ᠲᠠᠩ ᠢ ᠤᠳᠠ ᠲᠣᠭᠤᠷᠢᠭ ᠲᠤ ᠬᠦᠷᠴᠦ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/4/17
     4 ᠰᠠᠷ᠎ᠠ ᠶᠢᠨ 16  ᠤ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠤᠳᠠ ᠲᠣᠭᠤᠷᠢᠭ ᠲᠤ ᠬᠦᠷᠴᠦ ᠰᠢᠨᠵᠢᠯᠡᠬᠦ ᠤᠬᠠᠭᠠᠨ ᠮᠡᠷᠭᠡᠵᠢᠯ ᠤᠨ︽ᠪᠦᠰᠡᠯᠡᠯᠲᠡ ᠶᠢ ᠰᠢᠪᠲᠤᠯᠬᠤ︾ᠢᠨᠵᠧᠨᠧᠷᠢᠩ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠵᠠᠢ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠣᠣ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠲᠠᠩ ᠢ ᠨᠠᠷ ᠵᠢᠶᠦ᠋ᠨ ᠵᠧᠩ ᠡᠨᠧᠷᠭᠢ ᠶᠢᠨ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠢᠮᠢ ᠶᠢᠨ ᠠᠵᠤ ᠦᠢᠯᠡᠳᠪᠦᠷᠢ ᠶᠢᠨ ᠰᠤᠳᠤᠯᠤᠨ ᠨᠡᠭᠡᠭᠡᠬᠦ ᠲᠥᠪ ᠲᠤ ᠬᠦᠷᠴᠦ᠂ ᠲᠤᠬᠠᠢ ᠶᠢᠨ ᠭᠠᠵᠠᠷ ᠲᠤᠨᠢ BDO᠂ PTMEG ᠦᠢᠯᠡᠳᠬᠦᠨ ᠢ ᠰᠤᠳᠤᠯᠤᠨ ᠨᠡᠭᠡᠭᠡᠭᠰᠡᠨ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠭᠰᠡᠨ ᠵᠡᠷᠭᠡ ᠪᠠᠶᠢᠳᠠᠯ ᠢ ᠪᠠᠶᠢᠴᠠᠭᠠᠨ ᠦᠵᠡᠪᠡ᠃ ᠲᠠᠩ ᠢ ᠬᠡᠯᠡᠭᠰᠡᠨ ᠨᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠰᠢᠨ᠎ᠡ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠭᠤᠣᠯ ᠡᠯᠧᠮᠧᠨ᠋ᠲ ᠮᠥᠨ᠂ ᠠᠵᠤ ᠠᠬᠤᠶᠢᠯᠠᠯ ᠲᠤᠰ ᠪᠡᠶ᠎ᠡ ᠶᠢᠨ ᠠᠵᠤ ᠦᠢᠯᠡᠰ ᠤᠨ ᠬᠡᠯᠬᠢᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠵᠤ᠂ ᠤᠯᠤᠰ ᠤᠨ ᠳᠣᠲᠣᠭᠠᠳᠤ ᠶᠢᠨ ᠣᠷᠣᠶᠢᠯᠠᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠣᠯᠣᠨ ᠲᠤᠰᠬᠠᠢ ᠮᠡᠷᠭᠡᠵᠢᠯᠲᠡᠨ ᠡᠷᠳᠡᠮᠲᠡᠨ ᠲᠠᠢ ᠵᠣᠯᠭᠠᠭᠤᠯᠤᠨ ᠬᠠᠮᠲᠤᠷᠠᠯᠴᠠᠬᠤ ᠪᠠᠨ ᠦᠷᠭᠦᠯᠵᠢᠯᠡᠨ ᠴᠢᠩᠭᠠᠳᠬᠠᠵᠤ᠂ ᠰᠤᠳᠤᠯᠤᠨ ᠨᠡᠭᠡᠭᠡᠬᠦ ᠰᠢᠰᠲ᠋ᠧᠮᠵᠢ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠣᠷᠣᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠦᠨ᠂ ᠢᠷᠡᠭᠡᠳᠦᠢ ᠶᠢᠨ ᠰᠢᠨ᠎ᠡ ᠤᠷᠠᠨ ᠮᠡᠷᠭᠡᠰᠢᠯ᠂ ᠰᠢᠨ᠎ᠡ ᠮᠠᠲ᠋ᠧᠷᠢᠶᠠᠯ᠂ ᠰᠢᠨ᠎ᠡ ᠦᠢᠯᠡᠳᠬᠦᠨ ᠤ ᠰᠤᠳᠤᠯᠤᠨ ᠨᠡᠭᠡᠭᠡᠬᠦ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠥᠮᠥᠨ ᠢ ᠨᠢᠭᠡ ᠠᠯᠬᠤᠮ ᠲᠦᠷᠭᠡᠳᠬᠡᠬᠦ ᠪᠠᠷ ᠴᠢᠷᠮᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠢᠯ ᠲᠥᠷᠥᠯ ᠤᠨ ᠥᠨᠳᠦᠷᠯᠢᠭ ᠭᠠᠵᠠᠷ ᠢ ᠡᠵᠡᠯᠡᠨ᠂ ᠠᠵᠢᠯ ᠲᠥᠷᠥᠯ ᠤᠨ ᠬᠥᠭᠵᠢᠯᠲᠡ ᠶᠢ ᠬᠥᠲᠥᠯᠥᠨ ᠳᠠᠭᠠᠭᠤᠯᠵᠤ᠂ BDO ᠶᠢᠨ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠳᠠ ᠦᠭᠡᠢ ᠤᠷᠲᠤᠳᠬᠠᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠪᠣᠶᠢᠵᠢᠭᠤᠯᠵᠤ᠂ ᠮᠠᠨ ᠤ ᠬᠤᠳᠠ ᠶᠢᠨ ᠪᠥᠬᠦ ᠪᠥᠮᠪᠥᠷᠴᠡᠭ ᠤᠨ ᠬᠠᠮᠤᠭ ᠤᠨ ᠲᠣᠮᠣ BDO ᠶᠢᠨ ᠨᠢᠭᠡ ᠴᠣᠭᠴᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠴᠣᠭᠴᠠᠯᠠᠨ ᠪᠠᠶᠢᠭᠤᠯᠬᠤ ᠳᠤ ᠬᠦᠴᠦᠨ ᠨᠡᠮᠡᠷᠢᠯᠡᠨ᠎ᠡ᠃
     ᠥᠪᠥᠷ ᠮᠣᠩᠭᠤᠯ ᠤᠨ ᠹᠧᠢ ᠱᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠪᠣᠯᠣᠨ᠎ᠠ᠂ ᠲᠠᠩ ᠢ ᠠᠵᠤ ᠦᠢᠯᠡᠳᠪᠦᠷᠢ ᠶᠢᠨ ᠢᠨᠲ᠋ᠥᠷ ᠰᠦᠯᠵᠢᠶᠡᠨ ᠤ ᠲᠠᠪᠴᠠᠩ ᠤᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠢᠨ ᠤ ᠲᠤᠭ᠎ᠠ ᠪᠠᠷᠢᠮᠲᠠ ᠴᠤᠭᠯᠠᠭᠤᠯᠬᠤ ᠳᠠᠪᠠᠭᠤᠯᠢᠭ ᠢᠶᠠᠨ ᠴᠢᠨᠠᠭᠰᠢᠳᠠ ᠪᠠᠳᠠᠷᠠᠭᠤᠯᠵᠤ᠂ ᠡᠯ᠎ᠡ ᠲᠠᠯ᠎ᠠ ᠶᠢᠨ ᠡᠬᠢ ᠪᠠᠶᠠᠯᠢᠭ ᠤᠨ ᠬᠦᠴᠦᠨ ᠢ ᠨᠡᠶᠢᠳᠬᠡᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠣᠶᠤᠨᠴᠢᠯᠠᠭᠰᠠᠨ᠂ ᠮᠡᠳᠡᠭᠡ ᠵᠠᠩᠭᠢᠵᠢᠯᠲᠠ ᠪᠠᠷ ᠰᠢᠢᠳᠪᠦᠷᠢᠯᠡᠬᠦ ᠠᠷᠭ᠎ᠠ ᠵᠠᠮ ᠤᠨ ᠲᠥᠰᠥᠯ ᠢ ᠬᠠᠩᠭᠠᠵᠤ᠂ ᠲᠣᠭᠠᠴᠢᠯᠠᠭᠰᠠᠨ ᠮᠡᠷᠭᠡᠵᠢᠯ ᠢᠶᠠᠷ ᠠᠵᠤ ᠠᠬᠤᠶᠢᠯᠠᠯ ᠤᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ᠂ ᠥᠪᠡᠷ ᠤᠨ ᠦᠷᠳᠡᠭ ᠢ ᠪᠠᠭᠤᠷᠠᠭᠤᠯᠵᠤ ᠦᠷ᠎ᠡ ᠠᠰᠢᠭ ᠢ ᠨᠡᠮᠡᠭᠳᠡᠭᠦᠯᠬᠦ ᠶᠢ ᠬᠠᠪᠰᠤᠷᠴᠤ᠂ ᠪᠣᠳᠠᠲᠤ ᠴᠣᠭᠴᠠ ᠶᠢᠨ ᠠᠵᠤ ᠠᠬᠤᠢ ᠳᠤ ᠨᠡᠩ ᠰᠠᠶᠢᠨ ᠡᠨᠧᠷᠭᠢ ᠣᠯᠭᠤᠬᠤ ᠶᠢ ᠵᠣᠷᠢᠭᠵᠢᠭᠤᠯᠪᠠ᠃      ᠲᠠᠩ ᠢ ᠪᠠᠰᠠ ᠥᠪᠥᠷ ᠮᠣᠩᠭᠤᠯ ᠤᠨ ᠵᠢᠶᠠ ᠷᠦᠢ ᠮᠢ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠪᠣᠯᠣᠨ ᠥᠪᠥᠷ ᠮᠣᠩᠭᠤᠯ ᠤᠨ ᠪᠧᠢ ᠹᠠᠩ ᠨᠡᠭᠦᠷᠡᠰᠦ ᠪᠣᠯᠣᠨ ᠬᠢᠮᠢ ᠶᠢᠨ ᠠᠵᠤ ᠦᠢᠯᠡᠳᠪᠦᠷᠢ ᠶᠢᠨ ᠮᠡᠷᠭᠡᠵᠢᠯ ᠤᠨ ᠰᠤᠳᠤᠯᠤᠨ ᠨᠡᠭᠡᠭᠡᠬᠦ ᠲᠥᠪ ᠲᠤ ᠬᠦᠷᠴᠦ ᠦᠢᠯᠡᠳᠪᠦᠷᠢᠯᠡᠯ ᠡᠵᠡᠩᠨᠡᠯᠲᠡ᠂ ᠪᠦᠲᠦᠭᠡᠭᠳᠡᠬᠦᠨ ᠤ ᠰᠤᠳᠤᠯᠤᠨ ᠨᠡᠭᠡᠭᠡᠯᠲᠡ᠂ ᠲᠤᠬᠠᠶᠢᠯᠠᠭᠰᠠᠨ ᠠᠵᠢᠯ ᠥᠷᠨᠢᠭᠦᠯᠦᠭᠰᠡᠨ ᠵᠡᠷᠭᠡ ᠪᠠᠶᠢᠳᠠᠯ ᠢ ᠣᠶᠢᠯᠠᠭᠠᠪᠠ᠃ ᠲᠡᠷᠡ ᠬᠡᠯᠡᠭᠰᠡᠨ ᠨᠢ᠂ ᠶᠡᠷᠦᠩᠬᠡᠢ ᠱᠦᠵᠢ ᠰᠢ ᠶᠢᠨ ᠫᠢᠩ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠣᠨᠴᠠᠯᠢᠭ ᠪᠣᠯ ᠰᠢᠨ᠎ᠡ ᠶᠢ ᠡᠭᠦᠳᠬᠦ ᠶᠠᠪᠤᠳᠠᠯ ᠪᠣᠯᠣᠨ᠎ᠠ᠂ ᠵᠠᠩᠭᠢᠯᠠᠭ᠎ᠠ ᠨᠢ ᠶᠠᠰᠤ ᠴᠢᠨᠠᠷ ᠰᠢᠯᠢᠳᠡᠭ᠂ ᠮᠥᠨ ᠴᠢᠨᠠᠷ ᠨᠢ ᠲᠡᠷᠢᠭᠦᠨ ᠤ ᠦᠢᠯᠡᠳᠪᠦᠷᠢᠯᠡᠯ ᠤᠨ ᠬᠦᠴᠦᠨ ᠪᠣᠯᠣᠨ᠎ᠠ ᠭᠡᠵᠦ ᠵᠢᠭᠠᠵᠤ ᠭᠠᠷᠭᠠᠪᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠶᠡᠷᠦᠩᠬᠡᠢ ᠱᠦᠵᠢ ᠶᠢᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠠᠷᠭ᠎ᠠ ᠵᠠᠮ ᠳᠤ ᠲᠦᠰᠢᠭᠯᠡᠬᠦ ᠶᠢ ᠡᠪᠳᠡᠵᠦ᠂ ᠠᠯᠤᠰ ᠤᠨ ᠬᠠᠷᠠᠴᠠ ᠪᠠᠷ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠠᠶᠢᠷᠢᠰᠢᠭᠤᠯᠤᠨ ᠬᠥᠭᠵᠢᠭᠦᠯᠵᠦ᠂ ᠬᠥᠭᠵᠢᠯᠲᠡ ᠶᠢᠨ ᠠᠰᠢᠭᠲᠠᠢ ᠪᠠᠶᠢᠷᠢ ᠶᠢ ᠡᠵᠡᠯᠡᠵᠦ᠂ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠰᠢᠨᠵᠢᠯᠡᠬᠦ ᠤᠬᠠᠭᠠᠨ ᠮᠡᠷᠭᠡᠵᠢᠯ ᠤᠨ︽ᠪᠦᠰᠡᠯᠡᠯᠲᠡ ᠶᠢ ᠰᠢᠪᠲᠤᠯᠬᠤ︾ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠬᠥᠭᠵᠢᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠨᠡᠩ ᠰᠠᠶᠢᠨ ᠢᠶᠠᠷ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠥᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠮᠠᠨ ᠤ ᠬᠤᠲᠠ ᠶᠢᠨ ᠠᠵᠤ ᠦᠢᠯᠡᠰ ᠤᠨ ᠰᠠᠭᠤᠷᠢ ᠳᠤ ᠰᠠᠭᠤᠷᠢᠯᠠᠵᠤ᠂ ᠰᠢᠨ᠎ᠡ ᠮᠠᠲ᠋ᠧᠷᠢᠶᠠᠯ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠪᠰᠠᠷ ᠤᠨ ᠲᠤᠷᠰᠢᠯᠲᠠ ᠶᠢᠨ ᠰᠠᠭᠤᠷᠢᠨ ᠭᠠᠵᠠᠷ ᠢ ᠨᠢᠭᠡᠳᠦᠯᠲᠡᠢ ᠲᠥᠯᠥᠪᠵᠢᠭᠦᠯᠦᠨ ᠪᠠᠶᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠤ ᠵᠠᠪᠰᠠᠷ ᠤᠨ ᠲᠤᠷᠰᠢᠯᠲᠠ ᠶᠢᠨ ᠲᠠᠪᠴᠠᠩ ᠬᠠᠩᠭᠠᠵᠤ᠂ ᠨᠡᠩ ᠣᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠠᠢ ᠳᠤ ᠣᠷᠣᠭᠤᠯᠤᠨ ᠤᠯᠠᠷᠢᠭᠤᠯᠵᠤ᠂ ᠮᠠᠨ ᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠲᠥᠪᠯᠡᠷᠡᠭᠦᠯᠦᠨ ᠰᠢᠩᠭᠡᠭᠡᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠶᠡᠭᠡ ᠬᠡᠪᠴᠢᠶ᠎ᠡ ᠪᠠᠷ ᠲᠤᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠡᠷᠢᠭᠦᠨ ᠤ ᠲᠤᠨᠤᠭ ᠲᠥᠬᠦᠭᠡᠷᠦᠮᠵᠢ ᠶᠢ ᠰᠢᠨᠡᠳᠬᠡᠬᠦ᠂ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠵᠡᠷᠭᠡ ᠠᠵᠢᠯ ᠥᠷᠨᠢᠭᠦᠯᠬᠦ ᠶᠢ ᠠᠬᠢᠭᠤᠯᠵᠤ᠂ ᠠᠵᠤ ᠦᠢᠯᠡᠰ ᠤᠨ ᠣᠶᠤᠨᠴᠢᠯᠠᠬᠤ᠂ ᠳᠡᠭᠡᠳᠦ ᠲᠡᠰᠴᠢᠯᠠᠬᠤ᠂ ᠪᠣᠬᠢᠷᠲᠤᠯ ᠦᠭᠡᠢ ᠪᠣᠯᠭᠠᠬᠤ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠠᠢ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号