ᠯᠢᠦ ᠬᠤ᠋ ᠠᠶᠤᠯᠲᠠᠢ ᠬᠢᠮᠢ ᠶᠢᠨ ᠠᠵᠤ ᠠᠬᠤᠶᠢᠯᠠᠯ᠂ ᠪᠠᠷᠢᠯᠭ᠎ᠠ ᠶᠢᠨ ᠭᠠᠵᠠᠷ᠂ ᠰᠢᠲᠠᠮᠠᠬᠠᠢ ᠬᠡᠢ ᠶᠢᠨ ᠭᠠᠯ ᠤᠨᠲᠠᠷᠠᠭᠠᠬᠤ ᠵᠡᠷᠭᠡ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/3/27
     3 ᠰᠠᠷ᠎ᠠ ᠶᠢᠨ 25 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠯᠢᠦ ᠬᠤ᠋ ᠠᠶᠤᠯᠲᠠᠢ ᠬᠢᠮᠢ ᠶᠢᠨ ᠠᠵᠤ ᠠᠬᠤᠶᠢᠯᠠᠯ᠂ ᠪᠠᠷᠢᠯᠭ᠎ᠠ ᠶᠢᠨ ᠭᠠᠵᠠᠷ᠂ ᠰᠢᠲᠠᠮᠠᠬᠠᠢ ᠬᠡᠢ ᠶᠢᠨ ᠭᠠᠯ ᠤᠨᠲᠠᠷᠠᠭᠠᠬᠤ ᠵᠡᠷᠭᠡ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠬᠢᠨᠠᠨ ᠵᠢᠯᠤᠭᠤᠳᠴᠤ᠂ ᠲᠤᠭᠤᠷᠢᠭ ᠤᠨ ᠤᠳᠤᠷᠢᠳᠤᠯᠭ᠎ᠠ ᠬᠤ᠋ ᠲᠢᠶᠠᠨ ᠸᠧᠨ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃      ᠵᠢᠶᠦ᠋ᠨ ᠵᠧᠩ BDO ᠲᠦᠷᠦᠯ ᠵᠦᠢᠯ᠂ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠰᠠᠭᠤᠷᠢ ᠮᠥᠩᠭᠦ᠂ ᠳ᠋ᠦᠩ ᠶᠤᠸᠠᠨ ᠵᠡᠷᠭᠡ ᠠᠵᠤ ᠠᠬᠤᠶᠢᠯᠠᠯ ᠳᠤ᠂ ᠯᠢᠦ ᠬᠤ᠋ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ᠂ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠪᠠᠷᠢᠯᠭ᠎ᠠ ᠶᠢᠨ ᠭᠠᠵᠠᠷ ᠤᠨ ᠪᠠᠷᠢᠯᠭ᠎ᠠ ᠶᠢᠨ ᠠᠮᠤᠷ ᠲᠦᠪᠰᠢᠨ᠂ ᠠᠮᠢᠳᠤᠷᠠᠯ ᠤᠨ ᠲᠣᠭᠤᠷᠢᠭ ᠤᠨ ᠭᠠᠯ ᠤᠨᠲᠠᠷᠠᠭᠠᠬᠤ ᠬᠡᠮ ᠰᠣᠭᠤᠭ ᠢ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠠᠵᠤ ᠠᠬᠤᠶᠢᠯᠠᠯ ᠤᠨ︽ᠠᠮᠤᠷ ᠲᠦᠪᠰᠢᠨ ᠢ ᠲᠡᠷᠢᠭᠦᠨ ᠳᠤ ᠲᠠᠯᠪᠢᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠶᠡᠷᠦᠩᠬᠡᠶᠢᠯᠡᠨ ᠵᠠᠰᠠᠬᠤ︾ᠴᠢᠭᠯᠡᠯᠲᠡ ᠶᠢ ᠪᠠᠷᠢᠮᠲᠠᠯᠠᠵᠤ᠂ ᠤᠬᠠᠮᠰᠠᠷ ᠠᠴᠠ ᠪᠠᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠦᠢᠯᠡᠳᠪᠦᠷᠢᠯᠡᠯ ᠡᠵᠡᠩᠨᠡᠯᠲᠡ ᠶᠢᠨ ᠪᠦᠬᠦ ᠶᠠᠪᠤᠴᠠ ᠳᠤ ᠲᠤᠤᠱᠯᠠᠭᠤᠯᠵᠤ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠬᠦᠨᠳᠦ ᠶᠡᠭᠡ ᠠᠳᠡᠯ ᠤᠨ ᠭᠡᠮ ᠰᠣᠭᠤᠭ ᠢ ᠠᠷᠢᠯᠭᠠᠵᠤ᠂ ᠦᠨᠡᠨᠬᠦ ᠠᠶᠤᠯᠭᠦᠢ ᠦᠢᠯᠡᠳᠪᠦᠷᠢᠯᠡᠯ ᠢᠶᠠᠷ ᠲᠣᠭᠲᠠᠭᠤᠨ ᠢ ᠪᠠᠲᠤᠯᠠᠵᠤ᠂ ᠬᠥᠭᠵᠢᠯᠲᠡ ᠶᠢ ᠠᠬᠢᠭᠤᠯᠵᠤ᠂ ᠲᠣᠭᠲᠠᠭᠤᠨ ᠢᠶᠠᠷ ᠨᠡᠮᠡᠭᠳᠡᠭᠦᠯᠬᠦ ᠬᠡᠷᠡᠭᠲᠡᠢ᠃ ᠡᠭᠦᠨ ᠤ ᠬᠠᠮᠲᠤ ᠳᠣᠲᠣᠭᠠᠳᠤ ᠳᠠᠭᠠᠨ ᠳᠠᠯᠳᠠ ᠬᠦᠴᠦᠨ ᠢ ᠠᠭᠤᠳᠠᠯᠵᠤ᠂ ᠭᠠᠳᠠᠭᠰᠢ ᠵᠠᠬ᠎ᠠ ᠳᠡᠯᠭᠡᠭᠦᠷ ᠢ ᠥᠷᠭᠡᠳᠬᠡᠵᠦ᠂ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠦᠷ᠎ᠡ ᠠᠰᠢᠭ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ︽ᠬᠤᠶᠠᠷ ᠢ ᠰᠡᠷᠭᠡᠶᠢᠯᠡᠬᠦ︾ ᠪᠠᠷ ᠭᠠᠷᠳᠠᠴᠠ ᠪᠣᠯᠭᠠᠵᠤ᠂ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢᠨ ᠡᠯᠭᠦᠭᠡ ᠰᠠᠭᠰᠤ᠂ ᠭᠡᠷ ᠤᠨ ᠳᠣᠲᠣᠨ᠎ᠠ ᠭᠠᠳᠠᠨ᠎ᠠ ᠥᠨᠳᠥᠷ ᠭᠠᠵᠠᠷ ᠲᠤ ᠠᠵᠢᠯᠯᠠᠬᠤ᠂ ᠠᠵᠢᠯᠲᠠᠨ ᠠᠵᠢᠯᠴᠢᠨ ᠤ ᠠᠮᠢᠳᠤᠷᠠᠯ ᠤᠨ ᠲᠣᠭᠤᠷᠢᠭ ᠲᠤ ᠲᠦᠷ ᠴᠠᠭ ᠴᠠᠬᠢᠯᠭᠠᠨ ᠬᠡᠷᠡᠭᠯᠡᠬᠦ ᠵᠡᠷᠭᠡ ᠭᠤᠣᠯᠳᠠᠯᠭ᠎ᠠ ᠲᠠᠢ ᠣᠷᠣᠨ ᠪᠠᠶᠢᠷᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠲᠥᠬᠦᠭᠡᠷᠦᠮᠵᠢ ᠲᠥᠬᠦᠭᠡᠷᠦᠮᠵᠢ ᠶᠢ ᠰᠠᠶᠢᠲᠤᠷ ᠲᠣᠬᠢᠷᠠᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠬᠡᠵᠠᠢ᠃
     ᠳᠠᠷᠠᠭ᠎ᠠ ᠨᠢ᠂ ᠯᠢᠦ ᠬᠤ᠋ ᠨᠠᠷ ᠰᠦᠯᠵᠢᠶᠡᠨ ᠤ ᠪᠠᠭᠠᠷ᠂ KTV ᠵᠡᠷᠭᠡ ᠬᠥᠮᠥᠨ ᠤᠯᠠᠨ ᠴᠤᠭᠯᠠᠷᠠᠳᠠᠭ ᠲᠠᠯᠠᠪᠤᠷ ᠲᠤ ᠬᠦᠷᠴᠦ᠂ ᠲᠤᠬᠠᠢ ᠶᠢᠨ ᠭᠠᠵᠠᠷ ᠲᠤᠨᠢ ᠭᠠᠯ ᠤᠨᠲᠠᠷᠠᠭᠠᠬᠤ ᠠᠮᠤᠷ ᠲᠦᠪᠰᠢᠨ ᠤ ᠬᠡᠮ ᠰᠣᠭᠤᠭ ᠤᠨ ᠪᠠᠶᠢᠳᠠᠯ ᠢ ᠱᠠᠯᠠᠪᠳᠠᠭᠤᠯᠤᠨ ᠵᠢᠯᠤᠭᠤᠳᠴᠤ᠂ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠢ ᠲᠤᠬᠠᠢ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠰᠠᠨᠠᠯ ᠢᠶᠠᠨ ᠳᠤᠷᠠᠳᠴᠠᠢ᠃ ᠲᠡᠷᠡ ᠬᠡᠯᠡᠭᠰᠡᠨ ᠨᠢ᠂ ᠡᠯ᠎ᠡ ᠡᠵᠡᠩᠨᠡᠯᠲᠡ ᠶᠢᠨ ᠭᠤᠣᠯ ᠴᠣᠭᠴᠠ ᠶᠢᠨ ᠬᠢᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠦᠷᠭᠡᠨ ᠠᠬᠢᠭᠤᠯᠵᠤ᠂ ᠤᠯᠤᠰ ᠤᠨ ᠪᠠᠷᠢᠮᠵᠢᠶ᠎ᠠ᠂ ᠠᠵᠢᠯ ᠲᠦᠷᠦᠯ ᠤᠨ ᠪᠠᠷᠢᠮᠵᠢᠶ᠎ᠠ ᠶᠣᠰᠣᠭᠠᠷ ᠭᠠᠯ ᠤᠨᠲᠠᠷᠠᠭᠠᠬᠤ ᠲᠥᠬᠦᠭᠡᠷᠦᠮᠵᠢ᠂ ᠪᠠᠭᠠᠵᠢ ᠬᠡᠷᠡᠭᠰᠡᠯ ᠢ ᠲᠣᠬᠢᠷᠠᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠲᠡᠮᠳᠡᠭ ᠲᠠᠯᠪᠢᠬᠤ ᠪᠥᠭᠡᠳ ᠲᠣᠭᠲᠠᠭᠰᠠᠨ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠬᠤ᠂ ᠰᠡᠯᠪᠢᠨ ᠵᠠᠰᠠᠬᠤ ᠠᠵᠢᠯ ᠢ ᠵᠣᠬᠢᠶᠠᠨ ᠪᠠᠶᠢᠭᠤᠯᠵᠤ᠂ ᠪᠦᠷᠢᠨ ᠪᠦᠲᠦᠨ ᠪᠥᠭᠡᠳ ᠪᠦᠲᠦᠮᠵᠢᠲᠡᠢ ᠪᠠᠶᠢᠬᠤ ᠶᠢ ᠪᠠᠲᠤᠯᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ᠃ ᠠᠶᠤᠯ ᠲᠦᠭᠰᠢᠭᠦᠷᠢ ᠶᠢᠨ ᠳᠠᠯᠳᠠ ᠭᠡᠮ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ︽ᠶᠢᠰᠦᠨ ᠵᠢᠵᠢᠭ ᠲᠠᠯᠠᠪᠤᠷ ᠭᠠᠵᠠᠷ︾᠂ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠢ ᠬᠤᠯᠢᠮᠠᠭ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠭᠠᠵᠠᠷ᠂ ᠬᠥᠮᠥᠨ ᠣᠯᠠᠨ ᠴᠤᠭᠯᠠᠷᠠᠬᠤ ᠲᠠᠯᠠᠪᠤᠷ ᠭᠠᠵᠠᠷ ᠤᠨ ᠲᠣᠭᠤᠷᠢᠨ ᠳᠤ᠂ ᠨᠢᠭᠡ ᠨᠢᠭᠡ ᠪᠠᠷ ᠡᠷᠦᠬᠡ ᠳᠤ ᠣᠷᠣᠵᠤ ᠵᠢᠭᠰᠠᠭᠠᠨ ᠪᠠᠶᠢᠴᠠᠭᠠᠵᠤ᠂ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠬᠦ ᠦᠭᠡᠢ ᠡᠵᠡᠩᠨᠡᠯᠲᠡ ᠶᠢᠨ ᠭᠤᠣᠯ ᠴᠣᠭᠴᠠ ᠶᠢ ᠳᠠᠷᠤᠶᠢᠬᠠᠨ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠵᠤ᠂ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠡᠵᠡᠩᠨᠡᠯᠲᠡ ᠪᠠᠨ ᠰᠡᠷᠭᠦᠭᠡᠵᠦ᠂ ᠴᠢᠩᠭ᠎ᠠ ᠨᠢᠮᠪᠠᠢ ᠬᠠᠤᠯᠢ ᠬᠡᠷᠡᠭᠵᠢᠭᠦᠯᠦᠨ ᠰᠢᠮᠳᠠᠭᠤᠯᠤᠨ ᠪᠠᠶᠢᠴᠠᠭᠠᠬᠤ ᠪᠠᠷ ᠡᠯ᠎ᠡ ᠲᠥᠷᠥᠯ ᠤᠨ ᠳᠠᠯᠳᠠ ᠬᠡᠮ ᠢ ᠠᠷᠢᠯᠭᠠᠵᠤ᠂ ᠠᠷᠠᠳ ᠣᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠠᠢ᠃
     ᠬᠠᠮᠤᠭ ᠰᠡᠬᠦᠯ ᠳᠤ᠂ ᠯᠢᠦ ᠬᠤ᠋ ᠨᠠᠷ ᠪᠠᠷᠠᠭᠤᠨ ᠠᠭᠤᠯᠠᠨ ᠤ ᠬᠠᠯᠬᠠᠪᠴᠢ ᠤᠢ ᠶᠢᠨ ᠤᠢ ᠰᠢᠭᠤᠢ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠤᠨᠲᠠᠷᠠᠭᠠᠵᠤ ᠪᠠᠶᠢᠭ᠎ᠠ ᠪᠠᠶᠢᠳᠠᠯ ᠢ ᠱᠠᠯᠠᠪᠳᠠᠭᠤᠯᠤᠨ ᠵᠢᠯᠤᠭᠤᠳᠴᠤ ᠪᠠᠶᠢᠴᠠᠭᠠᠵᠠᠢ᠃ ᠲᠡᠷᠡ ᠬᠡᠯᠡᠭᠰᠡᠨ ᠨᠢ᠂ ᠬᠠᠩᠰᠢ ᠣᠶᠢᠷᠠᠳᠬᠤ ᠳᠤ ᠣᠯᠠᠨ ᠲᠦᠮᠡᠨ ᠤ ᠣᠩᠭᠤᠨ ᠢ ᠱᠦᠭᠦᠷᠳᠡᠨ ᠳᠠᠬᠢᠬᠤ ᠵᠡᠷᠭᠡ ᠠᠵᠢᠯᠯᠠᠭ᠎ᠠ ᠳᠠᠪᠬᠤᠴᠠᠵᠤ ᠪᠠᠶᠢᠭ᠎ᠠ ᠪᠣᠯᠬᠤᠷ ᠵᠠᠩ ᠳᠠᠳᠬᠠᠯ   ᠢ ᠥᠭᠡᠷᠡᠴᠢᠯᠡᠬᠦ ᠶᠢ ᠶᠡᠭᠡ ᠪᠠᠷ ᠰᠠᠨᠠᠭᠠᠴᠢᠯᠠᠨ᠂ ᠣᠯᠠᠨ ᠲᠦᠮᠡᠨ ᠤ ᠲᠥᠪᠯᠡᠷᠡᠭᠰᠡᠨ ᠲᠠᠬᠢᠯᠭ᠎ᠠ ᠶᠢᠨ ᠭᠠᠵᠠᠷ ᠵᠢᠴᠢ ᠡᠷᠭᠢᠨ ᠲᠣᠭᠤᠷᠢᠨ ᠤ ᠭᠤᠣᠯᠳᠠᠯᠭ᠎ᠠ ᠲᠠᠢ ᠭᠠᠯ ᠤᠨ ᠠᠶᠤᠯ ᠤᠨ ᠣᠷᠣᠨ ᠳᠤ ᠬᠦᠴᠦᠨ   ᠢᠶᠠᠨ ᠵᠣᠬᠢᠶᠠᠨ ᠪᠠᠶᠢᠭᠤᠯᠵᠤ ᠪᠠᠶᠢᠭᠠᠳ ︽ᠴᠡᠭ ᠲᠤ ᠰᠠᠭᠤᠬᠤ ᠮᠠᠶ᠋ᠢᠭ︾ ᠤᠨ ᠬᠢᠨᠠᠨ ᠪᠠᠶᠢᠴᠠᠭᠠᠯᠲᠠ ᠬᠢᠵᠦ᠂ ᠣᠯᠠᠨ ᠲᠦᠮᠡᠨ ᠤ ᠪᠣᠯᠪᠠᠰᠤᠨ ᠢᠶᠠᠷ ᠳᠠᠬᠢᠬᠤ   ᠶᠢ ᠢᠳᠡᠪᠬᠢᠲᠡᠢ ᠪᠠᠷ ᠬᠥᠲᠥᠯᠥᠨ ᠵᠢᠯᠤᠭᠤᠳᠬᠤ ᠬᠡᠷᠡᠭᠲᠡᠢ᠃ ᠲᠣᠭᠤᠷᠢᠨ ᠰᠡᠷᠭᠡᠶᠢᠯᠡᠬᠦ᠂ ᠵᠢᠵᠢᠭᠦᠷᠯᠡᠬᠦ᠂ ᠬᠢᠨᠠᠨ ᠡᠵᠡᠮᠳᠡᠬᠦ ᠵᠡᠷᠭᠡ ᠡᠯ᠎ᠡ ᠵᠦᠢᠯ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦᠨ ᠢ ᠪᠦᠷᠬᠦᠭᠦᠯᠦᠨ ᠬᠢᠨᠠᠯᠲᠠ ᠲᠠᠯᠪᠢᠵᠤ ᠰᠡᠷᠭᠡᠶᠢᠯᠡᠨ ᠡᠵᠡᠮᠳᠡᠬᠦ ᠶᠢ ᠬᠡᠷᠡᠭᠵᠢᠭᠦᠯᠵᠦ᠂ ᠭᠠᠯ ᠢ ᠰᠡᠷᠭᠡᠶᠢᠯᠡᠬᠦ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠪᠠ ᠬᠠᠤᠯᠢ ᠲᠣᠭᠲᠠᠭᠠᠯ ᠢ ᠵᠥᠷᠢᠴᠡᠨ ᠭᠠᠯ ᠬᠡᠷᠡᠭᠯᠡᠬᠦ ᠶᠢ ᠴᠢᠩᠭ᠎ᠠ ᠪᠠᠶᠢᠴᠠᠭᠠᠵᠤ᠂ ᠠᠮᠤᠷ ᠲᠦᠪᠰᠢᠨ ᠤ ᠭᠡᠮ ᠰᠣᠭᠤᠭ ᠢ ᠡᠬᠢ ᠡᠭᠦᠰᠦᠯ ᠠᠴᠠ ᠨᠢ ᠠᠷᠢᠯᠭᠠᠵᠤ᠂ ᠤᠢ ᠰᠢᠭᠤᠢ ᠶᠢᠨ ᠭᠠᠯ ᠤᠨ ᠭᠠᠮᠰᠢᠭ ᠢ ᠪᠦᠬᠦ ᠬᠦᠴᠦᠨ ᠢᠶᠠᠷ ᠢᠶᠠᠨ ᠰᠡᠷᠭᠡᠶᠢᠯᠡᠵᠦ᠂ ᠬᠥᠬᠡᠮᠳᠦᠭ ᠨᠣᠭᠤᠭᠠᠨ ᠠᠭᠤᠯᠠ ᠤᠰᠤ ᠶᠢ ᠡᠷᠡᠰ ᠰᠠᠬᠢᠨ ᠬᠠᠮᠠᠭᠠᠯᠠᠬᠤ ᠬᠡᠷᠡᠭᠲᠡᠢ ᠭᠡᠵᠠᠢ᠃  
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号