ᠤᠳᠠ ᠲᠣᠭᠤᠷᠢᠭ 2024 ︽ᠠᠨᠤᠲᠠ ᠬᠤᠨᠳᠠᠭᠠᠲᠤ ᠳᠤᠮᠳᠠᠳᠤ ᠤᠯᠤᠰ· ᠡᠯᠡᠰᠦᠨ ᠠᠶᠠᠯᠠᠯ ᠤᠨ U2 ᠡᠯᠡᠰᠦᠨ ᠴᠥᠯ ᠤᠨ ᠡᠵᠡᠷᠬᠡᠬᠦ ᠬᠤᠯᠪᠣᠭᠠᠲᠤ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2024/4/18
     ︽ᠡᠯᠡᠰᠦᠨ ᠴᠦᠯ ᠤᠨ ᠰᠣᠶᠣᠯ︾ ︽ᠡᠯᠡᠰᠦᠨ ᠴᠦᠯ ᠤᠨ ᠪᠡᠶ᠎ᠡ ᠶᠢᠨ ᠲᠠᠮᠢᠷ︾ ︽ᠡᠯᠡᠰᠦᠨ ᠴᠦᠯ ᠤᠨ ᠵᠢᠭᠤᠯᠴᠢᠯᠠᠯ︾ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠡᠯᠡᠰᠦᠨ ᠴᠦᠯ ᠤᠨ ᠬᠡᠭᠡᠷ᠎ᠡ ᠶᠢᠨ ᠵᠢᠭᠤᠯᠴᠢᠯᠠᠯ ᠤᠨ ᠨᠠᠷᠠᠲᠤ ᠲᠡᠮᠳᠡᠭ ᠢ ᠴᠤᠤᠷᠢᠶᠠᠲᠤᠭᠤᠯᠬᠤ ᠶᠢᠨ ᠲᠥᠯᠥᠭᠡ᠂ ᠣᠶᠢᠷ᠎ᠠ ᠶᠢᠨ ᠬᠤᠭᠤᠴᠠᠭᠠᠨ ᠳᠤ᠂ ᠤᠳᠠ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠲᠤᠷᠠᠨ ᠡᠯᠡᠰᠦᠨ ᠰᠢᠭᠤᠷᠭ᠎ᠠ ᠲᠠᠢ ᠬᠡᠯᠡ ᠣᠶᠢᠯᠠᠭᠠᠬᠤ ᠰᠣᠶᠣᠯ ᠵᠢᠭᠤᠯᠴᠢᠯᠠᠯ ᠤᠨ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ ᠬᠠᠮᠲᠤᠷᠠᠨ ᠤᠯᠠᠭᠠᠨᠪᠤᠬ᠎ᠠ ᠶᠢᠨ ᠨᠡᠪᠲᠡᠯᠬᠦ ᠡᠭᠦᠳᠡᠨ ᠳᠤ ᠳᠤᠮᠳᠠᠳᠤ ᠤᠯᠤᠰ· ᠡᠯᠡᠰᠦᠨ ᠠᠶᠠᠯᠠᠯ ᠤᠨ U2 ᠡᠯᠡᠰᠦᠨ ᠴᠥᠯ ᠤᠨ ᠡᠵᠡᠷᠬᠡᠬᠦ ᠬᠤᠯᠪᠣᠭᠠᠲᠤ ᠤᠷᠤᠯᠳᠤᠭᠠᠨ ᠡᠷᠭᠢᠯᠡᠪᠡ᠃ ᠲᠤᠰ ᠤᠳᠠᠭᠠᠨ ᠤ ᠤᠷᠤᠯᠳᠤᠭᠠᠨ ᠨᠢ 1 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ 31 ᠮᠠᠰᠢᠨ ᠲᠡᠷᠭᠡᠨ ᠤ ᠳᠤᠭᠤᠶᠢᠯᠠᠩ᠂ 117 ᠬᠡᠭᠡᠷᠡᠯᠡᠨ ᠠᠶᠠᠯᠠᠬᠤ ᠮᠠᠰᠢᠨ ᠲᠡᠷᠭᠡᠴᠢᠨ ᠢ ᠲᠡᠳᠡᠨ ᠣᠷᠣᠯᠴᠠᠭᠤᠯᠵᠤ᠂ ᠲᠤᠰ ᠲᠠᠯᠠᠪᠠᠢ ᠶᠢᠨ ᠤᠷᠤᠯᠳᠤᠭᠠᠨ ᠢ ᠡᠷᠬᠢᠯᠡᠬᠦ ᠪᠠᠷ ᠳᠠᠮᠵᠢᠨ ︽ᠤᠷᠤᠯᠳᠤᠭᠠᠨ ᠤ ᠨᠠᠶᠢᠵᠠ᠂ ᠤᠷᠤᠯᠳᠤᠭᠠᠨ ᠢᠶᠠᠷ ᠵᠤᠭᠠᠴᠠᠯ ᠢ ᠠᠬᠢᠭᠤᠯᠵᠤ᠂ ᠵᠤᠭᠠᠴᠠᠯ ᠢᠶᠠᠷ ᠦᠢᠯᠡᠰ ᠢ ᠮᠠᠨᠳᠤᠭᠤᠯᠬᠤ︾ ᠡᠯᠡᠰᠦᠨ ᠴᠦᠯ ᠤᠨ ᠬᠡᠭᠡᠷ᠎ᠡ ᠶᠢᠨ ᠰᠣᠶᠣᠯ ᠵᠤᠭᠠᠴᠠᠯ ᠤᠨ ᠲᠦᠷᠦᠯ ᠲᠡᠮᠳᠡᠭ ᠤᠨ ᠲᠦᠷᠢ ᠲᠥᠷᠬᠦ ᠶᠢ ᠴᠢᠨᠠᠭᠰᠢᠳᠠ ᠴᠢᠩᠭᠠᠳᠬᠠᠵᠤ᠂ ︽ᠵᠤᠭᠠᠴᠠᠯ︾ ᠤᠨ ᠦᠢᠯᠡᠳᠦᠯ ᠢ ᠦᠷᠭᠦᠯᠵᠢᠯᠡᠨ ᠥᠷᠭᠡᠳᠬᠡᠵᠦ᠂ ᠤᠳᠠ ᠲᠣᠭᠤᠷᠢᠭ ᠤᠨ ᠵᠤᠭᠠᠴᠠᠯ ᠤᠨ ᠬᠥᠭᠵᠢᠯᠲᠡ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠪᠡ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号