ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 3 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/20
     3 ᠰᠠᠷ᠎ᠠ ᠶᠢᠨ 20  ᠤ ᠡᠳᠦᠷ᠂ ᠤᠳᠠ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ 3 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ ᠸᠧᠨ ᠯᠦᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠳᠡᠭᠡᠷ᠎ᠡ᠂ ᠬᠤᠤ ᠯᠢ ᠫᠢᠩ᠂ ᠭᠤᠤ ᠲᠢᠶᠧ ᠨᠠᠨ᠂ ᠭᠦᠸᠧ ᠱᠢ ᠯᠦᠩ᠂ ᠬᠠᠨ ᠵᠢᠶᠠᠨ ᠬᠤᠸᠠ ᠰᠢ ᠶᠢᠨ ᠫᠢᠩ  ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠨᠢ ᠦᠨᠳᠦᠰᠦᠲᠡᠨ ᠤ ᠬᠢᠯᠢ ᠬᠢᠵᠠᠭᠠᠷ ᠣᠷᠣᠨ ᠤ ᠨᠡᠶᠢᠭᠡᠮ ᠤᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠬᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠪᠠᠲᠤᠯᠠᠬᠤ ᠳᠤ ᠴᠢᠬᠤᠯᠠ ᠬᠥᠲᠥᠯᠥᠨ ᠳᠠᠭᠠᠭᠤᠯᠬᠤ ᠦᠢᠯᠡᠳᠦᠯ ᠲᠠᠢ ᠶᠤᠮ᠃ ᠪᠥᠬᠦ ᠲᠤᠭᠤᠷᠢᠭ ᠤᠨ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢ ᠶᠢᠨ ᠫᠢᠩ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢ ᠴᠢᠬᠤᠯᠠ ᠤᠯᠤᠰ ᠲᠥᠷᠥ ᠶᠢᠨ ᠡᠭᠦᠷᠭᠡ ᠪᠠᠨ ᠪᠣᠯᠭᠠᠵᠤ᠂ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠣᠶᠢᠯᠠᠭᠠᠬᠤ ᠳᠤᠮᠳᠠ ᠪᠠᠨ ᠵᠥᠪ ᠴᠢᠭᠯᠡᠯ ᠢ ᠪᠠᠲᠤ ᠡᠵᠡᠮᠳᠡᠨ᠂ ᠠᠵᠢᠯ ᠤᠨ ᠴᠢᠭᠯᠡᠯ ᠢᠶᠠᠨ ᠣᠨᠣᠪᠴᠢᠲᠠᠶ ᠡᠵᠡᠮᠳᠡᠵᠦ᠂ ᠴᠠᠭ ᠦᠶ᠎ᠡ ᠶᠢᠨ ᠱᠠᠭᠠᠷᠳᠠᠯᠭ᠎ᠠ ᠪᠠ ᠣᠯᠠᠨ ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠭᠦᠯᠵᠦ᠂ ᠬᠠᠤᠯᠢ ᠪᠠᠷ ᠲᠤᠭᠤᠷᠢᠭ ᠢᠶᠠᠨ ᠵᠠᠰᠠᠬᠤ ᠠᠵᠢᠯ ᠢ ᠰᠠᠶᠢᠲᠤᠷ ᠬᠢᠬᠦ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠶᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠬᠤ ᠬᠡᠷᠡᠭᠲᠡᠢ᠃ ᠡᠭᠦᠷᠭᠡ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠭᠦᠢᠴᠡᠳᠬᠡᠵᠦ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭᠠᠨ ᠤ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠬᠠᠤᠯᠢᠵᠢᠯ ᠤᠨ ᠰᠦᠭ ᠰᠦᠨᠡᠰᠦ ᠶᠢ ᠱᠤᠭᠤᠵᠤ᠂ ᠭᠤᠣᠯ ᠱᠤᠭᠤᠮ ᠤᠨ ᠤᠬᠠᠮᠰᠠᠷ ᠢ ᠪᠠᠷᠢᠮᠲᠠᠯᠠᠵᠤ᠂ ᠬᠠᠤᠯᠢᠵᠢᠯ ᠤᠨ ᠰᠠᠭᠤᠷᠢ ᠶᠢ ᠴᠢᠩᠭᠠᠳᠬᠠᠵᠤ᠂ ᠬᠠᠤᠯᠢ ᠶᠢ ᠴᠢᠩᠭ᠎ᠠ ᠰᠠᠬᠢᠬᠤ᠂ ᠬᠠᠤᠯᠢᠵᠢᠯ ᠤᠨ ᠦᠷ᠎ᠡ ᠪᠦᠲᠦᠮᠵᠢ ᠶᠢ ᠡᠷᠢᠯᠬᠢᠯᠡᠬᠦ ᠶᠢ ᠪᠠᠷᠢᠮᠲᠠᠯᠠᠵᠤ᠂ ᠲᠥᠪ ᠭᠤᠣᠯᠴᠢ ᠪᠠᠷ ᠬᠠᠤᠯᠢ ᠪᠠᠷᠢᠬᠤ ᠶᠢ ᠪᠠᠷᠢᠮᠲᠠᠯᠠᠵᠤ᠂ ᠬᠠᠤᠯᠢᠵᠢᠯ ᠤᠨ ᠰᠦᠷ ᠬᠦᠴᠦᠨ ᠢ ᠪᠤᠢ ᠪᠣᠯᠭᠠᠵᠤ᠂ ᠪᠦᠬᠦ ᠠᠷᠠᠳ ᠢᠶᠠᠷ ᠢᠶᠠᠨ ᠬᠠᠤᠯᠢ ᠶᠢ ᠰᠠᠬᠢᠬᠤ ᠶᠢ ᠪᠠᠷᠢᠮᠲᠠᠯᠠᠵᠤ᠂ ᠬᠠᠤᠯᠢᠵᠢᠯ ᠤᠨ ᠪᠠᠶᠢᠳᠠᠯ ᠢ ᠬᠤᠷᠠᠮᠳᠤᠭᠤᠯᠵᠤ᠂ ᠤᠳᠠ ᠲᠤᠭᠤᠷᠢᠭ ᠤᠨ ᠪᠣᠳᠠᠲᠠᠢ ᠲᠠᠢ ᠤᠶᠠᠯᠳᠤᠭᠤᠯᠤᠨ ᠤᠨᠢᠨ ᠳᠡᠭᠡᠷ᠎ᠡ ᠨᠢ ᠬᠦᠴᠦᠯᠡᠵᠦ᠂ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠬᠡᠷᠡᠭᠵᠢᠭᠦᠯᠵᠦ᠂ ᠤᠨᠢᠨ ᠳᠡᠭᠡᠷ᠎ᠡ ᠨᠢ ᠰᠢᠪᠲᠤᠯᠤᠯᠲᠠ ᠭᠠᠷᠭᠠᠵᠤ᠂ ᠰᠢᠰᠲ᠋ᠧᠮ ᠲᠠᠢ ᠠᠬᠢᠭᠤᠯᠬᠤ ᠳᠤᠮᠳᠠ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠦᠨ᠎ᠡ᠃ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠬᠤ ᠠᠷᠭ᠎ᠠ ᠵᠠᠮ ᠢ ᠭᠦᠨᠵᠡᠭᠡᠢ ᠦᠢᠯᠡᠳᠦᠯᠭᠡᠵᠢᠭᠦᠯᠵᠦ᠂ ︽ᠵᠠᠩᠭᠢᠯᠠᠭ᠎ᠠ ᠶᠢᠨ ᠴᠥᠭᠡᠨ ᠲᠣᠭᠠᠲᠠᠨ︾  ᠢᠶᠠᠷ ᠵᠢᠱᠢᠶ᠎ᠡ ᠦᠵᠡᠭᠦᠯᠬᠦ ᠶᠢ ᠲᠤᠪᠤᠶᠢᠯᠭᠠᠵᠤ᠂ ︽ᠡᠩᠨᠡᠭᠡᠨ ᠤ ᠪᠠᠶᠢᠭᠤᠯᠤᠯᠲᠠ︾ ᠶᠢ ᠴᠢᠩᠭ᠎ᠠ ᠠᠳᠬᠤᠨ ᠬᠡᠪ ᠴᠢᠨᠠᠷ ᠢ ᠴᠢᠩᠭᠠᠳᠬᠠᠵᠤ᠂ ︽ᠳᠦᠷᠢᠮ ᠲᠣᠭᠲᠠᠴᠠ︾ ᠶᠢ ᠪᠦᠷᠢᠨᠰᠢᠭᠦᠯᠦᠨ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠦᠨᠡᠨᠬᠦ ᠠᠳᠬᠤᠵᠤ ᠪᠣᠳᠠᠲᠠᠢ ᠠᠵᠢᠯᠯᠠᠬᠤ ᠳᠤᠮᠳᠠ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠤ᠂ ᠥᠨᠳᠥᠷ ᠲᠦᠪᠰᠢᠨ ᠲᠠᠢ ᠬᠠᠤᠯᠢᠵᠢᠯ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠬᠡᠷᠡᠭᠲᠡᠢ ᠭᠡᠵᠠᠢ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号