ᠤᠳᠠ ᠲᠣᠭᠤᠷᠢᠭ ᠤᠨ ᠥᠷᠭᠡᠨ ᠤᠯᠠᠨ ᠺᠠᠲᠷ ᠠᠵᠢᠯᠲᠠᠨ ᠪᠦᠬᠦ ᠤᠯᠤᠰ ᠤᠨ ᠬᠤᠶᠠᠷ ᠬᠤᠷᠠᠯ ᠤᠨ ᠰᠢᠭᠤᠳ ᠨᠡᠪᠲᠡᠷᠡᠭᠦᠯᠭᠡ ᠶᠢ ᠲᠥᠪᠯᠡᠷᠡᠭᠦᠯᠦᠨ ᠦᠵᠡᠵᠦ ᠪᠤᠢ
ᠨᠡᠶᠢᠲᠡᠯᠡᠭᠰᠡᠨ ᠴᠠᠭ᠄
2024/3/6
     ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠡᠬᠢᠯᠡᠬᠦ ᠬᠤᠷᠠᠯ 5 ᠤ ᠡᠳᠦᠷ ᠤᠨ 9 ᠴᠠᠭ ᠲᠤ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠶᠠᠪᠤᠭᠳᠠᠵᠤ᠂ ᠰᠢ ᠶᠢᠨ ᠫᠢᠩ ᠵᠡᠷᠭᠡ ᠨᠠᠮ ᠪᠠ ᠲᠥᠷᠥ ᠶᠢᠨ ᠤᠳᠤᠷᠢᠳᠬᠤ ᠬᠥᠮᠥᠰ ᠶᠡᠭᠡ ᠬᠤᠷᠠᠯ ᠳᠤ ᠣᠷᠣᠯᠴᠠᠪᠠ᠃      ᠮᠠᠨ ᠤ ᠲᠤᠭᠤᠷᠢᠭ ᠤᠨ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠪᠦᠬᠦ ᠺᠠᠲᠷ ᠠᠵᠢᠯᠲᠠᠨ ᠡᠯ᠎ᠡ ᠵᠦᠢᠯ ᠤᠨ ᠬᠡᠯᠪᠡᠷᠢ ᠪᠠᠷ ᠡᠬᠢᠯᠡᠯᠲᠡ ᠶᠢᠨ ᠬᠤᠷᠠᠯ ᠤᠨ ᠠᠬᠤᠢ ᠪᠠᠶᠢᠳᠠᠯ ᠤᠨ ᠰᠢᠭᠤᠳ ᠨᠡᠪᠲᠡᠷᠡᠭᠦᠯᠭᠡ ᠶᠢ ᠬᠦᠯᠢᠶᠡᠨ ᠠᠪᠴᠤ ᠦᠵᠡᠨ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠨᠠᠷᠢᠨ ᠬᠢᠨᠠᠮᠠᠭᠠᠢ ᠰᠣᠨᠣᠰᠴᠤ᠂ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠪᠠ᠃
ᠤᠳᠠ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠯᠢᠦ ᠨᠢᠩ ᠲᠤᠤ      ᠰᠠᠶ᠋ᠢᠬᠠᠨ ᠪᠢ ᠶᠡᠷᠦᠩᠬᠡᠢ ᠰᠠᠶᠢᠳ ᠯᠢ ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠦᠵᠡᠭᠡᠳ᠂ ᠢᠯᠡᠳᠬᠡᠯ ᠳᠤ 2023 ᠣᠨ ᠤ ᠵᠠᠰᠠᠭ ᠤᠨ ᠣᠷᠳᠣᠨ ᠤ ᠠᠵᠢᠯ ᠢ ᠪᠤᠰᠤᠳᠴᠢ ᠪᠠᠷ ᠳ᠋ᠦᠩᠨᠡᠵᠦ᠂ ᠪᠦᠬᠦ ᠤᠯᠤᠰ ᠤᠨ ᠠᠵᠤ ᠠᠬᠤᠢ ᠨᠡᠶᠢᠭᠡᠮ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠪᠣᠯᠣᠨ ᠰᠢᠨ᠎ᠡ ᠬᠤᠪᠢᠷᠠᠯᠲᠠ ᠶᠢ ᠭᠦᠨᠵᠡᠭᠡᠢ ᠵᠠᠳᠠᠯᠤᠭᠰᠠᠨ ᠤ ᠬᠠᠮᠲᠤ ᠪᠠᠰᠠ 2024 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠰᠡᠳᠬᠢᠴᠡ᠂ ᠬᠠᠷᠠᠯᠲᠠ ᠡᠭᠦᠷᠭᠡ ᠪᠣᠯᠣᠨ ᠦᠨᠳᠦᠰᠦᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠤᠯᠤᠰ ᠲᠦᠷᠦ ᠶᠢᠨ ᠵᠣᠭᠰᠣᠯᠲᠠ ᠥᠨᠳᠥᠷ᠂ ᠪᠠᠶᠢᠳᠠᠯ ᠤᠨ ᠵᠠᠳᠠᠯᠤᠯᠲᠠ ᠣᠨᠣᠪᠴᠢᠲᠠᠢ᠂ ᠠᠵᠢᠯ ᠤᠨ ᠠᠷᠭ᠎ᠠ ᠬᠡᠮᠵᠢᠶ᠎ᠡ ᠪᠣᠳᠠᠲᠠᠢ ᠪᠠᠶᠢᠵᠤ᠂ ᠨᠠᠳᠠ ᠳᠤ ᠶᠡᠭᠡ ᠠᠰᠢᠭ ᠬᠦᠷᠲᠡᠭᠡᠭᠰᠡᠨ ᠪᠠᠶᠢᠨ᠎ᠠ᠃ ᠰᠢᠨ᠎ᠡ ᠴᠠᠭ ᠦᠶ᠎ᠡ ᠶᠢᠨ ᠵᠠᠯᠠᠭᠤ ᠨᠢᠭᠡ ᠦᠶ᠎ᠡ ᠶᠢᠨ ᠬᠢᠨ ᠪᠣᠯ ᠤᠯᠤᠰ ᠨᠡᠶᠢᠭᠡᠮ ᠤᠨ ᠬᠥᠭᠵᠢᠯᠲᠡ ᠶᠢᠨ ᠰᠢᠨ᠎ᠡ ᠬᠦᠴᠦᠨ ᠮᠥᠨ᠂ ᠪᠢᠳᠡ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠢ ᠪᠠᠷ ᠠᠵᠢᠯᠯᠠᠨ᠎ᠠ᠂ ᠤᠳᠠ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠢᠭᠡᠨ ᠠᠵᠢᠯᠲᠠᠨ ᠪᠣᠯᠤᠭᠰᠠᠨ ᠤ ᠬᠤᠪᠢ ᠳᠤ᠂ ᠪᠢ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠠᠵᠢᠯ ᠤᠨ ᠡᠬᠢᠨ ᠠᠴᠠ ᠨᠢ ᠳᠠᠭᠤᠰᠲᠠᠯ᠎ᠠ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠡᠨᠡ ᠵᠢᠯ ᠤᠨ ᠪᠥᠬᠦ ᠤᠯᠤᠰ ᠤᠨ ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠪᠣᠯ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠨᠢᠭᠡ ᠵᠦᠢᠯ ᠤᠨ ᠭᠤᠣᠯᠳᠠᠯᠭ᠎ᠠ ᠲᠠᠢ ᠠᠵᠢᠯ ᠪᠣᠯᠣᠨ᠎ᠠ᠂ ᠨᠡᠶᠢᠳᠡᠮ ᠪᠠᠶᠢᠴᠠᠭᠠᠯᠲᠠ ᠶᠢᠨ ᠶᠠᠪᠤᠴᠠ ᠳᠤ᠂ ᠪᠢ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠮᠡᠳᠡᠭᠦᠯᠵᠦ ᠴᠠᠭ ᠲᠤᠬᠠᠢ ᠳᠤᠨᠢ ᠬᠢᠨᠠᠨ ᠪᠠᠶᠢᠴᠠᠭᠠᠵᠤ᠂ ᠲᠤᠭ᠎ᠠ ᠪᠠᠷᠢᠮᠲᠠ ᠶᠢ ᠮᠠᠨ ᠤ ᠲᠤᠭᠤᠷᠢᠭ ᠤᠨ ᠠᠵᠤ ᠠᠬᠤᠢ ᠶᠢᠨ ᠪᠠᠶᠢᠳᠠᠯ ᠢ ᠦᠨᠡᠨ ᠪᠣᠳᠠᠲᠠᠢ ᠣᠨᠣᠪᠴᠢᠲᠠᠶ ᠲᠤᠰᠬᠠᠵᠤ᠂ ᠨᠤᠲᠤᠭ ᠤᠰᠤᠨ ᠤ ᠪᠠᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠵᠦ᠂ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠪᠡᠶᠡᠯᠡᠭᠦᠯᠬᠦ ᠳᠤ ᠬᠤᠪᠢ ᠨᠡᠮᠡᠷᠢ ᠪᠠᠨ ᠦᠵᠡᠭᠦᠯᠬᠦ ᠶᠢ ᠦᠨᠡᠨ ᠬᠦ ᠪᠠᠲᠤᠯᠠᠨ᠎ᠠ︕
ᠤᠳᠠ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠴᠡᠯᠮᠡᠭ      ᠥᠨᠥᠳᠥᠷ᠂ ᠶᠡᠷᠦᠩᠬᠡᠢ ᠰᠠᠶᠢᠳ ᠯᠢ ᠴᠢᠶᠠᠩ ᠤᠨ ᠬᠢᠭᠰᠡᠨ ᠢᠯᠡᠳᠬᠡᠯ ᠢ ᠰᠣᠨᠣᠰᠤᠭᠠᠳ᠂ ᠰᠢᠨ᠎ᠡ ᠴᠠᠭ ᠦᠶ᠎ᠡ ᠶᠢᠨ ᠵᠠᠯᠠᠭᠤ ᠪᠣᠯᠤᠭᠰᠠᠨ ᠤ ᠬᠤᠪᠢ ᠳᠤ ᠪᠢ ᠥᠪᠡᠷ ᠤᠨ ᠣᠷᠣᠰᠢᠨ ᠠᠮᠢᠳᠤᠷᠠᠵᠤ ᠪᠠᠶᠢᠭ᠎ᠠ ᠬᠥᠭᠵᠢᠯ ᠪᠠᠳᠠᠷᠠᠯ ᠤᠨ ᠦᠶ᠎ᠡ ᠳᠡᠭᠡᠨ ᠲᠤᠶᠢᠯ ᠢᠶᠠᠷ ᠣᠮᠣᠭᠰᠢᠨ ᠪᠠᠶᠠᠷᠯᠠᠵᠤ ᠪᠠᠶᠢᠨ᠎ᠠ᠃ ᠡᠨᠡ ᠴᠠᠭ ᠮᠥᠴᠡ ᠳᠤ ᠮᠢᠨᠤ ᠰᠡᠳᠬᠢᠯ ᠪᠠᠰᠠ ᠲᠥᠯ ᠢᠶᠠᠷ ᠳᠣᠭᠳᠣᠯᠵᠤ ᠪᠠᠶᠢᠨ᠎ᠠ᠃ ᠪᠦᠬᠦ ᠤᠯᠤᠰ ᠤᠨ ᠬᠤᠶᠠᠷ ᠬᠤᠷᠠᠯ ᠨᠢ ᠥᠷᠭᠡᠨ ᠣᠯᠠᠨ ᠠᠷᠠᠳ ᠲᠦᠮᠡᠨ ᠤ ᠰᠡᠳᠬᠢᠯ ᠤᠨ ᠳᠠᠭᠤᠨ ᠢ ᠲᠤᠰᠬᠠᠪᠠ᠂ ᠤᠳᠠ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠢᠭᠡᠨ ᠠᠵᠢᠯᠲᠠᠨ ᠪᠣᠯᠤᠭᠰᠠᠨ ᠤ ᠬᠤᠪᠢ ᠳᠤ᠂ ᠪᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠬᠤ ᠪᠠᠷ ᠭᠤᠣᠯ ᠰᠢᠵᠢᠮ ᠪᠣᠯᠭᠠᠬᠤ ᠶᠢ ᠢᠮᠠᠭᠲᠠ ᠪᠠᠷᠢᠮᠲᠠᠯᠠᠵᠤ᠂ ᠬᠤᠶᠢᠰᠢᠳᠠ ᠶᠢᠨ ᠠᠵᠢᠯ ᠳᠤᠮᠳᠠ ᠪᠠᠨ ᠪᠠᠰᠠ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠬᠤ ᠶᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠲᠠᠢ ᠤᠶᠠᠯᠳᠤᠭᠤᠯᠵᠤ᠂ ᠦᠵᠡᠯ ᠰᠠᠨᠠᠭ᠎ᠠ ᠤᠨᠤᠯ ᠢᠶᠠᠷ ᠵᠡᠪᠰᠡᠭᠯᠡᠬᠦ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ︽ᠠᠷᠠᠳ ᠤᠨ ᠶᠠᠪᠤᠳᠠᠯ ᠠᠷᠠᠳ ᠤᠨ ᠲᠥᠯᠥᠭᠡ ᠪᠠᠶᠢᠬᠤ᠂ ᠠᠷᠠᠳ ᠤᠨ ᠶᠠᠪᠤᠳᠠᠯ ᠠᠷᠠᠳ ᠢᠶᠠᠨ ᠬᠠᠶᠢᠷᠠᠯᠠᠬᠤ︾ᠠᠵᠢᠯ ᠤᠨ ᠣᠶᠢᠯᠠᠭᠠᠭᠳᠠᠬᠤᠨ ᠢ ᠴᠠᠭ ᠢᠮᠠᠭᠲᠠ ᠪᠠᠲᠤ ᠴᠡᠭᠡᠵᠢᠯᠡᠵᠦ᠂ ᠥᠷᠭᠡᠨ ᠤᠯᠠᠨ ᠠᠷᠠᠳ ᠲᠦᠮᠡᠨ ᠤ ᠵᠣᠯ ᠵᠢᠷᠭᠠᠯ ᠤᠨ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠪᠣᠯᠣᠨ ᠬᠠᠨᠤᠮᠵᠢᠲᠠᠢ ᠲᠥᠷᠥᠭᠳᠡᠯ ᠢ ᠳᠡᠭᠡᠭᠰᠢᠯᠡᠭᠦᠯᠦᠨ᠎ᠡ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号