3 ᠰᠠᠷ᠎ᠠ ᠶᠢᠨ 5 ᠤ ᠡᠳᠦᠷ᠂ ᠤᠳᠠ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠬᠤᠷᠠᠯᠳᠤᠪᠠ᠃ ᠲᠤᠭᠤᠷᠢᠭ ᠤᠨ ᠨᠠᠮ ᠤᠨ ᠬᠤᠷᠢᠶᠠᠨ ᠤ | ᠱᠦᠵᠢ ᠶᠠᠨ ᠸᠧᠨ ᠯᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠲᠣᠭᠤᠷᠢᠭ ᠤᠨ ᠨᠠᠮ ᠤᠨ ᠬᠤᠷᠢᠶᠠᠨ ᠤ | ᠳᠡᠳ᠋ ᠱᠦᠵᠢ᠂ ᠲᠣᠭᠤᠷᠢᠭ ᠤᠨ ᠳᠠᠷᠤᠭ᠎ᠠ ᠯᠢᠦ ᠬᠤ᠋ ᠬᠤᠷᠠᠯ ᠡᠷᠭᠢᠯᠡᠪᠡ᠃ ᠲᠤᠭᠤᠷᠢᠭ ᠤᠨ ᠤᠳᠤᠷᠢᠳᠤᠯᠭ᠎ᠠ ᠬᠤᠤ | ᠯᠢ ᠫᠢᠩ᠂ ᠭᠤᠤ ᠲᠢᠶᠧ ᠨᠠᠨ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ᠂ | ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠬᠠᠮᠢᠶ᠎ᠠ ᠪᠦᠬᠦᠢ ᠤᠳᠤᠷᠢᠳᠬᠤ ᠨᠥᠬᠦᠳ ᠬᠤᠷᠠᠯ ᠳᠤ | ᠣᠷᠣᠯᠴᠠᠪᠠ᠃ | | ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠂ ᠦᠬᠠᠢ ᠬᠤᠲᠠ ᠶᠢᠨ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ | 2023 ᠣᠨ ᠤ ᠤᠳᠠ ᠲᠣᠭᠤᠷᠢᠭ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠤᠭᠰᠠᠨ ᠠᠵᠢᠯ ᠤᠨ ᠪᠠᠶᠢᠳᠠᠯ | ᠪᠣᠯᠣᠨ ᠥᠪᠡᠷᠲᠡᠭᠡᠨ ᠵᠠᠰᠠᠬᠤ ᠣᠷᠣᠨ᠂ ᠦᠬᠠᠢ ᠬᠤᠲᠠ ᠶᠢᠨ ᠱᠠᠩᠨᠠᠯ ᠪᠠ ᠨᠡᠷᠡᠶᠢᠳᠦᠯ ᠢ ᠣᠯᠣᠭᠰᠠᠨ ᠤᠳᠠ | ᠲᠣᠭᠤᠷᠢᠭ ᠤᠨ ᠲᠡᠷᠢᠭᠦᠨ ᠤ ᠬᠠᠮᠲᠤ ᠪᠣᠯᠣᠨ ᠠᠵᠤ ᠠᠬᠤᠶᠢᠯᠠᠯ ᠢ ᠵᠠᠷᠯᠠᠨ ᠮᠡᠳᠡᠭᠳᠡᠵᠦ᠂ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠤᠳᠠ ᠲᠤᠭᠤᠷᠢᠭ ᠤᠨ ᠬᠤᠷᠢᠶᠠᠨ ᠤ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ | 2023 ᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠤᠭᠰᠠᠨ ᠲᠡᠷᠢᠭᠦᠨ ᠤ ᠨᠢᠭᠡᠴᠡ᠂ ᠲᠡᠷᠢᠭᠦᠨ ᠤ ᠬᠤᠪᠢ | ᠬᠥᠮᠥᠨ ᠢ ᠱᠠᠩᠨᠠᠬᠤ ᠪᠠ 2023 ᠣᠨ ᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠠᠵᠤ ᠠᠬᠤᠶᠢᠯᠠᠯ ᠢ | ᠨᠡᠷᠡᠶᠢᠳᠬᠦ ᠲᠤᠬᠠᠢ ᠲᠣᠭᠲᠠᠭᠠᠯ︾ ᠢ ᠤᠩᠰᠢᠨ ᠨᠡᠶᠢᠲᠡᠯᠡᠵᠡᠢ᠃ 2023 ᠣᠨ ᠤ ᠬᠤᠳᠠᠯᠳᠤᠭᠠᠴᠢᠨ ᠤᠷᠢᠵᠤ ᠪᠡᠯᠡ | ᠣᠷᠣᠭᠤᠯᠤᠭᠰᠠᠨ ᠲᠡᠷᠢᠭᠦᠨ ᠤ ᠬᠠᠮᠲᠤ᠂ ᠠᠵᠤ ᠠᠬᠤᠶᠢᠯᠠᠯ᠂ ᠬᠤᠪᠢ ᠬᠥᠮᠥᠨ ᠤ ᠲᠥᠯᠥᠭᠡᠯᠡᠭᠴᠢ ᠵᠢᠴᠢ ᠦᠨᠡᠨᠴᠢ | ᠢᠲᠡᠭᠡᠮᠵᠢ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ | ᠰᠢᠯᠢᠳᠡᠭ ᠠᠵᠤ ᠠᠬᠤᠶᠢᠯᠠᠯ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠭᠰᠠᠨ ᠦᠷ᠎ᠡ ᠪᠦᠲᠦᠮᠵᠢ | ᠵᠡᠷᠭᠡ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠠᠵᠤ ᠠᠬᠤᠶᠢᠯᠠᠯ ᠤᠨ ᠲᠥᠯᠥᠭᠡᠯᠡᠭᠴᠢ ᠳᠤ ᠱᠠᠩᠨᠠᠯ | ᠭᠠᠷᠳᠠᠭᠤᠯᠪᠠ᠃ | | ᠶᠠᠨ ᠸᠧᠨ ᠯᠦᠩ ᠬᠡᠯᠡᠭᠰᠡᠨ ᠨᠢ᠂ ᠥᠩᠭᠡᠷᠡᠭᠰᠡᠨ ᠨᠢᠭᠡ ᠵᠢᠯ ᠳᠤ᠂ ᠤᠳᠠ ᠲᠣᠭᠤᠷᠢᠭ ᠤᠨ ᠭᠡᠷ᠎ᠡ ᠲᠣᠭᠲᠠᠭᠰᠠᠨ | ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠵᠣᠭᠤᠰᠤᠨ ᠲᠤᠭ᠎ᠠ᠂ ᠣᠷᠣᠭᠤᠯᠤᠨ ᠠᠪᠴᠢᠷᠠᠭᠰᠠᠨ ᠪᠡᠯᠡ | ᠮᠥᠩᠭᠦ ᠶᠢᠨ ᠶᠡᠷᠦᠩᠬᠡᠢ ᠲᠤᠭ᠎ᠠ᠂ ᠭᠡᠷ᠎ᠡ ᠲᠣᠭᠲᠠᠭᠰᠠᠨ ᠲᠦᠷᠦᠯ ᠵᠦᠢᠯ ᠤᠨ ᠠᠵᠢᠯ ᠡᠬᠢᠯᠡᠭᠦᠯᠦᠭᠰᠡᠨ ᠨᠤᠷᠮ᠎ᠠ ᠴᠥᠮ | ᠪᠦᠬᠦ ᠬᠤᠳᠠ ᠶᠢᠨ ᠨᠢᠭᠡᠳᠦᠭᠡᠷ ᠲᠤ ᠣᠷᠣᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠬᠤᠶᠠᠷ ᠵᠢᠯ | ᠳᠠᠷᠠᠭᠠᠯᠠᠨ ︽ᠬᠠᠭᠠᠰ ᠵᠠᠭᠤ︾ ᠶᠢᠨ ᠨᠡᠮᠡᠭᠳᠡᠯ ᠤᠨ ᠬᠤᠷᠳᠤᠴᠠ ᠶᠢ ᠪᠠᠲᠤᠯᠠᠵᠤ᠂ ᠪᠡᠯᠡ ᠣᠷᠣᠭᠤᠯᠤᠯᠲᠠ ᠶᠢᠨ ᠶᠡᠷᠦᠩᠬᠡᠢ | ᠬᠡᠮᠵᠢᠶ᠎ᠡ ᠪᠦᠬᠦ ᠬᠤᠳᠠ ᠶᠢᠨ ᠲᠡᠷᠢᠭᠦᠨ ᠳᠤ ᠣᠷᠣᠵᠤ᠂ ᠠᠮᠵᠢᠯᠲᠠ ᠪᠦᠲᠦᠮᠵᠢ ᠤᠯᠠᠨ ᠤ ᠠᠩᠬᠠᠷᠤᠯ ᠢ ᠲᠠᠲᠠᠵᠤ᠂ | ᠠᠮᠵᠢᠯᠲᠠ ᠪᠦᠲᠦᠮᠵᠢ ᠬᠥᠮᠥᠨ ᠢ ᠪᠠᠶᠠᠷᠯᠠᠭᠤᠯᠤᠮ᠎ᠠ ᠪᠣᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ | ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠰᠢᠨ᠎ᠡ ᠨᠢᠭᠡ ᠵᠢᠯ ᠳᠤ᠂ ᠪᠦᠬᠦ ᠲᠤᠭᠤᠷᠢᠭ ᠢᠶᠠᠷ ᠢᠶᠠᠨ ᠢᠮᠠᠭᠲᠠ | ᠢᠲᠡᠭᠡᠯ ᠵᠣᠷᠢᠭ ᠢᠶᠠᠨ ᠪᠠᠲᠤᠯᠠᠵᠤ᠂ ᠲᠣᠭᠲᠠᠯ ᠬᠦᠴᠦᠨ ᠢᠶᠠᠨ ᠪᠠᠲᠤᠯᠠᠵᠤ᠂ ᠡᠷᠴᠢ ᠵᠣᠷᠢᠭ ᠢᠶᠠᠨ ᠪᠠᠷᠢᠮᠲᠠᠯᠠᠵᠤ᠂ | ᠬᠦᠯᠢᠶᠡᠵᠦ ᠳᠡᠶᠢᠯᠬᠦ ᠦᠭᠡᠢ ᠲᠤᠯᠭᠠᠮ᠎ᠠ ᠰᠡᠳᠬᠢᠯᠭᠡ᠂ ᠤᠳᠠᠭᠠᠰᠢᠷᠠᠭᠤᠯᠵᠤ ᠪᠣᠯᠣᠰᠢ ᠦᠭᠡᠢ ᠡᠭᠦᠷᠭᠡᠲᠦ ᠰᠡᠳᠬᠢᠯᠭᠡ | ᠪᠣᠯᠣᠨ ᠰᠠᠭᠤᠵᠤ ᠳᠡᠶᠢᠯᠬᠦ ᠦᠭᠡᠢ ᠬᠠᠷᠢᠭᠤᠴᠠᠯᠭᠠᠲᠤ ᠰᠡᠳᠬᠢᠯᠭᠡ ᠪᠠᠷ ᠠᠵᠢᠯ ᠤᠨ ᠠᠶᠢᠵᠠᠮ ᠢᠶᠠᠨ ᠲᠦᠷᠭᠡᠳᠬᠡᠵᠦ᠂ | ᠬᠥᠭᠵᠢᠯᠲᠡ ᠶᠢᠨ ᠬᠤᠷᠳᠤᠴᠠ ᠪᠠᠨ ᠳᠡᠭᠡᠭᠰᠢᠯᠡᠭᠦᠯᠵᠦ᠂ ᠥᠨᠳᠥᠷ ᠶᠠᠰᠤ ᠴᠢᠨᠠᠷ ᠥᠨᠳᠥᠷ ᠦᠷ᠎ᠡ ᠪᠦᠲᠦᠮᠵᠢᠲᠡᠢ ᠪᠠᠷ | ᠡᠯ᠎ᠡ ᠵᠦᠢᠯ ᠤᠨ ᠠᠵᠢᠯ ᠢᠶᠠᠨ ᠤᠷᠤᠭᠰᠢ ᠠᠬᠢᠭᠤᠯᠵᠤ᠂ ᠤᠷᠢᠳᠴᠢᠯᠠᠨ ᠬᠢᠵᠦ᠂ ᠪᠦᠬᠦ ᠵᠢᠯ ᠤᠨ ᠠᠵᠢᠯ ᠳᠤ ᠰᠠᠶᠢᠨ | ᠰᠠᠭᠤᠷᠢ ᠲᠠᠯᠪᠢᠬᠤ ᠬᠡᠷᠡᠭᠲᠡᠢ ᠭᠡᠵᠠᠢ᠃ | | ᠶᠠᠨ ᠸᠧᠨ ᠯᠦᠩ ᠬᠡᠯᠡᠭᠰᠡᠨ ᠨᠢ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠣᠯ ᠤᠳᠠ ᠶᠢᠨ ᠠᠵᠤ | ᠠᠬᠤᠢ ᠶᠢᠨ ᠬᠥᠭᠵᠢᠯᠲᠡ ᠶᠢᠨ ᠡᠬᠢ ᠪᠤᠯᠠᠭ ᠮᠥᠨ᠂ ᠪᠦᠬᠦ ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ | ᠴᠢᠬᠤᠯᠠ ᠬᠥᠳᠡᠯᠭᠡᠭᠦᠷ ᠮᠥᠨ᠃ ︽ᠲᠣᠮᠣ ᠠᠯᠬᠤᠮ ᠢᠶᠠᠷ ᠤᠷᠤᠭᠰᠢᠯᠠᠵᠤ᠂ ᠵᠣᠭᠰᠣᠰᠢ ᠦᠭᠡᠢ ᠤᠷᠤᠭᠰᠢᠯᠠᠵᠤ︾᠂ | ᠠᠷᠠᠯᠵᠢᠶᠠᠴᠢᠨ ᠤᠷᠢᠵᠤ ᠲᠠᠲᠠᠬᠤ ᠬᠢᠷᠢ ᠬᠡᠮ ᠪᠠ ᠦᠷ᠎ᠡ ᠠᠰᠢᠭ ᠢ ᠲᠣᠭᠲᠠᠭᠤᠨ ᠢᠶᠠᠷ ᠳᠡᠭᠡᠭᠰᠢᠯᠡᠭᠦᠯᠬᠦ ᠬᠡᠷᠡᠭᠲᠡᠢ᠃ | ᠨᠢᠭᠡ ᠳᠤ᠂ ᠶᠡᠭᠡ ᠲᠠᠯ᠎ᠠ ᠶᠢᠨ ᠤᠬᠠᠮᠰᠠᠷ ᠲᠠᠢ ᠪᠠᠶᠢᠵᠤ᠂ ᠰᠠᠯᠠᠭ᠎ᠠ ᠮᠥᠴᠢᠷ ᠤᠨ ᠬᠢᠨ ᠴᠥᠮ ᠠᠷᠠᠯᠵᠢᠶᠠᠴᠢᠨ ᠤᠷᠢᠬᠤ | ᠬᠠᠷᠢᠭᠤᠴᠠᠯᠭ᠎ᠠ ᠲᠠᠢ ᠪᠠᠶᠢᠬᠤ ᠶᠢ ᠪᠠᠷᠢᠮᠲᠠᠯᠠᠵᠤ᠂ ᠬᠥᠮᠥᠨ ᠪᠦᠬᠦᠨ ᠠᠷᠠᠯᠵᠢᠶᠠᠴᠢᠨ ᠤᠷᠢᠬᠤ ᠲᠤᠰᠢᠶᠠᠯ ᠢ ᠡᠭᠦᠷᠭᠡᠯᠡᠵᠦ᠂ | ᠪᠦᠬᠦ ᠴᠡᠷᠢᠭ ᠢᠶᠠᠷ ᠢᠶᠠᠨ ᠬᠥᠳᠡᠯᠦᠯᠴᠡᠵᠦ᠂ ᠤᠯᠠᠨ ᠲᠠᠯ᠎ᠠ ᠠᠴᠠ ᠴᠡᠴᠡᠭ ᠳᠡᠯᠭᠡᠷᠡᠭᠦᠯᠵᠦ᠂ ᠡᠯ᠎ᠡ ᠠᠵᠢᠯ ᠲᠦᠷᠦᠯ ᠤᠨ | ᠰᠢᠯᠢᠳᠡᠭ ᠡᠬᠢ ᠪᠠᠶᠠᠯᠢᠭ ᠢ ᠤᠳᠠ ᠳᠤ ᠴᠤᠭᠯᠠᠷᠠᠭᠤᠯᠬᠤ ᠶᠢ ᠠᠬᠢᠭᠤᠯᠵᠤ᠂ ᠴᠢᠨᠠᠷ ᠰᠠᠶᠢᠲᠠᠢ ᠠᠷᠠᠯᠵᠢᠶᠠᠴᠢᠨ ᠤᠷᠢᠵᠤ | ᠪᠡᠯᠡ ᠣᠷᠣᠭᠤᠯᠬᠤ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠤᠶᠠᠷ ᠲᠤ᠂ ᠪᠠᠭᠲᠠᠭᠠᠮᠵᠢᠲᠠᠢ | ᠪᠠᠶᠢᠵᠤ᠂ ︽ᠢᠷᠡᠭᠰᠡᠨ ᠨᠢ ᠪᠦᠷ ᠨᠤᠲᠤᠭ ᠤᠨ ᠬᠥᠮᠥᠨ︾ ᠤ ᠬᠠᠶᠢᠷ᠎ᠠ ᠬᠠᠯᠠᠮᠵᠢ ᠶᠢ ᠤᠳᠠ ᠳᠤ ᠪᠡᠯᠡ | ᠣᠷᠣᠭᠤᠯᠬᠤ ᠪᠠᠷ ᠢᠷᠡᠭᠰᠡᠨ ᠠᠵᠤ ᠠᠬᠤᠶᠢᠯᠠᠯᠲᠠᠨ ᠨᠢᠭᠡᠪᠦᠷᠢ ᠳᠤ ᠬᠦᠷᠭᠡᠵᠦ᠂ ᠠᠵᠤ ᠠᠬᠤᠶᠢᠯᠠᠯ ᠳᠤ ᠬᠠᠮᠤᠭ ᠤᠨ | ᠰᠢᠯᠢᠳᠡᠭ᠂ ᠬᠠᠮᠤᠭ ᠤᠨ ᠥᠨᠳᠥᠷ ᠦᠷ᠎ᠡ ᠠᠰᠢᠭ ᠲᠠᠢ᠂ ᠬᠠᠮᠤᠭ ᠤᠨ ᠳᠥᠭᠦᠮ ᠳᠥᠲᠡ ᠦᠢᠯᠡᠴᠢᠯᠡᠭᠡ ᠬᠠᠩᠭᠠᠬᠤ | ᠬᠡᠷᠡᠭᠲᠡᠢ᠃ ᠭᠤᠷᠪᠠ ᠳᠤ᠂ ᠬᠠᠮᠲᠤᠪᠠᠷ ᠠᠰᠢᠭ ᠬᠦᠷᠳᠡᠬᠦ ᠣᠶᠢᠯᠠᠭᠠᠭᠳᠠᠬᠤᠨ ᠲᠠᠢ ᠪᠠᠶᠢᠵᠤ᠂ ᠵᠠᠰᠠᠭ ᠠᠵᠤ ᠠᠬᠤᠶᠢᠯᠠᠯ | ᠬᠤᠶᠠᠷ ᠲᠠᠯ᠎ᠠ ᠶᠢᠨ ᠠᠰᠢᠭ ᠲᠤᠰᠠ ᠶᠢᠨ ᠬᠠᠮᠲᠤᠪᠠᠷ ᠠᠰᠢᠭ ᠬᠦᠷᠳᠡᠬᠦ ᠴᠡᠭ ᠢ ᠴᠢᠷᠮᠠᠶᠢᠨ ᠣᠯᠵᠤ᠂ | ᠬᠠᠮᠲᠤᠷᠠᠯᠴᠠᠭᠠᠨ ᠤ ᠦᠷ᠎ᠡ ᠪᠦᠲᠦᠮᠵᠢ ᠶᠢ ᠬᠠᠮᠤᠭ ᠤᠨ ᠶᠡᠭᠡ ᠪᠣᠯᠭᠠᠵᠤ᠂ ᠠᠰᠢᠭ ᠣᠷᠣᠯᠭ᠎ᠠ᠂ ᠴᠢᠳᠠᠪᠤᠷᠢᠲᠠᠨ ᠪᠠ | ᠲᠡᠷᠢᠭᠦᠨ ᠤ ᠬᠥᠭᠵᠢᠯᠲᠡ ᠶᠢᠨ ᠣᠶᠢᠯᠠᠭᠠᠭᠳᠠᠬᠤᠨ᠂ ᠦᠢᠯᠡᠳᠪᠦᠷᠢᠯᠡᠯ ᠤᠨ ᠮᠡᠷᠭᠡᠵᠢᠯ᠂ ᠣᠷᠣᠶᠢᠯᠠᠭᠰᠠᠨ ᠰᠢᠨᠵᠢᠯᠡᠬᠦ | ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠲᠡ ᠶᠢ ᠲᠤᠰ ᠭᠠᠵᠠᠷ ᠲᠠᠭᠠᠨ ᠦᠯᠡᠳᠡᠭᠡᠵᠦ᠂ ᠪᠦᠬᠦ ᠲᠤᠭᠤᠷᠢᠭ ᠤᠨ | ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ᠃ ᠳᠥᠷᠪᠡ ᠳᠤ᠂ ᠥᠷᠭᠡᠨ ᠬᠠᠷᠠᠭ᠎ᠠ ᠲᠠᠢ | ᠪᠠᠶᠢᠵᠤ᠂ ᠮᠠᠨ ᠤ ᠲᠤᠭᠤᠷᠢᠭ ᠤᠨ ᠴᠠᠬᠢᠭᠤᠷ ᠢᠶᠠᠷ ᠰᠠᠭᠤᠷᠢ ᠪᠣᠯᠭᠠᠭᠰᠠᠨ᠂ ᠨᠡᠭᠦᠷᠡᠰᠦ ᠪᠠᠷ ᠰᠠᠭᠤᠷᠢ ᠪᠣᠯᠭᠠᠭᠰᠠᠨ | ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠳᠠᠪᠠᠭᠤᠯᠢᠭ ᠲᠤ ᠰᠠᠭᠤᠷᠢᠯᠠᠵᠤ᠂ ︽ᠳᠡᠭᠡᠳᠦ ᠮᠡᠷᠭᠡᠵᠢᠯ ᠲᠤᠮᠦ ᠬᠡᠯᠪᠡᠷᠢ | ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ + ᠬᠡᠯᠬᠢᠶ᠎ᠡ ᠰᠦᠷᠦᠭᠵᠢᠯ ᠢᠶᠠᠷ ᠵᠣᠬᠢᠴᠠᠭᠤᠯᠬᠤ︾ | ᠰᠡᠳᠬᠢᠴᠡ ᠪᠠᠷ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠭᠠᠳᠠᠭᠠᠳᠤ ᠪᠡᠯᠡ ᠪᠣᠯᠣᠨ ᠡᠵᠡᠯᠡᠬᠦ | ᠲᠠᠯᠠᠪᠠᠢ ᠪᠠᠷ ᠪᠠᠭ᠎ᠠ᠂ ᠠᠵᠤ ᠦᠢᠯᠡᠰ ᠤᠨ ᠨᠡᠮᠡᠯᠲᠡ ᠦᠷᠳᠡᠭ ᠢᠶᠠᠷ ᠥᠨᠳᠥᠷ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ᠂ | ᠣᠷᠴᠢᠨ ᠲᠣᠭᠤᠷᠢᠨ ᠳᠤ ᠨᠥᠬᠦᠷᠰᠡᠭ ᠬᠡᠯᠪᠡᠷᠢ ᠶᠢᠨ ᠲᠦᠷᠦᠯ ᠵᠦᠢᠯ ᠢ ᠶᠡᠬᠡᠪᠡᠷ ᠣᠷᠣᠭᠤᠯᠤᠨ ᠠᠪᠴᠢᠷᠠᠵᠤ᠂ | ᠤᠳᠠ ᠶᠢᠨ ᠣᠨᠴᠠᠯᠢᠭ ᠲᠤ ᠵᠣᠬᠢᠴᠠᠭᠰᠠᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠳᠠᠰᠤᠷᠠᠯᠳᠠ ᠦᠭᠡᠢ | ᠪᠣᠶᠢᠵᠢᠭᠤᠯᠬᠤ ᠪᠠ ᠠᠬᠢᠭᠤᠯᠬᠤ ᠬᠡᠷᠡᠭᠲᠡᠢ᠃ ᠲᠠᠪᠤ ᠳᠤ᠂ ᠨᠢᠭᠡ ᠯᠡ ᠠᠳᠠᠯᠢ ᠪᠠᠷ ᠬᠠᠨᠳᠤᠬᠤ ᠣᠪᠣᠷ ᠲᠠᠢ ᠪᠠᠶᠢᠵᠤ᠂ | ᠶᠡᠭᠡ ᠶᠢ ᠠᠳᠬᠤᠬᠤ ᠳᠤ ᠪᠠᠭ᠎ᠠ ᠶᠢ ᠲᠠᠯᠪᠢᠬᠤ ᠦᠭᠡᠢ᠂ ᠰᠢᠨ᠎ᠡ ᠶᠢ ᠡᠷᠬᠢᠮᠯᠡᠬᠦ ᠳᠤ ᠬᠠᠭᠤᠴᠢᠨ ᠢ ᠵᠢᠭᠰᠢᠬᠦ ᠦᠭᠡᠢ | ᠪᠠᠶᠢᠬᠤ ᠶᠢ ᠪᠠᠷᠢᠮᠲᠠᠯᠠᠵᠤ᠂ ᠶᠡᠭᠡ ᠪᠠᠭ᠎ᠠ ᠲᠦᠷᠦᠯ ᠵᠦᠢᠯ ᠢ ᠠᠳᠠᠯᠢᠬᠠᠨ ᠢᠶᠠᠷ ᠴᠢᠬᠤᠯᠠᠴᠢᠯᠠᠵᠤ᠂ ᠰᠢᠨ᠎ᠡ ᠬᠠᠭᠤᠴᠢᠨ | ᠠᠵᠤ ᠠᠬᠤᠶᠢᠯᠠᠯ ᠳᠤ ᠠᠳᠠᠯᠢᠬᠠᠨ ᠢᠶᠠᠷ ᠬᠠᠨᠳᠤᠵᠤ᠂ ᠠᠳᠠᠯᠢᠬᠠᠨ ᠦᠢᠯᠡᠴᠢᠯᠡᠭᠡᠨ ᠤ ᠪᠠᠲᠤᠯᠠᠭ᠎ᠠ ᠪᠠ ᠲᠦᠷᠦ ᠶᠢᠨ | ᠪᠣᠳᠣᠯᠭ᠎ᠠ ᠶᠢᠨ ᠳᠡᠮᠵᠢᠯᠭᠡ ᠬᠠᠩᠭᠠᠬᠤ ᠬᠡᠷᠡᠭᠲᠡᠢ᠃ ᠵᠢᠷᠭᠤᠭ᠎ᠠ ᠳᠤ᠂ ᠱᠠᠩᠨᠠᠵᠤ ᠲᠣᠷᠭᠠᠬᠤ ᠶᠢ ᠲᠣᠳᠣᠷᠬᠠᠢ ᠪᠠᠶᠢᠯᠭᠠᠬᠤ | ᠳᠦᠷᠢᠮ ᠲᠠᠢ ᠪᠠᠶᠢᠵᠤ᠂ ᠬᠤᠳᠠᠯᠳᠤᠭᠠᠴᠢᠨ ᠤᠷᠢᠵᠤ ᠪᠡᠯᠡ ᠮᠥᠩᠭᠦ ᠣᠷᠣᠭᠤᠯᠬᠤ ᠶᠢ ᠬᠢᠨᠠᠨ ᠰᠢᠯᠭᠠᠬᠤ ᠬᠠᠷᠢᠴᠠᠯ ᠢ | ᠦᠷᠭᠦᠯᠵᠢᠯᠡᠨ ᠨᠡᠮᠡᠭᠳᠡᠭᠦᠯᠵᠦ᠂ ᠦᠢᠯᠡᠴᠢᠯᠡᠭᠡᠨ ᠤ ᠣᠶᠢᠯᠠᠭᠠᠭᠳᠠᠬᠤᠨ᠂ ᠦᠢᠯᠡᠴᠢᠯᠡᠭᠡᠨ ᠤ ᠣᠪᠣᠷ ᠪᠣᠯᠣᠨ | ᠦᠢᠯᠡᠴᠢᠯᠡᠭᠡᠨ ᠤ ᠵᠢᠩᠬᠢᠨᠢ ᠪᠣᠳᠠᠲᠤ ᠦᠷ᠎ᠡ ᠪᠦᠲᠦᠮᠵᠢ ᠶᠢ ᠦᠵᠡᠯᠴᠡᠵᠦ᠂ ︽ᠰᠠᠶᠢᠲᠤᠷ ᠡᠷᠬᠢᠯᠡᠬᠦ ᠦᠭᠡᠢ ᠪᠣᠯ | ᠬᠠᠮᠢᠶᠠᠷᠬᠤ ᠬᠥᠮᠥᠨ ᠲᠠᠢ᠂ ᠰᠢᠢᠳᠪᠦᠷᠢᠯᠡᠵᠦ ᠳᠡᠶᠢᠯᠬᠦ ᠦᠭᠡᠢ ᠪᠣᠯ ᠬᠢᠨᠠᠨ ᠪᠠᠶᠢᠴᠠᠭᠠᠬᠤ ᠬᠥᠮᠥᠨ ᠲᠠᠢ︾ ᠠᠵᠢᠯ ᠤᠨ | ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ ᠭᠡᠵᠠᠢ᠃ ᠶᠠᠨ ᠸᠧᠨ ᠯᠦᠩ ᠬᠡᠯᠡᠭᠰᠡᠨ ᠨᠢ᠂ ᠬᠤᠳᠠᠯᠳᠤᠭ᠎ᠠ | ᠡᠷᠬᠢᠯᠡᠬᠦ ᠣᠷᠴᠢᠨ ᠲᠣᠭᠤᠷᠢᠨ ᠪᠣᠯ ᠠᠵᠤ ᠠᠬᠤᠶᠢᠯᠠᠯ ᠤᠨ ᠣᠷᠣᠰᠢᠨ ᠲᠣᠭᠲᠠᠨᠢᠵᠤ ᠬᠥᠭᠵᠢᠬᠦ ᠶᠢᠨ︽ᠬᠥᠷᠥᠰᠥ | ᠰᠢᠷᠣᠢ︾ᠮᠥᠨ᠂ ᠣᠷᠣᠨ ᠪᠦᠰᠡ ᠶᠢᠨ ᠥᠷᠢᠰᠦᠯᠳᠦᠭᠡᠨ ᠤ ᠴᠢᠬᠤᠯᠠ ︽ᠣᠶᠤᠨ ᠤ ᠬᠦᠴᠦᠨ︾ᠮᠥᠨ᠃ | ︽ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠦᠢᠯᠡᠴᠢᠯᠡᠭᠡ ᠶᠢ ᠰᠢᠯᠢᠳᠡᠭᠵᠢᠭᠦᠯᠵᠦ︾᠂ ᠲᠡᠷᠢᠭᠦᠨ ᠤ ᠡᠵᠡᠩᠨᠡᠯᠲᠡ ᠶᠢᠨ | ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠬᠤ ᠬᠡᠷᠡᠭᠲᠡᠢ᠃ ᠨᠢᠭᠡ ᠳᠤ᠂ ᠳᠣᠲᠣᠨᠣ ᠦᠢᠯᠡᠴᠢᠯᠡᠭᠡ ᠶᠢ ᠦᠷᠭᠦᠯᠵᠢᠯᠡᠨ | ᠬᠠᠩᠭᠠᠵᠤ᠂ ᠱᠠᠭᠠᠷᠳᠠᠯᠭ᠎ᠠ ᠶᠢ ᠵᠠᠪᠠᠯ ᠭᠦᠢᠴᠡᠳᠬᠡᠬᠦ᠂ ᠤᠴᠢᠷ ᠶᠠᠪᠤᠳᠠᠯ ᠦᠭᠡᠢ ᠪᠣᠯ ᠬᠠᠷᠰᠢᠯᠠᠬᠤ ᠦᠭᠡᠢ ᠪᠠᠶᠢᠬᠤ ᠶᠢ | ᠪᠠᠷᠢᠮᠲᠠᠯᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠨ | ᠲᠦᠷᠦᠯ ᠵᠦᠢᠯ ᠤᠨ ᠠᠬᠢᠴᠠ ᠶᠢ ᠨᠥᠯᠥᠭᠡᠯᠡᠬᠦ ︽ᠬᠠᠷᠰᠢ ᠰᠠᠭᠠᠳ︾ ᠢ ᠲᠦᠷᠭᠡᠨ ᠠᠷᠢᠯᠭᠠᠵᠤ᠂ ᠭᠡᠷ᠎ᠡ ᠲᠣᠭᠲᠠᠭᠰᠠᠨ | ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ᠂ ᠲᠦᠷᠭᠡᠨ ᠠᠰᠢᠭᠯᠠᠯᠲᠠ ᠳᠤ ᠣᠷᠣᠭᠤᠯᠵᠤ | ᠠᠰᠢᠭᠯᠠᠯᠲᠠ ᠳᠤ ᠣᠷᠣᠭᠤᠯᠬᠤ ᠶᠢ ᠠᠬᠢᠭᠤᠯᠬᠤ ᠬᠡᠷᠡᠭᠲᠡᠢ᠃ ᠬᠤᠶᠠᠷ ᠲᠤ᠂ ᠬᠤᠷᠠᠮᠠᠯ ᠮᠠᠶ᠋ᠢᠭ ᠤᠨ ᠦᠢᠯᠡᠴᠢᠯᠡᠭᠡ ᠶᠢ | ᠦᠷᠭᠦᠯᠵᠢᠯᠡᠨ ᠬᠠᠩᠭᠠᠵᠤ᠂ ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠤᠨ ᠬᠦᠴᠢᠷ ᠵᠣᠪᠠᠯᠠᠩ ᠢ ᠰᠢᠢᠳᠪᠦᠷᠢᠯᠡᠨ | ᠥᠭᠴᠦ᠂ ᠳᠡᠶᠢᠯᠬᠦ ᠦᠭᠡᠢ ᠶᠢ ᠴᠥᠬᠡᠨ ᠶᠠᠷᠢᠵᠦ᠂ ᠶᠠᠭᠠᠬᠢᠵᠤ ᠬᠢᠬᠦ ᠪᠠᠨ ᠢᠯᠡᠭᠦᠦ ᠪᠤᠳᠤᠵᠤ᠂ ᠬᠢᠵᠦ ᠳᠡᠶᠢᠯᠬᠦ | ᠶᠠᠪᠤᠳᠠᠯ ᠢ ᠲᠦᠷᠭᠡᠨ ᠬᠢᠵᠦ᠂ ᠬᠦᠴᠢᠷᠲᠡᠢ ᠶᠠᠪᠤᠳᠠᠯ ᠢ ᠠᠷᠭ᠎ᠠ ᠪᠤᠳᠤᠵᠤ ᠪᠠᠶᠢᠭᠠᠳ ᠬᠢᠵᠦ᠂ ︽ᠬᠢᠬᠦ ᠦᠭᠡᠢ ᠶᠢᠨ | ᠲᠥᠯᠥᠭᠡ ᠰᠢᠯᠲᠠᠭ ᠡᠷᠢᠬᠦ ᠦᠭᠡᠢ᠂ ᠰᠠᠶᠢᠨ ᠬᠢᠬᠦ ᠶᠢᠨ ᠲᠥᠯᠥᠭᠡ ᠠᠷᠭ᠎ᠠ ᠪᠤᠳᠤᠵᠤ︾ ᠪᠠᠶᠢᠭᠠᠳ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠡᠪ ᠤᠨ ᠪᠠᠶᠢᠳᠠᠯ ᠪᠠ ᠠᠮᠢ ᠠᠬᠤᠢ ᠪᠣᠯᠭᠠᠬᠤ ᠬᠡᠷᠡᠭᠲᠡᠢ᠃ | ᠭᠤᠷᠪᠠ ᠳᠤ ᠵᠠᠰᠠᠭ ᠤᠨ ᠶᠠᠪᠤᠳᠠᠯ ᠤᠨ ᠬᠦᠴᠦᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠬᠡᠷᠡᠭᠯᠡᠭᠴᠢᠳ ᠤᠨ | ᠰᠡᠳᠬᠢᠬᠦᠢ ᠪᠠ ᠲᠣᠭᠠᠨ ᠤ ᠴᠢᠳᠠᠪᠤᠷᠢ ᠶᠢᠨ ᠣᠯᠭᠤᠯᠲᠠ ᠶᠢ ᠦᠷᠭᠦᠯᠵᠢᠯᠡᠨ ᠴᠢᠩᠭᠠᠳᠬᠠᠵᠤ᠂ ᠦᠢᠯᠡᠴᠢᠯᠡᠭᠡᠨ ᠤ | ᠶᠠᠪᠤᠴᠠ ᠶᠢ ᠴᠣᠮᠬᠠᠳᠬᠠᠨ᠂ ᠦᠢᠯᠡᠴᠢᠯᠡᠭᠡᠨ ᠤ ᠬᠦᠴᠦᠨ ᠴᠢᠳᠠᠪᠤᠷᠢ ᠶᠢ ᠰᠢᠯᠢᠳᠡᠭᠵᠢᠭᠦᠯᠵᠦ᠂ ᠪᠠᠶᠢᠷᠢ ᠰᠣᠯᠢᠵᠤ | ᠰᠡᠳᠬᠢᠬᠦ ᠶᠢ ᠲᠦᠯᠬᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ᠂ | ᠵᠢᠷᠤᠮᠵᠢᠭᠤᠯᠤᠯᠲᠠ᠂ ᠳᠥᠭᠦᠮᠴᠢᠯᠡᠯᠲᠡ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠠᠵᠤ ᠠᠬᠤᠶᠢᠯᠠᠯ ᠳᠤ | ᠦᠨᠡᠨ ᠬᠦ ᠬᠡᠷᠡᠭ ᠶᠠᠪᠤᠳᠠᠯ ᠳᠤ ᠲᠦᠭᠦᠮ ᠲᠥᠷᠥᠭᠳᠡᠯ ᠣᠯᠭᠤᠨ᠎ᠠ᠃ ᠳᠥᠷᠪᠡ ᠳᠤ᠂ ᠡᠯᠧᠮᠧᠨ᠋ᠲ ᠤᠨ ᠪᠠᠲᠤᠯᠠᠭ᠎ᠠ ᠶᠢ | ᠦᠷᠭᠦᠯᠵᠢᠯᠡᠨ ᠴᠢᠩᠭᠠᠳᠬᠠᠵᠤ᠂ ︽ᠮᠦ ᠮᠦ ᠶᠢᠨ ᠳᠤᠮᠳᠠᠴᠢ᠂ ᠬᠤᠷᠤᠭᠳᠠᠯ ᠤᠨ ᠳᠤᠮᠳᠠᠴᠢ᠂ ᠤᠰᠤᠨ ᠤ ᠳᠤᠮᠳᠠᠴᠢ᠂ | ᠨᠡᠭᠦᠷᠡᠰᠦᠲᠥ᠋ᠷᠥᠭᠴᠢ ᠶᠢᠨ ᠲᠣᠮᠳᠠᠴᠢ ᠪᠠᠷ ᠪᠠᠭᠠᠲᠤᠷ ᠪᠣᠯᠭᠠᠬᠤ︾ ᠦᠨᠡᠯᠡᠯᠲᠡ ᠶᠢᠨ ᠰᠢᠰᠲ᠋ᠧᠮ ᠢ ᠪᠠᠶᠢᠭᠤᠯᠵᠤ᠂ | ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠡᠯ᠎ᠡ ᠲᠦᠷᠦᠯ ᠤᠨ ᠦᠢᠯᠡᠳᠪᠦᠷᠢᠯᠡᠯ ᠤᠨ ᠡᠬᠢ ᠪᠠᠶᠠᠯᠢᠭ ᠤᠨ | ᠡᠯᠧᠮᠧᠨ᠋ᠲ ᠢ ᠦᠨᠡᠨᠬᠦ ᠠᠮᠢᠯᠠᠭᠤᠯᠵᠤ᠂ ᠥᠨᠳᠥᠷ ᠪᠦᠲᠦᠮᠵᠢᠲᠡᠢ ᠬᠡᠷᠡᠭᠯᠡᠬᠦ ᠶᠢ ᠬᠥᠳᠡᠯᠦᠩᠭᠦᠢ ᠪᠠᠷ ᠠᠬᠢᠭᠤᠯᠤᠨ᠎ᠠ᠃ | ᠲᠠᠪᠤ ᠳᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠱᠦᠵᠢ ᠶᠢᠨ | ᠦᠢᠯᠡᠴᠢᠯᠡᠭᠡᠨ ᠤ ᠡᠳᠦᠷ᠂ ᠲᠣᠭᠤᠷᠢᠭ ᠤᠨ ᠳᠠᠷᠤᠭ᠎ᠠ ᠶᠢᠨ ᠦᠢᠯᠡᠴᠢᠯᠡᠭᠡᠨ ᠤ ᠡᠳᠦᠷ᠂ ᠭᠤᠣᠯᠳᠠᠯᠭ᠎ᠠ ᠲᠠᠢ ᠲᠦᠷᠦᠯ | ᠵᠦᠢᠯ ᠢ ᠳᠠᠭᠠᠭᠠᠴᠢᠯᠠᠨ ᠬᠤᠯᠪᠣᠭᠠᠯᠠᠬᠤ ᠵᠡᠷᠭᠡ ᠲᠣᠭᠲᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠢᠭᠡ ᠭᠡᠷ᠎ᠡ | ᠲᠣᠭᠲᠠᠪᠠᠯ ᠨᠢᠭᠡ ᠠᠮᠵᠢᠯᠲᠠ ᠣᠯᠵᠤ᠂ ᠨᠢᠭᠡ ᠨᠠᠶᠢᠳᠠᠪᠤᠷᠢᠵᠢᠭᠤᠯᠤᠨ᠂ ᠡᠴᠦᠰ ᠲᠤᠨᠢ ᠲᠤᠯᠲᠠᠯ᠎ᠠ ᠠᠳᠬᠤᠬᠤ ᠬᠡᠷᠡᠭᠲᠡᠢ᠃ | ︽ᠠᠮᠠᠯᠠᠯᠲᠠ ᠶᠢ ᠬᠥᠩᠭᠡᠪᠴᠢᠯᠡᠵᠦ᠂ ᠠᠮᠠᠯᠠᠯᠲᠠ ᠪᠠᠨ ᠪᠡᠶᠡᠯᠡᠭᠦᠯᠬᠦ ᠶᠢ ᠴᠢᠬᠤᠯᠠᠴᠢᠯᠠᠬᠤ︾᠂ ᠵᠠᠰᠠᠭ ᠤᠨ ᠶᠠᠪᠤᠳᠠᠯ ᠤᠨ | ᠦᠨᠡᠨᠴᠢ ᠢᠲᠡᠭᠡᠮᠵᠢ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠠᠵᠢᠯ ᠲᠦᠷᠦᠯ ᠤᠨ ᠬᠦᠷᠢᠶᠡᠨ ᠤ | ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠲᠦᠪᠰᠢᠨ ᠢ ᠳᠡᠭᠡᠭᠰᠢᠯᠡᠭᠦᠯᠵᠦ᠂︽ᠬᠥᠮᠥᠨ ᠪᠦᠬᠦᠨ | ᠦᠨᠡᠨᠴᠢ ᠢᠲᠡᠭᠡᠮᠵᠢ ᠶᠢ ᠡᠷᠬᠢᠮᠯᠡᠬᠦ᠂ ᠶᠠᠪᠤᠳᠠᠯ ᠪᠣᠯᠭᠠᠨ ᠳᠤ ᠢᠲᠡᠭᠡᠮᠵᠢ ᠶᠢ ᠰᠠᠬᠢᠬᠤ︾ᠨᠡᠶᠢᠭᠡᠮ ᠤᠨ ᠠᠭᠤᠷ | ᠠᠮᠢᠰᠬᠤᠯ ᠢ ᠪᠤᠢ ᠪᠣᠯᠭᠠᠵᠤ᠂ ᠬᠠᠤᠯᠢ ᠴᠠᠭᠠᠵᠠ ᠶᠢᠨ ᠤᠯᠠᠨ ᠨᠡᠶᠢᠲᠡ ᠶᠢᠨ ᠢᠲᠡᠭᠡᠮᠵᠢ ᠶᠢᠨ ᠲᠦᠪᠰᠢᠨ ᠢ ᠬᠦᠴᠦᠯᠡᠨ | ᠳᠡᠭᠡᠭᠰᠢᠯᠡᠭᠦᠯᠵᠦ᠂ ᠦᠨᠡᠨᠴᠢ ᠢᠲᠡᠭᠡᠮᠵᠢ ᠶᠢ ᠡᠷᠬᠢᠮᠯᠡᠬᠦ᠂ ᠢᠲᠡᠭᠡᠮᠵᠢ ᠶᠢ ᠡᠷᠬᠢᠮᠯᠡᠬᠦ ᠮᠠᠭᠲᠠᠭᠠᠯ ᠢᠶᠠᠷ ᠠᠷᠠᠯᠵᠢᠶᠠᠴᠢᠨ | ᠤᠷᠢᠵᠤ ᠪᠡᠯᠡ ᠣᠷᠣᠭᠤᠯᠬᠤ ᠶᠢᠨ ᠲᠠᠲᠠᠬᠤ ᠬᠦᠴᠦᠨ ᠢ ᠲᠠᠰᠤᠷᠠᠯᠲᠠ ᠦᠭᠡᠢ ᠨᠡᠮᠡᠭᠳᠡᠭᠦᠯᠵᠦ᠂ ᠬᠤᠳᠠ ᠶᠢᠨ ᠣᠶᠤᠨ ᠤ | ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠪᠦᠬᠦ ᠲᠤᠭᠤᠷᠢᠭ ᠤᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠣᠷᠴᠢᠨ | ᠲᠣᠭᠤᠷᠢᠨ ᠪᠣᠯ ᠠᠯᠲᠠ᠂ ᠲᠥᠷᠥᠯ ᠵᠦᠢᠯ ᠢᠶᠠᠷ ᠭᠤᠣᠯ ᠪᠣᠯᠭᠠᠬᠤ᠂ ᠦᠨᠡᠨᠴᠢ ᠢᠲᠡᠭᠡᠮᠵᠢ ᠪᠠᠷ ᠦᠨᠳᠦᠰᠦ ᠪᠣᠯᠭᠠᠬᠤ | ᠣᠶᠢᠯᠠᠭᠠᠭᠳᠠᠬᠤᠨ ᠢ ᠪᠠᠲᠤ ᠪᠤᠶ ᠪᠣᠯᠭᠠᠵᠤ᠂ ︽ᠪᠣᠳᠠᠲᠠᠢ︾ ᠶᠢ ᠠᠯᠢᠪᠠ ᠠᠵᠢᠯ ᠤᠨ ᠢᠶᠠᠨ ᠭᠤᠣᠯᠳᠠᠯᠭ᠎ᠠ ᠪᠣᠯᠭᠠᠵᠤ᠂ | ᠰᠢᠷᠭᠠᠭᠤ ᠬᠠᠲᠠᠭᠤᠵᠢᠯᠲᠠᠢ ᠠᠵᠢᠯᠯᠠᠵᠤ᠂ ᠨᠢᠭᠡᠳᠦᠭᠡᠷ ᠹᠷᠣᠨᠲ ᠲᠤ ᠬᠦᠷᠴᠦ᠂ ᠠᠵᠤ ᠠᠬᠤᠶᠢᠯᠠᠯ ᠲᠠᠢ ᠨᠢᠭᠤᠷᠳᠠᠨ | ᠰᠠᠨᠠᠯ ᠢᠶᠠᠨ ᠰᠣᠯᠢᠯᠴᠠᠵᠤ᠂ ᠰᠡᠳᠬᠢᠯ ᠤᠨ ᠤᠭ ᠠᠴᠠ ᠪᠠᠨ ᠨᠡᠪᠲᠡᠷᠡᠯᠴᠡᠵᠦ᠂︽ᠪᠡᠶ᠎ᠡ ᠪᠠᠷ ᠢᠶᠠᠨ︾ ᠦᠢᠯᠡᠴᠢᠯᠡᠵᠦ᠂ | ᠴᠢᠷᠮᠠᠶᠢᠨ ᠲᠡᠮᠡᠴᠡᠬᠦ ᠣᠪᠣᠷ ᠪᠠᠶᠢᠳᠠᠯ᠂ ᠴᠢᠷᠮᠠᠶᠢᠨ ᠲᠡᠮᠡᠴᠡᠬᠦ ᠬᠡᠪ ᠤᠨ ᠪᠠᠶᠢᠳᠠᠯ᠂ ᠪᠠᠶᠢᠯᠳᠤᠭᠠᠨ ᠤ | ᠪᠠᠶᠢᠳᠠᠯ ᠢᠶᠠᠷ︽ᠰᠠᠶᠢᠨ ᠡᠬᠢᠯᠡᠯᠲᠡ ᠲᠠᠢ᠂ ᠤᠯᠠᠷᠢᠯ ᠪᠦᠷᠢ ᠳᠤ ᠥᠭᠡᠳᠡᠯᠡᠨ ᠮᠠᠨᠳᠤᠵᠤ᠂ ᠪᠦᠬᠦ ᠵᠢᠯ ᠳᠤ ᠢᠯᠠᠯᠲᠠ ᠣᠯᠬᠤ︾ | ᠳᠤ ᠪᠠᠲᠤ ᠪᠠᠬᠢ ᠰᠠᠭᠤᠷᠢ ᠲᠠᠯᠪᠢᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ | ᠬᠦᠴᠦᠨ ᠢᠶᠠᠷ ᠢᠶᠠᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠳᠠ ᠶᠢᠨ ᠰᠢᠨ᠎ᠡ | ᠬᠠᠭᠤᠳᠠᠰᠤ ᠶᠢ ᠪᠢᠴᠢᠭᠯᠡᠬᠦ ᠪᠠᠷ ᠴᠢᠷᠮᠠᠶᠢᠬᠤ ᠬᠡᠷᠡᠭᠲᠡᠢ ᠭᠡᠵᠠᠢ᠃ |