ᠤᠯᠤᠰ ᠲᠦᠷᠦ ᠶᠢᠨ ᠵᠥᠪᠯᠡᠯᠭᠡᠨ ᠤ ᠤᠳᠠ ᠲᠤᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠶᠢᠰᠦᠳᠦᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/28
    3 ᠰᠠᠷ᠎ᠠ ᠶᠢᠨ 27 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠤᠳᠠ ᠲᠣᠭᠤᠷᠢᠭ ᠤᠨ ᠶᠢᠰᠦᠳᠦᠭᠡᠷ ᠬᠤᠭᠤᠴᠠᠭᠠᠨ ᠤ  ᠬᠤᠷᠢᠶᠠᠨ ᠤ ᠶᠢᠰᠦᠳᠦᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠵᠤ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠭᠤᠸ ᠲᠢᠶᠧ ᠨᠠᠨ ᠬᠤᠷᠠᠯ ᠢ ᠡᠷᠬᠢᠯᠡᠪᠡ᠃      ᠬᠤᠷᠠᠯ ᠠᠴᠠ ᠪᠥᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠬᠢᠭᠡᠳ ︽ᠤᠳᠠ ᠲᠣᠭᠤᠷᠢᠭ ᠤᠨ 2024 ᠣᠨ ᠤ ᠤᠯᠤᠰ ᠲᠥᠷᠥ ᠶᠢᠨ ᠵᠥᠪᠯᠡᠯᠭᠡᠨ ᠤ ᠵᠥᠪᠳᠡᠯᠴᠡᠬᠦ ᠲᠥᠯᠥᠪᠯᠡᠭᠡ︾ ᠶᠢ ᠬᠢᠨᠠᠨ ᠶᠠᠷᠢᠯᠴᠠᠵᠤ ᠪᠠᠲᠤᠯᠠᠭᠠᠳ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠠ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ ᠠᠵᠢᠯ ᠤᠨ ᠭᠤᠣᠯᠳᠠᠯᠭ᠎ᠠ ᠶᠢ ᠵᠠᠷᠯᠠᠨ ᠮᠡᠳᠡᠭᠳᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠰᠤᠷᠤᠯᠴᠠᠯᠭ᠎ᠠ ᠶᠢᠨ ᠠᠵᠢᠯ ᠢ ᠰᠠᠶᠢᠲᠤᠷ ᠠᠳᠬᠤᠵᠤ᠂ ᠰᠤᠷᠤᠯᠴᠠᠯᠭ᠎ᠠ ᠶᠢ ᠢᠮᠠᠭᠲᠠ ᠲᠤᠤᠱᠯᠠᠭᠤᠯᠬᠤ ᠴᠢᠬᠤᠯᠠ ᠡᠭᠦᠷᠭᠡ ᠪᠣᠯᠭᠠᠵᠤ᠂ ᠡᠭᠦᠷᠭᠡ ᠲᠤᠰᠢᠶᠠᠯ ᠢᠶᠠᠨ ᠭᠤᠣᠯᠳᠠᠯᠭ᠎ᠠ ᠲᠠᠢ ᠭᠦᠢᠴᠡᠳᠬᠡᠬᠦ ᠡᠭᠦᠷᠭᠡ ᠶᠢ ᠰᠠᠶᠢᠲᠤᠷ ᠠᠳᠬᠤᠵᠤ᠂ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠤᠯᠤᠰ ᠲᠥᠷᠥ ᠶᠢᠨ ᠵᠥᠪᠯᠡᠯᠭᠡᠨ ᠤ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶᠠᠨ ᠤ ᠲᠣᠭᠲᠠᠭᠠᠭᠰᠠᠨ 12 ᠵᠦᠢᠯ ᠤᠨ ᠭᠤᠣᠯᠳᠠᠯᠭ᠎ᠠ ᠲᠠᠢ ᠠᠵᠢᠯ ᠲᠠᠢ ᠨᠢᠭᠲᠠ ᠤᠶᠠᠯᠳᠤᠭᠤᠯᠤᠨ᠂ ᠲᠤᠭᠤᠷᠢᠭ ᠤᠨ ᠨᠠᠮ ᠤᠨ ᠬᠤᠷᠢᠶᠠᠨ ᠤ ᠣᠨ ᠤ ᠬᠠᠷᠠᠯᠲᠠ ᠡᠭᠦᠷᠭᠡ ᠶᠢ ᠴᠢᠩᠭ᠎ᠠ ᠠᠳᠬᠤᠵᠤ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠵᠥᠪᠯᠡᠯᠭᠡᠨ ᠤ ᠵᠠᠰᠠᠭ ᠤᠨ ᠶᠠᠪᠤᠳᠠᠯ ᠢ ᠵᠥᠪᠯᠡᠬᠦ ᠠᠵᠢᠯᠯᠠᠭ᠎ᠠ ᠶᠢ ᠰᠠᠶᠢᠲᠤᠷ ᠠᠳᠬᠤᠵᠤ᠂ ᠮᠡᠳᠡᠭᠡ ᠵᠠᠩᠭᠢ ᠶᠢᠨ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠮᠡᠳᠡᠭᠡ ᠵᠠᠩᠭᠢ ᠶᠢᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃ ᠡᠯ᠎ᠡ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠳ ᠰᠢ ᠶᠢᠨ ᠫᠢᠩ ᠶᠡᠷᠦᠩᠬᠡᠢ ᠱᠦᠵᠢ ᠶᠢᠨ ︽ᠤᠯᠤᠰ ᠲᠥᠷᠥ ᠶᠢᠨ ᠵᠥᠪᠯᠡᠯᠭᠡᠨ ᠢ ᠣᠶᠢᠯᠠᠭᠠᠬᠤ᠂ ᠵᠥᠪᠯᠡᠵᠦ ᠴᠢᠳᠠᠬᠤ᠂ ᠵᠠᠰᠠᠭ ᠤᠨ ᠶᠠᠪᠤᠳᠠᠯ ᠢ ᠵᠥᠪᠯᠡᠬᠦ ᠳᠡᠭᠡᠨ ᠴᠢᠳᠠᠮᠠᠭᠠᠢ ᠪᠠᠶᠢᠬᠤ᠂ ᠰᠠᠬᠢᠯᠭ᠎ᠠ ᠪᠠᠲᠤ ᠶᠢ ᠰᠠᠬᠢᠬᠤ᠂ ᠶᠣᠰᠣ ᠳᠦᠷᠢᠮ ᠢ ᠡᠷᠬᠢᠮᠯᠡᠬᠦ᠂ ᠵᠠᠩ ᠰᠤᠷᠲᠠᠯ ᠢ ᠴᠢᠬᠤᠯᠠᠴᠢᠯᠠᠬᠤ︾ ᠱᠠᠭᠠᠷᠳᠠᠯᠭ᠎ᠠ ᠶᠣᠰᠣᠭᠠᠷ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠤᠬᠠᠮᠰᠠᠷ ᠠᠴᠠ ᠪᠠᠨ ᠪᠡᠶ᠎ᠡ ᠪᠠᠨ ᠵᠠᠰᠠᠵᠤ ᠶᠣᠰᠣ ᠮᠣᠷᠠᠯ ᠢ ᠪᠣᠶ ᠪᠣᠯᠭᠠᠵᠤ᠂ ᠲᠦᠷᠦᠭᠦᠯᠡᠨ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠵᠤ᠂ ᠰᠤᠷᠤᠯᠴᠠᠯᠭ᠎ᠠ ᠶᠢ ᠡᠷᠬᠢᠮᠯᠡᠬᠦ᠂ ᠣᠯᠠᠨ ᠲᠦᠮᠡᠨ ᠲᠠᠢ ᠬᠠᠷᠢᠯᠴᠠᠬᠤ᠂ ᠡᠭᠦᠷᠭᠡ ᠲᠤᠰᠢᠶᠠᠯ ᠢᠶᠠᠨ ᠭᠦᠢᠴᠡᠳᠬᠡᠵᠦ ᠬᠠᠷᠢᠭᠤᠴᠠᠯᠭ᠎ᠠ ᠪᠠᠨ ᠭᠦᠢᠴᠡᠳᠬᠡᠬᠦ᠂ ᠪᠦᠯᠬᠦᠮᠳᠡᠨ ᠬᠠᠮᠲᠤᠷᠠᠯᠴᠠᠬᠤ ᠥᠯᠢᠭᠡᠷ ᠳᠠᠭᠤᠷᠢᠶᠠᠯ ᠪᠣᠯᠵᠤ᠂ ᠳᠠᠶᠢᠴᠢᠯᠠᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠤᠨ᠂ ᠮᠠᠨ ᠤ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠠᠢ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号