3 ᠳ᠋ᠤᠭᠠᠷ ᠰᠠᠷ᠎ᠠ ᠶᠢᠨ 15 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠯᠢᠦ ᠬᠤ᠋ ᠲᠤᠭᠤᠷᠢᠭ ᠤᠨ ᠵᠠᠰᠠᠭ ᠤᠨ ᠣᠷᠳᠣᠨ ᠤ 2024 ᠣᠨ ᠤ 5 ᠳ᠋ᠤᠭᠠᠷ ᠤᠳᠠᠭᠠᠨ ᠤ | ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠠᠯ ᠠᠴᠠ ᠪᠥᠬᠦ ᠲᠤᠭᠤᠷᠢᠭ ᠤᠨ ᠵᠠᠰᠠᠭ ᠤᠨ ᠣᠷᠳᠣᠨ ᠤ | ᠥᠷᠢ ᠥᠭᠴᠡᠭᠡ ᠶᠢ ᠠᠷᠢᠯᠭᠠᠬᠤ᠂ ᠭᠠᠯ ᠰᠡᠷᠭᠡᠶᠢᠯᠡᠨ ᠤᠨᠲᠠᠷᠠᠭᠠᠬᠤ ᠪᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ | ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠤᠳᠠ ᠲᠣᠭᠤᠷᠢᠭ ᠤᠨ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠥᠯ ︵ᠬᠦᠷᠭᠡᠨ ᠬᠢᠨᠠᠭᠤᠯᠬᠤ ᠨᠣᠣᠷᠠᠭ︶︾ | ᠵᠡᠷᠭᠡ ᠤᠴᠢᠷ ᠶᠠᠪᠤᠳᠠᠯ ᠢ ᠰᠤᠳᠤᠯᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠰᠡᠷᠭᠡᠶᠢᠯᠡᠨ ᠭᠠᠯ ᠤᠨᠲᠠᠷᠠᠭᠠᠬᠤ | ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠬᠠᠪᠤᠷ ᠤᠨ | ᠤᠯᠠᠷᠢᠯ ᠤᠨ ᠰᠡᠷᠭᠡᠶᠢᠯᠡᠨ ᠭᠠᠯ ᠤᠨᠲᠠᠷᠠᠭᠠᠬᠤ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠣᠨᠴᠠᠭᠠᠶᠢᠯᠠᠨ | ᠬᠠᠩᠰᠢ᠂ ︽5·1︾ ᠵᠡᠷᠭᠡ ᠠᠶᠤᠯ ᠲᠦᠭᠰᠢᠭᠦᠷᠢ ᠶᠡᠬᠡᠲᠡᠢ ᠴᠠᠭ ᠬᠤᠭᠤᠴᠠᠭᠠᠨ ᠳᠤ ᠪᠠᠷᠠᠭᠤᠨ ᠠᠭᠤᠯᠠ ᠶᠢᠨ | ᠬᠠᠯᠬᠠᠪᠴᠢ ᠤᠢ ᠶᠢ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢ ᠬᠥᠮᠥᠨ ᠤ ᠲᠤᠭ᠎ᠠ ᠪᠠ ᠠᠭᠤᠯᠠᠨ ᠣᠷᠣᠢ ᠳᠤ | ᠬᠦᠷᠲᠡᠯ᠎ᠡ ᠨᠠᠶᠢᠳᠠᠪᠤᠷᠢᠵᠢᠭᠤᠯᠵᠤ᠂ ᠭᠠᠯ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ᠂ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ᠂ ᠤᠬᠠᠭᠤᠯᠭ᠎ᠠ ᠬᠥᠮᠦᠵᠢᠯ ᠵᠡᠷᠭᠡ ᠶᠢ ᠰᠠᠶᠢᠲᠤᠷ ᠠᠳᠬᠤᠵᠤ᠂ ᠬᠦᠨᠳᠦ ᠶᠡᠭᠡ ᠣᠨᠴᠠ ᠶᠡᠭᠡ | ᠭᠠᠯ ᠤᠨ ᠭᠠᠮᠰᠢᠭ ᠤᠨ ᠠᠳᠡᠯ ᠭᠠᠷᠬᠤ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠬᠦ ᠬᠡᠷᠡᠭᠲᠡᠢ᠃ ᠰᠤᠷᠭᠠᠭᠤᠯᠢ᠂ | ᠡᠮᠨᠡᠯᠭᠡ ᠶᠢᠨ ᠬᠤᠷᠢᠶ᠎ᠠ ᠵᠡᠷᠭᠡ ᠬᠥᠮᠥᠨ ᠬᠠᠷ᠎ᠠ ᠬᠤᠷᠠᠨ ᠴᠤᠭᠯᠠᠷᠠᠭᠰᠠᠨ ᠭᠠᠵᠠᠷ ᠲᠠᠯᠠᠪᠤᠷ ᠢ ᠴᠢᠩᠭ᠎ᠠ ᠠᠩᠬᠠᠷᠴᠤ᠂ | ᠭᠠᠯ ᠤᠨᠲᠠᠷᠠᠭᠠᠬᠤ ᠠᠮᠤᠷ ᠲᠦᠪᠰᠢᠨ ᠤ ᠬᠡᠮ ᠰᠣᠭᠤᠭ ᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ | ᠵᠠᠰᠠᠬᠤ ᠠᠵᠢᠯ ᠢ ᠴᠢᠩᠭᠠᠳᠬᠠᠨ᠂ ᠴᠠᠬᠢᠯᠭᠠᠨ ᠬᠥᠳᠡᠯᠭᠡᠭᠦᠷᠲᠦ ᠲᠡᠷᠭᠡ ᠶᠢᠨ ︽ᠭᠡᠷ ᠡᠷᠦᠬᠡ ᠳᠤ ᠣᠷᠣᠬᠤ︾ ᠵᠡᠷᠭᠡ | ᠲᠣᠪᠣᠶᠢᠮ᠎ᠠ ᠠᠰᠠᠭᠤᠳᠠᠯ ᠢ ᠪᠥᠬᠦ ᠲᠠᠯ᠎ᠠ ᠪᠠᠷ ᠴᠡᠭᠴᠡᠯᠡᠨ ᠵᠠᠰᠠᠵᠤ᠂ ᠠᠷᠠᠳ ᠲᠦᠮᠡᠨ ᠤ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠦᠨ᠎ᠡ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ | ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠠᠮᠤ ᠪᠤᠳᠠᠭ᠎ᠠ ᠢᠳᠡᠰᠢᠨ ᠨᠣᠭᠤᠭ᠎ᠠ ᠲᠠᠷᠢᠬᠤ | ᠡᠭᠦᠷᠭᠡ ᠶᠢ ᠲᠡᠷᠡ ᠶᠣᠰᠣᠭᠠᠷ ᠨᠢ ᠪᠡᠶᠡᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠪᠠᠷᠢᠯᠭ᠎ᠠ ᠶᠢᠨ ᠶᠠᠰᠤ ᠴᠢᠨᠠᠷ ᠢ ᠴᠢᠩᠭ᠎ᠠ ᠠᠳᠬᠤᠵᠤ᠂ ᠠᠵᠢᠯᠯᠠᠬᠤ | ᠴᠠᠭ ᠤᠨ ᠬᠢᠵᠠᠭᠠᠷ ᠢ ᠴᠢᠩᠭ᠎ᠠ ᠰᠠᠬᠢᠵᠤ᠂ ᠪᠦᠬᠦ ᠣᠷᠣᠨ ᠪᠦᠰᠡ ᠶᠢᠨ ᠡᠭᠦᠷᠢᠳᠡ ᠶᠢᠨ ᠦᠨᠳᠦᠰᠦᠨ ᠲᠠᠷᠢᠶᠠᠨ | ᠭᠠᠵᠠᠷ ᠢ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠥᠭᠡᠷᠡᠴᠢᠯᠡᠬᠦ ᠪᠠᠷ ᠴᠢᠷᠮᠠᠶᠢᠬᠤ ᠬᠡᠷᠡᠭᠲᠡᠢ᠃ | ᠲᠠᠷᠢᠶᠠᠯᠠᠩ ᠤᠨ ᠤᠰᠤ ᠠᠷᠪᠢᠯᠠᠬᠤ ᠬᠠᠮᠢᠶᠠᠷᠤᠯᠲᠠ᠂ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠤᠰᠤ ᠠᠷᠪᠢᠯᠠᠵᠤ ᠤᠰᠤᠯᠠᠬᠤ ᠵᠡᠷᠭᠡ ᠠᠵᠢᠯ ᠢ ᠨᠢᠭᠡᠳᠦᠯᠲᠡᠢ | ᠲᠥᠯᠥᠪᠯᠡᠨ ᠰᠠᠶᠢᠲᠤᠷ ᠬᠢᠵᠦ᠂ ᠲᠠᠷᠢᠶᠠᠯᠠᠩ ᠤᠨ ᠬᠡᠷᠡᠭᠯᠡᠬᠦ ᠤᠰᠤᠨ ᠤ ᠬᠡᠮᠵᠢᠯᠲᠡ ᠶᠢᠨ ᠪᠥᠬᠦᠨ ᠢ ᠬᠠᠮᠤᠷᠬᠤ ᠶᠢ ᠪᠥᠬᠦ | ᠬᠦᠴᠦᠨ ᠢᠶᠠᠷ ᠲᠦᠯᠬᠢᠨ ᠠᠬᠢᠭᠤᠯᠵᠤ᠂ ᠲᠠᠷᠢᠶᠠᠯᠠᠩ ᠤᠨ ᠬᠡᠷᠡᠭᠯᠡᠬᠦ ᠤᠰᠤᠨ ᠤ ᠠᠷᠭ᠎ᠠ ᠮᠠᠶ᠋ᠢᠭ ᠤᠨ ᠪᠦᠳᠦᠭᠦᠯᠢᠭ | ᠪᠠᠶᠢᠭᠰᠠᠨ ᠠᠴᠠ ᠨᠢ ᠠᠷᠪᠢᠲᠠᠢ ᠡᠷᠴᠢᠮᠯᠢᠭ ᠪᠣᠯᠭᠠᠬᠤ ᠲᠡᠰᠢ ᠬᠤᠪᠢᠷᠠᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ᠃ | ᠬᠤᠷᠠᠯ ᠠᠴᠠ︽ᠤᠳᠠ ᠲᠣᠭᠤᠷᠢᠭ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ | ᠬᠡᠷᠡᠭᠵᠢᠭᠦᠯᠬᠦ ᠲᠥᠰᠥᠯ︾᠂︽ᠤᠳᠠ ᠲᠣᠭᠤᠷᠢᠭ ᠤᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ | ᠢᠨᠵᠧᠨᠧᠷᠢᠩ ᠤᠨ ᠡᠭᠦᠷᠭᠡ ᠶᠢᠨ ᠨᠠᠷᠢᠨ ᠳᠠᠩᠰᠠ︾ ᠶᠢ ᠬᠢᠨᠠᠨ ᠵᠥᠪᠯᠡᠵᠦ ᠪᠠᠲᠤᠯᠠᠪᠠ᠃ ᠥᠪᠡᠷᠲᠡᠭᠡᠨ ᠵᠠᠰᠠᠬᠤ | ᠣᠷᠣᠨ ᠤ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠭᠦᠨᠵᠡᠭᠡᠢ ᠬᠡᠷᠡᠭᠵᠢᠭᠦᠯᠵᠦ᠂ ᠠᠵᠢᠯ ᠤᠨ ᠰᠡᠳᠬᠢᠴᠡ ᠪᠠᠨ | ᠨᠠᠷᠢᠨ ᠬᠢᠨᠠᠮᠠᠭᠠᠢ ᠲᠥᠯᠥᠪᠵᠢᠭᠦᠯᠵᠦ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠᠨ ᠲᠦᠷᠦᠯ ᠳᠠᠷᠠᠭᠠᠯᠠᠨ | ᠨᠠᠷᠢᠯᠢᠭᠵᠢᠭᠤᠯᠵᠤ᠂ ᠲᠦᠷᠭᠡᠨ ᠮᠣᠷᠢᠨ ᠳᠤ ᠲᠠᠰᠢᠭᠤᠷ ᠨᠡᠮᠡᠵᠦ︽ᠠᠮᠵᠢᠵᠤ︾᠂ ᠴᠠᠭ ᠮᠥᠴᠡ ᠶᠢ ᠠᠯᠳᠠᠯ ᠦᠭᠡᠢ ᠪᠠᠷ | ︽ᠠᠵᠢᠯᠯᠠᠵᠤ︾᠂ ᠤᠳᠠᠭᠠᠰᠢᠷᠠᠭᠤᠯᠵᠤ ᠪᠣᠯᠬᠤ ᠦᠭᠡᠢ᠂ ᠬᠦᠯᠢᠶᠡᠵᠦ ᠳᠡᠶᠢᠯᠬᠦ ᠦᠭᠡᠢ᠂ ᠰᠠᠭᠤᠵᠤ ᠳᠡᠶᠢᠯᠬᠦ ᠦᠭᠡᠢ | ᠡᠭᠦᠷᠭᠡᠲᠦ ᠰᠡᠳᠬᠢᠯᠭᠡ ᠪᠣᠯᠣᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ︽ᠵᠢᠷᠭᠤᠭᠠᠨ ᠢᠨᠵᠧᠨᠧᠷᠢᠩ︾ | ᠢ ᠪᠣᠳᠠᠲᠠᠢ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |