ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 4 ᠳ᠋ᠦ᠋ᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/23
     4 ᠰᠠᠷ᠎ᠠ ᠶᠢᠨ 18  ᠤ ᠡᠳᠦᠷ᠂ ᠤᠳᠠ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ 4 ᠳ᠋ᠦ᠋ᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶ᠎ᠠ᠂ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠠᠨ  ᠸᠧᠨ ᠯᠦᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠳᠡᠭᠡᠷ᠎ᠡ᠂ ᠬᠤᠤ ᠯᠢ ᠫᠢᠩ᠂ ᠭᠤᠤ ᠲᠢᠶᠧ ᠨᠠᠨ᠂ ᠦ᠋ ᠪᠢᠩ ᠶᠦᠨ᠂ ᠯᠢᠦ ᠮᠧᠩ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠢᠨᠠᠷ ᠤᠨ ᠦᠢᠯᠡᠳᠪᠦᠷᠢᠯᠡᠯ  ᠤᠨ ᠬᠦᠴᠦᠨ ᠢ ᠬᠥᠭᠵᠢᠭᠦᠯᠬᠦ ᠲᠤᠬᠠᠢ ᠴᠢᠬᠤᠯᠠ ᠥᠭᠦᠯᠡᠯᠲᠡ ᠪᠣᠯᠣᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ  ᠤᠨ ︽ᠪᠦᠰᠡᠯᠡᠯᠲᠡ  ᠶᠢ ᠰᠢᠪᠲᠤᠯᠬᠤ︾ ᠢᠨᠵᠧᠨᠧᠷᠢᠩ  ᠤᠨ ᠲᠣᠭᠤᠷᠢᠨ ᠳᠤ ᠶᠠᠷᠢᠶ᠎ᠠ ᠲᠠᠯᠪᠢᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠪᠠᠶᠠᠯᠢᠭ ᠠᠭᠤᠯᠬᠤᠨ ᠢ ᠣᠨᠣᠪᠴᠢᠲᠠᠶ ᠣᠶᠢᠯᠠᠭᠠᠵᠤ᠂ ᠤᠷᠢᠳ ᠢᠶᠠᠷ ᠨᠢᠭᠡ ᠠᠯᠬᠤᠮ ᠰᠤᠷᠤᠯᠴᠠᠵᠤ᠂ ᠨᠢᠭᠡ ᠳᠠᠪᠬᠤᠷᠭ᠎ᠠ ᠭᠦᠨᠵᠡᠭᠡᠢ ᠰᠤᠷᠤᠯᠴᠠᠬᠤ ᠶᠢ ᠪᠠᠷᠢᠮᠲᠠᠯᠠᠵᠤ᠂ ᠤᠷᠢᠳ ᠢᠶᠠᠷ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠭᠡᠭᠴᠢ ᠶᠠᠭᠤ ᠪᠣᠯᠬᠤ ᠶᠢ ᠲᠣᠳᠣᠷᠬᠠᠢ ᠣᠶᠢᠯᠠᠭᠠᠵᠤ᠂ ᠳᠠᠷᠠᠭ᠎ᠠ ᠨᠢ ᠠᠭᠤᠳᠠ ᠶᠢᠨ ᠣᠷᠣᠨ ᠪᠦᠰᠡ ᠶᠢᠨ ᠣᠨᠴᠠᠯᠢᠭ ᠪᠠ ᠲᠤᠰ ᠲᠤᠰ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠡᠷᠬᠢᠨ ᠬᠥᠭᠵᠢᠭᠦᠯᠬᠦ ᠶᠢ ᠨᠠᠷᠢᠨ ᠬᠢᠨᠠᠮᠠᠭᠠᠢ ᠪᠣᠳᠣᠯᠬᠢᠯᠠᠵᠤ᠂ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ ᠴᠣᠬᠤᠮ ᠪᠠᠶᠢᠳᠠᠯ ᠢ ᠨᠢ ᠨᠡᠩ ᠢᠯᠡᠭᠦᠦ ᠣᠶᠢᠯᠠᠭᠠᠵᠤ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠤᠳᠠ ᠠᠵᠤ ᠦᠢᠯᠡᠰ ᠤᠨ ᠪᠠᠶᠢᠷᠢᠰᠢᠯ ᠢ ᠨᠡᠩ ᠣᠨᠣᠪᠴᠢᠲᠠᠶ ᠲᠣᠭᠲᠠᠭᠠᠵᠤ᠂ ᠬᠠᠷᠢᠴᠠᠭᠤᠯᠤᠭᠰᠠᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠨᠡᠭᠦᠷᠡᠰᠦᠨ ᠬᠡᠦᠷᠡᠰᠦ ᠶᠢᠨ ᠬᠢᠮᠢ ᠶᠢᠨ ᠠᠵᠤ ᠦᠢᠯᠡᠳᠪᠦᠷᠢ᠂ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ᠂ ᠨᠠᠷᠢᠯᠢᠭ ᠬᠢᠮᠢ ᠶᠢᠨ ᠠᠵᠤ ᠦᠢᠯᠡᠳᠪᠦᠷᠢ᠂ ᠰᠢᠨ᠎ᠡ ᠶᠢ ᠡᠭᠦᠳᠬᠦ ᠠᠵᠤ ᠦᠢᠯᠡᠰ ᠵᠡᠷᠭᠡ ᠭᠤᠣᠯᠯᠠᠬᠤ ᠠᠵᠤ ᠦᠢᠯᠡᠰ ᠤᠨ ᠲᠣᠭᠤᠷᠢᠨ ᠳᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠦᠢᠯᠡᠳᠪᠦᠷᠢᠯᠡᠯ ᠤᠨ ᠬᠦᠴᠦᠨ ᠵᠦᠢᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠠᠵᠤ ᠦᠢᠯᠡᠰ ᠤᠨ ᠲᠣᠭᠠᠴᠢᠯᠠᠨ ᠬᠡᠯᠪᠡᠷᠢ ᠪᠠᠨ ᠬᠤᠪᠢᠷᠠᠭᠤᠯᠬᠤ ᠪᠠ ᠣᠶᠤᠨᠴᠢᠯᠠᠨ ᠲᠠᠰ ᠳᠡᠪᠰᠢᠭᠦᠯᠬᠦ ᠶᠢ ᠠᠬᠢᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠰᠠᠶᠢᠲᠠᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠴᠢᠨᠠᠷ ᠰᠠᠶᠢᠲᠠᠢ ᠪᠥᠭᠡᠳ ᠪᠦᠲᠦᠮᠵᠢᠲᠡᠶ ᠪᠠᠷ ᠤᠳᠠ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠤᠳᠠ ᠶᠢᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠴᠢᠭᠯᠡᠯ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠭᠠᠷᠳᠠᠴᠠ ᠨᠢ ᠬᠠᠮᠢᠭ᠎ᠠ ᠪᠠᠶᠢᠬᠤ ᠶᠢ ᠮᠡᠳᠡᠵᠦ᠂ ᠶᠠᠭᠠᠬᠢᠵᠤ ᠠᠳᠬᠤᠬᠤ ᠶᠢ ᠮᠡᠳᠡᠵᠦ᠂ ᠤᠳᠠ ᠲᠤᠭᠤᠷᠢᠭ ᠤᠨ ᠣᠨᠴᠠᠯᠢᠭ ᠲᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠠᠳᠬᠤᠬᠤ ᠠᠵᠢᠯ ᠤᠨ ᠬᠡᠪ ᠵᠠᠭᠪᠤᠷ ᠪᠠ ᠠᠵᠢᠯ ᠤᠨ ᠠᠷᠭ᠎ᠠ ᠶᠢ ᠪᠦᠷᠢᠯᠳᠦᠭᠦᠯᠵᠦ᠂ ᠠᠵᠤ ᠦᠢᠯᠡᠰ ᠤᠨ ᠰᠠᠭᠤᠷᠢ ᠶᠢ ᠭᠦᠢᠴᠡᠳ ᠰᠠᠶᠢᠲᠤᠷ ᠠᠰᠢᠭᠯᠠᠵᠤ᠂ ᠳᠠᠪᠠᠭᠤᠯᠢᠭ ᠣᠨᠴᠠᠯᠢᠭ ᠢᠶᠠᠨ ᠪᠠᠳᠠᠷᠠᠭᠤᠯᠵᠤ᠂ ᠠᠵᠤ ᠦᠢᠯᠡᠰ ᠤᠨ ᠳᠡᠭᠡᠳᠦ ᠲᠡᠰ ᠤᠨ ᠪᠣᠯᠬᠤ᠂ ᠣᠶᠤᠨᠴᠢᠯᠠᠬᠤ᠂ ᠪᠣᠬᠢᠷᠲᠤᠯ ᠦᠭᠡᠢ ᠪᠣᠯᠬᠤ ᠶᠢ ᠲᠦᠷᠭᠡᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠳᠠᠰᠤᠷᠠᠯᠳᠠ ᠦᠭᠡᠢ ᠨᠢᠭᠲᠠᠷᠠᠭᠤᠯᠵᠤ᠂ ᠫᠧᠩᠰᠡᠲᠦ ᠦᠵᠡᠮᠵᠢ ᠶᠢ ᠤᠢ ᠰᠢᠭᠤᠢ ᠪᠣᠯᠭᠠᠨ ᠬᠤᠪᠢᠷᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ︽ᠰᠢᠨ᠎ᠡ ᠵᠠᠮ ᠢ ᠨᠡᠭᠡᠭᠡᠵᠦ᠂ ᠳᠤᠮᠳᠠ ᠤᠷᠤᠰᠬᠠᠯ ᠳᠤ ᠣᠷᠣᠬᠤ︾ᠪᠠ ᠪᠦᠬᠦ ᠬᠤᠳᠠ ᠳᠤ︽ᠭᠤᠷᠪᠠᠨ ᠥᠨᠳᠥᠷ︾ ᠤᠨ ᠬᠠᠷᠠᠯᠲᠠ ᠶᠢ ᠪᠡᠶᠡᠯᠡᠭᠦᠯᠬᠦ ᠳᠤ ᠨᠡᠩ ᠤᠯᠠᠨ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠠᠢ᠃
 
ᠢᠷᠡᠯᠲᠡ᠄ ᠤᠳᠠ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号