ᠤᠳᠠ ᠲᠣᠭᠤᠷᠢᠭ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠵᠢᠴᠢ ︽ᠪᠠᠶᠢᠭᠤᠯᠤᠯᠭ᠎ᠠ ᠶᠢᠨ ᠨᠠᠮ ᠤᠨ ᠭᠡᠰᠢᠭᠦᠨ ᠨᠠᠮ ᠤᠨ ᠰᠤᠷᠭᠠᠭᠤᠯᠢ ᠳᠤ ᠣᠷᠣᠬᠤ︾ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠢᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2024/4/23
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠦ᠂ ︽ᠪᠦᠬᠦ ᠨᠠᠮ ᠤᠨ ᠬᠡᠪᠴᠢᠶᠡᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾  ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠨᠠᠭᠰᠢᠳᠠ ᠨᠠᠶᠢᠳᠠᠪᠦᠷᠢᠵᠢᠭᠤᠯᠬᠤ ᠶᠢᠨ ᠲᠦᠯᠦᠭᠡ᠂ 4 ᠰᠠᠷ᠎ᠠ ᠶᠢᠨ 18 ᠤ ᠡᠳᠦᠷ᠂ 19 ᠤ ᠡᠳᠦᠷ ᠤᠳᠠ ᠲᠣᠭᠤᠷᠢᠭ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠵᠢᠴᠢ ︽ᠪᠠᠶᠢᠭᠤᠯᠤᠯᠭ᠎ᠠ ᠶᠢᠨ ᠨᠠᠮ ᠤᠨ ᠭᠡᠰᠢᠭᠦᠨ ᠢ ᠨᠠᠮ ᠤᠨ ᠰᠤᠷᠭᠠᠭᠤᠯᠢ ᠳᠤ ᠣᠷᠣᠭᠤᠯᠬᠤ︾ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠵᠦ᠂ ᠪᠥᠬᠦ ᠲᠤᠭᠤᠷᠢᠭ ᠤᠨ 200 ᠭᠠᠷᠤᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠭᠡᠰᠢᠭᠦᠨ᠂ ᠨᠠᠮ ᠤᠨ ᠭᠡᠰᠢᠭᠦᠨ ᠺᠠᠲᠷ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠵᠠᠢ᠃
     ᠪᠣᠯᠪᠠᠰᠤᠷᠠᠯ ᠤᠨ ᠳᠤᠮᠳᠠ᠂ ᠬᠢᠴᠢᠶᠡᠯ ᠣᠷᠣᠬᠤ ᠪᠠᠭᠰᠢ ᠨᠠᠷ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ︽ᠨᠠᠮ ᠤᠨ ᠲᠡᠦᠬᠡᠨ ᠳᠠᠬᠢ ᠰᠠᠬᠢᠯᠭ᠎ᠠ ᠪᠠᠲᠤ ᠶᠢ ᠰᠠᠶᠢᠲᠤᠷ ᠰᠤᠷᠤᠯᠴᠠᠵᠤ᠂ ᠨᠠᠮ ᠤᠨ ᠰᠢᠯᠢᠳᠡᠭ ᠤᠯᠠᠮᠵᠢᠯᠠᠯ ᠢ ᠪᠠᠳᠠᠷᠠᠭᠤᠯᠬᠤ︾ ᠵᠡᠷᠭᠡ ᠠᠭᠤᠯᠭ᠎ᠠ ᠶᠢᠨ ᠲᠣᠭᠤᠷᠢᠨ ᠳᠤ ᠬᠢᠴᠢᠶᠡᠯ ᠣᠷᠤᠪᠠ᠂ ᠡᠭᠦᠨ ᠤ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠪᠠᠶᠢᠷᠢᠯᠠᠭᠤᠯᠤᠯᠲᠠ ᠮᠥᠨ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠤᠨᠤᠯ ᠤᠨ ᠦᠢᠯᠡᠳᠦᠯᠭᠡ ᠶᠢ ᠴᠠᠭ ᠲᠤᠬᠠᠢ ᠳᠤᠨᠢ ᠰᠠᠶᠢᠲᠤᠷ ᠠᠳᠬᠤᠵᠤ᠂ ᠳᠦᠷᠢᠮ ᠤᠨ ᠮᠥᠨ ᠴᠢᠨᠠᠷ ᠤᠨ ᠠᠭᠤᠯᠤᠭᠳᠠᠬᠤᠨ ᠢ ᠡᠵᠡᠮᠰᠢᠵᠦ᠂ ᠰᠤᠷᠤᠯᠴᠠᠭᠰᠠᠨ ᠦᠷ᠎ᠡ ᠳ᠋ᠦᠩ ᠢ ᠠᠵᠢᠯ ᠤᠨ ᠦᠢᠯᠡᠳᠦᠯᠭᠡ ᠳᠤᠮᠳᠠ ᠪᠠᠨ ᠬᠡᠷᠡᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃
     ᠲᠣᠰ ᠤᠳᠠᠭᠠᠨ ᠤ ᠪᠣᠯᠪᠠᠰᠤᠷᠠᠯ ᠤᠨ ᠠᠩᠭᠢ ᠨᠢ ᠨᠠᠮ ᠤᠨ ᠭᠡᠰᠢᠭᠦᠨ ᠺᠠᠲᠷ ᠤᠨ ᠬᠥᠮᠦᠵᠢᠯ ᠪᠣᠯᠪᠠᠰᠤᠷᠠᠭᠤᠯᠤᠯ ᠢ ᠠᠳᠬᠤᠬᠤ ᠡᠳᠦᠷ ᠲᠤᠲᠤᠮ ᠤᠨ ᠠᠴᠢᠶᠠᠯᠠᠪᠤᠷᠢ ᠶᠢ ᠬᠡᠷᠡᠭᠯᠡᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠠᠮ ᠤᠨ ᠭᠡᠰᠢᠭᠦᠨ ᠺᠠᠲᠷ ᠤᠨ ᠪᠠᠶᠢᠩᠭᠤ ᠶᠢᠨ ᠴᠢᠨᠠᠷᠲᠠᠢ ᠬᠥᠮᠦᠵᠢᠯ ᠬᠠᠮᠢᠶᠠᠷᠤᠯᠲᠠ ᠶᠢᠨ ᠠᠵᠢᠯ ᠲᠠᠢ ᠣᠷᠭᠠᠨᠢᠭ ᠢᠶᠠᠷ ᠤᠶᠠᠯᠳᠤᠭᠤᠯᠵᠤ᠂ ᠨᠠᠮ ᠤᠨ ᠭᠡᠰᠢᠭᠦᠨ ᠺᠠᠲᠷ ᠢ ︽ᠴᠢᠮᠡᠭᠡ ᠢᠮᠡᠭᠡ ᠦᠭᠡᠢ ᠨᠠᠮᠤᠭᠤᠬᠠᠨ︾ ᠳᠤᠮᠳᠠ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠦᠵᠡᠯ ᠰᠠᠨᠠᠭᠠᠨ ᠤ ᠤᠬᠠᠮᠰᠠᠷ᠂ ᠦᠶᠯᠡ ᠠᠵᠢᠯᠯᠠᠭᠠᠨ ᠤ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠵᠤ᠂ ᠰᠤᠷᠤᠯᠭ᠎ᠠ ᠶᠢᠨ ᠰᠠᠬᠢᠯᠭ᠎ᠠ ᠪᠠᠲᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠶᠢ ᠦᠨᠡᠨ ᠬᠦ ᠪᠡᠶᠡᠯᠡᠭᠦᠯᠪᠡ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号