ᠯᠢᠦ ᠬᠤ᠋ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠤᠭᠤᠳᠪᠠ
ᠨᠡᠶᠢᠲᠡᠯᠡᠭᠰᠡᠨ ᠴᠠᠭ᠄
2024/3/4
     3 ᠰᠠᠷ᠎ᠠ ᠶᠢᠨ 1 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠯᠢᠦ ᠬᠤ᠋ ᠵᠢᠶᠦ᠋ᠨ ᠵᠧᠩ BDO᠂ ᠰᠢᠩ ᠹᠠ ᠠᠵᠤ ᠦᠢᠯᠡᠳᠪᠦᠷᠢ ᠶᠢᠨ ᠴᠠᠬᠢᠭᠤᠷ ᠵᠡᠷᠭᠡ ᠲᠥᠷᠥᠯ ᠵᠦᠢᠯ ᠤᠨ ᠲᠤᠬᠠᠢ ᠶᠢᠨ ᠲᠠᠯᠠᠪᠠᠶ ᠳᠤ ᠬᠦᠷᠴᠦ᠂ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠤᠨ ᠠᠵᠢᠯᠯᠠᠭᠠᠨ ᠤ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠬᠢᠨᠠᠨ ᠵᠢᠯᠤᠭᠤᠳᠬᠤ ᠶᠢᠨ ᠬᠠᠮᠲᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠬᠦᠴᠢᠷ ᠠᠰᠠᠭᠤᠳᠠᠯ ᠢ ᠨᠠᠷᠢᠨ ᠬᠢᠨᠠᠮᠠᠭᠠᠢ ᠠᠰᠠᠭᠤᠨ ᠯᠠᠪᠯᠠᠵᠤ᠂ ᠰᠢᠢᠳᠪᠦᠷᠢᠯᠡᠬᠦ ᠠᠷᠭ᠎ᠠ ᠶᠢ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠰᠢᠦᠢ ᠪᠢᠨ᠂ ᠦ᠋ ᠪᠢᠩ ᠶᠦᠨ ᠬᠠᠮᠲᠤᠪᠠᠷ ᠪᠠᠶᠢᠴᠠᠭᠠᠨ ᠰᠤᠳᠤᠯᠤᠯᠲᠠ ᠬᠢᠵᠡᠢ᠃
     ᠲᠡᠷᠡ ᠬᠡᠯᠡᠭᠰᠡᠨ ᠨᠢ᠂ ᠲᠦᠷᠦᠯ ᠵᠦᠢᠯ ᠤᠨ ᠨᠢᠭᠡᠴᠡ ᠶᠢᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠢ ᠳᠤᠨᠢ ᠡᠵᠡᠮᠳᠡᠵᠦ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠰᠢᠨ᠎ᠡ ᠪᠠᠷ ᠪᠠᠶᠢᠭᠤᠯᠬᠤ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠲᠦᠷᠭᠡᠨ ᠭᠦᠢᠴᠡᠳᠬᠡᠵᠦ᠂ ᠬᠠᠪᠤᠷ ᠤᠨ ᠤᠯᠠᠷᠢᠯ ᠤᠨ ᠪᠠᠷᠢᠯᠭ᠎ᠠ ᠶᠢᠨ︽ᠰᠢᠵᠢᠷ ᠠᠯᠳᠠᠨ ᠬᠤᠭᠤᠴᠠᠭ᠎ᠠ︾ ᠶᠢ ᠠᠮᠵᠢᠨ ᠠᠳᠬᠤᠵᠤ᠂ ᠳᠠᠩᠰᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠡᠯᠭᠦᠭᠡ ᠵᠢᠷᠤᠭ ᠢᠶᠠᠷ ᠪᠠᠶᠢᠯᠳᠤᠵᠤ᠂ ᠰᠢᠨᠵᠢᠯᠡᠬᠦ ᠤᠬᠠᠭᠠᠨᠴᠢ ᠪᠠᠷ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠭᠤᠯᠵᠤ᠂ ᠠᠵᠢᠯᠲᠠᠨ ᠤ ᠲᠥᠬᠦᠭᠡᠷᠦᠮᠵᠢ ᠶᠢ ᠭᠦᠢᠴᠡᠳ ᠭᠦᠢᠴᠡᠳᠬᠡᠵᠦ᠂ ᠲᠦᠷᠦᠯ ᠵᠦᠢᠯ ᠤᠨ ᠥᠨᠳᠥᠷ ᠪᠦᠲᠦᠮᠵᠢᠲᠡᠢ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠣᠭᠲᠠᠭᠰᠠᠨ ᠬᠤᠭᠤᠴᠠᠭᠠᠨ ᠳᠠᠭᠠᠨ ᠠᠵᠢᠯ ᠢᠶᠠᠨ ᠳᠠᠭᠤᠰᠬᠠᠵᠤ᠂ ᠡᠷᠲᠡᠬᠡᠨ ᠠᠰᠢᠭᠯᠠᠯᠲᠠ ᠳᠤ ᠣᠷᠣᠭᠤᠯᠬᠤ ᠬᠡᠷᠡᠭᠲᠡᠢ᠃ ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠪᠠᠷᠢᠯᠭ᠎ᠠ ᠶᠢᠨ ᠲᠤᠬᠠᠢ ᠶᠢᠨ ᠲᠠᠯᠠᠪᠠᠶ ᠶᠢᠨ ᠬᠠᠮᠢᠶᠠᠷᠤᠯᠲᠠ᠂ ᠥᠨᠳᠥᠷ ᠳᠡᠭᠡᠷ᠎ᠡ ᠠᠵᠢᠯᠯᠠᠬᠤ᠂ ᠠᠵᠢᠯ ᠤᠨ ᠰᠠᠷᠠᠪᠴᠢ ᠪᠠᠶᠢᠷᠢ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠮᠤᠷ ᠲᠦᠪᠰᠢᠨ ᠤ ᠬᠡᠮ ᠰᠣᠭᠤᠭ ᠢ ᠭᠦᠨᠵᠡᠭᠡᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠠᠵᠢᠯᠯᠠᠭᠠᠨ ᠤ ᠴᠤᠪᠤᠷᠠᠯ ᠢ ᠴᠢᠩᠭ᠎ᠠ ᠵᠢᠷᠤᠮᠵᠢᠭᠤᠯᠬᠤ ᠬᠡᠷᠡᠭᠲᠡᠢ᠃ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠭᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠠᠵᠢᠯᠯᠠᠵᠤ ᠪᠠᠶᠢᠭ᠎ᠠ ᠬᠥᠮᠥᠰ ᠤᠨ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠦᠨᠡᠨᠬᠦ ᠠᠵᠢᠯ ᠤᠨ ᠪᠠᠶᠢᠷᠢ ᠨᠢᠭᠡᠪᠦᠷᠢ᠂ ᠭᠤᠭᠴᠤᠭ᠎ᠠ ᠨᠢᠭᠡᠪᠦᠷᠢ ᠳᠤ ᠨᠠᠶᠢᠳᠠᠪᠤᠷᠢᠵᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠦᠬᠦ ᠬᠦᠴᠦᠨ ᠢᠶᠠᠷ ᠢᠶᠠᠨ ᠰᠠᠶᠢᠲᠤᠷ ᠰᠠᠬᠢᠵᠤ᠂ ᠡᠯ᠎ᠡ ᠲᠦᠷᠦᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠠᠵᠤ ᠠᠬᠤᠶᠢᠯᠠᠯ ᠤᠳ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠠᠯᠬᠤᠴᠠ ᠪᠠᠨ ᠲᠦᠷᠭᠡᠳᠬᠡᠵᠦ᠂ ᠳᠣᠲᠣᠭᠠᠳᠤ ᠳᠠᠭᠠᠨ ᠳᠠᠯᠳᠠ ᠬᠦᠴᠦᠨ ᠢ ᠠᠭᠤᠳᠠᠯᠬᠤ᠂ ᠵᠠᠬ᠎ᠠ ᠳᠡᠯᠭᠡᠭᠦᠷ ᠢ ᠨᠡᠭᠡᠭᠡᠬᠦ ᠶᠢ ᠪᠠᠷᠢᠮᠲᠠᠯᠠᠵᠤ᠂ ᠦᠢᠯᠡᠳᠬᠦᠨ ᠤ ᠥᠷᠢᠰᠦᠯᠳᠦᠬᠦ ᠬᠦᠴᠦᠨ ᠪᠠ ᠵᠠᠬ᠎ᠠ ᠳᠡᠯᠭᠡᠭᠦᠷ ᠢ ᠡᠵᠡᠯᠡᠬᠦ ᠨᠤᠷᠮ᠎ᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠢᠯᠡᠳᠪᠦᠷᠢᠯᠡᠯ ᠵᠣᠭᠰᠣᠬᠤ ᠦᠭᠡᠢ᠂ ᠬᠡᠯᠬᠢᠶ᠎ᠡ ᠲᠠᠰᠤᠷᠠᠬᠤ ᠦᠭᠡᠢ᠂ ᠦᠢᠯᠡᠳᠪᠦᠷᠢᠯᠡᠯ ᠤᠨ ᠴᠢᠳᠠᠪᠤᠷᠢ ᠪᠠᠭᠤᠷᠠᠬᠤ ᠦᠭᠡᠢ᠂ ᠡᠮᠬᠢ ᠳᠢᠭᠯᠢᠮ ᠰᠠᠮᠠᠭᠤᠷᠠᠬᠤ ᠦᠭᠡᠢ ᠪᠠᠶᠢᠬᠤ ᠶᠢ ᠪᠠᠲᠤᠯᠠᠵᠤ᠂ ᠪᠦᠬᠦ ᠬᠦᠴᠦᠨ ᠢᠶᠠᠷ ᠢᠶᠠᠨ ᠵᠠᠬᠢᠶᠠᠯᠠᠭ᠎ᠠ ᠶᠢᠨ ᠬᠠᠭᠤᠳᠠᠰᠤ ᠶᠢ ᠠᠮᠵᠢᠵᠤ᠂ ᠦᠢᠯᠡᠳᠪᠦᠷᠢᠯᠡᠯ ᠢ ᠠᠳᠬᠤᠵᠤ᠂ ᠡᠷᠡᠯᠬᠡᠭᠯᠡᠨ ᠤᠷᠤᠭᠰᠢᠯᠠᠬᠤ ᠳᠦᠷᠢ ᠪᠠᠶᠢᠳᠠᠯ ᠢᠶᠠᠷ ᠨᠢᠭᠡᠳᠦᠭᠡᠷ ᠤᠯᠠᠷᠢᠯ ᠤᠨ︽ᠰᠠᠶᠢᠨ ᠡᠬᠢᠯᠡᠯᠲᠡ︾ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠠᠢ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号