ᠤᠳᠠ ᠲᠣᠭᠤᠷᠢᠭ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠭᠤᠷᠪᠠᠳᠤᠭᠠᠷ ᠤᠳᠠᠭᠠᠨ ᠤ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/25
     ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠦ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠬᠦ ᠪᠠᠷ ᠬᠦᠴᠦᠯᠡᠨ ᠴᠢᠷᠮᠠᠶᠢᠬᠤ ᠶᠢᠨ ᠲᠦᠯᠦᠭᠡ᠂ 3 ᠰᠠᠷ᠎ᠠ ᠶᠢᠨ 21 ᠤ ᠡᠳᠦᠷ᠂ ᠤᠳᠠ ᠲᠣᠭᠤᠷᠢᠭ ᠤᠨ ᠬᠢᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠭᠤᠷᠪᠠᠳᠤᠭᠠᠷ ᠤᠳᠠᠭᠠᠨ ᠤ ᠠᠬᠢᠭᠤᠯᠬᠤ ᠬᠤᠷᠠᠯ ᠬᠤᠷᠠᠯᠳᠤᠭᠤᠯᠵᠤ᠂ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠬᠡᠯᠪᠡᠷᠢ ᠲᠠᠢ᠂ ᠲᠥᠷᠥᠭᠳᠡᠯ ᠲᠠᠢ᠂ ᠪᠦᠲᠦᠮᠵᠢᠲᠡᠶ ᠥᠷᠨᠢᠬᠦ ᠶᠢ ᠤᠯᠠᠮ ᠨᠢᠭᠡ ᠠᠯᠬᠤᠮ ᠪᠠᠲᠤᠯᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠠᠵᠢᠯ ᠤᠨ ᠳ᠋ᠦᠩᠨᠡᠯᠲᠡ ᠵᠢᠴᠢ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠬᠢᠨᠠᠨ ᠵᠢᠯᠤᠭᠤᠳᠬᠤ ᠠᠵᠢᠯ ᠤᠨ ᠬᠤᠷᠠᠯ ᠳᠡᠭᠡᠷᠡᠬᠢ ᠶᠠᠮᠤᠨ ᠤ ᠰᠠᠶᠢᠳ ᠯᠢ ᠢᠦᠢ ᠭᠠᠩ ᠤᠨ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽6 + 4 + 10 + N︾ ᠠᠴᠢᠶᠠᠯᠠᠪᠤᠷᠢ ᠶᠢᠨ ᠵᠢᠭᠰᠠᠭᠠᠯ ᠢ ᠠᠮᠢᠳᠤᠯᠢᠭ ᠢᠶᠠᠷ ᠬᠡᠷᠡᠭᠯᠡᠵᠦ᠂ ᠤᠳᠠ ᠲᠣᠭᠤᠷᠢᠭ ᠤᠨ ︽ᠠᠷᠪᠠᠨ ᠵᠦᠢᠯ ᠤᠨ ᠠᠵᠢᠯᠯᠠᠭ᠎ᠠ︾ ᠶᠢ ᠦᠷᠭᠦᠯᠵᠢᠯᠡᠨ ᠭᠦᠨᠵᠡᠭᠡᠢ ᠬᠡᠷᠡᠭᠵᠢᠭᠦᠯᠵᠦ᠂ ᠡᠯ᠎ᠡ ᠨᠢᠭᠡᠴᠡ ᠶᠢᠨ ᠬᠢᠨ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠳᠤᠮᠳᠠᠬᠢ ᠣᠨᠴᠠᠯᠢᠭᠲᠤ ᠠᠷᠭ᠎ᠠ ᠬᠢᠳᠡᠯ ᠢ ᠨᠠᠷᠢᠨ ᠬᠢᠨᠠᠮᠠᠭᠠᠢ ᠳ᠋ᠦᠩᠨᠡᠨ ᠪᠣᠯᠪᠠᠰᠤᠷᠠᠭᠤᠯᠵᠤ᠂ ᠰᠡᠳᠬᠢᠴᠡ᠂ ᠠᠷᠭ᠎ᠠ᠂ ᠲᠣᠭᠲᠠᠴᠠ ᠶᠢᠨ ᠰᠢᠨ᠎ᠡ ᠡᠭᠦᠳᠦᠯᠲᠡ ᠶᠢ ᠠᠬᠢᠭᠤᠯᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠠᠷᠠᠳ ᠲᠤ ᠠᠰᠢᠭ ᠬᠦᠷᠲᠡᠭᠡᠬᠦ ᠨᠠᠮ ᠤᠨ ᠲᠥᠷᠥ ᠶᠢᠨ ᠪᠣᠳᠣᠯᠭ᠎ᠠ ᠶᠢ ᠤᠬᠠᠭᠤᠯᠵᠤ᠂ ᠴᠠᠭ ᠦᠶ᠎ᠡ ᠶᠢᠨ ᠬᠤᠪᠢᠷᠠᠯᠲᠠ ᠶᠢᠨ ᠦᠯᠢᠭᠡᠷ ᠢ ᠰᠠᠶᠢᠲᠤᠷ ᠶᠠᠷᠢᠵᠤ᠂ ᠰᠠᠶᠢᠨ ᠰᠠᠶᠢᠬᠠᠨ ᠠᠮᠢᠳᠤᠷᠠᠯ ᠤᠨ ᠲᠤᠬᠠᠢ ᠠᠭᠤᠵᠢᠷᠠᠲᠠᠯ᠎ᠠ ᠶᠠᠷᠢᠯᠴᠠᠵᠤ᠂ ᠨᠠᠮ ᠤᠨ ᠠᠴᠢ ᠲᠤᠰᠠ ᠶᠢ ᠲᠣᠳᠣᠷᠬᠠᠢ ᠶᠠᠷᠢᠵᠤ᠂ ᠠᠷᠠᠳ ᠲᠤ ᠠᠰᠢᠭ ᠬᠦᠷᠲᠡᠭᠡᠬᠦ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠲᠣᠳᠣᠷᠬᠠᠢ ᠶᠠᠷᠢᠵᠤ᠂ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ ᠲᠤᠭᠤᠷᠠᠲᠠᠯ᠎ᠠ ᠶᠠᠷᠢᠵᠤ᠂ ︽ᠵᠠᠭᠤᠨ ᠠᠵᠤ ᠠᠬᠤᠶᠢᠯᠠᠯ ᠳᠤ ᠬᠦᠷᠴᠦ ᠮᠢᠩᠭᠠᠨ ᠡᠷᠦᠬᠡ ᠶᠢ ᠰᠤᠷᠪᠤᠯᠵᠢᠯᠠᠵᠤ ᠲᠦᠮᠡᠨ ᠡᠷᠦᠬᠡ ᠳᠤ ᠣᠴᠢᠬᠤ︾ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠤᠯᠠᠨ ᠲᠦᠮᠡᠨ ᠲᠠᠢ ᠨᠢᠭᠤᠷᠳᠠᠵᠤ︽ᠬᠡᠷᠡᠭᠴᠡᠭᠡ ᠶᠢ ᠠᠰᠠᠭᠤᠬᠤ᠂ ᠪᠠᠶᠢᠳᠠᠯ ᠢ ᠠᠰᠠᠭᠤᠬᠤ᠂ ᠠᠷᠭ᠎ᠠ ᠪᠣᠳᠣᠯᠭ᠎ᠠ ᠶᠢ ᠠᠰᠠᠭᠤᠬᠤ︾᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠵᠥᠷᠢᠴᠡᠯ ᠵᠠᠭᠤᠷᠠᠯᠳᠤᠭᠠᠨ ᠢ ᠡᠶᠡᠳᠡᠭᠦᠯᠬᠦ ᠵᠡᠷᠭᠡ ᠤᠯᠠᠨ ᠲᠦᠮᠡᠨ ᠤ ︽ᠪᠠᠴᠢᠮᠳᠠᠨ ᠬᠦᠴᠢᠷᠳᠡᠵᠦ ᠵᠣᠪᠠᠨᠢᠬᠤ︾ ᠠᠰᠠᠭᠤᠳᠠᠯ ᠢ ᠰᠢᠢᠳᠪᠦᠷᠢᠯᠡᠵᠦ᠂ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠤᠯᠠᠨ ᠲᠦᠮᠡᠨ ᠢ ᠳᠠᠭᠠᠭᠤᠯᠤᠨ ᠡᠷᠡᠰ ᠭᠤᠶᠢᠪᠢᠰᠢ ᠦᠭᠡᠢ ᠪᠠᠷ ᠨᠠᠮ ᠤᠨ ᠠᠴᠢ ᠲᠤᠰᠠ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ᠎ᠠ ᠭᠡᠵᠠᠢ᠃      ᠲᠠᠷᠠᠭᠠᠴᠢ ᠶᠢᠨ ᠠᠯᠬᠤᠮ ᠳᠤ᠂ ᠤᠳᠠ ᠲᠣᠭᠤᠷᠢᠭ ᠤᠨ ᠬᠢᠨ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠪᠠᠶᠢᠩᠭᠤᠵᠢᠭᠤᠯᠤᠨ ᠠᠬᠢᠭᠤᠯᠵᠤ᠂ ᠲᠥᠷᠥᠯ ᠬᠤᠪᠢᠶᠠᠨ ᠵᠢᠯᠤᠭᠤᠳᠬᠤ ᠶᠢ ᠴᠢᠩᠭᠠᠳᠬᠠᠵᠤ᠂ ᠴᠡᠭ ᠢᠶᠠᠷ ᠨᠡᠶᠢᠳᠡᠮ ᠢ ᠳᠠᠶᠢᠴᠢᠯᠠᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠠᠬᠢᠭᠤᠯᠵᠤ᠂ ᠲᠥᠷᠥ ᠶᠢᠨ ᠪᠣᠳᠣᠯᠭ᠎ᠠ ᠶᠢ ᠡᠷᠬᠢᠮᠯᠡᠬᠦ ᠪᠠ ᠪᠣᠳᠠᠲᠠᠢ ᠠᠵᠢᠯ ᠬᠢᠬᠦ ᠶᠢ ᠦᠨᠡᠨᠬᠦ ᠤᠶᠠᠯᠳᠤᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠦᠨᠡᠨ ᠰᠡᠳᠬᠢᠯ ᠠᠴᠠ ᠪᠠᠨ ᠨᠠᠮ ᠤᠨ ᠠᠴᠢ ᠶᠢ ᠮᠡᠳᠡᠵᠦ᠂ ᠨᠠᠮ ᠤᠨ ᠰᠠᠶᠢᠨ ᠢ ᠰᠠᠨᠠᠭᠠᠯᠵᠠᠵᠤ᠂ ᠨᠠᠮ ᠤᠨ ᠴᠢᠳᠠᠪᠤᠷᠢ ᠶᠢ ᠢᠲᠡᠭᠡᠬᠦ ᠶᠢ ᠥᠯᠥ ᠮᠡᠳᠡᠭᠴᠢ ᠪᠠᠷ ᠬᠥᠲᠥᠯᠥᠨ ᠳᠠᠭᠠᠭᠤᠯᠵᠤ᠂ ᠴᠤᠭ ᠪᠠᠳᠠᠷᠠᠩᠭᠤᠢ ᠥᠭᠡᠳᠡᠯᠡᠨ ᠳᠠᠪᠰᠢᠬᠤ ᠲᠡᠮᠡᠴᠡᠯ ᠤᠨ ᠣᠪᠣᠷ ᠪᠠᠶᠢᠳᠠᠯ ᠪᠠ ᠬᠡᠵᠢᠶᠡᠳᠡ ᠬᠤᠶᠢᠷᠭᠤᠰᠢᠬᠤ ᠦᠭᠡᠢ ᠵᠣᠷᠢᠭ ᠰᠠᠨᠠᠭ᠎ᠠ ᠪᠠᠷ ᠡᠷᠴᠢ ᠵᠣᠷᠢᠭ ᠲᠠᠢ᠂ ᠪᠣᠳᠠᠲᠠᠢ ᠠᠵᠢᠯᠯᠠᠵᠤ ᠦᠨᠡᠨᠴᠢ ᠪᠠᠷ ᠠᠵᠢᠯᠯᠠᠵᠤ᠂ ᠤᠳᠠ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠪᠠᠷ ᠴᠢᠷᠮᠠᠶᠢᠨ᠎ᠠ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号