ᠯᠧᠢ ᠹᠧᠩ ᠤᠨ ᠵᠣᠷᠢᠭ ᠰᠠᠨᠠᠭᠠᠨ ᠤ ᠴᠠᠭ ᠦᠶ᠎ᠡ ᠶᠢᠨ ᠠᠭᠤᠯᠬᠤᠨ ᠢ ᠭᠦᠨᠵᠡᠭᠡᠢ ᠡᠵᠡᠮᠰᠢᠵᠦ᠂ ᠨᠠᠮ ᠤᠨ | ᠭᠡᠰᠢᠭᠦᠨ ᠺᠠᠳ᠋ᠷᠴᠤᠳ ᠤᠨ ᠵᠢᠱᠢᠶᠡᠴᠢ ᠳᠠᠭᠠᠭᠤᠯᠬᠤ ᠦᠢᠯᠡᠳᠦᠯ ᠢ ᠨᠡᠩ ᠰᠠᠶᠢᠨ ᠪᠠᠳᠠᠷᠠᠭᠤᠯᠵᠦ᠂ ᠯᠧᠢ ᠹᠧᠩ ᠠᠴᠠ | ᠰᠤᠷᠤᠯᠴᠠᠬᠤ ᠠᠵᠢᠯᠯᠠᠭ᠎ᠠ ᠶᠢ ᠡᠳᠦᠷ ᠲᠤᠲᠤᠮ ᠤᠨ ᠠᠮᠢᠳᠤᠷᠠᠯ ᠳᠤ ᠠᠭᠤᠰᠬᠠᠨ᠂ ᠦᠷᠭᠦᠯᠵᠢ ᠶᠢᠨ ᠴᠢᠨᠠᠷᠲᠠᠢ | ᠪᠣᠯᠭᠠᠵᠤ᠂ ᠯᠧᠢ ᠹᠧᠩ ᠤᠨ ᠵᠣᠷᠢᠭ ᠰᠠᠨᠠᠭ᠎ᠠ ᠶᠢ ᠰᠢᠨ᠎ᠡ ᠴᠠᠭ ᠦᠶ᠎ᠡ ᠳᠤ ᠨᠡᠩ ᠭᠡᠷᠡᠯ ᠰᠠᠴᠤᠷᠠᠩᠭᠤᠢ ᠭᠡᠷᠡᠯ | ᠭᠢᠯᠪᠠᠭ᠎ᠠ ᠪᠠᠨ ᠰᠠᠴᠤᠷᠠᠭᠤᠯᠬᠤ ᠶᠢᠨ ᠲᠦᠯᠦᠭᠡ᠂ 2024 ᠣᠨ ᠤ 3 ᠰᠠᠷ᠎ᠠ ᠶᠢᠨ 5 ᠤ ᠡᠳᠦᠷ᠂ ᠤᠳᠠ | ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠦᠩᠴᠠᠩ ᠵᠢᠶᠠ ᠶᠤᠸᠠᠨ | ᠨᠡᠶᠢᠭᠡᠮ ᠲᠣᠭᠤᠷᠢᠭ ᠲᠠᠢ ᠬᠠᠮᠲᠤᠷᠠᠨ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶᠠᠨ ᠤ ᠨᠠᠮ ᠤᠨ | ᠭᠡᠰᠢᠭᠦᠨ ᠺᠠᠳ᠋ᠷᠴᠤᠳ ᠨᠡᠶᠢᠭᠡᠮ ᠲᠣᠭᠤᠷᠢᠭ ᠤᠨ ᠠᠵᠢᠯᠲᠠᠳ ᠲᠠᠢ ᠬᠠᠮᠲᠤ ᠬᠠᠪᠴᠢᠭᠤᠷ᠂ ᠳᠡᠪᠢᠭᠦᠷ᠂ ᠬᠤᠰᠤᠭᠤᠷ᠂ | ᠬᠤᠭ ᠤᠨ ᠤᠭᠤᠲᠠ ᠵᠡᠷᠭᠡ ᠪᠠᠭᠠᠵᠢ ᠬᠡᠷᠡᠭᠰᠡᠯ ᠢᠶᠠᠨ ᠠᠪᠴᠤ᠂ ᠠᠵᠢᠯ ᠤᠨ ᠪᠠᠶᠢᠳᠠᠯ ᠳᠠᠭᠠᠨ ᠦᠳᠲᠡᠷ ᠲᠦᠷᠭᠡᠨ | ᠣᠷᠣᠵᠠᠢ᠂ ᠲᠡᠳᠡ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠠᠵᠢᠯ ᠬᠤᠪᠢᠶᠠᠷᠢᠯᠠᠨ ᠬᠠᠮᠲᠤᠷᠠᠨ ᠠᠵᠢᠯᠯᠠᠵᠤ᠂ | ᠵᠢᠵᠢᠭ ᠲᠣᠭᠤᠷᠢᠭ ᠤᠨ ᠬᠡᠷᠡᠰᠬᠡ ᠶᠢᠨ ᠭᠠᠳᠠᠷ ᠲᠠᠯ᠎ᠠ᠂ ᠵᠢᠵᠢᠭ ᠲᠣᠭᠤᠷᠢᠭ ᠤᠨ ᠭᠤᠣᠯ ᠵᠠᠮ ᠤᠨ ᠡᠷᠭᠢᠨ ᠲᠣᠭᠤᠷᠢᠨ | ᠵᠡᠷᠭᠡ ᠭᠠᠵᠠᠷ ᠤᠨ ᠬᠤᠭ ᠨᠣᠪᠰᠢ ᠪᠣᠯᠣᠨ ᠣᠪᠣᠭᠠᠯᠠᠭᠰᠠᠨ ᠪᠣᠳᠠᠰ ᠢ ᠪᠦᠬᠦ ᠲᠠᠯ᠎ᠠ ᠪᠠᠷ ᠴᠡᠪᠡᠷᠯᠡᠵᠡᠢ᠃ ᠬᠡᠳᠦᠶᠢᠪᠡᠷ | ᠠᠭᠤᠷ ᠠᠮᠢᠰᠬᠤᠯ ᠮᠥᠨ ᠯᠡ ᠬᠠᠬᠢᠷ ᠬᠦᠢᠲᠡᠨ ᠪᠠᠶᠢᠭᠰᠠᠨ ᠴᠤ ᠲᠤᠬᠠᠢ ᠶᠢᠨ ᠲᠠᠯᠠᠪᠠᠢ ᠳᠤ ᠲᠤᠩ ᠶᠠᠭᠠᠷᠠᠯᠲᠠᠢ | ᠪᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠦᠮᠡᠨ ᠳᠤ ᠠᠮᠢᠳᠤᠷᠠᠬᠤ ᠳᠤ ᠲᠠᠭᠠᠯᠠᠮᠵᠢᠲᠠᠢ ᠠᠮᠢᠳᠤᠷᠠᠯ ᠤᠨ | ᠣᠷᠴᠢᠨ ᠲᠣᠭᠤᠷᠢᠨ ᠢ ᠪᠤᠢ ᠪᠣᠯᠭᠠᠵᠤ ᠥᠭᠴᠡᠢ᠃ | ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠶᠠᠪᠤᠳᠠᠯ ᠢ ᠪᠣᠳᠠᠲᠠᠢ ᠠᠵᠢᠯᠯᠠᠭ᠎ᠠ ᠳᠤᠮᠳᠠ ᠪᠠᠨ ᠦᠨᠡᠨᠬᠦ ᠲᠤᠤᠱᠯᠠᠭᠤᠯᠵᠤ᠂ | ᠯᠧᠢ ᠹᠧᠩ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ | ᠬᠤᠪᠢᠰᠬᠠᠯᠲᠤ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ᠂ ᠯᠧᠢ ᠹᠧᠩ ᠤᠨ ᠵᠣᠷᠢᠭ ᠰᠠᠨᠠᠭ᠎ᠠ ᠪᠣᠯᠣᠨ ᠴᠡᠷᠢᠭ ᠠᠴᠠ | ᠬᠠᠯᠠᠭᠳᠠᠭᠰᠠᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠨᠢᠭᠲᠠ ᠤᠶᠠᠯᠳᠤᠭᠤᠯᠵᠤ᠂ | ᠴᠡᠷᠢᠭ ᠠᠴᠠ ᠬᠠᠯᠠᠭᠳᠠᠭᠰᠠᠳ ᠤᠨ ᠨᠡᠶᠢᠭᠡᠮ ᠲᠣᠭᠤᠷᠢᠭ ᠲᠤ ᠦᠢᠯᠡᠴᠢᠯᠡᠬᠦ᠂ ᠨᠡᠶᠢᠭᠡᠮ ᠳᠤ ᠬᠤᠪᠢ ᠨᠡᠮᠡᠷᠢ ᠦᠵᠡᠭᠦᠯᠬᠦ | ᠳᠤᠮᠳᠠ ᠰᠠᠶᠢᠨ ᠰᠠᠶᠢᠬᠠᠨ ᠳᠦᠷᠢ ᠲᠥᠷᠬᠦ ᠶᠢ ᠭᠦᠢᠴᠡᠳ ᠢᠯᠡᠷᠡᠭᠦᠯᠵᠦ᠂ ᠴᠡᠷᠢᠭ ᠠᠴᠠ ᠬᠠᠯᠠᠭᠳᠠᠭᠰᠠᠳ ᠤᠨ | ᠰᠠᠶᠢᠨ ᠳᠤᠷ᠎ᠠ ᠶᠢᠨ ᠦᠢᠯᠡᠴᠢᠯᠡᠭᠡᠨ ᠤ ᠪᠦᠬᠦ ᠲᠠᠯ᠎ᠠ᠂ ᠣᠯᠠᠨ ᠬᠡᠯᠪᠡᠷᠢ᠂ ᠣᠯᠠᠨ ᠬᠠᠷᠠᠭᠠᠰᠤ ᠵᠡᠷᠭᠡ ᠲᠠᠯ᠎ᠠ ᠪᠠᠷ | ᠪᠣᠳᠠᠲᠤ ᠪᠦᠲᠦᠮᠵᠢ ᠣᠯᠬᠤ ᠶᠢ ᠲᠠᠰᠤᠷᠠᠯᠲᠠ ᠦᠭᠡᠢ ᠲᠦᠯᠬᠢᠨ ᠠᠬᠢᠭᠤᠯᠪᠠ᠃ | | | | | | | | |