ᠪᠦᠯᠦᠭ ︽ᠨᠢᠭᠡ ᠳᠡᠯᠭᠡᠭᠦᠷ ᠲᠤ ᠣᠯᠠᠨ | ᠴᠢᠳᠠᠪᠤᠷᠢ ᠲᠠᠢ᠂ ᠨᠢᠭᠡ ᠳᠡᠯᠭᠡᠭᠦᠷ ᠲᠤ ᠣᠯᠠᠨ ᠬᠡᠷᠡᠭᠴᠡᠭᠡ ᠲᠠᠢ︾ ᠨᠡᠶᠢᠭᠡᠮ ᠲᠣᠭᠤᠷᠢᠭ ᠤᠨ ᠲᠡᠭᠦᠰ ᠴᠢᠳᠠᠪᠤᠷᠢᠲᠤ | ᠳᠡᠯᠭᠡᠭᠦᠷ ᠢ ᠵᠦᠢ ᠵᠣᠬᠢᠰᠲᠠᠢ ᠰᠢᠭᠢᠳᠬᠡᠨ ᠣᠷᠣᠭᠤᠯᠵᠤ᠂ ᠴᠠᠬᠢᠯᠭᠠᠨ ᠴᠡᠨᠡᠭᠯᠡᠬᠦ ᠱᠣᠩ᠂ ᠲᠡᠷᠭᠡ ᠵᠣᠭᠰᠣᠬᠤ ᠪᠠᠶᠢᠷᠢ | ᠵᠡᠷᠭᠡ ᠪᠡᠯᠡᠳᠬᠡᠮᠵᠢ ᠶᠢᠨ ᠳᠤᠲᠠᠭᠤᠳᠠᠯ ᠢ ᠲᠦᠷᠭᠡᠳᠬᠡᠨ ᠨᠥᠬᠦᠪᠦᠷᠢᠯᠡᠵᠦ᠂ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠲᠥᠪ ᠤᠨ ᠳᠠᠭᠠᠯᠲᠠ ᠣᠷᠳᠣᠨ ᠢ ᠪᠠᠶᠢᠭᠤᠯᠤᠨ ᠳᠠᠭᠤᠰᠬᠠᠵᠤ᠂ ᠬᠤᠲᠠ ᠶᠢᠨ ᠡᠷᠡᠭᠦᠯ ᠮᠡᠨᠳᠦ ᠶᠢᠨ | ᠦᠵᠡᠮᠵᠢ ᠶᠢᠨ ᠵᠠᠮ ᠢ ᠥᠨᠳᠥᠷ ᠪᠠᠷᠢᠮᠵᠢᠶ᠎ᠠ ᠪᠠᠷ ᠪᠣᠶ ᠪᠣᠯᠭᠠᠵᠤ᠂ ᠴᠢᠨᠠᠷ ᠰᠠᠶᠢᠲᠠᠢ ᠠᠮᠢᠳᠤᠷᠠᠯ ᠤᠨ ᠬᠦᠷᠢᠶ᠎ᠡ | ᠬᠡᠪᠴᠢᠶ᠎ᠡ ᠶᠢ ᠤᠯᠠᠮ ᠠᠴᠠ ᠤᠯᠠᠮ ᠥᠷᠭᠡᠳᠬᠡᠬᠦ ᠶᠢ ᠠᠬᠢᠭᠤᠯᠤᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ︽ᠪᠥᠬᠦ ᠴᠠᠷᠠᠭ᠎ᠠ ᠪᠥᠬᠦ ᠤᠯᠠᠷᠢᠯ ᠤᠨ ᠪᠦᠷᠢᠨ | ᠡᠵᠡᠩᠨᠡᠯᠲᠡ ᠶᠢᠨ ᠬᠡᠯᠪᠡᠷᠢ ᠪᠠᠶᠢᠳᠠᠯ︾ ᠤᠨ ᠲᠠᠷᠢᠶᠠᠯᠠᠩ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ | ᠣᠨᠣᠯᠵᠢᠬᠤᠨ ᠢ ᠳᠣᠪᠤᠶᠢᠯᠭᠠᠵᠤ᠂ ᠤᠯᠠᠭᠠᠨᠨᠠᠭᠤᠷ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠲᠣᠭᠤᠷᠢᠭ ᠢ ᠪᠥᠬᠦ | ᠲᠠᠯ᠎ᠠ ᠪᠠᠷ ᠲᠥᠯᠥᠪᠯᠡᠨ ᠠᠯᠬᠤᠮ ᠬᠤᠪᠢᠶᠠᠨ ᠪᠣᠶ ᠪᠣᠯᠭᠠᠵᠤ᠂ ︽ᠡᠯᠡᠰᠦᠨ ᠴᠥᠯ ᠨᠠᠭᠤᠷ ᠪᠠᠯᠭᠠᠰᠤ︾ ᠶᠢᠨ ᠨᠠᠷᠠᠲᠤ | ᠲᠡᠮᠳᠡᠭᠲᠦ ᠶᠢ ᠬᠦᠴᠦᠯᠡᠨ ᠪᠣᠶ ᠪᠣᠯᠭᠠᠨ᠎ᠠ᠃ ᠲᠠᠷᠢᠶᠠᠯᠠᠩ ᠵᠢᠭᠤᠯᠴᠢᠯᠠᠯ ᠢ ᠠᠭᠤᠰᠤᠯᠴᠠᠭᠤᠯᠤᠨ ︽ᠲᠣᠭᠤᠷᠢᠭ ᠠᠴᠠ | ᠭᠠᠷᠭᠠᠬᠤ︾ ᠶᠢ ᠠᠬᠢᠭᠤᠯᠵᠤ᠂ ᠠᠷᠠᠳ ᠤᠨ ᠵᠠᠩ ᠦᠶᠯᠡ ᠶᠢᠨ ᠣᠨᠴᠠᠯᠢᠭᠲᠤ ᠰᠤᠳᠤᠯᠤᠨ ᠰᠤᠷᠤᠯᠴᠠᠬᠤ᠂ ᠰᠡᠯᠡᠭᠦᠴᠡᠯ | ᠵᠤᠭ᠎ᠠ ᠴᠡᠩᠭᠡᠯ ᠢ ᠪᠡᠶᠡᠴᠢᠯᠡᠨ ᠣᠶᠢᠯᠠᠭᠠᠬᠤ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠦᠷᠭᠡᠳᠬᠡᠨ | ᠪᠠᠶᠢᠷᠢᠰᠢᠭᠤᠯᠵᠤ᠂ ᠵᠢᠠᠥᠨᠢ ᠰᠤᠳᠤᠯᠤᠨ ᠰᠤᠷᠤᠯᠴᠠᠬᠤ ᠰᠠᠭᠤᠷᠢᠨ ᠭᠠᠵᠠᠷ᠂ ᠤᠯᠠᠭᠠᠨ ᠨᠠᠭᠤᠷ ᠤᠨ ᠤᠰᠤᠨ | ᠠᠶᠠᠯᠭᠤ ᠶᠢᠨ ᠵᠢᠭᠤᠯᠴᠢᠯᠠᠯ ᠠᠮᠠᠷᠠᠯᠲᠠ ᠶᠢᠨ ᠣᠷᠣᠨ ᠢ ᠪᠠᠶᠢᠭᠤᠯᠤᠨ ᠳᠠᠭᠤᠰᠬᠠᠵᠤ᠂ ᠵᠢᠮᠢᠰ ᠢᠳᠡᠰᠢᠨ ᠨᠣᠭᠤᠭᠠᠨ ᠤ | ᠰᠠᠭᠤᠷᠢᠨ ᠭᠠᠵᠠᠷ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠡᠯᠡᠰᠦᠨ | ᠴᠥᠯ ᠤᠨ ᠬᠡᠭᠡᠷ᠎ᠡ ᠶᠢᠨ ᠰᠠᠭᠤᠷᠢᠨ ᠭᠠᠵᠠᠷ᠂ ᠳᠥᠷᠪᠡᠨ ᠤᠯᠠᠷᠢᠯ ᠤᠨ ᠴᠠᠰᠤᠨ ᠳᠤ ᠭᠤᠯᠭᠤᠬᠤ ᠲᠠᠯᠠᠪᠠᠶ ᠶᠢ | ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠡᠯᠡᠰᠦᠨ ᠴᠥᠯ ᠤᠨ ᠠᠭᠤᠯᠠᠨ ᠣᠷᠴᠢᠨ᠂ ᠴᠢᠪᠠᠭ᠎ᠠ ᠶᠢᠨ ᠮᠣᠳᠣᠨ ᠤ | ᠳᠣᠣᠷ᠎ᠠ ᠵᠡᠷᠭᠡ ︽ᠰᠦᠯᠵᠢᠶᠡᠨ ᠣᠳᠤ︾ ᠶᠢᠨ ᠲᠥᠷᠥᠯ ᠵᠦᠢᠯ ᠢ ︽ᠦᠨᠡᠨ ᠪᠣᠳᠠᠲᠠᠢ︾ ᠪᠣᠯᠭᠠᠨ ᠬᠤᠪᠢᠷᠠᠭᠤᠯᠬᠤ ᠶᠢ | ᠶᠡᠬᠡᠪᠡᠷ ᠲᠠᠨᠢᠯᠴᠠᠭᠤᠯᠬᠤ ᠬᠡᠷᠡᠭᠲᠡᠢ᠃ ᠠᠵᠤ ᠦᠢᠯᠡᠰ ᠤᠨ ᠬᠥᠭᠵᠢᠯᠲᠡ ᠶᠢᠨ ︽ᠬᠡᠷᠡᠯ ᠭᠢᠯᠪᠠᠭ᠎ᠠ ᠭᠠᠷᠭᠠᠬᠤ︾ ᠶᠢ | ᠠᠬᠢᠭᠤᠯᠵᠤ᠂ ᠰᠢᠨ᠎ᠡ ᠡᠭᠦᠯᠳᠡᠷ ᠤᠨ ᠲᠤᠷᠰᠢᠯᠲᠠ ᠶᠢᠨ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠵᠤ᠂ 6000 ᠮᠦ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠥᠬᠦ | ᠣᠷᠣᠨ ᠪᠦᠰᠡ ᠶᠢᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠪᠦᠬᠦᠨ ᠢ ᠶᠠᠰᠤ ᠴᠢᠨᠠᠷ ᠢ ᠳᠡᠭᠡᠭᠰᠢᠯᠡᠭᠦᠯᠦᠨ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠥᠭᠡᠷᠡᠴᠢᠯᠡᠬᠦ ᠪᠠᠷ ᠴᠢᠷᠮᠠᠶᠢᠨ᠎ᠠ᠃ ᠬᠦᠴᠦᠨ ᠢᠶᠠᠨ ᠲᠥᠪᠯᠡᠷᠡᠭᠦᠯᠦᠨ | ᠭᠤᠸ᠎ᠠ ᠰᠠᠶᠢᠬᠠᠨ ᠬᠥᠳᠡᠭᠡ ᠲᠣᠰᠬᠤᠨ ᠳᠤ ︽ᠰᠢᠨ᠎ᠡ ᠶᠢ ᠡᠭᠦᠳᠬᠦ︾ ᠠᠵᠢᠯ ᠢ ᠰᠠᠶᠢᠲᠤᠷ ᠬᠢᠵᠦ᠂ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠣᠷᠣᠨ ᠬᠤᠪᠢᠶᠠᠨ | ᠲᠥᠷᠥᠯ ᠬᠤᠪᠢᠶᠠᠨ ᠠᠬᠢᠭᠤᠯᠵᠤ᠂ ᠰᠢᠨ᠎ᠡ ᠰᠣᠷᠭᠤᠭ ᠠᠮᠲᠠᠲᠠᠢ ᠵᠠᠬ᠎ᠠ ᠳᠡᠯᠭᠡᠭᠦᠷ ᠢ ᠲᠠᠰ ᠳᠡᠪᠰᠢᠭᠦᠯᠦᠨ ᠥᠷᠭᠡᠳᠬᠡᠵᠦ᠂ | ᠠᠮᠢ ᠠᠬᠤᠢ ᠶᠢᠨ ᠦᠵᠡᠮᠵᠢ ᠰᠣᠨᠢᠷᠬᠠᠬᠤ ᠵᠢᠭᠠᠰᠤ ᠭᠥᠬᠢᠳᠡᠬᠦ ᠲᠥᠪ ᠢ ᠪᠠᠶᠢᠭᠤᠯᠵᠤ᠂ ᠭᠤᠸ᠎ᠠ ᠰᠠᠶᠢᠬᠠᠨ ᠬᠥᠳᠡᠭᠡ | ᠲᠣᠰᠬᠤᠨ ᠤ ᠵᠢᠱᠢᠶ᠎ᠡ ᠦᠵᠡᠭᠦᠯᠬᠦ ᠵᠠᠭᠪᠤᠷ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ | ᠬᠦᠷᠢᠶᠡᠯᠡᠩ ᠲᠣᠭᠤᠷᠢᠭ ᠤᠨ ᠴᠢᠳᠠᠮᠵᠢ ᠶᠢ ᠥᠷᠭᠡᠳᠬᠡᠬᠦ ᠶᠢ ᠯᠠᠪᠳᠠᠭᠤᠨ ᠢᠶᠠᠷ ᠡᠷᠴᠢᠮᠵᠢᠭᠦᠯᠦᠨ | ᠲᠥᠪᠯᠡᠷᠡᠭᠦᠯᠦᠨ ᠬᠥᠭᠵᠢᠭᠦᠯᠬᠦ ᠶᠢ ᠪᠠᠷᠢᠮᠲᠠᠯᠠᠵᠤ᠂ ᠲᠠᠪᠴᠠᠩ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠳᠦᠷᠢ ᠲᠥᠷᠬᠦ ᠶᠢ | ᠳᠡᠭᠡᠭᠰᠢᠯᠡᠭᠦᠯᠬᠦ᠂ ᠦᠢᠯᠡᠴᠢᠯᠡᠭᠡᠨ ᠤ ᠰᠢᠯᠢᠳᠡᠭ ᠢ ᠳᠡᠭᠡᠭᠰᠢᠯᠡᠭᠦᠯᠬᠦ ᠲᠠᠯ᠎ᠠ ᠪᠠᠷ ᠪᠣᠭᠤᠮᠲᠠ ᠰᠢᠪᠲᠤᠯᠤᠨ ᠬᠦᠴᠦᠯᠡᠵᠦ᠂ | ᠠᠵᠤ ᠦᠢᠯᠡᠰ ᠤᠨ ᠬᠦᠷᠢᠶᠡᠯᠡᠩ ᠢ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ D ᠲᠠᠰ ᠤᠨ | ᠪᠠᠷᠢᠮᠵᠢᠶ᠎ᠠ ᠳᠠᠰᠢ ᠳᠡᠭᠡᠭᠰᠢᠯᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠲᠠᠪᠴᠠᠩ ᠤᠨ ᠶᠠᠰᠤ ᠴᠢᠨᠠᠷ ᠢ | ᠳᠡᠭᠡᠭᠰᠢᠯᠡᠭᠦᠯᠬᠦ ᠶᠢ ᠬᠦᠴᠦᠯᠡᠨ ᠠᠬᠢᠭᠤᠯᠵᠤ᠂ ᠰᠢᠨ᠎ᠡ ᠮᠠᠲ᠋ᠧᠷᠢᠶᠠᠯ ᠲᠣᠨᠤᠭ ᠲᠥᠬᠦᠭᠡᠷᠦᠮᠵᠢ ᠦᠢᠯᠡᠳᠬᠦ ᠠᠵᠤ | ᠦᠢᠯᠡᠰ ᠤᠨ ᠬᠦᠷᠢᠶᠡᠯᠡᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠪᠠᠶᠢᠭᠠᠯᠢ ᠶᠢᠨ ᠰᠢᠲᠠᠮᠠᠬᠠᠢ ᠬᠡᠢ ᠶᠢᠨ | ᠬᠡᠷᠴᠢᠨ ᠥᠭᠡᠷᠡᠴᠢᠯᠡᠬᠦ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠦᠷᠲ ᠭᠤᠤ ᠶᠢᠨ ᠡᠮᠦᠨ᠎ᠡ ᠵᠠᠮ ᠪᠠ ᠳ᠋ᠦᠩ | ᠶᠤᠸᠠᠨ ᠶᠡᠭᠡ ᠵᠠᠮ ᠢ ᠨᠡᠪᠲᠡᠷᠡᠭᠦᠯᠦᠨ᠂ ᠴᠠᠬᠢᠯᠭᠠᠨ ᠬᠦᠴᠦᠨ ᠤ ᠬᠤᠭᠤᠷᠣᠨᠳᠣᠬᠢ ᠵᠠᠢ ᠶᠢ ᠴᠡᠪᠡᠷᠯᠡᠬᠦ᠂ ᠬᠦᠴᠦᠳᠡᠯ | ᠥᠭᠡᠷᠡᠴᠢᠯᠡᠬᠦ ᠥᠷᠲᠡᠭᠡ ᠶᠢ ᠪᠠᠶᠢᠷᠢᠰᠢᠭᠤᠯᠬᠤ ᠵᠡᠷᠭᠡ ᠦᠢᠯᠡᠳᠪᠦᠷᠢᠯᠡᠯ ᠤᠨ ᠬᠦᠴᠦᠨ ᠵᠦᠢᠯ ᠢ ᠰᠢᠯᠵᠢᠭᠦᠯᠦᠨ | ᠰᠢᠯᠢᠳᠡᠭᠵᠢᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠳᠣᠣᠷ᠎ᠠ ᠠᠰᠢᠭᠯᠠᠮᠵᠢ ᠲᠠᠢ ᠭᠠᠵᠠᠷ | ᠣᠷᠣᠨ ᠤ ᠲᠥᠷᠥᠯ ᠵᠦᠢᠯ ᠢ ᠴᠡᠭᠴᠡᠯᠡᠨ ᠰᠠᠶᠢᠵᠢᠷᠠᠭᠤᠯᠬᠤ ᠶᠢ ᠶᠡᠬᠡᠪᠡᠷ ᠥᠷᠨᠢᠭᠦᠯᠵᠦ᠂ ᠴᠢᠨᠠᠷ ᠰᠠᠶᠢᠲᠠᠢ | ᠬᠥᠭᠵᠢᠯᠲᠡ ᠶᠢᠨ ︽ᠬᠠᠲᠠᠭᠤ︾ ᠣᠷᠴᠢᠨ ᠲᠣᠭᠤᠷᠢᠨ ᠢ ᠦᠷᠭᠦᠯᠵᠢᠯᠡᠨ ᠪᠣᠶ ᠪᠣᠯᠭᠠᠨ᠎ᠠ᠃ ᠳᠦᠷᠢ ᠲᠥᠷᠬᠦ ᠶᠢᠨ | ᠳᠡᠭᠡᠭᠰᠢᠯᠡᠯᠲᠡ ᠶᠢ ᠬᠦᠴᠦᠯᠡᠨ ᠠᠬᠢᠭᠤᠯᠵᠤ᠂ ᠠᠵᠤ ᠦᠢᠯᠡᠰ ᠤᠨ ᠬᠦᠷᠢᠶᠡᠯᠡᠩ ᠤᠨ ︽ᠰᠢᠨ᠎ᠡ ᠪᠠᠷ ᠶᠠᠰᠤ ᠴᠢᠨᠠᠷ ᠢ | ᠳᠡᠭᠡᠭᠰᠢᠯᠡᠭᠦᠯᠬᠦ︾ ᠶᠢ ᠭᠦᠨᠵᠡᠭᠡᠢ ᠠᠬᠢᠭᠤᠯᠵᠤ᠂ ᠬᠦᠷᠢᠶᠡᠯᠡᠩ ᠲᠣᠭᠤᠷᠢᠭ ᠤᠨ ᠬᠥᠲᠥᠴᠢ ᠲᠧᠯᠸᠢᠰ ᠤᠨ ᠰᠢᠰᠲ᠋ᠧᠮ ᠤᠨ | ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠬᠦᠷᠢᠶᠡᠯᠡᠩ ᠲᠣᠭᠤᠷᠢᠭ ᠤᠨ ᠪᠦᠷᠢᠨ ᠪᠢᠲᠡᠭᠦᠮᠵᠢᠯᠡᠭᠰᠡᠨ ᠬᠠᠮᠢᠶᠠᠷᠤᠯᠲᠠ ᠶᠢ | ᠲᠦᠷᠭᠡᠳᠬᠡᠨ᠂ ᠰᠢᠩ ᠹᠠ᠂ ᠶᠤᠸᠠᠨ ᠬᠤᠩ ᠵᠡᠷᠭᠡ ᠠᠵᠤ ᠠᠬᠤᠶᠢᠯᠠᠯ ᠤᠨ ᠪᠣᠬᠢᠷᠲᠤᠯ ᠦᠭᠡᠢ ᠦᠢᠯᠡᠳᠪᠦᠷᠢ | ᠪᠠᠶᠢᠭᠤᠯᠬᠤ ᠶᠢ ᠠᠬᠢᠭᠤᠯᠵᠤ᠂ 8 ᠪᠢᠴᠢᠯ ᠦᠵᠡᠮᠵᠢ ᠶᠢ ᠰᠢᠨ᠎ᠡ ᠪᠠᠷ ᠪᠠᠶᠢᠭᠤᠯᠵᠤ᠂ ᠬᠦᠷᠢᠶᠡᠯᠡᠩ ᠳᠠᠭᠠᠤ ᠨᠣᠭᠤᠭᠠᠷᠠᠬᠤ᠂ | ᠠᠵᠤ ᠠᠬᠤᠶᠢᠯᠠᠯ ᠳᠤ ᠣᠷᠣᠵᠤ ᠦᠵᠡᠮᠵᠢ ᠶᠢ ᠦᠵᠡᠬᠦ ᠶᠢ ᠪᠡᠶᠡᠯᠡᠭᠦᠯᠦᠨ᠎ᠡ᠃ ᠦᠢᠯᠡᠴᠢᠯᠡᠭᠡᠨ ᠤ ᠰᠢᠯᠢᠳᠡᠭ ᠢ | ᠳᠡᠭᠡᠭᠰᠢᠯᠡᠭᠦᠯᠬᠦ ᠶᠢ ᠬᠦᠴᠦᠯᠡᠨ ᠠᠬᠢᠭᠤᠯᠵᠤ᠂ ︽ᠮᠦ ᠪᠦᠷᠢ ᠶᠢᠨ ᠤᠨᠠᠯᠲᠠ ᠪᠠᠷ ᠪᠠᠭᠠᠲᠤᠷ ᠢ ᠦᠨᠡᠯᠡᠬᠦ︾ | ᠤᠳᠤᠷᠢᠳᠤᠮᠵᠢ ᠶᠢ ᠪᠠᠲᠤᠳᠬᠠᠵᠤ᠂ ᠪᠡᠯᠡ ᠣᠷᠣᠭᠤᠯᠤᠯᠲᠠ ᠶᠢᠨ ᠬᠦᠴᠦᠯᠡᠴᠡ᠂ ᠪᠠᠭᠲᠠᠭᠠᠮᠵᠢ ᠶᠢᠨ ᠨᠤᠷᠮ᠎ᠠ᠂ ᠮᠦ | ᠪᠦᠷᠢ ᠶᠢᠨ ᠳᠤᠮᠳᠠᠴᠢ ᠭᠠᠶᠢᠯᠢ ᠶᠢᠨ ᠣᠷᠣᠯᠭ᠎ᠠ ᠶᠢ ᠬᠢᠨᠠᠨ ᠰᠢᠯᠭᠠᠵᠤ ᠦᠨᠡᠯᠡᠬᠦ ᠶᠢ ᠲᠤᠪᠤᠶᠢᠯᠭᠠᠵᠤ᠂ ᠠᠵᠤ | ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢᠨ ᠪᠦᠬᠦ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢ ᠪᠦᠬᠦ | ᠲᠠᠯ᠎ᠠ ᠪᠠᠷ ᠬᠡᠷᠡᠭᠵᠢᠭᠦᠯᠦᠨ᠎ᠡ︔ ᠡᠶᠡᠷᠭᠦ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ | ᠴᠡᠭᠴᠡᠯᠡᠨ ᠴᠡᠪᠡᠷᠯᠡᠵᠦ᠂ ︽ᠦᠢᠯᠡᠴᠢᠯᠡᠭᠡ + ᠬᠢᠨᠠᠨ ᠬᠠᠮᠢᠶᠠᠷᠤᠯᠲᠠ︾ ᠶᠢᠨ ᠣᠶᠤᠨᠲᠤ ᠬᠦᠷᠢᠶᠡᠯᠡᠩ ᠲᠣᠭᠤᠷᠢᠭ ᠤᠨ | ᠲᠠᠪᠴᠠᠩ ᠢ ᠲᠦᠷᠭᠡᠳᠬᠡᠨ ᠪᠠᠶᠢᠭᠤᠯᠵᠤ᠂ ᠠᠵᠤ ᠠᠬᠤᠶᠢᠯᠠᠯ ᠳᠤ ᠬᠤᠯᠪᠣᠭᠳᠠᠬᠤ ᠨᠡᠩ ᠤᠯᠠᠨ ᠬᠡᠷᠡᠭ ᠶᠠᠪᠤᠳᠠᠯ ᠢ | ︽ᠬᠦᠷᠢᠶᠡᠯᠡᠩ ᠲᠣᠭᠤᠷᠢᠭ ᠤᠨ ᠬᠡᠷᠡᠭ ᠶᠠᠪᠤᠳᠠᠯ ᠢ ᠬᠦᠷᠢᠶᠡᠯᠡᠩ ᠲᠣᠭᠤᠷᠢᠭ ᠤᠨ ᠠᠯᠪᠠᠨ ᠭᠡᠷ︾ ᠢ ᠪᠡᠶᠡᠯᠡᠭᠦᠯᠬᠦ ᠶᠢ | ᠠᠬᠢᠭᠤᠯᠵᠤ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ᠃ | ︵ᠭᠤᠷᠪᠠ︶ᠭᠤᠣᠯᠳᠠᠯᠭ᠎ᠠ ᠶᠢ ᠡᠷᠡᠰ ᠭᠤᠶᠢᠪᠢᠰᠢ ᠦᠭᠡᠢ ᠪᠠᠷ ᠠᠳᠬᠤᠵᠤ᠂ ᠬᠦᠴᠢᠷ ᠠᠰᠠᠭᠤᠳᠠᠯ ᠢ | ᠰᠢᠢᠳᠪᠦᠷᠢᠯᠡᠵᠦ᠂︽ᠳᠤᠯᠤᠭ᠎ᠠ ᠶᠢ ᠵᠠᠰᠠᠬᠤ︾ᠪᠠᠷᠢᠮᠵᠢᠶ᠎ᠠ ᠪᠠᠷ ᠦᠵᠡᠰᠬᠦᠯᠡᠩᠲᠦ ᠰᠠᠶᠢᠬᠠᠨ ᠤᠳᠠ ᠶᠢ ᠴᠣᠭᠴᠠᠯᠠᠪᠠ | ᠶᠡᠭᠡ ᠬᠦᠴᠦ ᠣᠷᠣᠭᠤᠯᠵᠤ ᠪᠠᠶᠢᠭᠠᠳ ᠠᠭᠠᠷ ᠮᠠᠨᠳᠠᠯ ᠤᠨ ᠵᠠᠰᠠᠯᠲᠠ ᠶᠢ ᠴᠢᠩᠭ᠎ᠠ ᠠᠳᠬᠤᠨ᠎ᠠ᠃ ᠦᠬᠠᠢ | ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ | ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠲᠥᠪ ᠤᠨ ᠪᠠ ᠥᠪᠡᠷᠲᠡᠭᠡᠨ ᠵᠠᠰᠠᠬᠤ | ᠣᠷᠣᠨ ᠤ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ ᠣᠭᠲᠣᠬᠠᠨ ᠴᠤ ᠠᠭᠤᠴᠢᠯᠠᠬᠤ ᠦᠭᠡᠢ ᠪᠠᠷ ᠣᠨᠳᠣᠣ | ᠦᠨᠦᠷ ᠢ ᠴᠡᠭᠴᠡᠯᠡᠨ ᠵᠠᠰᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶᠠᠷᠤᠭᠴᠢ ᠶᠢ ᠵᠠᠯᠭᠠᠭ᠎ᠠ ᠪᠠᠷ ᠤᠷᠢᠵᠤ | ᠵᠠᠳᠠᠯᠤᠨ ᠣᠨᠣᠰᠢᠯᠠᠭᠤᠯᠵᠤ᠂ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ | ᠪᠣᠬᠢᠷᠲᠤᠯ ᠭᠠᠳᠠᠭᠰᠢᠯᠠᠭᠤᠯᠤᠯᠲᠠ ᠶᠢᠨ ᠨᠠᠷᠢᠨ ᠲᠠᠩᠰᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠠᠵᠤ | ᠠᠬᠤᠶᠢᠯᠠᠯ ᠤᠨ ᠣᠨᠳᠣᠣ ᠦᠨᠦᠷ ᠢ ᠭᠦᠨᠵᠡᠭᠡᠢ ᠵᠠᠰᠠᠬᠤ ᠶᠢ ᠨᠡᠩ ᠥᠨᠳᠥᠷ ᠪᠠᠷᠢᠮᠵᠢᠶ᠎ᠠ ᠪᠠᠷ ᠬᠡᠷᠡᠭᠵᠢᠭᠦᠯᠦᠨ᠎ᠡ᠃ | PM10 ᠶᠢ ᠪᠦᠬᠦ ᠲᠠᠯ᠎ᠠ ᠪᠠᠷ ᠰᠡᠷᠭᠡᠶᠢᠯᠡᠨ ᠡᠵᠡᠮᠳᠡᠵᠦ᠂ ᠭᠤᠣᠯᠳᠠᠯᠭ᠎ᠠ ᠲᠠᠢ ᠡᠯᠧᠮᠧᠨ᠋ᠲ᠂ ᠭᠤᠣᠯᠳᠠᠯᠭ᠎ᠠ ᠲᠠᠢ ᠴᠠᠭ᠂ | ᠭᠤᠣᠯᠳᠠᠯᠭ᠎ᠠ ᠲᠠᠢ ᠣᠷᠣᠨ ᠪᠦᠰᠡ ᠶᠢ ᠳᠣᠪᠤᠶᠢᠯᠭᠠᠵᠤ᠂ ᠠᠵᠤ ᠠᠬᠤᠶᠢᠯᠠᠯ ᠤᠨ ᠪᠣᠬᠢᠷᠲᠤᠯ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ᠂ ᠪᠥᠬᠦ ᠣᠷᠣᠨ ᠪᠦᠰᠡ ᠶᠢᠨ ᠲᠣᠭᠤᠰᠣ ᠬᠢᠵᠠᠭᠠᠷᠯᠠᠬᠤ᠂ ᠬᠦᠨᠳᠦ ᠪᠣᠬᠢᠷᠲᠤᠯ ᠲᠠᠢ ᠴᠠᠭ | ᠠᠭᠤᠷ ᠢ ᠠᠷᠭᠠᠴᠠᠬᠤ ᠶᠢ ᠦᠨᠡᠨᠬᠦ ᠰᠠᠶᠢᠲᠤᠷ ᠠᠳᠬᠤᠵᠤ᠂ ᠬᠤᠸᠠᠩ ᠪᠠᠢ ᠽᠢ᠂ ᠰᠤᠬᠠᠶᠢᠲᠤ ᠵᠡᠷᠭᠡ 5 ᠨᠢᠭᠲᠠ | ᠪᠢᠲᠡᠭᠦᠮᠵᠢᠯᠡᠭᠰᠡᠨ ᠮᠠᠲ᠋ᠧᠷᠢᠶᠠᠯ ᠤᠨ ᠰᠠᠷᠠᠪᠴᠢ ᠶᠢ ᠱᠠᠯᠠᠪᠳᠠᠨ ᠪᠠᠶᠢᠭᠤᠯᠵᠤ᠂ ᠪᠠᠶᠢᠰᠢᠩ ᠭᠡᠷ ᠤᠨ ᠲᠣᠭᠤᠷᠢᠭ ᠤᠨ | ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠢ ᠬᠤᠸᠠ᠂ ᠵᠢᠶᠦ᠋ᠨ ᠵᠧᠩ | ᠵᠡᠷᠭᠡ ᠠᠵᠤ ᠠᠬᠤᠶᠢᠯᠠᠯ ᠤᠨ ᠭᠤᠣᠯ ᠪᠣᠯᠬᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠪᠠᠷᠢᠮᠵᠢᠶ᠎ᠠ ᠶᠢ | ᠳᠡᠭᠡᠭᠰᠢᠯᠡᠭᠦᠯᠬᠦ ᠥᠭᠡᠷᠡᠴᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠠᠴᠠ | ᠪᠠᠭᠤᠯᠭᠠᠭᠰᠠᠨ ᠠᠭᠠᠷ ᠤᠨ ᠶᠠᠰᠤ ᠴᠢᠨᠠᠷ ᠤᠨ ᠬᠠᠷᠠᠯᠲᠠᠲᠤ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠬᠦᠨᠳᠦ | ᠠᠷᠭ᠎ᠠ ᠬᠡᠮᠵᠢᠶ᠎ᠡ ᠪᠠᠷ ᠬᠠᠤᠯᠢ ᠬᠡᠷᠡᠭᠵᠢᠭᠦᠯᠬᠦ ᠶᠢ ᠬᠤᠷᠢᠭᠯᠠᠵᠤ᠂ ︽ᠬᠤᠭᠤᠰᠤᠨ ᠣᠷᠣᠨ ᠵᠠᠢ︾ ᠶᠢ ᠨᠢᠭᠡ | ᠴᠣᠭᠴᠠᠵᠢᠭᠤᠯᠤᠭᠰᠠᠨ ᠣᠶᠤᠨᠴᠢ ᠬᠢᠨᠠᠨ ᠬᠠᠮᠢᠶᠠᠷᠤᠯᠲᠠ ᠶᠢᠨ ᠲᠠᠪᠴᠠᠩ ᠢ ᠰᠠᠶᠢᠲᠤᠷ ᠬᠡᠷᠡᠭᠯᠡᠵᠦ ᠠᠮᠢᠳᠤᠯᠢᠭ ᠢᠶᠠᠷ | ᠬᠡᠷᠡᠭᠯᠡᠵᠦ᠂ ᠣᠷᠣᠨ ᠪᠦᠰᠡ ᠶᠢᠨ ᠣᠨᠴᠠᠭᠠᠢ ᠦᠨᠦᠷ ᠠᠮᠲᠠ ᠶᠢ ᠨᠢᠭᠡᠳᠦᠯᠲᠡᠢ ᠬᠢᠨᠠᠨ ᠬᠡᠮᠵᠢᠬᠦ ᠲᠠᠪᠴᠠᠩ ᠢ | ᠰᠦᠪᠡᠭᠴᠢᠯᠡᠨ ᠪᠠᠶᠢᠭᠤᠯᠵᠤ᠂ ᠮᠥᠷᠳᠡᠨ ᠨᠡᠬᠡᠮᠵᠢᠯᠡᠬᠦ ᠶᠢ ᠴᠢᠩᠭᠠᠳᠬᠠᠵᠤ᠂ ᠤᠨᠢᠨ ᠳᠡᠭᠡᠷ᠎ᠡ ᠨᠢ ᠬᠠᠤᠯᠢ ᠬᠡᠷᠡᠭᠵᠢᠭᠦᠯᠬᠦ᠂ | ᠤᠨᠢᠨ ᠳᠡᠭᠡᠷ᠎ᠡ ᠨᠢ ᠵᠠᠰᠠᠬᠤ ᠶᠢ ᠪᠦᠬᠦ ᠬᠦᠷᠢᠶ᠎ᠡ᠂ ᠤᠯᠠᠨ ᠲᠡᠰ ᠳᠠᠪᠬᠤᠷᠭ᠎ᠠ ᠪᠠᠷ ᠥᠷᠨᠢᠭᠦᠯᠵᠦ᠂ ᠣᠷᠣᠨ ᠪᠦᠰᠡ ᠶᠢᠨ | ᠣᠷᠴᠢᠨ ᠲᠣᠭᠤᠷᠢᠨ ᠤ ᠶᠠᠰᠤ ᠴᠢᠨᠠᠷ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ | ᠠᠮᠢ ᠠᠬᠤᠢ ᠶᠢᠨ ᠰᠡᠷᠭᠦᠭᠡᠯᠲᠡ ᠶᠢᠨ ᠬᠤᠷᠳᠤᠴᠠ ᠶᠢ ᠲᠦᠷᠭᠡᠳᠬᠡᠨ᠎ᠡ᠃ ᠬᠠᠳᠤᠨ ᠭᠤᠣᠯ ᠤᠨ ︽ᠬᠡᠳᠦᠨ | ᠦᠰᠦᠭ ᠤᠨ ᠮᠤᠷᠤᠶᠢᠯᠲᠠ︾ ᠶᠢᠨ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠢ ᠡᠷᠡᠰ ᠰᠠᠶᠢᠲᠤᠷ ᠬᠢᠵᠦ᠂ ᠠᠭᠤᠯᠠ | ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ | ᠪᠠ ᠰᠢᠰᠲ᠋ᠧᠮᠵᠢᠭᠦᠯᠦᠨ ᠵᠠᠰᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠠᠮᠢ ᠠᠬᠤᠢ᠂ ᠦᠢᠯᠡᠳᠪᠦᠷᠢᠯᠡᠯ᠂ | ᠠᠮᠢᠳᠤᠷᠠᠯ ᠤᠨ ︽ᠭᠤᠷᠪᠠᠨ ᠲᠦᠷᠦᠯ ᠢᠶᠠᠷ ᠢᠶᠠᠨ ᠬᠠᠮᠲᠤ ᠪᠠᠷ ᠠᠰᠢᠭ ᠬᠦᠷᠳᠡᠬᠦ︾ ᠶᠢ ᠪᠡᠶᠡᠯᠡᠭᠦᠯᠦᠨ᠎ᠡ᠃ ᠰᠠᠯᠬᠢ ᠶᠢ | ᠰᠡᠷᠭᠡᠶᠢᠯᠡᠵᠦ ᠡᠯᠡᠰᠦ ᠶᠢ ᠲᠣᠭᠲᠠᠪᠤᠷᠢᠵᠢᠭᠤᠯᠬᠤ ᠵᠠᠰᠠᠯᠲᠠ ᠶᠢ ᠰᠢᠰᠲ᠋ᠧᠮ ᠲᠠᠢ ᠠᠬᠢᠭᠤᠯᠵᠤ᠂ ︽ᠣᠶ ᠰᠢᠭᠤᠢ ᠶᠢᠨ | ᠳᠠᠷᠤᠭ᠎ᠠ ᠶᠢᠨ ᠳᠦᠷᠢᠮ︾ ᠢ ᠭᠦᠨᠵᠡᠭᠡᠢ ᠬᠡᠷᠡᠭᠵᠢᠭᠦᠯᠦᠨ᠂ ᠤᠯᠠᠭᠠᠨᠪᠤᠬ᠎ᠠ ᠶᠢᠨ ᠡᠯᠡᠰᠦᠨ ᠴᠥᠯ᠂ ᠤᠯᠠᠭᠠᠨᠨᠠᠭᠤᠷ | ᠪᠠᠯᠭᠠᠰᠤ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ | ᠢᠨᠵᠧᠨᠧᠷᠢᠩ ᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠠᠶᠢᠲᠤᠷ ᠠᠳᠬᠤᠵᠤ᠂ ᠦᠬᠠᠢ | ᠨᠠᠭᠤᠷ ᠤᠨ ᠤᠰᠤᠨ ᠣᠷᠣᠨ ᠪᠠ ᠬᠠᠲᠤᠨ ᠭᠤᠣᠯ ᠤᠨ ᠲᠠᠩ ᠳᠠᠭᠠᠤ ᠶᠢᠨ ᠨᠤᠭᠤ ᠭᠠᠵᠠᠷ ᠤᠨ ᠢᠨᠵᠧᠨᠧᠷᠢᠩ ᠢ | ᠡᠬᠢᠯᠡᠨ ᠬᠡᠷᠡᠭᠵᠢᠭᠦᠯᠵᠦ᠂ ᠬᠤᠲᠠ ᠶᠢᠨ ︽ᠨᠣᠭᠤᠭᠠᠷᠠᠭᠤᠯᠤᠯᠲᠠ ᠶᠢᠨ ᠬᠡᠮᠵᠢᠶ᠎ᠡ︾ ᠪᠠᠷ ᠠᠮᠢ ᠠᠬᠤᠢ ᠶᠢᠨ ︽ᠵᠢᠩᠬᠢᠨᠢ | ᠦᠨ᠎ᠡ ᠴᠠᠨ᠎ᠠ︾ ᠶᠢ ᠨᠡᠮᠡᠭᠳᠡᠭᠦᠯᠦᠨ᠎ᠡ᠃ ᠠᠭᠤᠷᠬᠠᠢ ᠶᠢᠨ ᠣᠷᠣᠨ ᠤ ᠠᠮᠢ ᠠᠬᠤᠢ ᠶᠢᠨ ᠰᠡᠷᠭᠦᠭᠡᠯᠲᠡ ᠶᠢ ᠪᠥᠬᠦ | ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠬᠤᠸᠠ ᠶᠢᠨ᠂ ᠵᠢᠶᠠᠨ ᠠᠨ ᠵᠡᠷᠭᠡ 7 ᠠᠮᠢ ᠠᠬᠤᠢ ᠶᠢᠨ ᠵᠠᠰᠠᠯᠲᠠ ᠶᠢᠨ | ᠲᠥᠷᠥᠯ ᠵᠦᠢᠯ ᠢ ᠥᠨᠳᠥᠷ ᠪᠠᠷᠢᠮᠵᠢᠶ᠎ᠠ ᠪᠠᠷ ᠲᠦᠯᠬᠢᠨ ᠠᠬᠢᠭᠤᠯᠵᠤ᠂ ᠬᠤᠸᠠᠩ ᠪᠠᠢ ᠽᠢ᠂ ᠦ᠋ ᠬᠤ᠋ ᠱᠠᠨ ᠤ | ᠪᠣᠬᠢᠷᠲᠤᠯ ᠦᠭᠡᠢ ᠠᠭᠤᠷᠬᠠᠢ ᠶᠢ ᠪᠠᠶᠢᠭᠤᠯᠤᠨ ᠪᠦᠲᠦᠭᠡᠵᠦ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠤ | ᠪᠦᠬᠦᠯᠢ ᠴᠣᠭᠴᠠ ᠶᠢᠨ ᠰᠠᠶᠢᠵᠢᠷᠠᠯᠲᠠ ᠶᠢ ᠠᠬᠢᠭᠤᠯᠤᠨ᠎ᠠ᠃ ᠬᠥᠷᠥᠰᠥ ᠰᠢᠷᠣᠢ ᠶᠢᠨ ᠪᠣᠬᠢᠷᠲᠤᠯ ᠢ ᠡᠬᠢ | ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠦᠨᠳᠦ ᠲᠡᠮᠦᠷᠯᠢᠭ ᠤᠨ ᠠᠵᠤ ᠠᠬᠤᠶᠢᠯᠠᠯ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠵᠠᠰᠠᠭ ᠠᠵᠤ ᠠᠬᠤᠶᠢᠯᠠᠯ | ᠬᠠᠮᠵᠢᠯᠴᠠᠨ ᠳᠡᠯᠭᠡᠷᠡᠭᠦᠯᠬᠦ ᠶᠢ ᠴᠠᠭᠠᠵᠠᠯᠠᠵᠤ ᠱᠤᠭᠤᠬᠤ ᠶᠢ ᠬᠢᠵᠠᠭᠠᠷᠯᠠᠬᠤ ᠰᠢᠨ᠎ᠡ ᠵᠠᠭᠪᠤᠷ ᠢ ᠰᠦᠪᠡᠭᠴᠢᠯᠡᠨ | ᠪᠠᠶᠢᠭᠤᠯᠤᠨ᠎ᠠ᠃ | ᠤᠰᠤ ᠶᠢ ᠵᠠᠰᠠᠵᠤ ᠤᠰᠤ ᠶᠢ ᠬᠥᠭᠵᠢᠭᠦᠯᠬᠦ ᠠᠵᠢᠯ ᠢ ᠨᠠᠷᠢᠨ ᠨᠢᠮᠪᠠᠢ ᠬᠢᠬᠦ ᠬᠡᠷᠡᠭᠲᠡᠢ᠃ ︽ᠭᠤᠣᠯ ᠤᠨ | ᠳᠠᠷᠤᠭ᠎ᠠ ᠶᠢᠨ ᠳᠦᠷᠢᠮ︾ ᠢ ᠭᠦᠨᠵᠡᠭᠡᠢ ᠲᠤᠤᠱᠯᠠᠭᠤᠯᠤᠨ᠂ ᠭᠤᠣᠯ ᠤᠨ ᠵᠠᠮ ᠤᠨ ︽ᠳᠥᠷᠪᠡᠨ ᠡᠷᠦᠢ ᠬᠤᠷᠤᠢ ᠦᠭᠡᠢ︾ | ᠶᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠰᠤᠬᠠᠶᠢᠲᠤ ᠭᠤᠣᠯ ᠤᠨ ᠵᠠᠮ ᠢ ᠵᠠᠰᠠᠬᠤ ᠪᠠ | ᠬᠠᠲᠤᠨ ᠭᠤᠣᠯ ᠤᠨ ᠽᠧ ᠶᠤᠸᠠᠨ ᠬᠡᠰᠡᠭ ᠤᠨ ᠬᠠᠰᠢᠯᠭ᠎ᠠ ᠶᠢᠨ ᠢᠨᠵᠧᠨᠧᠷᠢᠩ ᠢ ᠲᠦᠷᠭᠡᠳᠬᠡᠨ ᠠᠬᠢᠭᠤᠯᠵᠤ᠂ | ᠪᠠᠷᠢᠯᠭ᠎ᠠ ᠶᠢᠨ ᠠᠵᠢᠯ ᠳᠠᠭᠤᠰᠴᠤ ᠪᠠᠶᠠᠨᠰᠠᠶᠢᠨ ᠭᠤᠣᠯ ᠤᠨ ᠵᠠᠮ ᠢ ᠯᠠᠶᠢᠳᠠᠬᠤ ᠢᠨᠵᠧᠨᠧᠷᠢᠩ ᠢ ᠠᠰᠢᠭᠯᠠᠯᠲᠠ ᠳᠤ | ᠣᠷᠣᠭᠤᠯᠤᠨ ᠬᠡᠷᠡᠭᠯᠡᠵᠦ᠂ ᠭᠤᠣᠯ ᠤᠨ ᠤᠷᠤᠰᠬᠠᠯ ᠢ ᠰᠢᠯᠤᠭᠤᠳᠬᠠᠵᠤ ᠤᠰᠤ ᠶᠢ ᠲᠤᠩᠭᠠᠯᠠᠭᠰᠢᠭᠤᠯᠬᠤ᠂ ᠡᠷᠭᠢ ᠶᠢ | ᠨᠣᠭᠤᠭᠠᠷᠠᠭᠤᠯᠵᠤ ᠦᠵᠡᠮᠵᠢ ᠶᠢ ᠰᠠᠶᠢᠬᠠᠨ ᠪᠣᠯᠭᠠᠨ᠎ᠠ᠃ ᠤᠰᠤ ᠶᠢ ᠠᠷᠪᠢᠯᠠᠵᠤ ᠤᠰᠤ ᠶᠢ ᠬᠢᠵᠠᠭᠠᠷᠯᠠᠬᠤ | ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ︽ᠲᠠᠷᠢᠶᠠᠯᠠᠩ ᠠᠵᠤ ᠦᠢᠯᠡᠳᠪᠦᠷᠢ ᠶᠢᠨ ᠬᠠᠷᠢᠯᠴᠠᠨ ᠨᠥᠬᠦᠪᠦᠷᠢᠯᠡᠬᠦ︾ | ᠤᠰᠤ ᠠᠷᠪᠢᠯᠠᠬᠤ ᠲᠣᠭᠲᠠᠴᠠ ᠶᠢ ᠭᠦᠨᠵᠡᠭᠡᠶᠢᠷᠡᠭᠦᠯᠵᠦ᠂ ᠲᠠᠷᠢᠶᠠᠯᠠᠩ ᠪᠠ ᠠᠮᠢ ᠠᠬᠤᠢ ᠶᠢᠨ ᠬᠡᠷᠡᠭᠯᠡᠬᠦ ᠤᠰᠤ ᠶᠢ | ᠰᠦᠯᠵᠢᠶᠡᠨ ᠳᠡᠭᠡᠷ᠎ᠡ ᠬᠡᠮᠵᠢᠬᠦ ᠶᠢ ᠨᠡᠶᠢᠳᠡᠮ ᠪᠦᠷᠬᠦᠭᠦᠯᠬᠦ ᠶᠢ ᠲᠦᠷᠭᠡᠳᠬᠡᠨ᠂ ᠮᠧᠢ ᠹᠠᠩ᠂ ᠵᠢᠶᠠ ᠷᠦᠢ ᠮᠢ ᠵᠡᠷᠭᠡ | ᠠᠵᠤ ᠠᠬᠤᠶᠢᠯᠠᠯ ᠤᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠡᠮᠬᠢ ᠵᠢᠷᠤᠮ ᠲᠠᠢ ᠬᠡᠷᠡᠭᠵᠢᠭᠦᠯᠵᠦ᠂ | ᠠᠰᠢᠭᠯᠠᠯᠲᠠ ᠳᠤ ᠣᠷᠣᠭᠤᠯᠤᠭᠰᠠᠨ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ | ᠤᠰᠤ ᠶᠢ ᠭᠦᠨᠵᠡᠭᠡᠢ ᠰᠢᠢᠳᠪᠦᠷᠢᠯᠡᠬᠦ ᠲᠥᠷᠥᠯ ᠵᠦᠢᠯ ᠢ ᠪᠠᠶᠢᠭᠤᠯᠤᠨ ᠪᠦᠲᠦᠭᠡᠵᠦ᠂ ᠠᠭᠤᠷᠬᠠᠢ ᠶᠢᠨ ᠠᠮᠢ ᠠᠬᠤᠢ ᠶᠢᠨ | ᠣᠷᠴᠢᠨ ᠲᠣᠭᠤᠷᠢᠨ ᠢ ᠰᠡᠷᠭᠦᠭᠡᠨ ᠤᠰᠤ ᠬᠠᠳᠠᠭᠠᠯᠠᠬᠤ ᠢᠵᠢ ᠪᠦᠷᠢᠳᠦᠭᠦᠯᠬᠦ ᠢᠨᠵᠧᠨᠧᠷᠢᠩ ᠢ ᠡᠬᠢᠯᠡᠨ ᠪᠠᠶᠢᠭᠤᠯᠵᠤ᠂ | ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠵᠤ ᠥᠨᠳᠥᠷ ᠪᠦᠲᠦᠮᠵᠢᠲᠡᠶ ᠠᠰᠢᠭᠯᠠᠬᠤ ᠶᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ | ︵ᠳᠥᠷᠪᠡ︶ ᠡᠷᠡᠰ ᠭᠤᠶᠢᠪᠢᠰᠢ ᠦᠭᠡᠢ ᠪᠠᠷ ᠪᠣᠳᠠᠲᠤ ᠶᠠᠪᠤᠳᠠᠯ ᠢ ᠪᠦᠲᠦᠭᠡᠵᠦ᠂ ᠪᠤᠶᠠᠨ ᠵᠢᠷᠭᠠᠯ ᠢ | ᠨᠡᠮᠡᠭᠳᠡᠭᠦᠯᠵᠦ᠂ ᠠᠷᠠᠳ ᠲᠤ ᠠᠰᠢᠭ ᠬᠦᠷᠲᠡᠭᠡᠬᠦ ᠡᠷᠴᠢᠮ ᠢᠶᠠᠷ ᠬᠥᠭᠵᠢᠯᠲᠡ ᠶᠢᠨ ᠳᠤᠯᠠᠭᠠᠨ ᠤ ᠬᠡᠮᠵᠢᠶ᠎ᠡ ᠶᠢ | ᠳᠡᠭᠡᠭᠰᠢᠯᠡᠭᠦᠯᠦᠨ᠎ᠡ | ᠬᠠᠨᠤᠮᠵᠢᠲᠠᠶ ᠰᠤᠷᠭᠠᠨ ᠬᠥᠮᠦᠵᠢᠯ ᠢ ᠣᠯᠠᠨ ᠲᠠᠯ᠎ᠠ ᠠᠴᠠ ᠰᠠᠶᠢᠲᠤᠷ ᠡᠷᠭᠢᠯᠡᠨ᠎ᠡ᠃ ᠶᠠᠰᠤ ᠴᠢᠨᠠᠷ ᠤᠨ | ᠳᠡᠭᠡᠭᠰᠢᠯᠡᠯᠲᠡ ᠶᠢ ᠴᠢᠩᠭ᠎ᠠ ᠠᠩᠬᠠᠷᠴᠤ᠂ ᠴᠠᠩᠵᠸᠦ ᠬᠤᠲᠠ ᠶᠢᠨ ᠥᠵᠢᠨ ᠲᠣᠭᠤᠷᠢᠭ ᠯᠤᠭ᠎ᠠ ᠶᠢᠨ ᠣᠷᠣᠨ ᠪᠦᠰᠡ | ᠠᠯᠤᠰᠯᠠᠭᠰᠠᠨ ᠬᠠᠮᠲᠤᠷᠠᠯᠴᠠᠭ᠎ᠠ ᠰᠣᠯᠢᠯᠴᠠᠭ᠎ᠠ ᠶᠢ ᠪᠥᠬᠦ ᠲᠠᠯ᠎ᠠ ᠪᠠᠷ ᠥᠷᠭᠡᠳᠬᠡᠵᠦ᠂ ᠶᠡᠭᠡ ᠳᠡᠭᠡᠳᠦ ᠰᠤᠷᠭᠠᠭᠤᠯᠢ ᠶᠢᠨ | ᠴᠢᠨᠠᠷ ᠰᠠᠶᠢᠲᠠᠢ ᠰᠤᠷᠭᠠᠨ ᠬᠥᠮᠦᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠷᠭ᠎ᠠ ᠵᠠᠮ ᠢ ᠨᠠᠪᠲᠠᠷᠡᠭᠦᠯᠵᠦ᠂ | ᠠᠩᠬ᠎ᠠ ᠵᠡᠷᠭᠡ ᠶᠢᠨ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠨᠢᠭᠡ ᠴᠣᠭᠴᠠᠵᠢᠭᠤᠯᠤᠨ ᠰᠢᠯᠢᠳᠡᠭ ᠢ | ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ ᠬᠠᠮᠲᠤᠪᠠᠷ ᠪᠠᠶᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠪᠥᠬᠦ | ᠬᠤᠲᠠ ᠳᠤ ᠤᠷᠢᠳᠠᠪᠠᠷ ᠤᠯᠤᠰ ᠤᠨ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ | ᠰᠠᠶᠢᠲᠠᠢ ᠲᠡᠩᠴᠡᠭᠦᠷᠢᠲᠡᠢ ᠬᠥᠭᠵᠢᠯᠲᠡ ᠶᠢᠨ ᠣᠷᠣᠨ ᠢ ᠡᠭᠦᠳᠦᠨ ᠪᠠᠶᠢᠭᠤᠯᠬᠤ ᠶᠢ ᠦᠨᠡᠨ ᠬᠦ ᠪᠠᠲᠤᠯᠠᠨ᠎ᠠ︔ ᠠᠷᠠᠳ | ᠠᠴᠠ ᠡᠷᠭᠢᠯᠡᠭᠰᠡᠨ 1 ᠬᠡᠦᠬᠡᠳ ᠤᠨ ᠴᠡᠴᠡᠷᠯᠢᠭ ᠢ ᠪᠤᠴᠠᠭᠠᠨ ᠬᠤᠳᠠᠯᠳᠤᠨ ᠠᠪᠬᠤ ᠶᠢ ᠲᠦᠷᠭᠡᠳᠬᠡᠵᠦ᠂ ᠠᠯᠪᠠᠨ ᠠᠴᠠ | ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠴᠡᠴᠡᠷᠯᠢᠭ ᠲᠤ ᠣᠷᠣᠬᠤ ᠨᠣᠷᠮ᠎ᠠ ᠶᠢ ᠥᠪᠡᠷᠲᠡᠭᠡᠨ ᠵᠠᠰᠠᠬᠤ ᠣᠷᠣᠨ ᠤ | ᠳᠤᠮᠳᠠᠴᠢ ᠬᠢᠷᠢ ᠬᠡᠮᠵᠢᠶ᠎ᠡ ᠠᠴᠠ ᠥᠨᠳᠥᠷ ᠪᠠᠶᠢᠯᠭᠠᠬᠤ ᠪᠠᠷ ᠴᠢᠷᠮᠠᠶᠢᠵᠤ᠂ ᠤᠯᠤᠰ ᠤᠨ ᠰᠢᠶᠠᠨ ᠤ ᠬᠡᠪᠴᠢᠶᠡᠨ ᠤ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠬᠠᠷᠠᠭᠠᠯᠵᠠᠬᠤ | ᠬᠥᠭᠵᠢᠯᠲᠡ ᠶᠢᠨ ᠣᠷᠣᠨ ᠢ ᠡᠭᠦᠳᠦᠨ ᠪᠠᠶᠢᠭᠤᠯᠬᠤ ᠶᠢ ᠠᠭᠤᠯᠤᠭᠳᠠᠬᠤᠨ ᠤ ᠬᠥᠭᠵᠢᠯᠲᠡ ᠶᠢ ᠴᠢᠩᠭ᠎ᠠ ᠠᠳᠬᠤᠵᠤ᠂ | ︽ᠬᠤᠶᠠᠷ ᠢ ᠪᠠᠭᠠᠰᠬᠠᠬᠤ︾ ᠨᠠᠶᠢᠳᠠᠪᠤᠷᠢᠵᠢᠭᠤᠯᠤᠯᠲᠠ ᠶᠢ ᠭᠦᠨᠵᠡᠭᠡᠶᠢᠷᠡᠭᠦᠯᠦᠨ᠂ ︽ᠲᠠᠪᠤᠨ ᠬᠥᠮᠦᠵᠢᠯ︾ ᠢ ᠵᠡᠷᠭᠡ ᠪᠠᠷ | ᠠᠳᠬᠤᠬᠤ ᠶᠢ ᠴᠢᠩᠭᠠᠳᠬᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠪᠡᠯᠡ ᠣᠷᠣᠭᠤᠯᠵᠤ | ᠬᠡᠷᠡᠭᠯᠡᠬᠦ ᠶᠡᠷᠦᠩᠬᠡᠶᠢᠯᠡᠭᠰᠡᠨ ᠦᠢᠯᠡᠳᠦᠯᠭᠡ ᠶᠢᠨ ᠰᠠᠭᠤᠷᠢᠨ ᠭᠠᠵᠠᠷ ᠢ ᠪᠠᠶᠢᠭᠤᠯᠵᠤ᠂ ᠬᠡᠪ ᠴᠢᠨᠠᠷ ᠤᠨ ᠰᠤᠷᠭᠠᠨ | ᠬᠥᠮᠦᠵᠢᠯ ᠢ ᠬᠡᠷᠡᠭᠵᠢᠭᠦᠯᠦᠨ ᠦᠷ᠎ᠡ ᠪᠦᠲᠦᠮᠵᠢ ᠭᠠᠷᠭᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ | ᠰᠤᠷᠭᠠᠭᠤᠯᠢ ᠡᠷᠭᠢᠯᠡᠬᠦ ᠨᠥᠬᠦᠴᠡᠯ ᠢ ᠰᠢᠯᠢᠳᠡᠭᠵᠢᠭᠦᠯᠵᠦ᠂ ᠪᠡᠯᠡ ᠮᠥᠩᠭᠦ ᠣᠯᠬᠤ ᠪᠠ ᠰᠤᠷᠭᠠᠨ ᠬᠥᠮᠦᠵᠢᠯ ᠤᠨ | ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ | ᠲᠥᠬᠦᠭᠡᠷᠦᠮᠵᠢ ᠶᠢ ᠰᠢᠨᠡᠳᠬᠡᠬᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠶᠠᠰᠤ ᠴᠢᠨᠠᠷ ᠢ ᠳᠡᠭᠡᠭᠰᠢᠯᠡᠭᠦᠯᠬᠦ | ᠵᠡᠷᠭᠡ ᠢᠨᠵᠧᠨᠧᠷᠢᠩ ᠢ ᠳᠠᠭᠠᠵᠤ ᠬᠡᠷᠡᠭᠵᠢᠭᠦᠯᠦᠨ᠂ ᠰᠤᠷᠭᠠᠨ ᠬᠥᠮᠦᠵᠢᠯ ᠤᠨ ᠬᠠᠲᠠᠭᠤ ᠪᠣᠳᠠᠲᠤ ᠬᠦᠴᠦᠨ ᠢ | ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ | ᠤᠯᠠᠨ ᠠᠷᠭ᠎ᠠ ᠬᠡᠮᠵᠢᠶ᠎ᠡ ᠪᠠᠷ ᠡᠷᠡᠭᠦᠯ ᠰᠠᠷᠠᠭᠤᠯ ᠤᠳᠠ ᠲᠤᠭᠤᠷᠢᠭ ᠢ ᠴᠣᠭᠴᠠᠯᠠᠨ᠎ᠠ᠃ ︽ᠡᠮᠴᠢᠯᠡᠭᠡᠨ ᠤ | ᠦᠢᠯᠡᠴᠢᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠣᠨ︾ ᠤ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ | ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ︽ᠵᠢᠷᠭᠤᠭ᠎ᠠ ᠶᠢ ᠨᠢᠭᠡᠳᠦᠯᠲᠡᠢ ᠪᠠᠶᠢᠯᠭᠠᠬᠤ︾ | ᠬᠠᠮᠢᠶᠠᠷᠤᠯᠲᠠ ᠶᠢ ᠲᠦᠷᠭᠡᠳᠬᠡᠨ ᠠᠬᠢᠭᠤᠯᠵᠤ᠂ ︽ᠶᠡᠭᠡ ᠲᠤᠰᠬᠠᠢ ᠮᠡᠷᠭᠡᠵᠢᠯ ᠪᠠᠭ᠎ᠠ ᠶᠡᠷᠦᠩᠬᠡᠶᠢᠯᠡᠭᠰᠡᠨ︾ ᠵᠠᠭᠪᠤᠷ ᠢ | ᠪᠥᠬᠦ ᠲᠠᠯ᠎ᠠ ᠪᠠᠷ ᠬᠡᠷᠡᠭᠵᠢᠭᠦᠯᠦᠨ᠂ ᠨᠠᠰᠤ ᠪᠠᠷᠠᠭᠰᠠᠨ᠂ ᠴᠡᠭᠡᠵᠢ ᠡᠪᠡᠳᠬᠦ᠂ ᠰᠢᠷᠬᠠᠲᠤᠯ ᠵᠡᠷᠭᠡ ᠭᠤᠷᠪᠠᠨ ᠶᠡᠭᠡ | ᠲᠥᠪ ᠤᠨ ᠪᠠᠴᠢᠮ ᠲᠦᠭᠰᠢᠭᠦᠷᠢᠲᠡᠢ ᠬᠦᠨᠳᠦ ᠡᠪᠡᠳᠴᠢᠨ ᠢ ᠡᠮᠨᠡᠨ ᠵᠠᠰᠠᠬᠤ ᠴᠢᠳᠠᠪᠤᠷᠢ ᠶᠢ ᠦᠷᠭᠦᠯᠵᠢᠯᠡᠨ | ᠴᠢᠩᠭᠠᠳᠬᠠᠵᠤ᠂ ᠪᠡᠭᠡᠵᠢᠩ ᠶᠡᠭᠡ ᠰᠤᠷᠭᠠᠭᠤᠯᠢ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠲᠠᠢ ᠬᠦᠴᠦ ᠪᠠᠨ | ᠬᠠᠮᠲᠤᠳᠬᠠᠨ ᠪᠥᠬᠦ ᠬᠤᠲᠠ ᠶᠢᠨ ᠠᠩᠬᠠᠳᠠᠭᠴᠢ ᠲᠠᠷᠢᠬᠢᠨ ᠤ ᠰᠢᠷᠬᠠᠲᠤᠯ ᠤᠨ ᠲᠤᠰᠬᠠᠢ ᠡᠪᠡᠳᠴᠢᠨ ᠢ ᠣᠨᠣᠰᠢᠯᠠᠨ | ᠡᠮᠨᠡᠬᠦ ᠲᠥᠪ ᠢ ᠪᠠᠶᠢᠭᠤᠯᠵᠤ᠂ ᠣᠯᠠᠨ ᠲᠦᠮᠡᠨ ᠤ ᠠᠮᠢ ᠨᠠᠰᠤ ᠡᠷᠡᠭᠦᠯ ᠮᠡᠨᠳᠦ ᠶᠢ ᠪᠥᠬᠦ ᠬᠦᠴᠦᠨ ᠢᠶᠠᠷ ᠢᠶᠠᠨ | ᠬᠠᠮᠠᠭᠠᠯᠠᠨ᠎ᠠ᠃ ᠡᠮᠴᠢᠯᠡᠭᠡᠨ ᠤ ᠡᠬᠢ ᠪᠠᠶᠠᠯᠢᠭ ᠢ ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠵᠦ᠂ ︽1 ᠡᠮᠨᠡᠯᠭᠡ ᠶᠢᠨ | ᠬᠤᠷᠢᠶ᠎ᠠ 2 ᠥᠷᠲᠡᠭᠡ 4 ᠲᠥᠪ︾ ᠤᠨ ᠦᠨᠳᠦᠰᠦᠨ ᠱᠠᠲᠤᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ ᠠᠬᠢᠭᠤᠯᠤᠨ᠂ ᠡᠪᠡᠳᠴᠢᠨ ᠡᠮᠭᠡᠭ ᠢ | ᠰᠡᠷᠭᠡᠶᠢᠯᠡᠨ ᠬᠢᠵᠠᠭᠠᠷᠯᠠᠬᠤ ᠲᠥᠪ ᠤᠨ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠵᠦ᠂ ᠡᠬᠡ ᠨᠢᠯᠬᠠᠰ ᠤᠨ | ᠡᠷᠡᠭᠦᠯᠵᠢᠯ ᠤᠨ ᠲᠥᠪ ᠤᠨ ᠴᠢᠳᠠᠮᠵᠢ ᠶᠢ ᠲᠠᠰ ᠳᠡᠪᠰᠢᠭᠦᠯᠦᠨ ᠲᠡᠭᠦᠯᠳᠡᠷᠵᠢᠭᠦᠯᠵᠦ᠂ ᠠᠷᠠᠳ ᠤᠨ ᠡᠮᠨᠡᠯᠭᠡ ᠶᠢᠨ | ᠬᠤᠷᠢᠶᠠᠨ ᠤ ᠡᠮᠨᠡᠬᠦ ᠪᠠ ᠰᠤᠪᠢᠯᠠᠬᠤ ᠶᠢ ᠤᠶᠠᠯᠳᠤᠭᠤᠯᠤᠭᠰᠠᠨ ᠡᠪᠡᠳᠴᠢᠨ ᠤ ᠣᠷᠣᠨ ᠢ ᠡᠬᠢᠯᠡᠨ ᠪᠠᠶᠢᠭᠤᠯᠵᠤ᠂ | ᠬᠦᠨᠳᠦ ᠲᠦᠭᠰᠢᠭᠦᠷᠢᠲᠡᠢ ᠵᠢᠷᠮᠦᠰᠦᠨ ᠡᠮᠡᠭᠲᠡᠢ᠂ ᠨᠢᠷᠠᠢ ᠬᠡᠦᠬᠡᠳ ᠤᠨ ᠬᠤᠶᠠᠷ ᠶᠡᠭᠡ ᠠᠪᠤᠷᠠᠨ ᠵᠠᠰᠠᠬᠤ ᠲᠥᠪ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠬᠠᠨᠤᠮᠵᠢᠲᠠᠶ ᠪᠠᠶᠢᠬᠤ | ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠨᠡᠶᠢᠭᠡᠮ ᠤᠨ ᠪᠠᠲᠤᠯᠠᠭ᠎ᠠ ᠶᠢ ᠤᠯᠠᠨ ᠲᠡᠰ ᠠᠵᠢᠯ ᠣᠯᠭᠤᠯᠲᠠ ᠶᠢᠨ ᠶᠠᠰᠤ ᠴᠢᠨᠠᠷ ᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠢᠶᠠᠷ ᠳᠠᠶᠢᠴᠢᠯᠠᠬᠤ᠂ ᠬᠦᠷᠢᠶᠡᠯᠡᠩ ᠲᠣᠭᠤᠷᠢᠭ ᠤᠨ ᠠᠵᠤ | ᠠᠬᠤᠶᠢᠯᠠᠯ ᠢ ᠰᠢᠩᠭᠡᠬᠡᠨ ᠠᠪᠬᠤ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶᠢᠵᠢᠭᠤᠯᠬᠤ ᠵᠡᠷᠭᠡ ᠠᠷᠭ᠎ᠠ | ᠬᠡᠮᠵᠢᠶ᠎ᠡ ᠪᠠᠷ ᠭᠤᠣᠯᠳᠠᠯᠭ᠎ᠠ ᠲᠠᠢ ᠬᠠᠮᠲᠤᠯᠢᠭ ᠤᠨ ᠭᠦᠢᠴᠡᠳ ᠠᠵᠢᠯ ᠣᠯᠬᠤ ᠶᠢ ᠠᠬᠢᠭᠤᠯᠤᠨ᠎ᠠ᠃ ᠬᠢᠮᠢ ᠶᠢᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠮᠡᠷᠭᠡᠵᠢᠯ ᠴᠢᠳᠠᠪᠤᠷᠢ ᠶᠢᠨ ᠳᠠᠳᠤᠯᠭ᠎ᠠ ᠪᠣᠯᠪᠠᠰᠤᠷᠠᠭᠤᠯᠤᠯ ᠤᠨ | ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ ᠦᠢᠯᠡᠴᠢᠯᠡᠭᠡᠨ ᠤ ᠬᠠᠷᠢᠶ᠎ᠠ ᠣᠷᠣᠨ᠂ ᠡᠷᠬᠢᠨ ᠲᠣᠭᠤᠷᠢᠨ ᠢ | ᠨᠥᠯᠥᠭᠡᠯᠡᠭᠰᠡᠨ ᠶᠡᠷᠦᠩᠬᠡᠶᠢᠯᠡᠭᠰᠡᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠵᠠᠭᠠᠷ ᠱᠤᠭᠤᠮ ᠢ ᠪᠠᠲᠤ ᠰᠠᠬᠢᠵᠤ᠂ ᠨᠡᠶᠢᠭᠡᠮ ᠤᠨ ᠳᠠᠭᠠᠳᠬᠠᠯ ᠤᠨ | ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠬᠦᠴᠢᠷᠳᠡᠯ ᠲᠠᠢ ᠬᠠᠮᠲᠤᠯᠢᠭ ᠢ ᠤᠨᠢᠨ ᠳᠡᠭᠡᠷ᠎ᠡ ᠨᠢ ᠠᠪᠤᠷᠠᠨ | ᠲᠤᠰᠠᠯᠠᠨ᠎ᠠ᠃ ︽ᠨᠢᠭᠡ ᠨᠠᠰᠤᠲᠠᠨ ᠨᠢᠭᠡ ᠪᠠᠭ᠎ᠠ︾ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠨᠳᠦᠰᠦᠨ ᠵᠦᠢᠯ ᠢ | ᠪᠠᠲᠤᠯᠠᠬᠤ ᠴᠢᠨᠠᠷᠲᠠᠢ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ | ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠂ ︽ᠮᠧᠩ ᠪᠦᠦ ᠥᠷᠲᠡᠭᠡ︾ ᠶᠢᠨ ᠨᠡᠶᠢᠭᠡᠮ ᠲᠣᠭᠤᠷᠢᠭ ᠤᠨ ᠬᠡᠦᠬᠡᠳ | ᠰᠠᠭᠠᠲᠠᠭᠤᠯᠬᠤ ᠦᠢᠯᠡᠴᠢᠯᠡᠭᠡᠨ ᠤ ᠲᠤᠷᠰᠢᠯᠲᠠ ᠶᠢᠨ ᠴᠢᠭ᠋ ᠤᠨ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ᠱᠧᠩ | ᠳ᠋ᠣᠣ ᠡᠮᠴᠢᠯᠡᠭᠡ ᠰᠤᠪᠢᠯᠠᠯᠲᠠ ᠡᠷᠡᠭᠦᠯᠵᠢᠯ ᠤᠨ ᠨᠢᠭᠡ ᠴᠣᠭᠴᠠᠵᠢᠭᠰᠠᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢ | ᠠᠵᠢᠯ ᠡᠬᠢᠯᠡᠭᠦᠯᠦᠨ ᠪᠠᠶᠢᠭᠤᠯᠵᠤ᠂ ᠣᠨᠴᠣᠭᠤᠢ ᠬᠦᠴᠢᠷᠳᠡᠯᠲᠡᠢ ᠭᠡᠷ ᠪᠦᠯᠢ ᠶᠢᠨ ᠨᠠᠰᠤᠵᠢᠯᠲᠠ ᠳᠤ ᠲᠣᠬᠢᠷᠠᠬᠤ | ᠥᠭᠡᠷᠡᠴᠢᠯᠡᠯᠲᠡ ᠶᠢ ᠪᠦᠬᠦᠨ ᠢ ᠬᠠᠮᠤᠷᠬᠤ ᠶᠢ ᠠᠬᠢᠭᠤᠯᠤᠨ᠎ᠠ᠃ | ᠤᠯᠠᠨ ᠲᠠᠯ᠎ᠠ ᠠᠴᠠ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠵᠠᠰᠠᠬᠤ ᠴᠢᠳᠠᠪᠤᠷᠢ ᠪᠠᠨ ᠪᠥᠬᠦ | ᠲᠠᠯ᠎ᠠ ᠪᠠᠷ ᠳᠡᠭᠡᠭᠰᠢᠯᠡᠭᠦᠯᠵᠦ᠂ ᠭᠤᠷᠪᠠᠨ ᠱᠠᠲᠤᠨ ᠤ ᠶᠡᠷᠦᠩᠬᠡᠶᠢᠯᠡᠨ ᠵᠠᠰᠠᠬᠤ ᠲᠥᠪ ᠤᠨ ᠪᠦᠲᠦᠭᠡᠨ ᠪᠠᠶᠢᠭᠤᠯᠤᠯᠲᠠ ᠶᠢ | ᠬᠦᠴᠦᠯᠡᠨ ᠠᠬᠢᠭᠤᠯᠵᠤ᠂ ᠦ᠋ ᠬᠤ᠋ ᠱᠠᠨ ᠵᠡᠭᠡᠯᠢ ᠭᠤᠳᠤᠮᠵᠢ᠂ ᠱᠧᠩ ᠯᠢ ᠨᠡᠶᠢᠭᠡᠮ ᠲᠣᠭᠤᠷᠢᠭ ᠵᠡᠷᠭᠡ 3 ᠨᠠᠮ ᠪᠠ | ᠣᠯᠠᠨ ᠲᠦᠮᠡᠨ ᠤ ᠦᠢᠯᠡᠴᠢᠯᠡᠭᠡᠨ ᠤ ᠲᠥᠪ ᠢ ᠥᠭᠡᠷᠡᠴᠢᠯᠡᠨ ᠳᠡᠭᠡᠭᠰᠢᠯᠡᠭᠦᠯᠦᠨ᠎ᠡ᠃ ᠨᠡᠶᠢᠭᠡᠮ ᠤᠨ ᠲᠣᠭᠲᠠᠭᠤᠨ ᠢ | ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠪᠣᠯᠣᠨ ᠶᠠᠷᠢᠶ᠎ᠠ | ᠬᠡᠯᠡᠯᠴᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠦᠷᠭᠦᠯᠵᠢᠯᠡᠨ ᠴᠢᠩᠭᠠᠳᠬᠠᠬᠤ ᠵᠥᠷᠢᠴᠡᠯ | ᠵᠢᠭᠤᠷᠠᠯᠳᠤᠭᠠᠨ ᠤ ᠡᠬᠢ ᠡᠭᠦᠰᠦᠯ ᠢ ᠤᠷᠢᠳᠴᠢᠯᠠᠨ ᠰᠡᠷᠭᠡᠶᠢᠯᠡᠬᠦ ᠪᠠ ᠡᠮᠦᠨ᠎ᠡ ᠦᠵᠦᠭᠦᠷ ᠢ ᠠᠷᠢᠯᠭᠠᠬᠤ ᠠᠵᠢᠯ ᠢ | ᠭᠦᠨᠵᠡᠭᠡᠢ ᠪᠥᠭᠡᠳ ᠪᠣᠳᠠᠲᠠᠶᠢᠵᠢᠭᠤᠯᠵᠤ᠂ ᠳᠠᠪᠬᠤᠷᠳᠠᠭᠰᠠᠨ ᠵᠠᠬᠢᠳᠠᠯ ᠰᠣᠷᠪᠤᠯᠵᠢᠯᠠᠭ᠎ᠠ ᠶᠢᠨ ᠵᠠᠰᠠᠯᠲᠠ᠂ ᠵᠠᠬᠢᠳᠠᠯ | ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ ᠶᠢ ᠬᠦᠴᠦᠲᠡᠢ ᠲᠦᠯᠬᠢᠨ ᠠᠬᠢᠭᠤᠯᠤᠨ᠎ᠠ︔ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠵᠡᠷᠭᠡ ᠡᠯ᠎ᠡ ᠵᠦᠢᠯ ᠤᠨ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠠᠵᠢᠯᠯᠠᠭ᠎ᠠ ᠶᠢ ᠪᠠᠶᠢᠩᠭᠤᠵᠢᠭᠤᠯᠤᠨ | ᠥᠷᠨᠢᠭᠦᠯᠵᠦ᠂ ᠠᠮᠤᠷ ᠲᠦᠪᠰᠢᠨ ᠡᠶ᠎ᠡ ᠨᠠᠶᠢᠷᠠᠮᠳᠠᠭᠤ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃ ᠠᠶᠤᠯᠭᠦᠢ | ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ | ᠵᠡᠷᠭᠡ ᠠᠶᠤᠯᠭᠦᠢ ᠦᠢᠯᠡᠳᠪᠦᠷᠢᠯᠡᠯ ᠤᠨ ᠬᠢᠨᠠᠨ ᠵᠢᠯᠤᠭᠤᠳᠴᠤ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠳᠠᠷᠤᠯᠲᠠ ᠥᠭᠴᠦ ᠠᠬᠢᠭᠤᠯᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ | ᠣᠶᠤᠨᠴᠢᠯᠠᠨ ᠬᠠᠮᠢᠶᠠᠷᠤᠨ ᠡᠵᠡᠮᠳᠡᠬᠦ ᠲᠠᠪᠴᠠᠩ᠂ ᠭᠠᠯ ᠤᠨᠲᠠᠷᠠᠭᠠᠬᠤ ᠲᠠᠶᠢᠨ ᠤ ᠦᠢᠯᠡᠴᠢᠯᠡᠭᠡᠨ ᠤ ᠪᠠᠲᠤᠯᠠᠪᠤᠷᠢ ᠶᠢᠨ | ᠰᠠᠭᠤᠷᠢᠨ ᠢ ᠲᠦᠷᠭᠡᠨ ᠪᠠᠶᠢᠭᠤᠯᠵᠤ᠂ ᠠᠭᠤᠷᠬᠠᠢ᠂ ᠠᠶᠤᠯᠲᠠᠢ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠭᠠᠵᠠᠷ | ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ | ᠬᠤᠷᠢᠭᠯᠠᠨ᠎ᠠ︔ ᠢᠳᠡᠭᠡᠨ ᠪᠠ ᠡᠮ ᠤᠨ ᠵᠦᠢᠯ ᠢ ᠪᠥᠬᠦ ᠬᠡᠯᠬᠢᠶ᠎ᠡ ᠪᠠ ᠪᠥᠬᠦ ᠦᠶᠡᠯᠡᠯ ᠤᠨ ᠬᠤᠭᠤᠴᠠᠭ᠎ᠠ ᠲᠠᠢ ᠪᠠᠷ | ᠬᠢᠨᠠᠨ ᠬᠠᠮᠢᠶᠠᠷᠴᠤ᠂ ᠸᠠᠨ ᠹᠧᠩ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠢ ᠲᠠᠰ ᠳᠡᠪᠰᠢᠭᠦᠯᠦᠨ | ᠥᠭᠡᠷᠡᠴᠢᠯᠡᠵᠦ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠣᠷᠣᠨ ᠢ | ᠪᠣᠶ ᠪᠣᠯᠭᠠᠨ᠎ᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠪᠦᠬᠦ | ᠲᠠᠯ᠎ᠠ ᠪᠠᠷ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ | ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠦᠴᠦᠨ | ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠎ᠡ᠃ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ | ᠨᠡᠶᠢᠳᠡᠮ ᠪᠠᠶᠢᠴᠠᠭᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ᠂ ᠬᠤᠶᠠᠷ ᠢ ᠬᠦᠷᠢᠶᠡᠯᠡᠨ ᠬᠠᠷᠠᠭᠠᠯᠵᠠᠬᠤ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ | ᠪᠠᠭᠠᠰᠬᠠᠬᠤ᠂ ᠲᠠᠩᠰᠠ ᠡᠪᠬᠡᠮᠡᠯ ᠲᠡᠦᠬᠡ ᠣᠶᠢᠯᠠᠯᠭ᠎ᠠ ᠵᠡᠷᠭᠡ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ | ᠡᠮᠡᠭᠲᠡᠶᠢᠴᠦᠳ ᠬᠡᠦᠬᠡᠳ᠂ ᠵᠡᠮᠳᠡᠭᠴᠦᠳ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠬᠤᠶᠢᠴᠢ ᠦᠶ᠎ᠡ ᠶᠢᠨ ᠬᠢᠨ ᠢᠶᠠᠨ | ᠬᠠᠯᠠᠮᠵᠢᠯᠠᠬᠤ ᠵᠡᠷᠭᠡ ᠡᠯ᠎ᠡ ᠵᠦᠢᠯ ᠤᠨ ᠠᠵᠢᠯ ᠦᠢᠯᠡᠰ ᠢ ᠦᠨᠡᠨᠬᠦ ᠰᠠᠶᠢᠲᠤᠷ ᠠᠳᠬᠤᠨ᠎ᠠ᠃ | ᠲᠥᠯᠥᠭᠡᠯᠡᠭᠴᠢᠳ ᠠ᠋︕ ᠪᠦᠬᠦ ᠲᠤᠭᠤᠷᠢᠭ ᠤᠨ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ | ᠲᠤᠬᠠᠢ ᠰᠢᠨ᠎ᠡ ᠬᠦᠰᠡᠯ ᠡᠷᠡᠮᠡᠯᠵᠡᠯ ᠤᠨ ᠲᠣᠭᠤᠷᠢᠨ ᠳᠤ᠂ ᠲᠤᠭᠤᠷᠢᠭ ᠤᠨ ᠵᠠᠰᠠᠭ ᠤᠨ ᠣᠷᠳᠣᠨ ᠠᠷᠠᠳ ᠤᠨ | ᠠᠮᠢᠳᠤᠷᠠᠯ ᠤᠨ 5 ᠪᠣᠳᠠᠲᠤ ᠶᠠᠪᠤᠳᠠᠯ ᠢ ᠥᠷᠭᠡᠨ ᠢᠶᠠᠷ ᠴᠤᠭᠯᠠᠭᠤᠯᠬᠤ᠂ ᠭᠦᠢᠴᠡᠳ ᠨᠤᠲᠠᠯᠠᠬᠤ᠂ ᠰᠢᠯᠢᠨ | ᠰᠣᠩᠭᠤᠬᠤ ᠪᠠᠷ ᠳᠠᠮᠵᠢᠭᠤᠯᠵᠤ᠂ ᠶᠡᠭᠡ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠵᠦ ᠪᠢᠯᠧᠲ ᠥᠭᠴᠦ | ᠲᠣᠭᠲᠠᠭᠠᠯᠭᠠᠪᠠ᠃ ᠪᠢᠳᠡ ᠨᠢᠭᠡ ᠪᠦᠯᠦᠭ ︽ᠵᠢᠵᠢᠭ ᠮᠥᠷᠲᠡᠭᠡᠨ ᠰᠠᠶᠢᠨ︾ ᠠᠷᠠᠳ ᠤᠨ ᠠᠮᠢᠳᠤᠷᠠᠯ ᠤᠨ ᠲᠥᠷᠥᠯ | ᠵᠦᠢᠯ ᠢ ᠴᠢᠷᠮᠠᠶᠢᠨ ᠪᠦᠲᠦᠭᠡᠨ ᠪᠠᠶᠢᠭᠤᠯᠵᠤ᠂ ︽ᠠᠷᠠᠳ ᠤᠨ ᠠᠮᠢᠳᠤᠷᠠᠯ ᠤᠨ ᠬᠠᠷᠢᠭᠤᠯᠲᠠ ᠶᠢᠨ ᠬᠠᠭᠤᠳᠠᠰᠤ︾ ᠶᠢ | ᠨᠠᠩ ᠢᠯᠡᠭᠦᠦ ᠣᠯᠵᠤ ᠬᠠᠷᠠᠨ᠂ ᠠᠷᠠᠳ ᠲᠤ ᠠᠰᠢᠭ ᠬᠦᠷᠲᠡᠭᠡᠬᠦ ᠰᠠᠭᠤᠷᠢ ᠥᠩᠭᠡ ᠶᠢ ᠨᠠᠩ ᠢᠯᠡᠭᠦᠦ ᠣᠯᠵᠤ | ᠬᠠᠷᠠᠨ᠎ᠠ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ᠵᠠᠰᠠᠭ ᠤᠨ ᠡᠷᠬᠢᠮ ᠢᠨᠦ ᠦᠢᠯᠡ ᠠᠵᠢᠯᠯᠠᠭ᠎ᠠ ᠳᠤ ᠪᠤᠢ᠂ ᠬᠡᠷᠡᠭ ᠶᠠᠪᠤᠳᠠᠯ ᠪᠣᠳᠠᠲᠠᠢ ᠠᠴᠠ ᠪᠦᠲᠦᠮᠦᠢ᠃ ᠪᠢᠳᠡ | ᠮᠣᠩᠭᠤᠯ ᠮᠣᠷᠢᠨ ᠤ ᠵᠣᠷᠢᠭ ᠰᠠᠨᠠᠭ᠎ᠠ᠂ ︽ᠤᠮᠠᠷᠠᠲᠤ ᠶᠢᠨ ᠭᠤᠷᠪᠠᠨ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ | ︽ᠰᠢᠯᠭᠠᠯᠲᠠ ᠳᠤ ᠣᠷᠣᠯᠴᠠᠬᠤ︾ᠬᠤᠷᠴᠠ ᠰᠡᠷᠭᠡᠭ ᠪᠥᠭᠡᠳ ᠡᠷᠡᠰ ᠪᠠᠲᠤ ᠪᠠᠶᠢᠬᠤ ᠶᠢ ᠢᠮᠠᠭᠲᠠ ᠪᠠᠲᠤᠯᠠᠵᠤ᠂ | ᠬᠥᠭᠵᠢᠭᠦᠯᠬᠦ ᠪᠠᠷ ᠴᠥᠬᠦᠷᠡᠰᠢ ᠦᠭᠡᠢ ᠴᠢᠷᠮᠠᠶᠢᠵᠤ᠂ ᠨᠠᠶᠢᠳᠠᠪᠤᠷᠢᠵᠢᠭᠤᠯᠤᠯᠲᠠ ᠶᠢ ᠴᠥᠬᠦᠷᠡᠰᠢ ᠦᠭᠡᠢ ᠠᠳᠬᠤᠵᠤ᠂ | ᠠᠷᠠᠳ ᠲᠦᠮᠡᠨ ᠤ ᠰᠡᠳᠬᠢᠯ ᠬᠠᠨᠤᠮᠵᠢᠲᠠᠢ ᠵᠠᠰᠠᠭ ᠤᠨ ᠣᠷᠳᠣᠨ ᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ | ᠦᠨᠡᠨᠴᠢ ᠰᠢᠳᠤᠷᠭᠤ ᠶᠢᠨ ᠰᠦᠭ ᠰᠦᠨᠡᠰᠦ ᠶᠢ ᠡᠷᠡᠰ ᠪᠠᠲᠤ ᠴᠣᠭᠴᠠᠯᠠᠨ᠎ᠠ᠃ ︽ᠬᠤᠶᠠᠷ ᠢ ᠲᠣᠭᠲᠠᠭᠠᠬᠤ︾ ᠶᠢ | ᠡᠷᠡᠰ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ | ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠵᠢᠭᠠᠪᠤᠷᠢ ᠠᠪᠴᠤ | ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠴᠢᠬᠤᠯᠠ ᠶᠡᠭᠡ ᠤᠴᠢᠷ ᠶᠠᠪᠤᠳᠠᠯ ᠢ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠠᠴᠠ ᠤᠷᠢᠳᠴᠢᠯᠠᠨ ᠵᠢᠭᠠᠪᠤᠷᠢ ᠠᠪᠴᠤ᠂ ᠭᠤᠣᠯᠳᠠᠯᠭ᠎ᠠ ᠲᠠᠢ ᠠᠵᠢᠯ ᠢ ᠰᠠᠨᠠᠭᠠᠴᠢᠯᠠᠭ᠎ᠠ | ᠠᠴᠠ ᠪᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠳᠤ ᠬᠠᠷᠢᠭᠤ ᠮᠡᠳᠡᠭᠦᠯᠵᠦ᠂ ᠴᠢᠬᠤᠯᠠ ᠶᠡᠭᠡ | ᠠᠵᠢᠯᠯᠠᠭ᠎ᠠ ᠵᠢᠴᠢ ᠴᠠᠭ ᠲᠤᠬᠠᠢ ᠳᠤᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠳᠤ ᠮᠡᠳᠡᠭᠦᠯᠦᠨ | ᠵᠥᠪᠰᠢᠶᠡᠷᠡᠭᠦᠯᠦᠨ᠎ᠡ᠃ | ᠠᠷᠪᠢᠯᠠᠨ ᠭᠠᠮᠨᠠᠬᠤ ᠰᠤᠷᠲᠠᠯ ᠢ ᠡᠷᠡᠰ ᠴᠢᠩᠭ᠎ᠠ ᠬᠡᠷᠡᠭᠵᠢᠭᠦᠯᠦᠨ᠎ᠡ᠃ ᠨᠠᠷᠢᠨ ᠨᠢᠮᠪᠠᠢ ᠪᠤᠳᠤᠵᠤ ᠭᠠᠮᠨᠠᠨ | ᠠᠮᠢᠳᠤᠷᠠᠵᠤ᠂ ᠭᠠᠶᠢᠯᠢ ᠶᠢᠨ ᠢᠷᠡᠯᠲᠡ ᠶᠢ ᠨᠡᠮᠡᠭᠳᠡᠭᠦᠯᠦᠨ᠂ ᠥᠷᠢ ᠥᠭᠴᠡᠭᠡ ᠶᠢ ᠠᠷᠢᠯᠭᠠᠬᠤ ᠠᠷᠭ᠎ᠠ ᠵᠠᠮ ᠢ | ᠥᠷᠭᠡᠳᠬᠡᠵᠦ᠂ ᠦᠯᠡᠳᠡᠭᠡᠯ ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ᠂ ᠬᠥᠷᠥᠩᠭᠡ ᠶᠢ ᠪᠥᠬᠦ ᠲᠠᠯ᠎ᠠ ᠪᠠᠷ | ᠠᠮᠢᠳᠤᠯᠢᠭ ᠪᠣᠯᠭᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠰᠢᠢᠳᠪᠦᠷᠢᠯᠡᠨ᠎ᠡ᠃ ᠠᠯᠢᠪᠠ ᠠᠵᠢᠯ ᠦᠢᠯᠡᠰ ᠢ | ᠠᠵᠢᠯᠴᠢ ᠠᠷᠪᠢᠴᠢ ᠪᠠᠷ ᠡᠷᠬᠢᠯᠡᠵᠤ᠂ ᠰᠢᠨ᠎ᠡ ᠪᠠᠷ ᠨᠡᠮᠡᠭᠳᠡᠭᠰᠡᠨ ᠵᠠᠷᠤᠯᠭ᠎ᠠ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ | ᠪᠠ ᠡᠩ ᠤᠨ ᠴᠢᠨᠠᠷᠲᠠᠢ ᠵᠠᠷᠤᠯᠭ᠎ᠠ ᠶᠢ ᠦᠷᠭᠦᠯᠵᠢᠯᠡᠨ ᠪᠠᠭᠠᠰᠬᠠᠵᠤ᠂ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ︽ᠤᠰᠤᠨ ᠭᠤᠭᠤᠵᠢᠭᠤᠷ︾ ᠢ ᠴᠢᠩᠭ᠎ᠠ ᠮᠤᠰᠬᠢᠵᠤ᠂ ᠵᠠᠷᠤᠵᠤ ᠪᠣᠯᠬᠤ ᠦᠭᠡᠢ ᠵᠣᠭᠤᠰ ᠢ | ᠶᠠᠭᠠᠬᠢᠭᠰᠠᠨ ᠴᠤ ᠵᠠᠷᠤᠬᠤ ᠦᠭᠡᠢ᠂ ᠪᠠᠶᠢᠭᠤᠯᠬᠤ ᠴᠢᠬᠤᠯᠠ ᠦᠭᠡᠢ ᠵᠦᠢᠯᠡᠰ ᠢ ᠶᠠᠭᠠᠬᠢᠭᠰᠠᠨ ᠴᠤ ᠭᠠᠷᠭᠠᠬᠤ ᠦᠭᠡᠢ᠂ | ︽ᠰᠢᠨ᠎ᠡ ᠳᠦᠷᠢ ᠲᠥᠷᠬᠦ︾ ᠶᠢᠨ ᠢᠨᠵᠧᠨᠧᠷᠢᠩ ᠢ ᠡᠷᠡᠰ ᠵᠣᠭᠰᠣᠭᠠᠵᠤ᠂ ᠬᠢᠵᠠᠭᠠᠷᠲᠠᠢ ᠪᠡᠯᠡ ᠮᠥᠩᠭᠦ ᠶᠢ | ᠬᠥᠭᠵᠢᠯᠲᠡ ᠶᠢᠨ ᠴᠢᠬᠤᠯᠠ ᠭᠠᠵᠠᠷ᠂ ᠠᠷᠠᠳ ᠤᠨ ᠠᠮᠢᠳᠤᠷᠠᠯ ᠤᠨ ᠪᠠᠴᠢᠮ ᠬᠡᠷᠡᠭᠴᠡᠭᠡᠨ ᠳᠤ ᠬᠡᠷᠡᠭᠯᠡᠬᠦ ᠬᠡᠷᠡᠭᠲᠡᠢ᠃ | ᠠᠵᠢᠯ ᠶᠠᠪᠤᠳᠠᠯ ᠬᠢᠬᠦ ᠬᠠᠷᠢᠭᠤᠴᠠᠯᠭ᠎ᠠ ᠪᠠᠨ ᠡᠷᠡᠰ ᠪᠠᠲᠤ ᠡᠭᠦᠷᠭᠡᠯᠡᠪᠡ᠃ ︽ᠭᠤᠷᠪᠠᠨ ᠠᠷᠪᠢᠨ ᠭᠤᠷᠪᠠᠨ | ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ︽ᠵᠢᠷᠤᠮᠵᠢᠭᠤᠯᠬᠤ᠂ | ᠴᠣᠮᠬᠠᠳᠬᠠᠬᠤ᠂ ᠬᠤᠷᠳᠤᠴᠠ ᠶᠢ ᠲᠦᠷᠭᠡᠳᠬᠡᠬᠦ︾ ᠶᠢ ᠭᠦᠨᠵᠡᠭᠡᠢ ᠲᠦᠯᠬᠢᠨ ᠠᠬᠢᠭᠤᠯᠵᠤ᠂ ︽ᠤᠳᠠᠭᠠᠨ᠂ ᠪᠦᠳᠦᠭᠦᠯᠢᠭ᠂ | ᠬᠡᠶᠢᠰᠪᠦᠷᠢ︾ ᠶᠢ ᠡᠷᠡᠰ ᠠᠷᠢᠯᠭᠠᠵᠤ᠂ ︽ᠲᠤᠯᠤᠭ᠎ᠠ ᠶᠢ ᠲᠠᠶᠠᠭᠳᠠᠬᠤ︾ ᠶᠢ ᠦᠨᠡᠨ ᠬᠦ ᠪᠡᠶᠡᠯᠡᠭᠦᠯᠦᠨ᠎ᠡ᠃ | ᠬᠠᠷᠢᠭᠤᠴᠠᠯᠭ᠎ᠠ ᠶᠢ ᠲᠣᠳᠣᠷᠬᠠᠢ ᠪᠣᠯᠭᠠᠬᠤ᠂ ᠬᠠᠷᠢᠭᠤᠴᠠᠯᠭ᠎ᠠ ᠶᠢ ᠭᠦᠢᠴᠡᠳᠬᠡᠬᠦ᠂ ᠬᠠᠷᠢᠭᠤᠴᠠᠯᠭ᠎ᠠ ᠶᠢ ᠬᠢᠨᠠᠨ | ᠪᠠᠶᠢᠴᠠᠭᠠᠬᠤ᠂ ᠬᠠᠷᠢᠭᠤᠴᠠᠯᠭ᠎ᠠ ᠨᠡᠬᠡᠮᠵᠢᠯᠡᠬᠦ ᠪᠢᠲᠡᠭᠦᠦ ᠴᠠᠭᠠᠷᠢᠭ ᠤᠨ ᠬᠡᠯᠬᠢᠶ᠎ᠡ ᠶᠢ ᠴᠢᠩᠭ᠎ᠠ ᠮᠤᠰᠬᠢᠵᠤ᠂︽ᠲᠠᠪᠤᠨ | ᠰᠡᠳᠦᠪ ᠢ ᠬᠤᠯᠪᠣᠯᠳᠤᠭᠤᠯᠬᠤ︾ᠲᠣᠭᠲᠠᠴᠠ ᠶᠢ ᠭᠦᠨᠵᠡᠭᠡᠢ ᠪᠥᠭᠡᠳ ᠪᠣᠳᠠᠲᠠᠶᠢᠵᠢᠭᠤᠯᠵᠤ᠂ ᠨᠠᠮ ᠤᠨ ᠲᠥᠪ | ᠬᠤᠷᠢᠶᠠᠨ ᠤ ᠱᠠᠭᠠᠷᠳᠠᠯᠭ᠎ᠠ ᠳᠤ ᠨᠡᠶᠢᠴᠡᠭᠰᠡᠨ᠂ ᠬᠥᠭᠵᠢᠯᠲᠡ ᠳᠤ ᠠᠰᠢᠭᠲᠠᠢ᠂ ᠠᠷᠠᠳ ᠤᠯᠠᠨ ᠳᠤ ᠠᠰᠢᠭᠲᠠᠢ ᠶᠠᠪᠤᠳᠠᠯ | ᠪᠦᠬᠦᠨ ᠳᠤ᠂ ᠺᠠᠳ᠋ᠷᠴᠤᠳ ᠤᠨ ᠵᠣᠷᠢᠭᠲᠠᠢ ᠪᠠᠷ ᠬᠠᠶᠢᠨ ᠰᠦᠪᠡᠭᠴᠢᠯᠡᠬᠦ᠂ ᠵᠣᠷᠢᠭᠲᠠᠢ ᠪᠠᠷ ᠠᠵᠢᠯᠯᠠᠬᠤ ᠶᠢ | ᠵᠣᠷᠢᠭᠵᠢᠭᠤᠯᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠠᠮᠢ ᠠᠬᠤᠢ ᠶᠢᠨ ᠵᠠᠰᠠᠯᠲᠠ ᠵᠡᠷᠭᠡ ᠡᠯ᠎ᠡ | ᠵᠦᠢᠯ ᠤᠨ ᠠᠵᠢᠯ ᠢ ᠵᠠᠪᠠᠯ ᠬᠢᠵᠦ᠂ ᠵᠠᠪᠠᠯ ᠰᠠᠶᠢᠨ ᠬᠢᠬᠦ ᠶᠢ ᠠᠬᠢᠭᠤᠯᠬᠤ ᠬᠡᠷᠡᠭᠲᠡᠢ᠃ | ᠠᠷᠢᠭᠤᠨ ᠴᠢᠬᠡᠴᠢ ᠪᠠᠷ ᠵᠠᠰᠠᠭ ᠪᠠᠷᠢᠬᠤ ᠰᠠᠬᠢᠯᠭ᠎ᠠ ᠶᠢ ᠡᠷᠡᠰ ᠰᠠᠬᠢᠨ᠎ᠠ᠃ ᠲᠥᠪ ᠤᠨ ᠨᠠᠢᠮᠠᠨ ᠲᠣᠭᠲᠠᠭᠠᠯ | ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ | ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠬᠡᠯᠪᠡᠷᠢᠴᠢ ᠦᠵᠡᠯ ᠨᠣᠶᠠᠨᠴᠢ ᠰᠤᠷᠲᠠᠯ | ᠪᠣᠯᠣᠨ ᠬᠠᠷᠢᠭᠤᠴᠠᠯᠭ᠎ᠠ ᠡᠭᠦᠷᠭᠡᠯᠡᠬᠦ ᠦᠭᠡᠢ ᠠᠵᠢᠯ ᠬᠢᠬᠦ ᠦᠭᠡᠢ ᠠᠰᠠᠭᠤᠳᠠᠯ ᠢ ᠴᠡᠭᠴᠡᠯᠡᠨ ᠵᠠᠰᠠᠬᠤ ᠶᠢ | ᠦᠷᠭᠦᠯᠵᠢᠯᠡᠨ ᠭᠦᠨᠵᠡᠭᠡᠶᠢᠷᠡᠭᠦᠯᠪᠡ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠲᠦᠯᠬᠢᠨ ᠠᠬᠢᠭᠤᠯᠵᠤ᠂ ᠨᠠᠮ ᠢ ᠬᠠᠮᠢᠶᠠᠷᠴᠤ | ᠨᠠᠮ ᠢ ᠵᠠᠰᠠᠬᠤ ᠬᠠᠷᠢᠭᠤᠴᠠᠯᠭ᠎ᠠ ᠶᠢ ᠪᠠᠲᠤ ᠴᠢᠩᠭ᠎ᠠ ᠡᠭᠦᠷᠭᠡᠯᠡᠵᠦ᠂ ᠡᠷᠬᠡ ᠲᠥᠪᠯᠡᠷᠡᠭᠰᠡᠨ᠂ ᠪᠡᠯᠡ ᠮᠥᠩᠭᠦ | ᠨᠢᠭᠲᠠᠷᠠᠭᠰᠠᠨ᠂ ᠡᠬᠢ ᠪᠠᠶᠠᠯᠢᠭ ᠡᠯᠪᠡᠭ ᠬᠤᠷᠠᠭᠰᠠᠨ ᠵᠠᠩᠭᠢᠯᠠᠭ᠎ᠠ ᠶᠢᠨ ᠬᠦᠷᠢᠶ᠎ᠡ᠂ ᠵᠠᠩᠭᠢᠯᠠᠭ᠎ᠠ ᠶᠢᠨ ᠠᠵᠢᠯ ᠤᠨ ᠪᠠᠶᠢᠷᠢ᠂ | ᠵᠠᠩᠭᠢᠯᠠᠭ᠎ᠠ ᠶᠢᠨ ᠬᠥᠮᠥᠰ ᠢ ᠴᠢᠩᠭ᠎ᠠ ᠠᠩᠬᠠᠷᠴᠤ᠂ ᠤᠯᠠᠨ ᠲᠦᠮᠡᠨ ᠤ ᠳᠡᠷᠭᠡᠳᠡᠬᠢ ︽ᠤᠯᠠᠨ ᠲᠦᠮᠡᠨ ᠤ ᠳᠡᠷᠭᠡᠳᠡᠬᠢ | ᠢᠯᠵᠠᠷᠠᠯ︾ ᠢ ᠡᠷᠡᠰ ᠵᠠᠯᠬᠠᠭᠠᠨ ᠰᠢᠳᠭᠡᠵᠦ᠂ ᠬᠡᠪ ᠰᠤᠷᠲᠠᠯ ᠲᠥᠪ ᠴᠢᠬᠡᠴᠢ ᠪᠠᠶᠢᠬᠤ ᠤᠯᠤᠰ ᠲᠦᠷᠦ ᠶᠢᠨ ᠠᠮᠢ | ᠠᠬᠤᠢ ᠶᠢ ᠪᠠᠬᠢᠵᠢᠭᠦᠯᠦᠨ᠎ᠡ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠣᠯ | ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠮᠥᠨ᠂ ᠡᠨᠡ ᠬᠦ ᠭᠤᠣᠯ | ᠱᠤᠭᠤᠮ ᠢ ᠠᠵᠤ ᠠᠬᠤᠢ᠂ ᠤᠯᠤᠰ ᠲᠦᠷᠦ᠂ ᠰᠣᠶᠣᠯ᠂ ᠨᠡᠶᠢᠭᠡᠮ᠂ ᠠᠮᠢ ᠠᠬᠤᠢ ᠶᠢᠨ ᠪᠣᠯᠪᠠᠰᠤᠨ ᠪᠠ ᠨᠠᠮ ᠤᠨ | ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠤᠨ ᠳᠤᠮᠳᠠ ᠪᠦᠬᠦ ᠲᠠᠯ᠎ᠠ ᠪᠠᠷ ᠲᠤᠤᠱᠯᠠᠭᠤᠯᠵᠤ᠂ ᠠᠰᠠᠭᠤᠳᠠᠯ ᠢ | ᠪᠣᠳᠣᠯᠬᠢᠯᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠲᠦᠷᠦ ᠶᠢᠨ ᠪᠣᠳᠣᠯᠭ᠎ᠠ ᠭᠠᠷᠭᠠᠬᠤ᠂ | ᠨᠠᠶᠢᠳᠠᠪᠤᠷᠢᠵᠢᠭᠤᠯᠤᠯᠲᠠ ᠶᠢ ᠠᠳᠬᠤᠬᠤ ᠪᠦᠬᠦ ᠶᠠᠪᠤᠴᠠ ᠶᠢᠨ ᠡᠯ᠎ᠡ ᠲᠠᠯ᠎ᠠ ᠳᠤ ᠡᠷᠡᠰ ᠲᠤᠤᠱᠯᠠᠭᠤᠯᠬᠤ ᠬᠡᠷᠡᠭᠲᠡᠢ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠵᠤ ᠪᠠᠷᠢᠯᠭ᠎ᠠ ᠶᠢᠨ ᠰᠠᠭᠤᠷᠢ ᠶᠢ ᠡᠭᠦᠳᠴᠦ ᠶᠠᠰᠤ ᠴᠢᠨᠠᠷ ᠢ | ᠳᠡᠭᠡᠭᠰᠢᠯᠡᠭᠦᠯᠬᠦ᠂ ᠦᠨᠳᠦᠰᠦ ᠰᠠᠭᠤᠷᠢ ᠶᠢ ᠪᠣᠶᠢᠵᠢᠭᠤᠯᠵᠤ ᠰᠦᠭ ᠰᠦᠨᠡᠰᠦ ᠶᠢ ᠪᠤᠢ ᠪᠣᠯᠭᠠᠬᠤ᠂ ᠲᠦᠷᠦᠯ | ᠲᠡᠮᠳᠡᠭ ᠢᠶᠠᠷ ᠳᠠᠭᠠᠭᠤᠯᠬᠤ ᠶᠢ ᠠᠬᠢᠭᠤᠯᠵᠤ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ | ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ | ᠥᠷᠨᠢᠭᠦᠯᠵᠦ᠂ ᠥᠷᠭᠡᠨ ᠣᠯᠠᠨ ᠺᠠᠳ᠋ᠷ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ︽ᠵᠢᠷᠭᠤᠭᠠᠨ | ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠢ | ᠣᠶᠢᠯᠠᠭᠠᠨ ᠡᠵᠡᠮᠰᠢᠭᠦᠯᠵᠦ᠂ ︽ᠳᠣᠯᠤᠭ᠎ᠠ ᠵᠢᠱᠢᠶᠡᠴᠢ ᠪᠣᠯᠬᠤ︾ ᠲᠠᠯ᠎ᠠ ᠪᠠᠷ ᠪᠣᠳᠠᠲᠠᠢ ᠦᠷ᠎ᠡ ᠪᠦᠲᠦᠮᠵᠢ ᠭᠠᠷᠭᠠᠵᠤ᠂ | ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠳᠡᠯᠭᠡᠷᠡᠭᠦᠯᠬᠦ᠂ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠵᠡᠷᠭᠡ ᠠᠵᠢᠯ ᠢ ᠪᠥᠬᠦ | ᠲᠠᠯ᠎ᠠ ᠪᠠᠷ ᠰᠠᠶᠢᠲᠤᠷ ᠬᠢᠵᠦ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠣᠷᠣᠨ ᠢ ᠴᠢᠷᠮᠠᠶᠢᠨ ᠡᠭᠦᠳᠴᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ | ᠠᠯᠳᠠᠷ ᠢ ᠪᠥᠬᠦ ᠬᠦᠴᠦᠨ ᠢᠶᠠᠷ ᠢᠶᠠᠨ ᠬᠠᠮᠠᠭᠠᠯᠠᠨ᠎ᠠ᠃ | ᠲᠥᠯᠥᠭᠡᠯᠡᠭᠴᠢᠳ ᠠ᠋︕ ᠶᠡᠭᠡ ᠵᠠᠮ ᠲᠤᠶᠢᠯ ᠤᠨ ᠳᠥᠭᠦᠮ ᠳᠥᠲᠡ᠂ ᠪᠣᠳᠠᠲᠠᠢ ᠠᠵᠢᠯᠯᠠᠬᠤ ᠪᠠᠷ | ᠭᠤᠣᠯᠳᠠᠭᠤᠯᠵᠤ᠂ ᠦᠢᠯᠡᠰ ᠪᠣᠰᠬᠠᠬᠤ ᠳᠤ ᠬᠦᠴᠢᠷᠲᠡᠢ ᠪᠠᠶᠢᠵᠤ᠂ ᠴᠢᠷᠮᠠᠶᠢᠨ ᠲᠡᠮᠡᠴᠡᠪᠡᠯ ᠠᠮᠵᠢᠯᠲᠠ ᠳᠤ ᠬᠦᠷᠦᠨ᠎ᠠ᠃ | ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ | ᠨᠢᠭᠲᠠᠷᠠᠨ ᠪᠦᠯᠬᠦᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ | ᠪᠤᠢ ᠪᠣᠯᠭᠠᠬᠤ ᠡᠨᠡᠬᠦ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ᠬᠤᠳᠠ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠣᠯᠣᠨ ᠲᠤᠭᠤᠷᠢᠭ ᠤᠨ ᠨᠠᠮ ᠤᠨ ᠬᠤᠷᠢᠶᠠᠨ ᠤ ᠵᠥᠪ ᠣᠨᠣᠪᠴᠢᠲᠠᠢ ᠤᠳᠤᠷᠢᠳᠤᠯᠭ᠎ᠠ ᠳᠣᠣᠷ᠎ᠠ᠂ | ᠢᠲᠡᠭᠡᠯ ᠵᠣᠷᠢᠭ ᠢᠶᠠᠨ ᠪᠠᠲᠤᠳᠬᠠᠵᠤ᠂ ᠵᠠᠮ ᠨᠡᠭᠡᠭᠡᠨ ᠡᠷᠡᠯᠬᠡᠭᠯᠡᠨ ᠤᠷᠤᠭᠰᠢᠯᠠᠵᠤ᠂ ᠢᠯᠠᠯᠲᠠ ᠶᠢᠨ ᠡᠷᠴᠢᠨ ᠳᠡᠭᠡᠷ᠎ᠡ | ᠤᠷᠤᠭᠰᠢᠯᠠᠵᠤ᠂ ᠡᠷᠡᠯᠬᠡᠭᠯᠡᠨ ᠲᠡᠮᠡᠴᠡᠵᠦ ᠪᠣᠳᠠᠲᠠᠢ ᠠᠵᠢᠯᠯᠠᠵᠤ᠂ ᠥᠪᠡᠷᠲᠡᠭᠡᠨ ᠵᠠᠰᠠᠬᠤ ᠣᠷᠣᠨ ᠤ︽ᠰᠢᠨ᠎ᠡ ᠵᠠᠮ ᠢᠶᠠᠷ | ᠵᠠᠮᠨᠠᠵᠤ᠂ ᠳᠤᠮᠳᠠ ᠤᠷᠤᠰᠬᠠᠯ ᠢᠶᠠᠷ ᠤᠷᠤᠭᠰᠢᠯᠠᠬᠤ︾ᠪᠠ ᠪᠦᠬᠦ ᠬᠤᠳᠠ ᠶᠢᠨ︽ᠭᠤᠷᠪᠠᠨ ᠥᠨᠳᠥᠷ︾ ᠤᠨ ᠬᠠᠷᠠᠯᠲᠠ ᠶᠢ | ᠪᠡᠶᠡᠯᠡᠭᠦᠯᠬᠦ ᠳᠤ ᠨᠡᠩ ᠴᠢᠩᠭ᠎ᠠ ᠬᠥᠳᠡᠯᠭᠡᠬᠦ ᠬᠦᠴᠦᠨ ᠨᠡᠮᠡᠷᠢᠯᠡᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠤᠳᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕ | ᠨᠡᠷ᠎ᠡ ᠦᠭᠡ ᠶᠢᠨ ᠲᠠᠶᠢᠯᠪᠤᠷᠢ | ︽ᠬᠤᠶᠠᠷ ᠳᠠᠬᠢᠨ ᠢᠶᠠᠷ ᠨᠡᠮᠡᠭᠳᠡᠭᠦᠯᠵᠦ ᠬᠤᠶᠠᠷ ᠢ ᠳᠡᠭᠡᠭᠰᠢᠯᠡᠭᠦᠯᠬᠦ︾ ᠠᠵᠢᠯᠯᠠᠭ᠎ᠠ᠄ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ | ᠠᠬᠤᠶᠢᠯᠠᠯ ᠤᠨ ᠲᠤᠭ᠎ᠠ ᠬᠡᠮᠵᠢᠶ᠎ᠡ ᠶᠢ ᠳᠠᠬᠢᠨ ᠢᠶᠠᠷ ᠨᠡᠮᠡᠭᠳᠡᠭᠦᠯᠵᠦ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ | ᠲᠠᠪᠴᠠᠩ ᠤᠨ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠬᠤᠶᠠᠷ ᠢᠶᠠᠷ ᠳᠡᠭᠡᠭᠰᠢᠯᠡᠭᠦᠯᠬᠦ ᠶᠢ ᠵᠢᠭᠠᠵᠤ ᠪᠣᠶ᠃ | ︽1+8+22︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠢᠭᠰᠠᠭᠠᠯ᠄ ᠡᠨᠡ ᠨᠢ ᠲᠣᠭᠤᠷᠢᠭ ᠤᠨ ᠲᠤᠰ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠢ 1 ᠪᠠᠶᠢᠭᠤᠯᠵᠤ᠂ ᠪᠠᠯᠭᠠᠰᠤ︵ᠵᠡᠭᠡᠯᠢ ᠭᠤᠳᠤᠮᠵᠢ︶ ᠶᠢᠨ | ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠲᠥᠪ ᠢ 8 ᠪᠠᠶᠢᠭᠤᠯᠵᠤ᠂ ᠲᠣᠰᠬᠤᠨ︵ᠨᠡᠶᠢᠭᠡᠮ ᠲᠣᠭᠤᠷᠢᠭ︶ ᠤ | ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠦᠷᠳᠡᠭᠡ ᠶᠢ 22 ᠪᠠᠶᠢᠭᠤᠯᠵᠤ᠂ ᠪᠠᠯᠭᠠᠰᠤ︵ᠵᠡᠭᠡᠯᠢ ᠭᠤᠳᠤᠮᠵᠢ︶᠂ | ᠲᠣᠰᠬᠤᠨ︵ᠨᠡᠶᠢᠭᠡᠮ ᠲᠣᠭᠤᠷᠢᠭ︶ ᠤ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠪᠠᠶᠢᠭᠤᠯᠤᠮᠵᠢ ᠶᠢ | ᠪᠦᠬᠦᠨ ᠢ ᠬᠠᠮᠤᠷᠤᠭᠤᠯᠬᠤ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠶᠢ ︽ᠥᠴᠥᠬᠡᠨ ᠴᠦ ᠵᠠᠢ ᠦᠭᠡᠢ | ᠪᠠᠶᠢᠯᠭᠠᠬᠤ︾ ᠶᠢ ᠪᠡᠶᠡᠯᠡᠭᠦᠯᠬᠦ ᠶᠢ ᠵᠢᠭᠠᠵᠤ ᠪᠠᠶᠢᠨ᠎ᠠ᠃ | ︽1+N︾ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ᠄ ᠡᠨᠡ ᠨᠢ ᠠᠷᠠᠳ ᠤᠨ ᠡᠮᠨᠡᠯᠭᠡ ᠶᠢᠨ | ᠬᠤᠷᠢᠶ᠎ᠠ ᠪᠠᠷ ᠲᠥᠪ ᠪᠣᠯᠭᠠᠵᠤ᠂ 5 ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ | ︵ᠡᠷᠡᠭᠦᠯ ᠬᠠᠮᠠᠭᠠᠯᠠᠯ ᠤᠨ ᠬᠤᠷᠢᠶ᠎ᠠ︶ ᠢ ᠬᠤᠯᠪᠣᠵᠤ᠂ ᠡᠯ᠎ᠡ ᠠᠷᠠᠳ ᠤᠨ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠶᠢ | ᠬᠤᠯᠪᠣᠵᠤ᠂ ᠣᠷᠣᠨ ᠪᠦᠰᠡ ᠶᠢᠨ ᠡᠮᠴᠢᠯᠡᠭᠡᠨ ᠤ ᠪᠦᠯᠦᠭᠯᠡᠯ ᠢ ᠵᠣᠬᠢᠶᠠᠨ ᠪᠠᠶᠢᠭᠤᠯᠵᠤ᠂ ᠳᠡᠭᠡᠳᠦ ᠳᠣᠣᠷᠠᠳᠤ | ᠱᠠᠲᠤ ᠪᠠᠷ ᠢᠶᠠᠨ ᠬᠠᠮᠵᠢᠯᠴᠠᠨ ᠬᠤᠯᠪᠤᠭᠠᠯᠠᠨ ᠬᠥᠳᠡᠯᠦᠯᠴᠡᠵᠦ᠂ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠬᠦ ᠶᠢ | ᠪᠡᠶᠡᠯᠡᠭᠦᠯᠬᠦ ᠶᠢ ᠵᠢᠭᠠᠵᠤ ᠪᠣᠶ᠃ | ︽ᠬᠤᠪᠢᠰᠬᠠᠯᠲᠤ ᠠᠳᠠᠯ ᠠᠬᠤᠢ︾ ᠶᠢᠨ ᠬᠠᠮᠢᠶᠠᠷᠤᠯᠲᠠ ᠶᠢᠨ ᠵᠠᠭᠪᠤᠷ᠄ ᠬᠤᠰᠢᠭᠤᠴᠢ ᠨᠡᠶᠢᠭᠡᠮ ᠲᠣᠭᠤᠷᠢᠭ ᠤᠨ | ᠨᠠᠮ ᠤᠨ ᠬᠤᠷᠢᠶᠠᠨ ᠤ ᠳᠠᠭᠠᠭᠤᠯᠤᠨ ᠡᠷᠭᠢᠯᠡᠭᠰᠡᠨ ᠠᠳᠠᠯ ᠠᠬᠤᠢ ᠶᠢᠨ ᠺᠣᠮᠫᠠᠨᠢ ᠨᠢ ᠨᠠᠮ ᠤᠨ ᠤᠯᠤᠰ ᠲᠥᠷᠥ ᠶᠢᠨ | ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠦᠨᠳᠦᠰᠦᠨ ᠱᠠᠲᠤᠨ ᠤ ᠵᠠᠰᠠᠯᠲᠠ ᠶᠢᠨ ᠳᠠᠪᠠᠭᠤᠯᠢᠭ ᠪᠠ | ᠠᠵᠤ ᠠᠬᠤᠶᠢᠯᠠᠯ ᠤᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠳᠤ ᠰᠢᠨ᠎ᠡ ᠬᠥᠳᠡᠯᠭᠡᠭᠴᠢ | ᠡᠨᠧᠷᠭᠢ ᠶᠢ ᠨᠢᠭᠲᠠᠷᠠᠭᠤᠯᠬᠤ ᠶᠢ ᠵᠢᠭᠠᠵᠤ ᠪᠠᠶᠢᠨ᠎ᠠ᠃ | ᠪᠠᠶᠢᠴᠠᠭᠠᠨ ᠰᠤᠳᠤᠯᠤᠯᠲᠠ ᠶᠢᠨ ︽ᠲᠠᠪᠤᠨ ᠰᠡᠳᠦᠪ ᠬᠠᠮᠲᠤᠷᠠᠨ ᠬᠥᠳᠡᠯᠦᠯᠴᠡᠬᠦ︾ ᠭᠡᠳᠡᠭ ᠨᠢ᠄ ᠲᠤᠭᠤᠷᠢᠭ ᠤᠨ | ᠱᠠᠲᠤᠨ ᠤ ᠤᠳᠤᠷᠢᠳᠤᠯᠭ᠎ᠠ ᠶᠢᠨ ᠬᠠᠷᠠᠯᠲᠠ ᠴᠡᠭ ᠤᠨ ᠰᠡᠳᠦᠪ᠂ ᠰᠠᠯᠠᠭ᠎ᠠ ᠮᠥᠴᠢᠷ ᠨᠢᠭᠡᠴᠡ ᠶᠢᠨ ᠨᠠᠷᠢᠯᠢᠭ | ᠣᠨᠣᠴᠠᠲᠠᠢ ᠪᠠᠷ ᠰᠡᠳᠦᠪ ᠠᠪᠬᠤ᠂ ᠨᠢᠭᠡᠳᠦᠭᠡᠷ ᠹᠷᠣᠨᠲ ᠲᠤ ᠰᠡᠳᠦᠪ ᠵᠠᠳᠠᠯᠬᠤ᠂ ᠬᠠᠮᠵᠢᠯᠴᠠᠨ ᠰᠡᠳᠦᠪ ᠵᠠᠳᠠᠯᠬᠤ᠂ | ᠪᠣᠳᠠᠲᠠᠢ ᠶᠢ ᠡᠷᠬᠢᠮᠯᠡᠨ ᠰᠡᠳᠦᠪ ᠬᠠᠷᠢᠭᠤᠯᠬᠤ ︽ᠲᠠᠪᠤᠨ ᠰᠡᠳᠦᠪ ᠬᠠᠮᠲᠤᠷᠠᠨ ᠬᠥᠳᠡᠯᠦᠯᠴᠡᠬᠦ︾ ᠪᠢᠲᠡᠭᠦᠦ | ᠴᠠᠭᠠᠷᠢᠭ ᠤᠨ ᠠᠵᠢᠯ ᠤᠨ ᠲᠣᠭᠲᠠᠴᠠ ᠶᠢ ᠬᠡᠷᠡᠭᠵᠢᠭᠦᠯᠬᠦ ᠶᠢ ᠵᠢᠭᠠᠵᠤ ᠪᠣᠶ᠃ | ᠭᠤᠷᠪᠠ ᠠᠷᠪᠢᠨ ᠭᠤᠷᠪᠠ ᠴᠥᠭᠡᠨ ᠭᠤᠷᠪᠠ ᠤᠳᠠᠭᠠᠨ᠄ ᠡᠨᠡ ᠨᠢ ᠬᠤᠷᠠᠯ ᠠᠷᠪᠢᠨ᠂ ᠠᠵᠢᠯᠯᠠᠭ᠎ᠠ ᠠᠷᠪᠢᠨ᠂ | ᠭᠠᠳᠠᠭᠰᠢ ᠭᠠᠷᠬᠤ ᠨᠢ ᠠᠷᠪᠢᠨ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ ᠠᠵᠢᠯ ᠤᠨ ᠰᠡᠳᠬᠢᠮᠵᠢ | ᠴᠥᠭᠡᠨ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠨᠢ ᠴᠥᠭᠡᠨ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠨᠢ | ᠤᠳᠠᠭᠠᠨ᠂ ᠠᠵᠢᠯᠯᠠᠭ᠎ᠠ ᠨᠢ ᠤᠳᠠᠭᠠᠨ᠂ ᠦᠷ᠎ᠡ ᠳ᠋ᠦᠩ ᠨᠢ ᠤᠳᠠᠭᠠᠨ ᠪᠠᠶᠢᠬᠤ ᠶᠢ ᠵᠢᠭᠠᠵᠤ ᠪᠠᠶᠢᠨ᠎ᠠ᠃ | ︽ᠡᠰᠡᠷᠭᠦ ᠴᠢᠭᠯᠡᠯ ᠢᠶᠠᠷ ᠭᠦᠢᠴᠡᠳᠬᠡᠬᠦ︾ ᠵᠠᠭᠪᠤᠷ᠄ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠡᠬᠢ | ᠪᠠᠶᠠᠯᠢᠭ ᠢ ᠠᠰᠢᠭᠯᠠᠨ ᠦᠢᠯᠡᠴᠢᠯᠡᠭᠡᠨ ᠤ ᠬᠥᠮᠥᠰ ᠲᠤ ᠨᠠᠷᠢᠯᠢᠭ ᠣᠨᠣᠴᠠᠲᠠᠢ ᠪᠠᠷ ᠣᠷᠣᠨ ᠪᠠᠶᠢᠷᠢ ᠲᠣᠭᠲᠠᠭᠠᠬᠤ ᠪᠠᠷ | ᠳᠠᠮᠵᠢᠭᠤᠯᠤᠨ᠂ ᠪᠠᠶᠢᠭᠠᠯᠢ ᠬᠥᠮᠥᠨ ᠤ ᠬᠢᠷᠢ ᠬᠡᠮ ᠢ ᠭᠡᠷᠡᠴᠢᠯᠡᠬᠦ᠂ ᠦᠨᠡᠮᠯᠡᠯ ᠢ ᠬᠤᠭᠤᠴᠠᠭ᠎ᠠ ᠲᠤᠯᠪᠠᠯ ᠰᠣᠯᠢᠵᠤ ᠠᠪᠬᠤ | ᠵᠡᠷᠭᠡ ᠵᠦᠢᠯᠡᠰ᠂ ᠬᠠᠤᠯᠢ ᠶᠢᠨ ᠡᠷᠬᠡᠲᠡᠨ ᠤ ᠦᠨᠡᠮᠯᠡᠯ ᠢ ᠬᠤᠭᠤᠴᠠᠭ᠎ᠠ ᠲᠤᠯᠪᠠᠯ ᠦᠷᠭᠦᠯᠵᠢᠯᠡᠭᠦᠯᠬᠦ᠂ ᠵᠥᠪᠰᠢᠶᠡᠷᠡᠯ ᠤᠨ | ᠦᠨᠡᠮᠯᠡᠯ ᠢ ᠣᠨ ᠤ ᠬᠢᠨᠠᠨ ᠪᠠᠶᠢᠴᠠᠭᠠᠬᠤ ᠵᠡᠷᠭᠡ ᠵᠦᠢᠯᠡᠰ ᠤᠨ ᠬᠤᠭᠤᠴᠠᠭ᠎ᠠ ᠲᠤᠯᠪᠠᠯ ᠠᠶᠠᠨᠳᠠᠭᠠᠨ ᠰᠠᠨᠠᠭᠤᠯᠬᠤ᠂ | ᠣᠶᠤᠨᠴᠢ ᠪᠠᠷ ᠤᠷᠢᠳᠴᠢᠯᠠᠨ ᠮᠠᠭᠠᠳᠯᠠᠵᠤ ᠬᠥᠲᠥᠯᠥᠨ ᠵᠢᠯᠤᠭᠤᠳᠬᠤ ᠶᠢ ᠪᠡᠶᠡᠯᠡᠭᠦᠯᠵᠦ᠂ ︽ᠦᠢᠯᠡᠴᠢᠯᠡᠭᠡ ᠡᠷᠢᠬᠦ︾ | ᠪᠠᠶᠢᠭᠰᠠᠨ ᠢ ︽ᠦᠢᠯᠡᠴᠢᠯᠡᠭᠡ ᠨᠢ ᠬᠥᠮᠥᠨ ᠡᠷᠢᠬᠦ︾ ᠪᠣᠯᠭᠠᠨ ᠬᠤᠪᠢᠷᠠᠭᠤᠯᠬᠤ ᠶᠢ ᠵᠢᠭᠠᠵᠤ ᠪᠣᠶ᠃ | ︽ᠲᠤᠰᠬᠠᠢ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ᠄ ︽ᠲᠤᠰᠬᠠᠶᠢᠵᠢᠭᠰᠠᠨ᠂ ᠨᠠᠷᠢᠯᠢᠭᠵᠢᠭᠰᠠᠨ᠂ | ᠣᠨᠴᠠᠯᠢᠬᠵᠢᠭᠰᠠᠨ᠂ ᠰᠢᠨ᠎ᠡ ᠰᠣᠷᠭᠤᠭᠵᠢᠭᠰᠠᠨ︾ ᠣᠨᠴᠠᠯᠢᠭ ᠲᠠᠢ ᠳᠤᠮᠳᠠ ᠵᠢᠵᠢᠭ ᠠᠵᠤ ᠠᠬᠤᠶᠢᠯᠠᠯ ᠢ ᠵᠢᠭᠠᠵᠤ ᠪᠣᠶ᠃ | | ︽ᠲᠠᠪᠤᠨ ᠬᠥᠮᠦᠵᠢᠯ︾ ᠢ ᠵᠡᠷᠭᠡ ᠪᠠᠷ ᠠᠳᠬᠤᠬᠤ᠄ ᠡᠨᠡ ᠨᠢ ᠣᠳᠣᠬᠢᠴᠢᠯᠠᠭᠰᠠᠨ ᠰᠤᠷᠭᠠᠨ ᠬᠥᠮᠦᠵᠢᠯ ᠤᠨ | ᠳᠤᠮᠳᠠ ᠶᠣᠰᠣ ᠮᠣᠷᠠᠯ ᠤᠨ ᠬᠥᠮᠦᠵᠢᠯ᠂ ᠤᠶᠤᠨ ᠤ ᠬᠥᠮᠦᠵᠢᠯ᠂ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ᠂ | ᠬᠥᠳᠡᠯᠮᠦᠷᠢ ᠶᠢᠨ ᠬᠥᠮᠦᠵᠢᠯ ᠢ ᠴᠢᠬᠤᠯᠠᠴᠢᠯᠠᠨ ᠬᠡᠷᠡᠭᠵᠢᠭᠦᠯᠬᠦ ᠪᠠᠷ ᠳᠠᠮᠵᠢᠭᠤᠯᠤᠨ᠂ ᠬᠥᠮᠥᠨ ᠤ ᠪᠦᠬᠦ ᠲᠠᠯ᠎ᠠ ᠶᠢᠨ | ᠬᠥᠭᠵᠢᠯᠲᠡ ᠶᠢ ᠠᠬᠢᠭᠤᠯᠬᠤ ᠶᠢ ᠵᠢᠭᠠᠵᠤ ᠪᠠᠶᠢᠨ᠎ᠠ᠃ | ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ︽ᠵᠢᠷᠭᠤᠭ᠎ᠠ ᠶᠢ ᠨᠢᠭᠡᠳᠦᠯᠲᠡᠢ ᠪᠠᠶᠢᠯᠭᠠᠬᠤ︾ | ᠬᠠᠮᠢᠶᠠᠷᠤᠯᠲᠠ᠄ ᠡᠨᠡ ᠨᠢ ᠵᠠᠰᠠᠭ ᠵᠠᠬᠢᠷᠭ᠎ᠠ ᠵᠢᠴᠢ ᠠᠵᠢᠯᠲᠠᠨ ᠤ ᠬᠠᠮᠢᠶᠠᠷᠤᠯᠲᠠ᠂ ᠡᠳ᠋ ᠤᠨ ᠶᠠᠪᠤᠳᠠᠯ ᠵᠢᠴᠢ ᠠᠵᠢᠯ ᠤᠨ | ᠦᠷ᠎ᠡ ᠪᠦᠲᠦᠮᠵᠢ ᠶᠢᠨ ᠬᠠᠮᠢᠶᠠᠷᠤᠯᠲᠠ᠂ ᠡᠮ ᠤᠨ ᠵᠦᠢᠯ ᠪᠠᠭᠠᠵᠢ ᠬᠡᠷᠡᠭᠰᠡᠯ ᠤᠨ ᠬᠠᠮᠢᠶᠠᠷᠤᠯᠲᠠ᠂ ᠡᠮᠴᠢᠯᠡᠭᠡᠨ ᠤ ᠶᠠᠰᠤ | ᠴᠢᠨᠠᠷ ᠤᠨ ᠬᠠᠮᠢᠶᠠᠷᠤᠯᠲᠠ᠂ ᠡᠷᠡᠭᠦᠯ ᠮᠡᠨᠳᠦ ᠶᠢᠨ ᠦᠢᠯᠡᠴᠢᠯᠡᠭᠡᠨ ᠤ ᠬᠠᠮᠢᠶᠠᠷᠤᠯᠲᠠ᠂ ᠮᠡᠳᠡᠭᠡ ᠵᠠᠩᠭᠢᠵᠢᠯᠲᠠ ᠶᠢᠨ | ᠬᠠᠮᠢᠶᠠᠷᠤᠯᠲᠠ ᠶᠢ ᠨᠢᠭᠡᠳᠬᠡᠬᠦ ᠶᠢ ᠵᠢᠭᠠᠵᠤ ᠪᠣᠶ᠃ | ︽ᠶᠡᠭᠡ ᠲᠤᠰᠬᠠᠢ ᠮᠡᠷᠭᠡᠵᠢᠯ ᠪᠠᠭ᠎ᠠ ᠶᠡᠷᠦᠩᠬᠡᠶᠢᠯᠡᠭᠰᠡᠨ︾ ᠵᠠᠭᠪᠤᠷ᠄ ᠡᠨᠡ ᠨᠢ ᠡᠮᠨᠡᠯᠭᠡ ᠶᠢᠨ ᠬᠤᠷᠢᠶᠠᠨ ᠤ | ᠰᠠᠯᠠᠭ᠎ᠠ ᠲᠠᠰᠤᠭ ᠤᠨ ᠪᠠᠶᠢᠷᠢᠯᠠᠭᠤᠯᠤᠯᠲᠠ ᠶᠢᠨ ᠲᠠᠯ᠎ᠠ ᠪᠠᠷ ᠣᠯᠠᠨ ᠰᠢᠨᠵᠢᠯᠡᠭᠡᠨ ᠤ ᠰᠠᠯᠠᠭ᠎ᠠ ᠶᠢ ᠬᠠᠮᠤᠷᠴᠤ᠂ ᠵᠠᠷᠢᠮ | ᠲᠤᠰᠬᠠᠢ ᠮᠡᠷᠭᠡᠵᠢᠯ ᠤᠨ ᠬᠦᠷᠢᠶᠡᠨ ᠳᠤ ᠣᠨᠴᠠ ᠴᠢᠳᠠᠪᠤᠷᠢ ᠲᠠᠢ᠂ ᠨᠢᠭᠡ ᠠᠴᠠ ᠬᠤᠶᠠᠷ ᠭᠤᠣᠯᠳᠠᠯᠭ᠎ᠠ ᠲᠠᠢ ᠰᠠᠯᠠᠭ᠎ᠠ | ᠲᠠᠰᠤᠭ ᠲᠠᠢ᠂ ᠲᠣᠰ ᠰᠢᠨᠵᠢᠯᠡᠭᠡᠨ ᠤ ᠰᠠᠯᠠᠭ᠎ᠠ ᠶᠢᠨ ᠬᠦᠴᠢᠷ ᠲᠦᠪᠡᠭᠲᠡᠢ ᠡᠯᠳᠡᠪ ᠡᠪᠡᠳᠴᠢᠨ ᠢ ᠰᠢᠢᠳᠪᠦᠷᠢᠯᠡᠬᠦ | ᠴᠢᠳᠠᠪᠤᠷᠢ ᠲᠠᠢ ᠪᠠᠶᠢᠬᠤ ᠶᠢ ᠵᠢᠭᠠᠵᠤ ᠪᠣᠶ᠃ | ︽ᠵᠢᠷᠭᠤᠭᠠᠨ ᠥᠭᠦᠯᠡᠪᠦᠷᠢ︾ ᠶᠢᠨ ᠪᠣᠳᠠᠲᠤ ᠬᠡᠷᠡᠭ ᠪᠠ ᠶᠣᠰᠣ ᠤᠴᠢᠷ᠄ ᠥᠪᠥᠷ ᠮᠣᠩᠭᠤᠯ ᠣᠷᠣᠨ ᠪᠣᠯ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠤᠨ ᠡᠷᠲᠡ ᠨᠠᠮ ᠤᠨ ᠵᠣᠬᠢᠶᠠᠨ ᠪᠠᠶᠢᠭᠤᠯᠤᠯᠲᠠ ᠶᠢ | ᠪᠠᠶᠢᠭᠤᠯᠤᠭᠰᠠᠨ ᠦᠨᠳᠦᠰᠦᠲᠡᠨ ᠤ ᠣᠷᠣᠨ ᠪᠣᠯᠣᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠭᠤᠳ ᠤᠳᠤᠷᠢᠳᠤᠯᠭ᠎ᠠ ᠳᠣᠣᠷ᠎ᠠ | ᠪᠠᠶᠢᠭᠤᠯᠤᠭᠳᠠᠭᠰᠠᠨ ᠶᠤᠮ᠃ ᠥᠪᠥᠷ ᠮᠣᠩᠭᠤᠯ ᠪᠣᠯ ᠨᠠᠮ ᠤᠨ ᠲᠥᠪ ᠬᠤᠷᠢᠶᠠᠨ ᠤ ᠳᠡᠮᠵᠢᠯᠭᠡ ᠳᠣᠣᠷ᠎ᠠ ᠬᠥᠭᠵᠢᠵᠦ | ᠢᠷᠡᠭᠰᠡᠨ ᠶᠤᠮ᠂ ᠥᠪᠥᠷ ᠮᠣᠩᠭᠤᠯ ᠤᠨ ᠠᠵᠢᠯ ᠤᠨ ᠳᠤᠮᠳᠠ ᠭᠠᠷᠤᠭᠰᠠᠨ ᠬᠦᠨᠳᠦ ᠶᠡᠭᠡ ᠵᠥᠷᠢᠶ᠎ᠡ ᠶᠢ ᠴᠥᠮ | ᠨᠠᠮ ᠤᠨ ᠲᠥᠪ ᠬᠤᠷᠢᠶ᠎ᠠ ᠬᠠᠪᠰᠤᠷᠤᠨ ᠵᠠᠯᠠᠷᠠᠭᠤᠯᠤᠭᠰᠠᠨ ᠶᠤᠮ᠂ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ | ᠬᠥᠭᠵᠢᠯᠲᠡ ᠶᠢᠨ ᠠᠮᠵᠢᠯᠲᠠ ᠶᠢ ᠪᠣᠯ ᠰᠢ ᠶᠢᠨ ᠫᠢᠩ ᠶᠡᠷᠦᠩᠬᠡᠢ ᠱᠦᠵᠢ ᠶᠢᠨ ᠳᠣᠲᠣᠨᠣ ᠬᠠᠯᠠᠮᠵᠢᠯᠠᠯ ᠪᠠ | ᠵᠢᠯᠣᠭᠤᠳᠤᠯᠭ᠎ᠠ ᠳᠣᠣᠷ᠎ᠠ ᠣᠯᠣᠭᠰᠠᠨ ᠶᠤᠮ᠂ ᠥᠪᠥᠷ ᠮᠣᠩᠭᠤᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠤ | ᠵᠢᠱᠢᠶᠡᠴᠢ ᠪᠣᠯᠤᠭᠰᠠᠨ ᠤ ᠬᠤᠪᠢ ᠳᠤ ᠵᠢᠱᠢᠶᠡᠴᠢ ᠪᠣᠯᠤᠭᠰᠠᠨ ᠤ ᠬᠤᠪᠢ ᠳᠤ ᠨᠠᠮ ᠤᠨ ᠦᠭᠡ ᠶᠢ ᠰᠣᠨᠣᠰᠳᠠᠭ ᠶᠤᠮ᠃ | | ᠲᠤᠯᠤᠭ᠎ᠠ ᠪᠠᠷ ᠵᠢᠱᠢᠶᠡᠴᠢ ᠪᠣᠯᠭᠠᠬᠤ᠄ ᠨᠠᠮ ᠤᠨ ᠠᠴᠢ ᠶᠢ ᠮᠡᠳᠡᠷᠡᠵᠦ ᠨᠠᠮ ᠤᠨ ᠦᠭᠡ ᠶᠢ ᠰᠣᠨᠣᠰᠬᠤ᠂ | ᠶᠡᠷᠦᠩᠬᠡᠢ ᠱᠦᠵᠢ ᠰᠢ ᠶᠢᠨ ᠫᠢᠩ ᠢ ᠰᠠᠯᠤᠯ ᠦᠭᠡᠢ ᠲᠠᠭᠠᠵᠦ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ | ᠲᠠᠯ᠎ᠠ ᠪᠠᠷ ᠵᠢᠱᠢᠶᠡᠴᠢ ᠪᠣᠯᠬᠤ ᠶᠢ ᠵᠢᠭᠠᠵᠤ ᠪᠠᠶᠢᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠲᠠᠯ᠎ᠠ ᠪᠠᠷ ᠵᠢᠱᠢᠶᠡᠴᠢ ᠪᠣᠯᠵᠤ᠂ ᠦᠨᠳᠦᠰᠦᠲᠡᠨ ᠤ ᠭᠠᠵᠠᠷ ᠣᠷᠣᠨ ᠤ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤᠮᠳᠠ ᠵᠢᠱᠢᠶᠡᠴᠢ | ᠪᠣᠯᠵᠤ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠬᠠᠮᠲᠤ ᠪᠠᠷ ᠴᠢᠨᠡᠭᠡᠯᠢᠭᠵᠢᠬᠦ ᠵᠠᠮ ᠢᠶᠠᠷ ᠵᠢᠱᠢᠶᠡᠴᠢ | ᠪᠣᠯᠵᠤ᠂ ᠬᠢᠯᠢ ᠬᠢᠵᠠᠭᠠᠷ ᠣᠷᠣᠨ ᠢ ᠬᠥᠭᠵᠢᠭᠦᠯᠵᠦ ᠲᠣᠭᠲᠠᠭᠤᠨ ᠪᠠᠶᠢᠯᠭᠠᠬᠤ ᠶᠢᠨ ᠳᠠᠭᠠᠤ ᠬᠢᠯᠢ ᠬᠢᠵᠠᠭᠠᠷ ᠣᠷᠣᠨ ᠢ | ᠪᠠᠬᠢᠵᠢᠭᠦᠯᠬᠦ ᠶᠢᠨ ᠲᠥᠯᠥᠭᠡ ᠵᠢᠱᠢᠶᠡᠴᠢ ᠪᠣᠯᠵᠤ᠂ ᠬᠢᠯᠢ ᠬᠢᠵᠠᠭᠠᠷ ᠣᠷᠣᠨ ᠤ ᠤᠯᠤᠰ ᠤᠨ ᠳᠣᠲᠣᠭᠠᠳᠤ | ᠭᠠᠳᠠᠭᠠᠳᠤ ᠶᠢᠨ ᠬᠤᠣᠰ ᠣᠷᠴᠢᠯ ᠢ ᠬᠤᠯᠪᠣᠬᠤ ᠲᠠᠯ᠎ᠠ ᠪᠠᠷ ᠵᠢᠱᠢᠶᠡᠴᠢ ᠪᠣᠯᠵᠤ᠂ ᠰᠢᠨ᠎ᠡ ᠰᠤᠷᠲᠠᠯ ᠲᠥᠪ ᠰᠤᠷᠲᠠᠯ ᠢ | ᠪᠠᠳᠠᠷᠠᠭᠤᠯᠬᠤ ᠲᠠᠯ᠎ᠠ ᠪᠠᠷ ᠵᠢᠱᠢᠶᠡᠴᠢ ᠪᠣᠯᠬᠤ ᠬᠡᠷᠡᠭᠲᠡᠢ᠃ | 2023 ᠣᠨ ᠤ ᠤᠳᠠ ᠲᠣᠭᠤᠷᠢᠭ ᠤᠨ ᠢᠷᠠᠭᠤ ᠠᠯᠳᠠᠷ ᠭᠥᠷᠳᠡᠭᠰᠡᠨ ᠪᠠᠶᠢᠳᠠᠯ | 2023 ᠣᠨ ᠳᠤ᠂ ᠪᠦᠬᠦ ᠲᠤᠭᠤᠷᠢᠭ ᠢᠶᠠᠷ ᠢᠶᠠᠨ ᠬᠦᠴᠦ ᠪᠠᠨ ᠬᠠᠮᠲᠤᠳᠬᠠᠨ ᠰᠡᠳᠬᠢᠯ ᠢᠶᠠᠨ ᠨᠢᠭᠡᠳᠬᠡᠵᠦ᠂ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠡᠷᠡᠮᠡᠬᠡᠶᠢᠯᠡᠨ ᠤᠷᠤᠭᠰᠢᠯᠠᠵᠤ᠂ ᠤᠯᠠᠨ ᠲᠦᠷᠦᠯ ᠤᠨ ᠠᠵᠢᠯ ᠨᠢ ᠤᠯᠤᠰ᠂ | ᠥᠪᠡᠷᠲᠡᠭᠡᠨ ᠵᠠᠰᠠᠬᠤ ᠣᠷᠣᠨ᠂ ᠦᠬᠠᠢ ᠬᠤᠳᠠ ᠶᠢᠨ ᠨᠤᠲᠠᠯᠠᠯᠲᠠ ᠪᠠ ᠰᠠᠶᠢᠰᠢᠶᠠᠯ ᠢ ᠬᠦᠷᠲᠡᠵᠦ᠂ ᠤᠯᠤᠰ ᠤᠨ | ᠲᠡᠰ ᠤᠨ 15 ᠵᠦᠢᠯ ᠤᠨ ᠢᠷᠠᠭᠤ ᠠᠯᠳᠠᠷ᠂ ᠥᠪᠡᠷᠲᠡᠭᠡᠨ ᠵᠠᠰᠠᠬᠤ ᠣᠷᠣᠨ ᠤ ᠲᠡᠰ ᠤᠨ 31 ᠵᠦᠢᠯ ᠤᠨ ᠢᠷᠠᠭᠤ | ᠠᠯᠳᠠᠷ᠂ ᠬᠤᠳᠠ ᠶᠢᠨ ᠲᠡᠰ ᠤᠨ 67 ᠵᠦᠢᠯ ᠤᠨ ᠢᠷᠠᠭᠤ ᠠᠯᠳᠠᠷ ᠢ ᠬᠦᠷᠲᠡᠵᠡᠢ᠃ ᠡᠭᠦᠨ ᠳᠤ ᠳᠣᠣᠷᠠᠬᠢ ᠮᠡᠲᠦ | ᠲᠣᠪᠣᠶᠢᠮ᠎ᠠ ᠢᠷᠠᠭᠤ ᠠᠯᠳᠠᠷ ᠲᠠᠢ ᠪᠣᠯᠵᠠᠢ᠄ | ᠨᠢᠭᠡ᠂ ᠤᠯᠤᠰ ᠤᠨ ᠲᠡᠰ ᠤᠨ ᠢᠷᠠᠭᠤ ᠠᠯᠳᠠᠷ | 1. ᠤᠳᠠ ᠠᠵᠤ ᠦᠢᠯᠡᠰ ᠤᠨ ᠬᠦᠷᠢᠶᠡᠯᠡᠩ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ | ᠦᠭᠡᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠰᠣᠩᠭᠤᠭᠳᠠᠪᠠ᠃ | 2. ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠣᠨᠴᠠᠯᠢᠭᠲᠤ ᠠᠵᠤ ᠦᠢᠯᠡᠰ ᠤᠨ ᠰᠦᠷᠦᠭᠵᠢᠯ ᠨᠢ | 2023 ᠣᠨ ᠤ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠳᠤᠮᠳᠠ ᠵᠢᠵᠢᠭ ᠠᠵᠤ ᠠᠬᠤᠶᠢᠯᠠᠯ ᠤᠨ | ᠣᠨᠴᠠᠯᠢᠭᠲᠤ ᠠᠵᠤ ᠦᠢᠯᠡᠰ ᠤᠨ ᠰᠦᠷᠦᠭᠵᠢᠯ ᠢᠶᠠᠷ ᠦᠨᠡᠯᠡᠭᠳᠡᠪᠡ ︵ᠥᠪᠡᠷᠲᠡᠭᠡᠨ ᠵᠠᠰᠠᠬᠤ ᠣᠷᠣᠨ ᠤ ᠴᠣᠷ ᠤᠨ | ᠭᠠᠭᠴᠠ︶᠃ | 3. ᠳ᠋ᠦᠩ ᠵᠢᠩ ᠶᠠᠰᠤ ᠴᠢᠨᠠᠷ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ BDO ᠦᠢᠯᠡᠳᠬᠦᠨ ᠤ ᠶᠠᠰᠤ | ᠴᠢᠨᠠᠷ ᠤᠨ ᠳᠡᠭᠡᠭᠰᠢᠯᠡᠯᠲᠡ ᠶᠢ ᠠᠬᠢᠭᠤᠯᠤᠭᠰᠠᠨ ᠬᠡᠷᠡᠭ ᠤᠨ ᠵᠢᠱᠢᠶ᠎ᠡ ᠪᠠᠷ ᠤᠯᠤᠰ ᠤᠨ ᠠᠵᠤ ᠠᠬᠤᠶᠢᠯᠠᠯ ᠤᠨ ᠶᠠᠰᠤ | ᠴᠢᠨᠠᠷ ᠤᠨ ᠲᠦᠷᠦᠭᠦᠸ ᠲᠤᠰᠢᠶᠠᠯᠲᠠᠨ ᠤ ᠶᠠᠰᠤ ᠴᠢᠨᠠᠷ ᠤᠨ ᠬᠤᠪᠢᠰᠤᠯᠲᠠ ᠶᠢᠨ ᠰᠢᠨ᠎ᠡ ᠶᠢ ᠡᠭᠦᠳᠦᠭᠰᠡᠨ ᠬᠡᠷᠡᠭ ᠤᠨ | ᠵᠢᠱᠢᠶ᠎ᠡ ᠳᠤ ᠰᠣᠩᠭᠤᠭᠳᠠᠪᠠ ︵ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ︶᠃ | 4. ᠳ᠋ᠦᠩ ᠵᠢᠩ 2023 ᠣᠨ ᠤ ᠴᠢᠯᠠᠭᠤᠨ ᠲᠣᠰᠣ ᠪᠠ ᠬᠢᠮᠢ ᠶᠢᠨ ᠠᠵᠤ ᠦᠢᠯᠡᠳᠪᠦᠷᠢ ᠶᠢᠨ ᠠᠵᠢᠯ | ᠲᠥᠷᠥᠯ ᠤᠨ ᠪᠣᠬᠢᠷᠲᠤᠯ ᠦᠭᠡᠢ ᠦᠢᠯᠡᠳᠪᠦᠷᠢ ᠪᠠᠷ ᠦᠨᠡᠯᠡᠭᠳᠡᠪᠡ᠃ | 5. ᠰᠢᠩ ᠹᠠ ᠣᠷᠭᠠᠨᠢᠭ ᠴᠠᠬᠢᠭᠤᠷ 2023 ᠣᠨ ᠤ ᠤᠯᠤᠰ ᠤᠨ ᠳᠡᠰ ᠤᠨ ᠣᠶᠤᠨᠴᠢ ᠦᠢᠯᠡᠳᠬᠦ ᠵᠢᠱᠢᠶ᠎ᠡ | ᠦᠵᠡᠭᠦᠯᠬᠦ ᠦᠢᠯᠡᠳᠪᠦᠷᠢ ᠳᠤ ᠰᠣᠩᠭᠤᠭᠳᠠᠪᠠ᠃ | 6. ᠯᠢᠦᠢ ᠨᠧᠩ ᠶᠦᠩ ᠱᠧᠩ ᠤᠯᠤᠰ ᠤᠨ ᠳᠡᠰ ᠤᠨ ᠲᠠᠷᠢᠶᠠᠴᠢᠳ ᠤᠨ ᠬᠤᠷᠰᠢᠭᠰᠠᠨ ᠵᠢᠱᠢᠶ᠎ᠡ ᠦᠵᠡᠭᠦᠯᠬᠦ | ᠬᠤᠷᠰᠢᠶ᠎ᠠ ᠪᠠᠷ ᠦᠨᠡᠯᠡᠭᠳᠡᠪᠡ᠃ | 7. ᠵᠢᠠᠥᠨᠢ ᠦᠵᠦᠮ ᠤᠨ ᠠᠷᠢᠬᠢᠨ ᠤ ᠦᠢᠯᠡᠰ ᠤᠨ ᠦᠵᠦᠮ᠂ ᠦᠵᠦᠮ ᠤᠨ ᠠᠷᠢᠬᠢ ᠨᠢ ᠤᠯᠤᠰ ᠤᠨ | ᠲᠠᠰ ᠤᠨ ᠣᠷᠭᠠᠨᠢᠭ ᠢᠳᠡᠭᠡᠨ ᠤ ᠭᠡᠷᠡᠴᠢᠯᠡᠯ ᠢ ᠭᠥᠷᠳᠡᠵᠦ᠂ ᠦᠵᠦᠮ ᠤᠨ ᠠᠷᠢᠬᠢ ᠨᠢ ᠤᠯᠤᠰ ᠤᠨ ᠨᠠᠷᠠᠲᠤ ᠣᠨᠴᠠ | ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠳᠤ ᠣᠷᠣᠵᠤ᠂ ᠠᠩᠬᠠᠳᠤᠭᠠᠷ | ᠬᠤᠭᠤᠴᠠᠭᠠᠨ ᠤ ᠣᠯᠠᠨ ᠤᠯᠤᠰ ᠤᠨ ᠪᠷᠦ᠋ᠰᠧᠯ ᠤᠨ ︽ᠮᠠᠽᠧᠷᠯᠠᠨᠳ᠋︾ ᠣᠯᠠᠨ ᠤᠯᠤᠰ ᠤᠨ ᠦᠵᠦᠮ ᠤᠨ ᠠᠷᠢᠬᠢ ᠶᠢᠨ | ᠤᠷᠤᠯᠳᠤᠭᠠᠨ ᠤ ᠮᠥᠩᠭᠦᠨ ᠱᠠᠩᠨᠠᠯ ᠢ ᠭᠥᠷᠳᠡᠭᠰᠡᠨ ᠪᠥᠭᠡᠳ ᠠᠩᠬᠠᠨ ᠤ ᠪᠦᠯᠦᠭ ︽ᠥᠪᠥᠷ ᠮᠣᠩᠭᠤᠯ ᠤᠨ ᠦᠨᠦᠷ | ᠠᠮᠲᠠ︾ ᠪᠠᠷ ᠦᠨᠡᠯᠡᠭᠳᠡᠪᠡ᠃ | 8. ᠰᠢᠨ ᠱᠤᠸᠠᠩ ᠹᠧᠩ ᠦᠵᠦᠮ ᠪᠣᠬᠢᠷᠲᠤᠯ ᠦᠭᠡᠢ ᠢᠳᠡᠭᠡᠨ ᠤ ᠭᠡᠷᠡᠴᠢᠯᠡᠯ ᠣᠯᠪᠠ | 9. ᠲᠤᠷᠰᠢᠯᠲᠠ ᠶᠢᠨ ᠳᠤᠮᠳᠠᠳᠤ ᠰᠤᠷᠭᠠᠭᠤᠯᠢ ᠪᠦᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠵᠢᠱᠢᠶ᠎ᠡ ᠪᠠᠷ ᠦᠨᠡᠯᠡᠭᠳᠡᠪᠡ᠃ | ᠬᠤᠶᠠᠷ᠂ ᠥᠪᠡᠷᠲᠡᠭᠡᠨ ᠵᠠᠰᠠᠬᠤ ᠣᠷᠣᠨ ᠤ ᠲᠠᠰ ᠤᠨ ᠢᠷᠠᠭᠤ ᠠᠯᠳᠠᠷ | 1. ᠤᠳᠠ ᠲᠣᠭᠤᠷᠢᠭ 2023 ᠣᠨ ᠤ ᠥᠪᠡᠷᠲᠡᠭᠡᠨ ᠵᠠᠰᠠᠬᠤ ᠣᠷᠣᠨ ᠤ ᠬᠠᠤᠯᠢᠵᠢᠯ ᠤᠨ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠢ ᠠᠮᠵᠢᠯᠲᠠ ᠲᠠᠢ ᠨᠡᠷᠡᠶᠢᠳᠪᠡ᠃ | 2. ᠤᠳᠠ ᠲᠣᠭᠤᠷᠢᠭ ᠶᠢᠰᠦᠳᠦᠭᠡᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠡᠭᠦᠳᠦᠨ ᠪᠠᠶᠢᠭᠤᠯᠪᠠ᠃ | 3. ᠤᠳᠠ ᠲᠣᠭᠤᠷᠢᠭ ᠥᠪᠡᠷᠲᠡᠭᠡᠨ ᠵᠠᠰᠠᠬᠤ ᠣᠷᠣᠨ ᠤ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ | ᠤᠨ ᠵᠢᠱᠢᠶ᠎ᠡ ᠦᠵᠡᠭᠦᠯᠬᠦ ᠬᠤᠰᠢᠭᠤ ᠰᠢᠶᠠᠨ ᠲᠣᠭᠤᠷᠢᠭ ᠢᠶᠠᠷ ᠦᠨᠡᠯᠡᠭᠳᠡᠪᠡ᠃ | 4. ᠤᠳᠠ ᠠᠵᠤ ᠦᠢᠯᠡᠰ ᠤᠨ ᠬᠦᠷᠢᠶᠡᠯᠡᠩ ᠥᠪᠡᠷᠲᠡᠭᠡᠨ ᠵᠠᠰᠠᠬᠤ ᠣᠷᠣᠨ ᠤ ᠳᠡᠰ ᠤᠨ ᠤᠰᠤ ᠠᠷᠪᠢᠯᠠᠬᠤ | ᠬᠡᠯᠪᠡᠷᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢᠶᠠᠷ ᠦᠨᠡᠯᠡᠭᠳᠡᠪᠡ᠃ | 5. ᠤᠳᠠ ᠠᠵᠤ ᠦᠢᠯᠡᠰ ᠤᠨ ᠬᠦᠷᠢᠶᠡᠯᠡᠩ ᠨᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ ᠤᠨ ︽ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠲᠤᠷᠰᠢᠯᠲᠠ︾ ᠶᠢᠨ | ᠰᠠᠭᠤᠷᠢᠨ ᠭᠠᠵᠠᠷ ᠲᠤ ᠣᠷᠣᠵᠤ᠂ ᠵᠢᠶᠠ ᠷᠦᠢ ᠮᠢ᠂ ᠵᠢᠶᠦ᠋ᠨ ᠵᠧᠩ ᠬᠢᠮᠢ ᠶᠢᠨ ᠠᠵᠤ ᠦᠢᠯᠡᠳᠪᠦᠷᠢ᠂ ᠾᠧᠩ ᠶᠧ | ᠴᠧᠩ ︽ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠲᠤᠷᠰᠢᠯᠲᠠ︾ ᠶᠢᠨ ᠠᠵᠤ ᠠᠬᠤᠶᠢᠯᠠᠯ ᠳᠤ | ᠰᠣᠩᠭᠤᠭᠳᠠᠪᠠ᠃ | 6. ᠵᠢᠶᠦ᠋ᠨ ᠵᠧᠩ ᠬᠢᠮᠢ ᠶᠢᠨ ᠠᠵᠤ ᠦᠢᠯᠡᠳᠪᠦᠷᠢ ᠶᠢ ᠥᠪᠡᠷᠲᠡᠭᠡᠨ ᠵᠠᠰᠠᠬᠤ ᠣᠷᠣᠨ ᠤ ᠲᠠᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢᠶᠠᠷ ᠮᠠᠭᠠᠳᠯᠠᠨ ᠲᠣᠭᠲᠠᠭᠠᠪᠠ᠃ | 7. ᠵᠢᠶᠦ᠋ᠨ ᠵᠧᠩ ᠬᠢᠮᠢ ᠶᠢᠨ ᠠᠵᠤ ᠦᠢᠯᠡᠳᠪᠦᠷᠢ᠂ ᠢ ᠬᠤᠸᠠ᠂ ᠳ᠋ᠦᠩ ᠶᠤᠸᠠᠨ᠂ ᠾᠧᠩ ᠶᠧ ᠴᠧᠩ ᠵᠡᠷᠭᠡ | 4 ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠳᠡᠰ ᠤᠨ ᠤᠰᠤ ᠠᠷᠪᠢᠯᠠᠬᠤ ᠬᠡᠯᠪᠡᠷᠢ ᠶᠢᠨ ᠠᠵᠤ | ᠠᠬᠤᠶᠢᠯᠠᠯ ᠢᠶᠠᠷ ᠦᠨᠡᠯᠡᠭᠳᠡᠪᠡ᠃ | 8. ᠮᠧᠢ ᠹᠠᠩ᠂ ᠯᠧᠢ ᠱᠢ᠂ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠰᠠᠭᠤᠷᠢᠨ ᠭᠠᠵᠠᠷ᠂ ᠬᠠᠢ ᠢ ᠲᠦᠩ᠂ | ᠭᠦᠸᠧ ᠨᠧᠩ ᠦᠬᠠᠢ ᠶᠢᠨ ᠡᠨᠧᠷᠭᠢ ᠶᠢᠨ ᠮᠡᠳᠡᠭᠡ ᠵᠠᠩᠭᠢ ᠶᠢᠨ ᠮᠡᠷᠭᠡᠵᠢᠯ ᠤᠨ 5 ᠠᠵᠤ ᠠᠬᠤᠶᠢᠯᠠᠯ ᠢ | ᠥᠪᠡᠷᠲᠡᠭᠡᠨ ᠵᠠᠰᠠᠬᠤ ᠣᠷᠣᠨ ᠤ ᠳᠡᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠢᠶᠠᠷ ᠮᠠᠭᠠᠳᠯᠠᠨ | ᠲᠣᠭᠲᠠᠭᠠᠪᠠ᠃ | 9. ᠹᠧᠢ ᠱᠢ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ | ᠲᠡᠮᠳᠡᠭ ᠤᠨ ᠵᠠᠳᠠᠯᠤᠯᠲᠠ ᠶᠢᠨ ᠬᠤᠶᠠᠳᠤᠭᠠᠷ ᠳᠡᠰ ᠤᠨ ᠵᠠᠩᠭᠢᠯᠠᠭ᠎ᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ | ᠨᠢᠭᠡᠴᠡ ᠪᠠᠷ ᠦᠨᠡᠯᠡᠭᠳᠡᠪᠡ᠃ | 10. ᠵᠢᠢ ᠨᠦᠩ ᠬᠤᠷᠰᠢᠭᠰᠠᠨ᠂ ᠯᠢ ᠹᠧᠩ ᠶᠤᠸᠠᠨ ᠥᠪᠡᠷᠲᠡᠭᠡᠨ ᠵᠠᠰᠠᠬᠤ ᠣᠷᠣᠨ ᠤ ᠳᠡᠰ ᠤᠨ ᠮᠠᠯᠴᠢᠨ | ᠲᠠᠷᠢᠶᠠᠴᠢᠨ ᠤ ᠬᠤᠷᠰᠢᠶ᠎ᠠ ᠶᠢᠨ ᠵᠢᠱᠢᠶ᠎ᠡ ᠦᠵᠡᠭᠦᠯᠬᠦ ᠬᠤᠷᠰᠢᠶ᠎ᠠ ᠪᠠᠷ ᠦᠨᠡᠯᠡᠭᠳᠡᠪᠡ᠃ | 11. ᠰᠧᠨ ᠲᠠᠢ ᠲᠠᠷᠢᠶᠠᠯᠠᠩ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠣᠳᠣ ᠦᠶ᠎ᠡ ᠶᠢᠨ | ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠢᠶᠠᠷ ᠦᠨᠡᠯᠡᠭᠳᠡᠪᠡ᠃ | 12. ᠤᠯᠠᠭᠠᠨᠨᠠᠭᠤᠷ ᠪᠠᠯᠭᠠᠰᠤ ᠥᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠤᠨ ᠰᠠᠪᠠ ᠭᠠᠵᠠᠷ ᠤᠨ | ᠰᠢᠯᠢᠳᠡᠭ ᠲᠣᠰᠬᠤᠨ ᠢᠶᠠᠷ ᠦᠨᠡᠯᠡᠭᠳᠡᠪᠡ᠃ | 13. ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠲᠥᠪ ᠥᠪᠡᠷᠲᠡᠭᠡᠨ ᠵᠠᠰᠠᠬᠤ ᠣᠷᠣᠨ ᠤ | ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠵᠦ ᠬᠠᠮᠠᠭᠠᠯᠠᠬᠤ ᠠᠵᠢᠯ ᠤᠨ ᠲᠡᠷᠢᠭᠦᠨ ᠤ ᠨᠢᠭᠡᠴᠡ ᠪᠠᠷ | ᠦᠨᠡᠯᠡᠭᠳᠡᠪᠡ᠃ | 14. ᠶᠦᠩ ᠴᠠᠩ ᠵᠢᠶᠠ ᠶᠤᠸᠠᠨ ᠨᠡᠶᠢᠭᠡᠮ ᠲᠣᠭᠤᠷᠢᠭ ᠤᠨ︽︿ᠬᠥᠷᠰᠢ ᠵᠡᠷᠭᠡᠯᠡᠳᠡᠭᠡ ᠶᠢᠨ ᠬᠡᠷᠡᠭ | ᠡᠷᠬᠢᠯᠡᠭᠴᠢᠳ ᠤᠨ ᠳᠠᠷᠤᠭ᠎ᠠ﹀ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ ᠢ ᠤᠷᠠᠨ ᠢᠶᠠᠷ ᠰᠢᠢᠳᠪᠦᠷᠢᠯᠡᠬᠦ ᠠᠵᠢᠯ ᠤᠨ | ᠠᠷᠭ᠎ᠠ︾ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ︽ᠹᠧᠩ ᠴᠢᠶᠣᠣ ᠲᠤᠷᠰᠢᠯᠭ᠎ᠠ︾ ᠶᠢᠨ ᠲᠡᠷᠢᠭᠦᠨ ᠤ | ᠨᠡᠶᠢᠲᠡᠯᠢᠭ ᠵᠢᠱᠢᠶ᠎ᠡ ᠪᠠᠷ ᠦᠨᠡᠯᠡᠭᠳᠡᠪᠡ᠃ | 15. ᠪᠢᠨᠬᠠᠢ ᠵᠡᠭᠡᠯᠢ ᠭᠤᠳᠤᠮᠵᠢ ᠶᠢᠨ ᠪᠢᠨᠬᠠᠢ ᠨᠡᠶᠢᠭᠡᠮ ᠲᠣᠭᠤᠷᠢᠭ ︽ᠤᠮᠠᠷᠠᠲᠤ ᠬᠢᠯᠢ ᠶᠢᠨ ᠵᠢᠱᠢᠶ᠎ᠡ | ᠦᠵᠡᠭᠦᠯᠬᠦ ᠨᠡᠶᠢᠭᠡᠮ ᠲᠣᠭᠤᠷᠢᠭ︾ ᠲᠤ ᠰᠣᠩᠭᠤᠭᠳᠠᠪᠠ᠃ | 16. ᠲᠤᠷᠰᠢᠯᠲᠠ ᠶᠢᠨ ᠳᠤᠮᠳᠠᠳᠤ ᠰᠤᠷᠭᠠᠭᠤᠯᠢ ᠥᠪᠡᠷᠲᠡᠭᠡᠨ ᠵᠠᠰᠠᠬᠤ ᠣᠷᠣᠨ ᠤ ᠲᠠᠰ ᠤᠨ ᠠᠮᠤᠷ | ᠠᠮᠤᠭᠤᠯᠠᠩ ᠰᠤᠷᠭᠠᠭᠤᠯᠢ ᠶᠢᠨ ᠬᠦᠷᠢᠶᠡᠨ ᠳᠤ ᠦᠨᠡᠯᠡᠭᠳᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠳᠤᠮᠳᠠᠳᠤ | ᠪᠠᠭ᠎ᠠ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ ᠳᠤ ᠡᠯᠰᠡᠭᠳᠡᠪᠡ︔ | ᠬᠤᠲᠠ ᠶᠢᠨ ᠠᠷᠪᠠᠨ ᠵᠢᠷᠭᠤᠳᠤᠭᠠᠷ ᠳᠤᠮᠳᠠᠳᠤ ᠰᠤᠷᠭᠠᠭᠤᠯᠢ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ | ᠬᠥᠮᠦᠵᠢᠯ ᠤᠨ ᠲᠤᠷᠰᠢᠯᠲᠠ ᠶᠢᠨ ᠰᠤᠷᠭᠠᠭᠤᠯᠢ ᠪᠠᠷ ᠦᠨᠡᠯᠡᠭᠳᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠤᠯᠠᠮᠵᠢᠯᠠᠯ ᠤᠨ ᠰᠤᠷᠭᠠᠭᠤᠯᠢ ᠪᠠᠷ ᠰᠣᠩᠭᠤᠭᠳᠠᠪᠠ᠃ | 17. ᠶᠠᠨ ᠭᠦᠸᠧ ᠶᠦᠨ᠂ ᠮᠠ ᠢᠦᠢ ᠫᠢᠩ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ | ᠥᠪᠡᠷᠲᠡᠭᠡᠨ ᠵᠠᠰᠠᠬᠤ ᠣᠷᠣᠨ ᠤ ᠳᠡᠰ ᠤᠨ ᠵᠢᠱᠢᠶ᠎ᠡ ᠦᠵᠡᠭᠦᠯᠬᠦ ᠭᠡᠷ ᠪᠦᠯᠢ ᠶᠢᠨ ᠲᠠᠷᠢᠶᠠᠯᠠᠩ ᠮᠠᠯᠵᠢᠯ ᠤᠨ | ᠲᠠᠯᠠᠪᠠᠶ ᠪᠠᠷ ᠦᠨᠡᠯᠡᠭᠳᠡᠪᠡ᠃ | | |